2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠪᠠᠭᠠᠴᠤᠳ ᠤᠨ ᠫᠢᠩᠫᠠᠩ ᠪᠥᠮᠪᠦᠭᠡ ᠶᠢᠨ ᠤᠷᠤᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2024/2/21
d58c7135-4744-4bf4-a6de-f4ca68e303d4.jpg     
      2 ᠳ᠋ᠤᠭᠠᠷ ᠰᠠᠷ᠎ᠠ ᠶᠢᠨ 20 ᠤ ᠡᠳᠦᠷ᠂ ᠥᠪᠥᠷ ᠮᠣᠩᠭᠤᠯ ᠤᠨ ᠫᠢᠩᠫᠠᠩ ᠪᠥᠮᠪᠦᠭᠡ ᠶᠢᠨ ᠨᠡᠶᠢᠭᠡᠮᠯᠢᠭ ᠠᠴᠠ ᠭᠤᠣᠯᠯᠠᠨ ᠡᠷᠭᠢᠯᠡᠵᠦ᠂ ᠬᠥᠬᠡᠬᠤᠲᠠ ᠶᠢᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠴᠢᠯᠡᠭᠡᠨ ᠤ ᠲᠥᠪ᠂ ᠭᠤᠯᠤᠮᠳᠠ ᠭᠠᠯ ᠫᠢᠩᠫᠠᠩ ᠪᠥᠮᠪᠦᠭᠡ ᠶᠢᠨ ᠺᠯᠦ᠋ᠪ ᠠᠴᠠ ᠳᠠᠭᠠᠭᠠᠴᠢᠯᠠᠨ ᠡᠷᠬᠢᠯᠡᠭᠰᠡᠨ᠂ 4 ᠡᠳᠦᠷ ᠤᠨ ᠬᠤᠭᠤᠴᠠᠭ᠎ᠠ ᠲᠠᠢ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠪᠠᠭᠠᠴᠤᠳ ᠤᠨ ᠫᠢᠩᠫᠠᠩ ᠪᠥᠮᠪᠦᠭᠡ ᠶᠢᠨ ᠤᠷᠤᠯᠳᠤᠭᠠᠨ ᠬᠥᠬᠡᠬᠤᠲᠠ ᠶᠢᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠴᠢᠯᠡᠭᠡᠨ ᠤ ᠲᠥᠪ ᠤᠨ ᠫᠢᠩᠫᠠᠩ ᠪᠥᠮᠪᠦᠭᠡ ᠦᠳᠦᠨ ᠪᠥᠮᠪᠦᠭᠡ ᠲᠣᠣᠷ ᠪᠥᠮᠪᠦᠭᠡ ᠪᠤᠤᠯᠢᠩ ᠪᠥᠮᠪᠦᠭᠡ ᠶᠢᠨ ᠣᠷᠳᠣᠨ ᠳᠤ ᠶᠠᠪᠤᠭᠳᠠᠪᠠ᠃ ᠤᠷᠤᠯᠳᠤᠭᠠᠨ ᠤ ᠳᠤᠭᠤᠶᠢᠯᠠᠩ ᠳᠤ ᠡᠷᠡᠭᠲᠡᠢ ᠡᠮᠡᠭᠲᠡᠢ ᠲᠣᠰ ᠲᠣᠰ 12 ᠳᠤᠭᠤᠶᠢᠯᠠᠩ ᠭᠠᠷᠭᠠᠵᠤ᠂ 7 ︱ 18 ᠨᠠᠰᠤᠨ ᠤ ᠱᠠᠲᠤ ᠶᠢ ᠬᠠᠮᠤᠷᠴᠤ᠂ ᠥᠪᠡᠷᠲᠡᠭᠡᠨ ᠵᠠᠰᠠᠬᠤ ᠣᠷᠣᠨ ᠤ ᠬᠡᠪᠴᠢᠶᠠᠨ ᠳᠠᠬᠢ ᠲᠣᠰ ᠨᠠᠰᠤᠨ ᠤ ᠱᠠᠲᠤᠨ ᠤ ᠬᠠᠮᠤᠭ ᠤᠨ ᠥᠨᠳᠥᠷ ᠬᠢᠷᠢ ᠲᠦᠪᠰᠢᠨ ᠤ ᠤᠷᠤᠯᠳᠤᠭᠠᠨ ᠪᠣᠯᠣᠨ᠎ᠠ᠃       ᠰᠤᠷᠪᠤᠯᠵᠢᠯᠠᠭᠴᠢ ᠮᠢᠶᠣᠣ ᠰᠢᠨ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ