︽ᠲᠦᠮᠡᠨ ᠭᠠᠵᠠᠷ ᠤᠨ ᠴᠠᠢ ᠶᠢᠨ ᠵᠠᠮ ᠲᠦᠮᠡᠨ ᠭᠠᠵᠠᠷ ᠤᠨ ᠬᠠᠶᠢᠷ᠎ᠠ ᠰᠡᠳᠬᠢᠯᠭᠡ︾ ᠰᠦᠮ᠎ᠡ ᠶᠢᠨ ᠴᠤᠭᠯᠠᠭᠠᠨ ᠢ ᠪᠡᠶᠡᠴᠢᠯᠡᠨ ᠣᠶᠢᠯᠠᠭᠠᠬᠤᠢ
ᠨᠡᠶᠢᠲᠡᠯᠡᠭᠰᠡᠨ ᠴᠠᠭ᠄
2024/2/20
      ︽ᠭᠦᠢ ᠬᠤᠸᠠ ᠬᠤᠳᠠ ᠶᠢᠨ ᠠᠬᠠᠰ ᠵᠠᠬᠠᠰ ᠠᠬ᠎ᠠ ᠳᠡᠭᠦᠦ ᠨᠠᠷ ᠠ᠋᠂ ᠰᠠᠶᠢᠨ ᠰᠢᠨᠡᠯᠡᠪᠡᠦ︕︾ ᠭᠡᠵᠦ ᠤᠷᠲᠤ ᠴᠠᠮᠴᠠ ᠬᠡᠲᠦᠷᠴᠦ ᠳᠠᠮᠨᠠᠭᠤᠷ ᠳᠠᠮᠨᠠᠭᠰᠠᠨ ᠬᠤᠳᠠᠯᠳᠤᠭᠠᠨ ᠤ ᠠᠩᠭᠢ ᠶᠢᠨ ᠬᠢᠨ ᠠᠶᠠᠨ ᠵᠠᠮ ᠳᠠᠭᠠᠤ ᠬᠤᠳᠠ ᠶᠢᠨ ᠠᠷᠠᠳ ᠲᠠᠢ ᠰᠢᠨ᠎ᠡ ᠶᠢᠨ ᠵᠣᠯᠭᠠᠯᠲᠠ ᠬᠢᠨ᠎ᠡ᠃ ᠡᠨᠡ ᠪᠣᠯ ︽ᠲᠦᠮᠡᠨ ᠭᠠᠵᠠᠷ ᠤᠨ ᠴᠠᠢ ᠶᠢᠨ ᠵᠠᠮ ᠲᠦᠮᠡᠨ ᠭᠠᠵᠠᠷ ᠤᠨ ᠬᠠᠶᠢᠷ᠎ᠠ ᠰᠡᠳᠬᠢᠯᠭᠡ︾ ᠭᠡᠬᠦ ᠲᠣᠬᠯᠠᠯᠲᠠ ᠶᠢᠨ ᠠᠬᠤᠢ ᠲᠠᠯᠠᠪᠠᠶ ᠶᠢᠨ ᠦᠵᠡᠭᠳᠡᠯ ᠪᠤᠯᠬᠤ ᠶᠤᠮ᠃  ᠲᠦᠮᠡᠨ ᠭᠠᠵᠠᠷ ᠤᠨ ᠴᠠᠢ ᠶᠢᠨ ᠵᠠᠮ ᠤᠨ ᠥᠩᠭᠡᠷᠡᠭᠰᠡᠨ ᠤ ᠦᠪᠡᠳᠡᠭᠰᠢ ᠪᠠᠶᠢᠳᠠᠯ ᠢ ᠳᠠᠭᠢᠨ ᠢᠯᠡᠷᠡᠭᠦᠯᠦᠭᠰᠡᠨ ᠡᠨᠡ ᠬᠦ ᠲᠣᠬᠯᠠᠯᠲᠠ ᠶᠢ  ᠴᠠᠭᠠᠨ ᠰᠠᠷ᠎ᠠ ᠶᠢᠨ ᠰᠢᠨ᠎ᠡ ᠶᠢᠨ ᠵᠢᠷᠭᠤᠭᠠᠨ ᠠᠴᠠ ᠡᠬᠢᠯᠡᠨ ᠭᠦᠭᠡᠬᠤᠲᠠ ᠶᠢᠨ ᠢᠦ᠋ᠢᠴᠢᠤᠸᠠᠨ ᠲᠣᠭᠤᠷᠢᠭ ᠤᠨ ᠶᠡᠭᠡ ᠵᠤᠤ ᠠᠭᠤᠳᠠᠮ ᠲᠠᠯᠠᠪᠠᠶ ᠳᠤ ᠲᠣᠭᠯᠠᠵᠤ ᠡᠬᠢᠯᠡᠭᠰᠡᠨ ᠪᠢᠯᠡ᠃      ᠡᠨᠡ ᠬᠦ ᠲᠣᠬᠯᠠᠯᠲᠠ ᠨᠢ ᠪᠣᠭᠤᠮᠲᠠ ᠶᠢᠨ ᠬᠠᠭᠤᠴᠢᠨ ᠵᠡᠭᠡᠯᠢ ᠶᠢᠨ ᠪᠠᠷᠠᠭᠤᠨ ᠬᠡᠰᠡᠭ ᠤᠨ ᠬᠤᠲᠠ ᠶᠢᠨ ᠡᠭᠦᠳᠡᠨ ᠠᠰᠠᠷ ᠠᠴᠠ ᠡᠬᠢᠯᠡᠵᠦ᠂ ᠶᠡᠭᠡ ᠵᠣᠣ ᠠᠭᠤᠳᠠᠮ ᠲᠠᠯᠠᠪᠠᠶ᠂ ᠳ᠋ᠠ ᠱᠧᠩ ᠺᠦᠢ ᠰᠣᠶᠣᠯ ᠤᠨ ᠡᠭᠦᠳᠦᠨ ᠪᠦᠲᠦᠭᠡᠯᠲᠡ ᠶᠢᠨ ᠬᠦᠷᠢᠶᠡᠯᠡᠩ ᠤᠨ ᠡᠮᠦᠨ᠎ᠡ ᠲᠣᠭᠤᠷᠢᠭ ᠢᠶᠠᠷ ᠲᠠᠭᠠᠷᠢᠨ᠂ ᠳ᠋ᠠ ᠱᠧᠩ ᠺᠦᠢ ᠮᠦᠽᠧᠢ ᠳᠤ ᠭᠦᠷᠳᠡᠭ᠃ ᠲᠣᠭᠯᠠᠭᠴᠢᠳ ᠵᠡᠭᠡᠯᠢ ᠶᠢᠨ ᠦᠵᠡᠮᠵᠢ ᠪᠠᠷ ᠠᠷᠤ ᠦᠵᠡᠭᠳᠡᠯ ᠪᠤᠯᠭᠠᠵᠤ᠂ ᠳᠠᠭᠤᠯᠠᠬᠤ᠂ ᠪᠥᠵᠢᠭᠯᠡᠬᠦ᠂ ᠮᠣᠷᠢᠨ ᠬᠤᠭᠤᠷ ᠲᠠᠲᠠᠬᠤ ᠵᠡᠷᠭᠡ ᠭᠡᠯᠪᠡᠷᠢ ᠪᠠᠷ ᠦᠵᠡᠭᠴᠢᠳ ᠲᠤ ᠰᠣᠳᠣᠨ ᠰᠠᠶᠢᠬᠠᠨ ᠲᠣᠬᠯᠠᠯᠲᠠ ᠭᠠᠷᠭᠠᠵᠤ ᠰᠣᠨᠢᠷᠬᠠᠭᠤᠯᠤᠨ᠎ᠠ᠃      ᠲᠦᠮᠡᠨ ᠭᠠᠵᠠᠷ ᠤᠨ ᠴᠠᠢ ᠶᠢᠨ ᠵᠠᠮ ᠭᠡᠳᠡᠭ ᠪᠣᠯ 17 ︱ 20  ᠳ᠋ᠤᠭᠠᠷ ᠵᠠᠭᠤᠨ ᠤ ᠡᠬᠢᠨ ᠤ ᠦᠶ᠎ᠡ ᠶᠢᠨ ᠴᠠᠢ ᠪᠠᠷ ᠭᠤᠣᠯ ᠠᠷᠠᠯᠵᠢᠶᠠᠨ ᠤ ᠲᠠᠸᠠᠷ ᠪᠤᠯᠭᠠᠬᠰᠠᠨ᠂ ᠠᠽᠢᠶ᠎ᠠ ᠡᠸᠦ᠋ᠷᠦᠫᠡ ᠶᠢᠨ ᠡᠬᠡ ᠬᠠᠭᠤᠷᠠᠢ ᠶᠢ ᠰᠤᠨᠳᠠᠯᠠᠭᠰᠠᠨ ᠣᠯᠠᠨ ᠤᠯᠤᠰ ᠤᠨ ᠬᠤᠳᠠᠯᠳᠤᠭᠠᠨ ᠤ ᠵᠠᠮ ᠪᠣᠯᠣᠨ᠎ᠠ᠃  ᠭᠦᠭᠡᠬᠤᠲᠠ ︵ᠭᠦᠢ ᠬᠤᠸᠠ ᠬᠤᠳᠠ︶ ᠲᠡᠮᠡᠭᠡᠨ ᠵᠢᠩ ᠤᠨ ᠴᠤᠭᠯᠠᠷᠠᠯ ᠤᠨ ᠴᠡᠭ ᠪᠣᠯᠤᠭᠰᠠᠨ ᠤ ᠬᠤᠪᠢ ᠳᠤ ᠲᠦᠮᠡᠨ ᠭᠠᠵᠠᠷ ᠤᠨ ᠴᠠᠢ ᠶᠢᠨ ᠵᠠᠮ ᠤᠨ ᠴᠢᠬᠤᠯᠠ ᠨᠢᠭᠡᠨ ᠬᠦᠢᠰᠦ ᠪᠠᠶᠢᠵᠤ᠂  ᠳ᠋ᠠ ᠱᠧᠩ ᠺᠦᠢ ᠨᠢ ᠳᠤᠮᠳᠠᠳᠤ ᠤᠯᠤᠰ ᠤᠨ ᠣᠷᠴᠢᠨ ᠦᠶ᠎ᠡ ᠶᠢᠨ ᠬᠤᠳᠠᠯᠳᠤᠭᠠᠨ ᠤ ᠲᠡᠦᠬᠡᠨ ᠳᠠᠬᠢ ᠮᠣᠩᠭᠤᠯ ᠣᠷᠣᠨ ᠳᠠᠬᠢ  ᠬᠠᠮᠤᠭ ᠤᠨ ᠲᠣᠮᠣ ᠬᠤᠳᠠᠯᠳᠤᠭ᠎ᠠ ᠳᠡᠯᠭᠡᠭᠦᠷ ᠪᠣᠯᠤᠭᠰᠠᠨ ᠤ ᠬᠤᠪᠢ ᠳᠤ ᠲᠡᠦᠬᠡᠨ ᠳᠡᠭᠡᠷ᠎ᠡ ᠭᠦᠨ ᠵᠤᠵᠠᠭᠠᠨ ᠢᠮ ᠲᠠᠮᠠᠭ᠎ᠠ ᠪᠠᠨ ᠦᠯᠡᠳᠡᠭᠡᠭᠰᠡᠨ ᠪᠢᠯᠡ᠃ ᠡᠲᠡᠭᠡᠷ ᠲᠡᠦᠬᠡ ᠶᠢᠨ ᠬᠤᠪᠢᠰᠤᠯᠲᠠ ᠳᠤ ᠰᠠᠭᠤᠷᠢᠯᠠᠨ᠂ ᠭᠦᠭᠡᠬᠤᠲᠠ ᠶᠢᠨ ᠢᠦ᠋ᠢᠴᠢᠤᠸᠠᠨ ᠲᠣᠭᠤᠷᠢᠭ ᠤᠨ ᠤᠯᠠᠭᠠᠨᠮᠥ᠋ᠴᠢᠷ ᠤᠨ ᠬᠢᠨ ︽ᠲᠦᠮᠡᠨ ᠭᠠᠵᠠᠷ ᠤᠨ ᠴᠠᠢ ᠶᠢᠨ ᠵᠠᠮ  ᠲᠦᠮᠡᠨ ᠭᠠᠵᠠᠷ ᠤᠨ ᠬᠠᠶᠢᠷ᠎ᠠ ᠰᠡᠳᠬᠢᠯᠭᠡ︾ ᠭᠡᠬᠦ ᠪᠦᠲᠦᠭᠡᠯ ᠢ ᠥᠪᠡᠷ ᠢᠶᠠᠨ ᠨᠠᠶᠢᠷᠠᠭᠤᠯᠵᠤ ᠥᠪᠡᠷ ᠢᠶᠠᠨ ᠤᠳᠤᠷᠢᠳᠤᠭᠠᠴᠢᠯᠠᠵᠤ ᠥᠪᠡᠷ ᠢᠶᠠᠨ ᠲᠣᠭᠯᠠᠪᠠ᠃      ︽ᠡᠨᠡ ᠬᠦ ᠵᠦᠴᠦᠭᠡ ᠨᠢ ᠳᠤᠮᠳᠠᠳᠤ ᠤᠯᠤᠰ ᠤᠨ ᠬᠤᠳᠠᠯᠳᠤᠭᠠᠴᠢᠳ ᠤᠨ ᠰᠢᠨᠲᠠᠷᠠᠰᠢ ᠦᠭᠡᠢ ᠡᠷᠡᠯᠬᠡᠭᠯᠡᠨ ᠲᠡᠮᠡᠴᠡᠬᠦ ᠵᠣᠷᠢᠭ ᠰᠠᠨᠠᠭ᠎ᠠ ᠶᠢ ᠢᠯᠡᠷᠡᠭᠦᠯᠵᠡᠢ᠃ ᠦᠵᠡᠭᠴᠢᠳ ᠵᠦᠴᠦᠭᠡ ᠶᠢᠨ ᠳᠤᠮᠳᠠ ᠠᠴᠠ ᠪᠠᠰᠠ ᠴᠠᠭᠠᠨ ᠰᠠᠷ᠎ᠠ ᠶᠢᠨ ᠪᠠᠶᠠᠷ ᠤᠨ ᠡᠳᠦᠷ ᠤᠨ ᠠᠭᠤᠷ ᠠᠮᠢᠰᠬᠤᠯ ᠢ ᠠᠮᠲᠠᠷᠬᠠᠵᠤ ᠪᠤᠯᠬᠤ ᠶᠤᠮ︾ ᠭᠡᠵᠦ ᠲᠣᠭᠯᠠᠭᠴᠢ ᠸᠧᠢ ᠵᠢᠶᠦ᠋ᠨ ᠪᠢᠨ ᠬᠡᠯᠡᠨ᠎ᠡ᠃      ᠭᠤᠶᠢᠳᠠ ᠰᠠᠶᠢᠬᠠᠨ ᠲᠣᠬᠯᠠᠯᠲᠠ ᠨᠢ ᠴᠠᠭᠠᠨ ᠰᠠᠷ᠎ᠠ ᠪᠠᠷ ᠵᠢᠭᠤᠯᠴᠢᠯᠠᠵᠤ ᠶᠠᠪᠤᠭ᠎ᠠ ᠮᠠᠰᠢ ᠤᠯᠠᠨ ᠬᠤᠳᠠ ᠶᠢᠨ ᠠᠷᠠᠳ ᠤᠨ ᠠᠩᠬᠠᠷᠤᠯ ᠢ ᠲᠠᠲᠠᠵᠠᠢ᠃ ︽ᠵᠣᠯ ᠵᠢᠷᠭᠠᠯᠲᠤ ᠤᠮᠠᠷᠠᠲᠤ ᠬᠢᠯᠢ  ᠭᠦᠭᠡᠬᠤᠳᠠ ᠶᠢᠨ ᠰᠢᠨ᠎ᠡ ᠶᠢᠨ ᠵᠣᠯᠭᠠᠯᠲᠠ︾ ᠪᠠᠷ ᠭᠤᠣᠯ ᠰᠡᠳᠦᠪ ᠪᠤᠯᠭᠠᠬᠰᠠᠨ 2024 ᠣᠨ ᠤ ᠭᠦᠭᠡᠬᠤᠲᠠ ᠶᠢᠨ ᠴᠠᠭᠠᠨ ᠰᠠᠷ᠎ᠠ ᠶᠢᠨ ᠰᠣᠶᠣᠯ ᠤᠨ ᠰᠦᠮ᠎ᠡ ᠶᠢᠨ ᠴᠤᠭᠯᠠᠭᠠᠨ 2 ᠰᠠᠷ᠎ᠠ ᠶᠢᠨ 15 ᠤ ᠡᠳᠦᠷ ᠢᠦ᠋ᠢᠴᠢᠦᠸᠠᠨ ᠲᠣᠭᠤᠷᠢᠭ ᠤᠨ ᠪᠣᠭᠤᠮᠲᠠ ᠶᠢᠨ ᠬᠠᠭᠤᠴᠢᠨ ᠵᠡᠭᠡᠯᠢ ᠶᠢᠨ ᠵᠢᠭᠤᠯᠴᠢᠯᠠᠯ ᠰᠡᠯᠡᠭᠦᠴᠡᠯ ᠤᠨ ᠲᠣᠭᠤᠷᠢᠭ ᠲᠤ ᠬᠥᠰᠢᠭᠡ ᠪᠠᠨ ᠰᠡᠬᠦᠪᠡ᠃ ᠨᠠᠶᠢᠷ ᠨᠠᠭᠠᠳᠤᠮ᠂ ᠤᠯᠠᠮᠵᠢᠯᠠᠯᠲᠤ ᠠᠮᠲᠠᠲᠤ ᠢᠳᠡᠭᠡᠨ ᠢ ᠠᠮᠲᠠᠯᠠᠬᠤ᠂ ᠵᠡᠭᠡᠯᠢ ᠶᠢᠨ ᠦᠵᠡᠮᠵᠢ ᠪᠠᠷ ᠠᠷᠤ ᠦᠵᠡᠭᠳᠡᠯ ᠪᠤᠯᠭᠠᠬᠰᠠᠨ ᠲᠣᠬᠯᠠᠯᠲᠠ᠂ ᠱᠠᠨ ᠰᠢ ᠵᠦᠴᠦᠭᠡ ᠶᠢᠨ ᠲᠤᠰᠬᠠᠢ ᠲᠣᠬᠯᠠᠯᠲᠠ ᠭᠡᠬᠦᠴᠢᠯᠡᠨ ᠲᠠᠩᠰᠤᠬ ᠰᠠᠶᠢᠬᠠᠨ ᠰᠦᠮ᠎ᠡ ᠶᠢᠨ ᠴᠤᠭᠯᠠᠭᠠᠨ ᠨᠢ ᠬᠤᠲᠠ ᠶᠢᠨ ᠠᠷᠠᠳ ᠪᠣᠯᠣᠨ ᠵᠢᠭᠤᠯᠴᠢᠯᠠᠬᠰᠠᠳ ᠤᠨ ᠨᠢᠳᠦ ᠶᠢ ᠬᠤᠵᠢᠷᠯᠠᠨ ᠰᠡᠳᠬᠢᠯ ᠢ ᠰᠡᠷᠭᠦᠭᠡᠨ᠎ᠡ᠃  ᠲᠠᠨᠢᠯᠴᠠᠭᠤᠯᠤᠭᠰᠠᠨ ᠢᠶᠠᠷ᠂ ᠰᠦᠮ᠎ᠡ ᠶᠢᠨ ᠴᠤᠭᠯᠠᠭᠠᠨ ᠴᠠᠭᠠᠨ ᠰᠠᠷ᠎ᠠ ᠶᠢᠨ ᠠᠷᠪᠠᠨ ᠲᠠᠪᠤᠨ ᠤ ᠡᠳᠦᠷ ᠪᠤᠯᠲᠠᠯ᠎ᠠ ᠦᠷᠭᠦᠯᠵᠢᠯᠡᠨ᠎ᠡ᠂ ᠰᠣᠳᠣᠨ ᠰᠠᠶᠢᠬᠠᠨ ᠰᠦᠮ᠎ᠡ ᠶᠢᠨ ᠴᠤᠭᠯᠠᠭᠠᠨ ᠨᠢ ᠡᠨᠡ ᠬᠦ ᠴᠠᠭᠠᠨ ᠰᠠᠷ᠎ᠠ  ᠳᠤ ᠡᠲᠡᠭᠡᠳ ᠥᠪᠡᠷᠮᠢᠴᠡ ᠰᠠᠶᠢᠨ ᠰᠠᠶᠢᠬᠠᠨ ᠳᠤᠷᠠᠳᠬᠠᠯ ᠦᠯᠡᠳᠡᠭᠡᠬᠦ ᠨᠢ ᠯᠠᠪᠲᠠᠢ ᠶᠤᠮ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ