2024 ᠣᠨ ᠤ 1 ᠳ᠋ᠦ᠋ᠭᠡᠷ ᠰᠠᠷ᠎ᠠ ᠳᠤ᠂ ᠰᠢᠨ᠎ᠡ ᠬᠤᠲᠠ ᠲᠣᠭᠤᠷᠢᠭ ᠤᠨ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ 61754 | ᠲᠦᠮᠡᠨ ᠲᠥᠭᠦᠷᠢᠭ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 10384 ᠲᠦᠮᠡᠨ ᠲᠥᠭᠦᠷᠢᠭ ᠨᠡᠮᠡᠭᠳᠡᠨ᠂ 20.21% ᠨᠡᠮᠡᠭᠳᠡᠵᠦ᠂ | ᠣᠨ ᠤ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢᠨ ᠵᠢᠱᠢᠭᠰᠡᠨ ᠬᠠᠷᠠᠯᠲᠠ ᠶᠢᠨ 16.32% ᠢ ᠪᠡᠶᠡᠯᠡᠭᠦᠯᠵᠦ᠂ ᠣᠷᠣᠯᠭ᠎ᠠ ᠶᠢᠨ ᠴᠠᠭ ᠤᠨ | ᠠᠬᠢᠴᠠ ᠲᠠᠢ ᠬᠠᠷᠢᠴᠠᠭᠤᠯᠪᠠᠯ ᠵᠠᠭᠤᠨ ᠤ ᠬᠠᠷᠢᠴᠠᠯ ᠢᠶᠠᠷ 7.99 ᠨᠢᠭᠡᠴᠢ ᠳᠠᠪᠠᠭᠰᠠᠨ ᠪᠠᠶᠢᠨ᠎ᠠ᠃ ᠡᠭᠦᠨ ᠤ ᠳᠣᠲᠣᠷ᠎ᠠ᠄ ᠭᠠᠶᠢᠯᠢ ᠶᠢᠨ ᠣᠷᠣᠯᠭ᠎ᠠ 59516 | ᠲᠦᠮᠡᠨ ᠲᠥᠭᠦᠷᠢᠭ ᠬᠦᠷᠴᠦ᠂ ᠡᠩ ᠤᠨ ᠤᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢᠨ 96.38% ᠶᠢ ᠡᠵᠡᠯᠡᠵᠦ᠂ ᠳᠡᠭᠡᠷ᠎ᠡ ᠵᠢᠯ ᠤᠨ ᠠᠳᠠᠯᠢ | ᠬᠤᠭᠤᠴᠠᠭᠠᠨ ᠤ ᠬᠢ ᠠᠴᠠ 10197 ᠲᠦᠮᠡᠨ ᠲᠥᠭᠦᠷᠢᠭ ᠨᠡᠮᠡᠭᠳᠡᠵᠦ᠂ 20.68 % ᠪᠠᠷ ᠨᠡᠮᠡᠭᠳᠡᠪᠡ︔ ᠭᠠᠶᠢᠯᠢ ᠶᠢᠨ ᠪᠤᠰᠤ ᠣᠷᠣᠯᠭ᠎ᠠ 2238 | ᠲᠦᠮᠡᠨ ᠲᠥᠭᠦᠷᠢᠭ ᠬᠦᠷᠴᠦ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢᠨ 3.62% ᠢ ᠡᠵᠡᠯᠡᠨ᠂ ᠳᠡᠭᠡᠷ᠎ᠡ ᠵᠢᠯ ᠤᠨ ᠠᠳᠠᠯᠢ | ᠬᠤᠭᠤᠴᠠᠭᠠᠨ ᠤ ᠬᠢ ᠠᠴᠠ 187 ᠲᠦᠮᠡᠨ ᠲᠥᠭᠦᠷᠢᠭ ᠨᠡᠮᠡᠭᠳᠡᠵᠦ᠂ 9.12% ᠨᠡᠮᠡᠭᠳᠡᠪᠡ᠃ | 2024 ᠣᠨ ᠤ 1 ᠳ᠋ᠦ᠋ᠭᠡᠷ ᠰᠠᠷ᠎ᠠ ᠳᠤ᠂ ᠰᠢᠨ᠎ᠡ ᠬᠤᠲᠠ ᠲᠣᠭᠤᠷᠢᠭ ᠤᠨ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ 24786 | ᠲᠦᠮᠡᠨ ᠲᠥᠭᠦᠷᠢᠭ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 1488 ᠲᠦᠮᠡᠨ ᠲᠥᠭᠦᠷᠢᠭ ᠪᠠᠭᠤᠷᠠᠵᠤ᠂ 5.66% ᠪᠠᠷ ᠪᠠᠭᠤᠷᠠᠪᠠ | ᠂ ᠡᠭᠦᠨ ᠳᠤ ᠨᠠᠢᠮᠠᠨ ᠵᠦᠢᠯ ᠤᠨ ᠦᠨᠳᠦᠰᠦᠨ ᠵᠠᠷᠤᠯᠭ᠎ᠠ 22923 ᠲᠦᠮᠡᠨ ᠲᠥᠭᠦᠷᠢᠭ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ | 2882 ᠲᠦᠮᠡᠨ ᠲᠥᠭᠦᠷᠢᠭ ᠨᠡᠮᠡᠭᠳᠡᠨ᠂ 14.38% ᠪᠠᠷ ᠨᠡᠮᠡᠭᠳᠡᠵᠡᠢ᠃ | ᠢᠷᠡᠯᠲᠡ᠄ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ |