︵ᠰᠤᠷᠪᠤᠯᠵᠢᠯᠠᠭᠴᠢ ᠠᠨ ᠨᠠ︶ 2 ᠳ᠋ᠤᠭᠠᠷ ᠰᠠᠷ᠎ᠠ ᠶᠢᠨ 18 ᠤ ᠡᠳᠦᠷ᠂ ᠬᠥᠬᠡᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ | ᠲᠣᠪᠴᠢᠶ᠎ᠠ ᠠᠴᠠ ᠣᠶᠢᠯᠠᠭᠠᠭᠰᠠᠨ ᠢᠶᠠᠷ᠂ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ ᠬᠥᠬᠡᠬᠤᠲᠠ ᠨᠡᠶᠢᠳᠡ 407.82 ᠲᠦᠮᠡᠨ | ᠵᠢᠭᠤᠯᠴᠢᠯᠠᠭᠴᠢᠳ ᠢ ᠬᠦᠯᠢᠶᠡᠨ ᠠᠪᠴᠤ᠂ ᠬᠠᠷᠢᠴᠠᠭᠤᠯᠵᠤ ᠪᠣᠯᠬᠤ ᠲᠠᠯ᠎ᠠ ᠪᠠᠷ 2023 ᠣᠨ ᠤ ᠠᠳᠠᠯᠢ ᠬᠤᠭᠤᠴᠠᠭᠠᠨ ᠤ ᠬᠢ ᠠᠴᠠ 252.29% | ᠨᠡᠮᠡᠭᠳᠡᠵᠦ᠂ ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠣᠷᠣᠯᠭ᠎ᠠ ᠨᠡᠶᠢᠳᠡ 43.63 ᠳ᠋ᠦᠩᠰᠢᠭᠤᠷ ᠲᠥᠭᠦᠷᠢᠭ ᠬᠦᠷᠴᠦ᠂ ᠬᠠᠷᠢᠴᠠᠭᠤᠯᠵᠤ ᠪᠣᠯᠬᠤ | ᠲᠠᠯ᠎ᠠ ᠪᠠᠷ 2023 ᠣᠨ ᠤ ᠠᠳᠠᠯᠢ ᠬᠤᠭᠤᠴᠠᠭᠠᠨ ᠤ ᠬᠢ ᠠᠴᠠ 697.87% ᠨᠡᠮᠡᠭᠳᠡᠵᠦ᠂ ᠪᠦᠬᠦ ᠣᠷᠣᠨ ᠤ ᠶᠡᠷᠦᠩᠬᠡᠢ ᠣᠷᠣᠯᠭ᠎ᠠ ᠶᠢᠨ 19.72% ᠢ | ᠡᠵᠡᠯᠡᠪᠡ᠃ | ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ᠂ ᠣᠯᠠᠨ ᠲᠦᠮᠡᠨ ᠤ ᠣᠯᠠᠨ ᠶᠠᠩᠵᠤ ᠶᠢᠨ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ | ᠬᠥᠬᠡᠬᠤᠲᠠ ᠴᠡᠴᠡᠷᠯᠢᠭ ᠤᠨ ᠦᠵᠡᠮᠵᠢ ᠶᠢᠨ ᠳ᠋ᠧᠩ᠂ ᠪᠣᠳᠠᠰ ᠤᠨ ᠪᠤᠰᠤ ᠰᠣᠶᠣᠯ ᠤᠨ ᠥᠪ ᠤᠨ ᠴᠤᠭᠯᠠᠭ᠎ᠠ ᠮᠠᠶᠢᠮᠠᠢ᠂ ᠠᠷᠠᠳ ᠤᠨ ᠤᠯᠠᠮᠵᠢᠯᠠᠯᠲᠤ ᠨᠠᠶᠢᠷ | ᠨᠠᠭᠠᠳᠤᠮ᠂ ᠮᠥᠰᠥ ᠴᠠᠰᠤᠨ ᠤ ᠬᠥᠳᠡᠯᠭᠡᠭᠡᠨ᠂ ᠬᠡᠷᠡᠯ ᠵᠢᠷᠤᠭ ᠤᠨ ᠦᠵᠡᠭᠦᠯᠦᠯᠭᠡ ᠵᠡᠷᠭᠡ ᠬᠥᠳᠡᠯᠭᠡᠭᠡᠨ ᠥᠷᠨᠢᠭᠦᠯᠵᠦ᠂ ᠥᠷᠭᠡᠨ ᠣᠯᠠᠨ ᠬᠤᠲᠠ ᠶᠢᠨ ᠠᠷᠠᠳ | ᠪᠣᠯᠣᠨ ᠵᠢᠭᠤᠯᠴᠢᠯᠠᠭᠴᠢᠳ ᠲᠤ ᠵᠣᠯ ᠵᠢᠷᠭᠠᠯ ᠲᠠᠢ ︽ᠬᠥᠬᠡ ᠬᠤᠲᠠ ᠶᠢᠨ ᠰᠢᠨ᠎ᠡ ᠵᠢᠯ ᠤᠨ ᠦᠨᠦᠷ︾ ᠢ ᠠᠮᠲᠠᠯᠠᠭᠤᠯᠵᠤ᠂ ᠰᠣᠶᠣᠯ ᠵᠢᠭᠤᠯᠴᠢᠯᠠᠯ ᠤᠨ | ᠬᠡᠷᠡᠭᠯᠡᠭᠡᠨ ᠤ ᠴᠢᠳᠠᠪᠤᠷᠢ ᠶᠢ ᠲᠦᠷᠭᠡᠨ ᠪᠠᠳᠠᠷᠠᠭᠤᠯᠵᠤ᠂ ᠰᠢᠨ᠎ᠡ ᠵᠢᠯ ᠤᠨ ᠭᠦᠨᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃ ᠡᠭᠦᠨ ᠤ ᠵᠡᠷᠭᠡᠪᠡᠷ᠂ | ᠬᠥᠬᠡᠬᠤᠲᠠ ᠠᠮᠠᠷᠠᠯᠲᠠ ᠶᠢᠨ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ ᠪᠣᠯᠣᠨ ᠪᠠᠶᠢᠴᠠᠭᠠᠯᠲᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ | ᠠᠮᠠᠷᠠᠯᠲᠠ ᠶᠢᠨ ᠬᠤᠭᠤᠴᠠᠭᠠᠨ ᠤ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠮᠤᠷ ᠲᠣᠭᠲᠠᠭᠤᠨ ᠡᠮᠬᠢ ᠵᠢᠷᠤᠮ ᠲᠠᠢ ᠪᠠᠶᠢᠬᠤ ᠶᠢ ᠪᠠᠲᠤᠯᠠᠪᠠ᠃ | ᠤᠯᠤᠰ ᠤᠨ ᠳᠣᠲᠣᠭᠠᠳᠤ ᠶᠢᠨ ᠵᠢᠭᠤᠯᠴᠢᠯᠠᠭᠴᠢᠳ ᠠᠴᠠ ᠦᠯᠢᠭᠡᠷ ᠠᠪᠴᠤ ᠪᠠᠶᠢᠴᠠᠭᠠᠬᠤ᠂ ᠴᠢᠮᠡᠭᠡ ᠬᠤᠯᠪᠣᠭᠠᠨ ᠤ ᠡᠵᠡᠩᠨᠡᠯᠲᠡ ᠶᠢᠨ ᠺᠣᠮᠫᠠᠨᠢ ᠶᠢᠨ | ᠲᠤᠭ᠎ᠠ ᠪᠠᠷᠢᠮᠲᠠ ᠶᠢ ᠦᠨᠳᠦᠰᠦᠯᠡᠨ ᠵᠢᠱᠢᠪᠡᠯ᠂ 2024 ᠣᠨ ᠤ ᠴᠠᠭᠠᠨ ᠰᠠᠷ᠎ᠠ ᠶᠢᠨ ᠠᠮᠠᠷᠠᠯᠲᠠ ᠳᠤ᠂ ᠪᠦᠬᠦ ᠬᠤᠳᠠ ᠶᠢᠨ ᠬᠢᠨ ᠤᠯᠤᠰ ᠤᠨ | ᠳᠣᠲᠣᠭᠠᠳᠤ ᠶᠢᠨ ᠵᠢᠭᠤᠯᠴᠢᠯᠠᠭᠴᠢᠳ ᠢ ᠨᠡᠶᠢᠳᠡ 407.82 ᠲᠦᠮᠡᠨ ᠬᠥᠮᠥᠨ ᠤᠳᠠᠭ᠎ᠠ ᠬᠦᠯᠢᠶᠡᠨ ᠠᠪᠴᠤ᠂ ᠬᠠᠷᠢᠴᠠᠭᠤᠯᠵᠤ ᠪᠣᠯᠬᠤ ᠲᠠᠯ᠎ᠠ ᠪᠠᠷ 2023 | ᠣᠨ ᠤ ᠠᠳᠠᠯᠢ ᠬᠤᠭᠤᠴᠠᠭᠠᠨ ᠤ ᠬᠢ ᠠᠴᠠ 252.29% ᠨᠡᠮᠡᠭᠳᠡᠵᠡᠢ︔ ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠣᠷᠣᠯᠭ᠎ᠠ 43.63 | ᠳ᠋ᠦᠩᠰᠢᠭᠤᠷ ᠲᠥᠭᠦᠷᠢᠭ ᠬᠦᠷᠴᠦ᠂ ᠬᠠᠷᠢᠴᠠᠭᠤᠯᠵᠤ ᠪᠣᠯᠬᠤ ᠲᠠᠯ᠎ᠠ ᠪᠠᠷ 2023 ᠣᠨ ᠤ ᠠᠳᠠᠯᠢ ᠬᠤᠭᠤᠴᠠᠭᠠᠨ ᠤ ᠬᠢ ᠠᠴᠠ 697.87% ᠨᠡᠮᠡᠭᠳᠡᠪᠡ᠃ |