ᠭᠦᠭᠡᠬᠤᠳᠠ 80 ᠵᠦᠢᠯ ᠤᠨ ᠰᠣᠶᠣᠯ ᠵᠢᠭᠤᠯᠴᠢᠯᠠᠯ ᠤᠨ ᠠᠵᠢᠯᠯᠠᠭ᠎ᠠ ᠶᠠᠪᠤᠭᠳᠠᠭᠤᠯᠵᠠᠢ
ᠨᠡᠶᠢᠲᠡᠯᠡᠭᠰᠡᠨ ᠴᠠᠭ᠄
2024/2/23
      2024 ᠣᠨ ᠤ ᠴᠠᠭᠠᠨ ᠰᠠᠷ᠎ᠠ ᠶᠢᠨ ᠬᠤᠭᠤᠴᠠᠭᠠᠨ ᠳᠤ ᠭᠦᠭᠡᠬᠤᠳᠡ ︽ᠵᠣᠯ ᠵᠢᠷᠭᠠᠯᠲᠤ ᠤᠮᠠᠷᠠᠲᠤ ᠬᠢᠯᠢ ᠡᠶ᠎ᠡ ᠪᠦᠯᠬᠦᠮᠳᠡᠯ ᠲᠠᠢ ᠭᠦᠭᠡᠬᠤᠲᠠ︾ ᠭᠡᠬᠦ ᠭᠤᠣᠯ ᠰᠡᠳᠦᠪ ᠢᠶᠠᠷ ᠰᠦᠯᠵᠢᠶ᠎ᠡ ᠪᠠ ᠪᠣᠳᠠᠲᠤ ᠴᠣᠭᠴᠠ ᠶᠢ ᠤᠶᠠᠯᠳᠤᠭᠤᠯᠬᠤ ᠭᠡᠯᠪᠡᠷᠢ ᠪᠠᠷ 6 ᠶᠡᠭᠡ ᠬᠡᠰᠡᠭ ᠬᠤᠪᠢᠶᠠᠨ 80 ᠵᠦᠢᠯ ᠤᠨ ᠰᠣᠶᠣᠯ ᠵᠢᠭᠤᠯᠴᠢᠯᠠᠯ ᠤᠨ ᠠᠵᠢᠯᠯᠠᠭ᠎ᠠ ᠶᠠᠪᠤᠭᠳᠠᠭᠤᠯᠪᠠ᠃      ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ ᠭᠦᠭᠡᠬᠤᠲᠠ ᠨᠡᠶᠢᠲᠡ 407.82 ᠲᠦᠮᠡᠨ ᠵᠢᠭᠤᠯᠴᠢᠯᠠᠭᠴᠢ ᠶᠢ ᠭᠥᠯᠢᠶᠡᠨ ᠠᠪᠴᠤ᠂       43.63 ᠳ᠋ᠦᠩᠰᠢᠭᠤᠷ ᠲᠥᠭᠦᠷᠢᠭ ᠤᠨ ᠵᠢᠭᠤᠯᠴᠢᠯᠠᠯ ᠤᠨ ᠣᠷᠣᠯᠭ᠎ᠠ ᠡᠭᠦᠳᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠲᠤᠰ ᠲᠤᠰ       252.29% ᠪᠠ 697.87% ᠪᠠᠷ ᠨᠡᠮᠡᠭᠳᠡᠪᠡ᠃ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ ᠭᠦᠭᠡᠬᠤᠳᠠ ᠶᠢᠨ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠭᠤᠶᠢᠳᠠ ᠰᠠᠶᠢᠬᠠᠨ ᠶᠠᠪᠤᠭᠳᠠᠵᠤ᠂ ︽ᠭᠡᠷ ᠲᠡᠭᠡᠨ ᠬᠠᠷᠢᠵᠤ ᠰᠢᠨᠡᠯᠡᠬᠦ︾ ᠠᠭᠤᠷ ᠠᠮᠢᠰᠬᠤᠯ ᠢᠶᠠᠷ ᠪᠢᠯᠬᠠᠵᠤ ᠪᠠᠶᠢᠯ᠎ᠠ᠃ ᠭᠦᠭᠡᠬᠤᠳᠡ ᠤᠮᠠᠷᠠᠲᠤ ᠬᠢᠯᠢ ᠶᠢᠨ ᠰᠣᠶᠣᠯ ᠤᠨ ᠲᠦᠷᠦᠯ ᠲᠡᠮᠳᠡᠭ ᠢ ᠴᠢᠨᠠᠭᠰᠢᠳᠠ ᠠᠯᠳᠠᠷᠰᠢᠭᠤᠯᠬᠤ ᠶᠢᠨ ᠲᠥᠯᠥᠭᠡ᠂ ︽ᠭᠡᠷ ᠲᠡᠭᠡᠨ ᠬᠠᠷᠢᠵᠤ ᠴᠠᠭᠠᠨ ᠰᠠᠷ᠎ᠠ ᠪᠠᠨ ᠥᠩᠭᠡᠷᠡᠭᠦᠯᠬᠦ︾ ᠭᠤᠣᠯ ᠰᠡᠳᠦᠪᠲᠦ ᠠᠵᠢᠯᠯᠠᠭ᠎ᠠ ᠥᠷᠨᠢᠭᠦᠯᠬᠦ ᠶᠢᠨ ᠬᠠᠮᠲᠤ᠂ ᠶᠡᠭᠡ ᠲᠦᠷᠭᠡᠨ ᠭᠤᠣᠯ ᠤᠨ ᠴᠡᠷᠢᠭ ᠤᠨ ᠶᠠᠪᠤᠳᠠᠯ ᠤᠨ ᠰᠣᠶᠣᠯ ᠤᠨ ᠴᠡᠩᠭᠡᠯ  ᠤᠨ ᠬᠦᠷᠢᠶᠡᠯᠡᠩ᠂ ᠮᠠ ᠽᠥᠩ ᠱᠠᠨ ᠤ ᠴᠠᠨᠠᠯᠠᠯᠳᠠ ᠶᠢᠨ ᠲᠠᠯᠠᠪᠠᠢ ᠵᠢᠴᠢ ᠡᠯ᠎ᠡ ᠶᠡᠭᠡ ᠰᠣᠶᠣᠯ ᠤᠨ ᠦᠵᠡᠰᠭᠦᠯᠡᠩ ᠤᠨ ᠲᠠᠯᠠᠪᠠᠢ ᠳᠤ ᠲᠦᠰᠢᠭᠯᠡᠨ          ︽ᠭᠦᠭᠡᠬᠤᠲᠠ ᠶᠢᠨ ᠴᠠᠭᠠᠨ ᠰᠠᠷ᠎ᠠ ᠶᠢᠨ ᠠᠭᠤᠯᠵᠠᠯᠲᠠ ᠶᠢᠨ ᠪᠠᠶᠠᠷ︾ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ᠃ ᠭᠦᠭᠡᠬᠤᠳᠠ ᠶᠢᠨ 9 ᠬᠤᠰᠢᠭᠤ ᠰᠢᠶᠠᠨ ᠲᠣᠭᠤᠷᠢᠭ ᠤᠨ ᠬᠢᠨ ᠪᠠᠰᠠ ᠠᠯᠢ ᠤᠯᠠᠨ ᠥᠪᠡᠷᠮᠢᠴᠡ ᠣᠨᠴᠠᠯᠢᠭ ᠲᠠᠢ ᠰᠣᠶᠣᠯ ᠵᠢᠭᠤᠯᠴᠢᠯᠠᠯ ᠤᠨ ᠠᠵᠢᠯᠯᠠᠭ᠎ᠠ ᠥᠷᠨᠢᠭᠦᠯᠦᠭᠰᠡᠨ ᠪᠠᠶᠢᠨ᠎ᠠ᠃      ᠣᠶᠢᠯᠠᠭᠠᠭᠰᠠᠨ ᠢᠶᠠᠷ᠂ ᠭᠦᠭᠡᠬᠤᠳᠠ ᠴᠠᠭᠠᠨ ᠰᠠᠷ᠎ᠠ ᠶᠢᠨ ᠠᠷᠪᠠᠨ ᠲᠠᠪᠤᠨ ᠤ ᠥᠯᠵᠡᠶᠢᠲᠦ ᠡᠳᠦᠷ ᠪᠠᠰᠠ ᠰᠦᠮ᠎ᠡ ᠶᠢᠨ ᠴᠤᠭᠯᠠᠭᠠᠨ᠂ ᠠᠷᠠᠳ ᠤᠨ ᠵᠠᠩ ᠦᠢᠯᠡ ᠵᠡᠷᠭᠡ ᠭᠤᠣᠯ ᠰᠡᠳᠦᠪ ᠤᠨ ᠲᠣᠭᠤᠷᠢᠨ ᠳᠤ ᠤᠮᠠᠷᠠᠲᠤ ᠬᠢᠯᠢ ᠶᠢᠨ ᠰᠣᠶᠣᠯ ᠤᠨ ᠰᠦᠮ᠎ᠡ ᠶᠢᠨ ᠴᠤᠭᠯᠠᠭᠠᠨ᠂ ᠪᠣᠳᠠᠰ ᠤᠨ ᠪᠤᠰᠤ ᠰᠣᠶᠣᠯ ᠤᠨ ᠥᠪ  ᠤᠨ ᠮᠢᠩᠭᠠᠨ ᠬᠥᠮᠥᠨ ᠤ ᠦᠪᠡᠳᠡᠭᠰᠢ ᠨᠠᠶᠢᠷ᠂ ᠴᠡᠯᠡᠭᠡᠷ ᠲᠠᠯ᠎ᠠ ᠰᠦ ᠶᠢᠨ ᠦᠢᠯᠡᠰ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠥᠯᠵᠡᠶᠢᠲᠦ ᠡᠳᠦᠷ  ᠤᠨ ᠲᠣᠬᠯᠠᠯᠲᠠ᠂ ᠥᠯᠵᠡᠶᠢᠲᠦ ᠡᠳᠦᠷ ᠤᠨ ᠰᠢ ᠵᠦᠴᠦᠭᠡ ᠶᠢᠨ ᠦᠳᠡᠰᠢᠯᠡᠭᠡ ᠵᠡᠷᠭᠡ ᠠᠵᠢᠯᠯᠠᠭ᠎ᠠ ᠥᠷᠨᠢᠭᠦᠯᠵᠦ᠂ ᠵᠢᠭᠤᠯᠴᠢᠯᠠᠬᠰᠠᠳ ᠲᠤ ᠣᠷᠣᠨ ᠤ ᠲᠥᠪ  ᠤᠨ ᠰᠣᠶᠣᠯ ᠵᠢᠭᠤᠯᠴᠢᠯᠠᠯ ᠤᠨ ᠷᠢᠳᠢ ᠰᠢᠳᠢ ᠶᠢ ᠭᠠᠶᠢᠬᠠᠭᠤᠯᠬᠤ  ᠪᠣᠯᠣᠨ᠎ᠠ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ