ᠥᠪᠡᠷᠲᠡᠭᠡᠨ ᠵᠠᠰᠠᠬᠤ ᠣᠷᠣᠨ ᠠᠴᠠ 49.24 ᠳ᠋ᠦᠩᠰᠢᠭᠤᠷ ᠲᠥᠭᠦᠷᠢᠭ ᠪᠠᠭᠤᠯᠭᠠᠵᠤ ᠬᠥᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠤᠨ ᠪᠦᠲᠦᠭᠡᠨ ᠪᠠᠶᠢᠭᠤᠯᠤᠯᠲᠠ ᠶᠢ ᠪᠠᠲᠤᠯᠠᠵᠤ ᠪᠤᠢ
ᠨᠡᠶᠢᠲᠡᠯᠡᠭᠰᠡᠨ ᠴᠠᠭ᠄
2024/2/19
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠥᠨᠢᠷ︶ ᠥᠪᠡᠷᠲᠡᠭᠡᠨ ᠵᠠᠰᠠᠬᠤ ᠣᠷᠣᠨ ᠠᠴᠠ ᠬᠥᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠶᠢᠨ ᠲᠥᠯᠥᠭᠡ ᠣᠳᠣᠬᠠᠨ ᠪᠣᠯᠲᠠᠯ᠎ᠠ ᠨᠢᠭᠡᠨᠲᠡ 49.24 ᠳ᠋ᠦᠩᠰᠢᠭᠤᠷ ᠲᠥᠭᠦᠷᠢᠭ ᠤᠨ ᠲᠥᠷᠥᠯ ᠵᠦᠢᠯ  ᠪᠡᠯᠡ ᠮᠥᠩᠭᠦ ᠶᠢ ᠪᠠᠭᠤᠯᠭᠠᠭᠰᠠᠨ ᠪᠠᠶᠢᠨ᠎ᠠ᠃      ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠲᠥᠷᠥᠯ ᠵᠦᠢᠯ ᠤᠨ ᠪᠡᠯᠡ ᠮᠥᠩᠭᠦ ᠳᠤ ᠬᠥᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠤᠨ ᠲᠥᠷᠥᠯ ᠵᠦᠢᠯ ᠤᠨ ᠪᠦᠲᠦᠭᠡᠨ  ᠪᠠᠶᠢᠭᠤᠯᠤᠯᠲᠠ ᠶᠢ ᠪᠠᠲᠤᠯᠠᠬᠤ 42.8 ᠳ᠋ᠦᠩᠰᠢᠭᠤᠷ ᠲᠥᠭᠦᠷᠢᠭ ᠤᠨ ᠪᠡᠯᠡ ᠮᠥᠩᠭᠦ᠂ ᠠᠶᠠᠨᠴᠢᠳ ᠤᠨ ᠬᠤᠨᠤᠭ ᠤᠨ ᠥᠷᠲᠡᠭᠡ᠂ ᠲᠡᠷᠭᠡᠨ ᠵᠣᠭᠰᠣᠭᠠᠯ ᠤᠨ ᠠᠰᠠᠷ᠂ ᠭᠤᠣᠯ ᠪᠤᠰᠤ ᠰᠠᠭᠤᠷᠢᠨ ᠤ ᠠᠶᠠᠯᠠᠯ ᠤᠨ ᠭᠡᠷ ᠪᠠᠶᠢᠰᠢᠩ ᠪᠣᠯᠣᠨ ᠠᠶᠠᠯᠠᠯ ᠤᠨ ᠥᠷᠲᠡᠭᠡᠨ ᠤ ᠲᠣᠭᠤᠷᠢᠭ ᠤᠨ ᠢᠵᠢ ᠪᠦᠷᠢᠳᠦᠭᠰᠡᠨ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢᠨ 2.2 ᠳ᠋ᠦᠩᠰᠢᠭᠤᠷ ᠲᠥᠭᠦᠷᠢᠭ ᠤᠨ ᠪᠡᠯᠡ ᠮᠥᠩᠭᠦ᠂ ᠠᠶᠠᠯᠠᠯ ᠤᠨ ᠥᠷᠲᠡᠭᠡᠨ ᠤ ᠠᠰᠠᠷ ᠤᠨ ᠵᠢᠯᠣᠭᠤᠳᠬᠤ ᠬᠤᠩᠭᠢᠯ ᠤᠨ ᠪᠦᠲᠦᠭᠡᠨ ᠪᠠᠶᠢᠭᠤᠯᠤᠯᠲᠠ ᠪᠠ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠳᠤ ᠬᠡᠷᠡᠭᠯᠡᠬᠦ ᠭᠡᠷ ᠪᠠᠶᠢᠰᠢᠩ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ 4.24 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠪᠠᠭᠲᠠᠵᠠᠢ᠃      ᠬᠥᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠤᠨ ᠲᠥᠷᠥᠯ ᠵᠦᠢᠯ ᠪᠣᠯ ᠥᠪᠡᠷᠲᠡᠭᠡᠨ ᠵᠠᠰᠠᠬᠤ ᠣᠷᠣᠨ ᠤ ︽ᠠᠷᠪᠠᠨ ᠭᠤᠷᠪᠠᠳᠤᠭᠠᠷ ᠲᠠᠪᠤᠨ ᠵᠢᠯ︾ ᠪᠣᠯᠣᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠾ ᠲᠥᠷᠥᠯ ᠵᠦᠢᠯ ᠪᠣᠯᠬᠤ ᠪᠦᠭᠡᠳ ᠪᠠᠰᠠ ᠴᠤ ᠥᠪᠡᠷᠲᠡᠭᠡᠨ ᠵᠠᠰᠠᠬᠤ ᠣᠷᠣᠨ ᠪᠠ ᠬᠥᠬᠡᠬᠤᠲᠠ ᠶᠢᠨ ᠪᠡᠯᠭᠡ ᠲᠡᠮᠳᠡᠭ ᠤᠨ ᠴᠢᠨᠠᠷᠲᠠᠢ ᠢᠨᠵᠧᠨᠧᠷᠢᠩ ᠪᠠᠶᠢᠵᠤ᠂ 2020 ᠣᠨ ᠤ 7 ᠰᠠᠷ᠎ᠠ ᠶᠢᠨ 30 ᠤ ᠡᠳᠦᠷ ᠠᠴᠠ ᠪᠠᠷᠢᠯᠭ᠎ᠠ ᠡᠬᠢᠯᠡᠭᠦᠯᠦᠭᠰᠡᠨ ᠪᠠᠶᠢᠨ᠎ᠠ᠃ ᠰᠢᠨ᠎ᠡ ᠨᠢᠰᠬᠡᠯ ᠤᠨ ᠪᠠᠭᠤᠳᠠᠯ ᠨᠢ ᠬᠥᠬᠡᠬᠤᠲᠠ ᠶᠢᠨ ᠬᠤᠷᠢᠨᠭᠡᠷ ᠰᠢᠶᠠᠨ ᠤ ᠴᠣᠷᠵᠢ ᠠᠶᠢᠯ ᠪᠠᠯᠭᠠᠰᠤ ᠶᠢᠨ ᠶᠡᠭᠡ ᠰᠢᠨ᠎ᠡ ᠠᠶᠢᠯ ᠲᠣᠰᠬᠤᠨ ᠤ ᠣᠶᠢᠷᠠᠯᠴᠠᠭ᠎ᠠ ᠪᠠᠶᠢᠷᠢᠯᠠᠵᠤ᠂ 4F ᠲᠡᠰ ᠤᠨ ᠣᠯᠠᠨ ᠤᠯᠤᠰ ᠤᠨ ᠭᠤᠣᠯ ᠱᠤᠭᠤᠮ ᠤᠨ ᠨᠢᠰᠬᠡᠯ ᠤᠨ ᠪᠠᠭᠤᠳᠠᠯ ᠢᠶᠠᠷ ᠲᠣᠭᠲᠠᠭᠠᠭᠳᠠᠵᠤ᠂ ᠤᠯᠤᠰ ᠤᠨ ᠳᠣᠲᠣᠭᠠᠳᠤ ᠶᠢᠨ ᠴᠢᠬᠤᠯᠠ ᠭᠤᠣᠯ ᠱᠤᠭᠤᠮ ᠤᠨ ᠨᠢᠰᠬᠡᠯ ᠤᠨ ᠪᠠᠭᠤᠳᠠᠯ ᠪᠠ ᠣᠷᠣᠨ ᠪᠦᠰᠡ ᠶᠢᠨ ᠬᠦᠢᠰᠦ ᠨᠢᠰᠬᠡᠯ ᠤᠨ ᠪᠠᠭᠤᠳᠠᠯ ᠪᠣᠯᠣᠨ᠎ᠠ᠃ ᠲᠤᠰ ᠨᠢᠰᠬᠡᠯ ᠤᠨ ᠪᠠᠭᠤᠳᠠᠯ ᠠᠰᠢᠭᠯᠠᠯᠲᠠ ᠳᠤ ᠣᠷᠣᠭᠰᠠᠨ ᠤ ᠳᠠᠷᠠᠭ᠎ᠠ ᠪᠡᠭᠡᠵᠢᠩ ᠲᠢᠶᠠᠨᠵᠢᠨ ᠾᠧᠪᠧᠢ ᠶᠢᠨ ᠨᠢᠰᠬᠡᠯ ᠤᠨ ᠪᠠᠭᠤᠳᠠᠯ ᠤᠨ ᠰᠦᠷᠦᠭᠵᠢᠯ ᠤᠨ ᠭᠤᠣᠯ ᠪᠡᠯᠡᠳᠬᠡᠯ ᠨᠢᠰᠬᠡᠯ ᠤᠨ ᠪᠠᠭᠤᠳᠠᠯ ᠪᠣᠯᠵᠤ᠂ ᠢᠷᠡᠭᠡᠳᠦᠢ ᠳᠤ ᠪᠠᠰᠠ ︽ᠨᠢᠭᠡ ᠪᠦᠰᠡ ᠨᠢᠭᠡ ᠵᠠᠮ︾ ᠤᠨ ᠴᠢᠬᠤᠯᠠ ᠵᠠᠮ ᠬᠠᠷᠢᠯᠴᠠᠭᠠᠨ ᠤ ᠵᠠᠩᠭᠢᠯᠠᠭ᠎ᠠ ᠶᠢᠨ ᠴᠡᠭ ᠪᠣᠯᠵᠤ ᠬᠥᠭᠵᠢᠬᠦ ᠪᠣᠯᠣᠨ᠎ᠠ᠃ 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ