︵ᠰᠤᠷᠪᠤᠯᠵᠢᠯᠠᠭᠴᠢ ᠯᠢᠶᠠᠩ ᠵᠢᠩ ᠱᠤ᠋︶ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠨᠢ᠂ 2023 ᠣᠨ ᠳᠤ | ᠮᠠᠨ ᠤ ᠬᠤᠲᠠ ᠶᠢᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠪᠣᠳᠠᠲᠠᠢ ᠣᠷᠣᠯᠴᠠᠭᠰᠠᠨ ᠬᠥᠮᠥᠨ ᠤ ᠲᠤᠭ᠎ᠠ 235.75 ᠲᠦᠮᠡ ᠬᠦᠷᠴᠦ᠂ | ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠶᠡᠷᠦᠩᠬᠡᠢ ᠣᠷᠣᠯᠭ᠎ᠠ 64.59 ᠳ᠋ᠦᠩᠰᠢᠭᠤᠷ ᠲᠥᠭᠦᠷᠢᠭ ᠬᠦᠷᠴᠡᠢ᠃ ᠪᠥᠬᠦ | ᠬᠤᠲᠠ ᠶᠢᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠶᠡᠷᠦᠩᠬᠡᠢ ᠵᠠᠷᠤᠯᠭ᠎ᠠ 60.52 ᠳ᠋ᠦᠩᠰᠢᠭᠤᠷ ᠲᠥᠭᠦᠷᠢᠭ ᠬᠦᠷᠴᠦ᠂ | ᠨᠡᠶᠢᠲᠡ 114.63 ᠳ᠋ᠦᠩᠰᠢᠭᠤᠷ ᠲᠥᠭᠦᠷᠢᠭ ᠦᠯᠡᠳᠡᠵᠡᠢ᠃ ᠰᠠᠭᠤᠷᠢ ᠮᠥᠩᠭᠦᠨ ᠤ ᠠᠵᠢᠯᠯᠠᠭᠠᠨ ᠤ ᠲᠣᠭᠲᠠᠭᠤᠨ ᠢᠶᠠᠷ ᠰᠠᠶᠢᠵᠢᠷᠠᠬᠤ ᠪᠠᠶᠢᠳᠠᠯ | ᠦᠷᠭᠦᠯᠵᠢᠯᠡᠨ ᠪᠠᠬᠢᠵᠢᠵᠦ᠂ ᠪᠠᠲᠤᠯᠠᠭ᠎ᠠ ᠶᠢᠨ ᠴᠢᠳᠠᠪᠤᠷᠢ ᠲᠣᠭᠲᠠᠭᠤᠨ ᠢᠶᠠᠷ ᠳᠡᠭᠡᠭᠰᠢᠯᠡᠪᠡ᠃ | ᠣᠶᠢᠯᠠᠭᠠᠭᠰᠠᠨ ᠢᠶᠠᠷ᠂ 2023 ᠣᠨ ᠳᠤ ᠮᠠᠨ ᠤ ᠬᠤᠲᠠ ᠶᠢᠨ ᠪᠥᠬᠦ ᠠᠷᠠᠳ ᠤᠨ ᠳᠠᠭᠠᠳᠬᠠᠯ ᠳᠤ ᠣᠷᠣᠯᠴᠠᠭᠰᠠᠨ ᠨᠣᠷᠮ᠎ᠠ 97.78% ᠬᠦᠷᠴᠦ᠂ | ᠬᠦᠴᠢᠷᠳᠡᠯᠲᠡᠢ ᠬᠥᠮᠥᠰ ᠤᠨ ᠳᠠᠭᠠᠳᠬᠠᠯ ᠳᠤ ᠣᠷᠣᠯᠴᠠᠭᠰᠠᠨ ᠨᠣᠷᠮ᠎ᠠ ᠶᠢ 100% ᠳᠤ ᠲᠣᠭᠲᠠᠪᠤᠷᠢᠵᠢᠭᠤᠯᠵᠤ᠂ ᠡᠭᠦᠳᠡᠨ ︵ᠪᠠᠴᠢᠮ︶ ᠡᠮᠨᠡᠯᠭᠡ ᠶᠢᠨ | ᠣᠨᠣᠰᠢᠯᠠᠯᠲᠠ ᠶᠢᠨ ᠡᠮᠴᠢᠯᠡᠭᠡᠨ ᠤ ᠵᠠᠷᠤᠳᠠᠯ ᠢ ᠬᠤᠶᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠡᠮᠴᠢᠯᠡᠭᠡᠨ ᠤ ᠪᠠᠶᠢᠭᠤᠯᠤᠮᠵᠢ ᠳᠤ 80% ᠪᠠᠷ ᠲᠠᠩᠰᠠ | ᠳᠡᠶᠢᠯᠵᠦ᠂ ᠨᠢᠭᠡᠳᠦᠭᠡᠷ ᠳᠡᠰ ᠲᠤ 100% ᠪᠠᠷ ᠲᠠᠩᠰᠠ ᠲᠠᠶᠢᠯᠪᠠ᠃ ᠠᠵᠢᠯᠲᠠᠨ ᠠᠵᠢᠯᠴᠢᠨ᠂ ᠰᠠᠭᠤᠭᠠᠯᠢ ᠠᠷᠠᠳ ᠤᠨ ᠡᠮᠨᠡᠯᠭᠡ ᠳᠤ ᠰᠠᠭᠤᠭᠰᠠᠨ | ᠵᠠᠷᠤᠳᠠᠯ ᠤᠨ ᠲᠠᠩᠰᠠ ᠲᠠᠶᠢᠯᠬᠤ ᠬᠠᠷᠢᠴᠠᠯ ᠨᠢ ᠲᠣᠰ ᠲᠣᠰ 87%᠂ 74% ᠪᠠᠶᠢᠵᠤ᠂ ᠴᠥᠮ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ | ᠳᠠᠪᠠᠵᠤ᠂ ᠪᠥᠬᠦ ᠣᠷᠣᠨ ᠤ ᠡᠮᠦᠨ᠎ᠡ ᠡᠩᠨᠡᠭᠡᠨ ᠳᠤ ᠣᠷᠣᠪᠠ᠃ ᠪᠥᠬᠦ ᠬᠤᠲᠠ ᠶᠢᠨ 1109 ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠪᠠ 1912 | ᠲᠣᠭᠲᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠡᠭᠦᠳᠡᠨ ᠡᠮᠨᠡᠯᠭᠡ ᠶᠢᠨ ᠨᠢᠭᠡᠳᠦᠯᠲᠡᠢ ᠲᠥᠯᠥᠪᠯᠡᠬᠦ ᠳᠤ ᠣᠷᠣᠵᠤ᠂ ᠳᠦᠷᠰᠦ ᠰᠢᠩᠭᠡᠭᠡᠯᠲᠡ ᠶᠢᠨ | ᠲᠥᠷᠥᠯ ᠤᠨ 172 ᠲᠥᠷᠥᠯ ᠵᠦᠢᠯ ᠤᠨ ᠦᠨ᠎ᠡ ᠶᠢ ᠬᠥᠳᠡᠯᠦᠩᠭᠦᠢ ᠪᠠᠭᠤᠷᠠᠭᠤᠯᠵᠤ᠂ ᠳᠤᠮᠳᠠᠴᠢ ᠪᠠᠷ 25% ᠪᠠᠷ ᠪᠠᠭᠤᠷᠠᠪᠠ᠃ 102 ᠡᠮᠴᠢᠯᠡᠭᠡᠨ ᠤ | ᠪᠠᠶᠢᠭᠤᠯᠤᠮᠵᠢ DIP ᠲᠥᠯᠥᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠬᠢᠭᠰᠡᠨ ᠪᠥᠭᠡᠳ ᠪᠣᠳᠠᠲᠠᠢ ᠲᠥᠯᠥᠬᠦ ᠠᠵᠢᠯ ᠢ ᠡᠬᠢᠯᠡᠭᠦᠯᠵᠦ᠂ ᠨᠢᠭᠡᠳᠦᠯᠲᠡᠢ | ᠲᠥᠯᠥᠪᠯᠡᠬᠦ ᠰᠠᠭᠤᠷᠢ ᠮᠥᠩᠭᠦ ᠠᠴᠠ ᠪᠣᠳᠠᠲᠠᠢ 12.46 ᠳ᠋ᠦᠩᠰᠢᠭᠤᠷ ᠲᠥᠭᠦᠷᠢᠭ ᠲᠥᠯᠥᠵᠦ᠂ ᠢᠯᠭᠠᠷᠠᠭᠤᠯᠤᠨ ᠪᠤᠳᠤᠭᠰᠠᠨ ᠵᠣᠭᠤᠰ ᠤᠨ ᠲᠤᠭ᠎ᠠ 13.59 | ᠳ᠋ᠦᠩᠰᠢᠭᠤᠷ ᠲᠥᠭᠦᠷᠢᠭ ᠬᠦᠷᠴᠦ᠂ ᠵᠥᠷᠢᠶᠡᠲᠦ ᠲᠣᠭᠠᠨ ᠤ ᠦᠯᠡᠳᠡᠪᠦᠷᠢ 1.13 ᠳ᠋ᠦᠩᠰᠢᠭᠤᠷ ᠲᠥᠭᠦᠷᠢᠭ ᠬᠦᠷᠴᠡᠢ᠃ ᠲᠣᠯᠣᠭᠠᠢ ᠡᠪᠡᠳᠬᠦ᠂ ᠯᠤᠭᠰᠢᠭᠤᠨ | ᠰᠤᠳᠠᠯ ᠤᠨ ᠬᠠᠲᠠᠭᠤᠷᠠᠯ ᠤᠨ ᠴᠢᠨᠠᠷᠲᠠᠢ ᠵᠢᠷᠦᠬᠡᠨ ᠡᠪᠡᠳᠴᠢᠨ ᠵᠡᠷᠭᠡ 30 ᠵᠦᠢᠯ ᠤᠨ ᠡᠪᠡᠳᠴᠢᠨ ᠢ ᠦᠨᠳᠦᠰᠦᠨ ᠱᠠᠲᠤᠨ ᠤ ᠡᠮᠴᠢᠯᠡᠭᠡᠨ ᠤ | ᠪᠠᠶᠢᠭᠤᠯᠤᠮᠵᠢ ᠳᠤ ᠪᠠᠭᠤᠯᠭᠠᠨ ᠬᠠᠷᠢᠴᠠᠯ ᠢᠶᠠᠷ ᠵᠠᠷᠤᠳᠠᠯ ᠲᠤᠰᠢᠶᠠᠬᠤ ᠠᠵᠢᠯ ᠢ ᠥᠷᠨᠢᠭᠦᠯᠵᠦ᠂ ᠡᠩ ᠤᠨ ᠡᠪᠡᠳᠴᠢᠨ᠂ ᠪᠠᠶᠢᠩᠭᠤ ᠲᠣᠬᠢᠶᠠᠯᠳᠤᠳᠠᠭ | ᠡᠪᠡᠳᠴᠢᠨ ᠢ ᠦᠨᠳᠦᠰᠦᠨ ᠱᠠᠲᠤᠨ ᠳᠤ ᠣᠨᠣᠰᠢᠯᠠᠨ ᠡᠮᠨᠡᠬᠦ ᠶᠢ ᠠᠬᠢᠭᠤᠯᠪᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠨᠡᠯᠭᠡ ᠳᠤ ᠰᠠᠭᠤᠭᠰᠠᠨ | ᠤᠳᠠᠭ᠎ᠠ ᠪᠦᠷᠢ ᠶᠢᠨ ᠳᠤᠮᠳᠠᠴᠢ ᠵᠠᠷᠤᠳᠠᠯ ᠤᠨ ᠪᠠᠭᠤᠷᠠᠯᠲᠠ ᠶᠢᠨ ᠬᠡᠮᠵᠢᠶ᠎ᠡ 5.49% ᠬᠦᠷᠴᠦ᠂ ᠡᠮᠨᠡᠯᠭᠡ ᠳᠤ ᠰᠠᠭᠤᠭᠰᠠᠨ ᠪᠣᠳᠠᠲᠠᠢ ᠲᠠᠩᠰᠠ ᠲᠠᠶᠢᠯᠬᠤ | ᠬᠠᠷᠢᠴᠠᠯ 5.93% ᠪᠠᠷ ᠳᠡᠭᠡᠭᠰᠢᠯᠡᠪᠡ︔ ᠠᠵᠢᠯᠲᠠᠨ ᠠᠵᠢᠯᠴᠢᠨ ᠤ ᠡᠮᠨᠡᠯᠭᠡ ᠳᠤ ᠰᠠᠭᠤᠭᠰᠠᠨ ᠤᠳᠠᠭ᠎ᠠ ᠪᠦᠷᠢ ᠶᠢᠨ ᠳᠤᠮᠳᠠᠴᠢ ᠵᠠᠷᠤᠳᠠᠯ ᠤᠨ ᠪᠠᠭᠤᠷᠠᠯᠲᠠ | 4.33% ᠬᠦᠷᠴᠦ᠂ ᠡᠮᠨᠡᠯᠭᠡ ᠳᠤ ᠰᠠᠭᠤᠭᠰᠠᠨ ᠪᠣᠳᠠᠲᠠᠢ ᠵᠠᠷᠤᠳᠠᠯ ᠤᠨ ᠳᠠᠩᠰᠠ ᠲᠠᠶᠢᠯᠬᠤ ᠬᠠᠷᠢᠴᠠᠯ 2.49% ᠳᠡᠭᠡᠭᠰᠢᠯᠡᠵᠡᠢ᠃ ᠦᠨᠳᠦᠰᠦᠨ ᠡᠮ | ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮ ᠡᠮᠨᠡᠯᠭᠡ ᠶᠢᠨ ᠠᠪᠤᠷᠠᠨ ᠲᠤᠰᠠᠯᠠᠯᠲᠠ ᠳᠤ ︽ᠨᠢᠭᠡ ᠯᠡ ᠬᠠᠭᠤᠳᠠᠰᠤ ᠶᠢᠨ ᠳᠦᠷᠢᠮ︾ | ᠢᠶᠠᠷ ᠲᠠᠰᠤᠯᠤᠨ ᠪᠤᠳᠤᠬᠤ ᠪᠣᠯᠵᠤ᠂ ᠡᠮ ᠡᠮᠨᠡᠯᠭᠡ ᠶᠢᠨ ᠠᠪᠤᠷᠠᠨ ᠲᠤᠰᠠᠯᠠᠯᠲᠠ ᠶᠢᠨ ᠬᠦᠨᠳᠦ ᠣᠨᠴᠠ ᠶᠡᠭᠡ ᠡᠪᠡᠳᠴᠢᠨ ᠡᠮᠭᠡᠭ ᠤᠨ ᠲᠦᠷᠦᠯ ᠤᠨ | ᠬᠡᠪᠴᠢᠶ᠎ᠡ ᠶᠢ 2400 ᠭᠠᠷᠤᠢ ᠵᠦᠢᠯ ᠬᠦᠷᠲᠡᠯ᠎ᠡ ᠥᠷᠭᠡᠳᠬᠡᠪᠡ᠃ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠤᠯᠤᠰ ᠤᠨ | ᠲᠤᠷᠰᠢᠯᠲᠠ ᠶᠢᠨ ᠴᠡᠭ ᠤᠨ ᠬᠥᠬᠡᠬᠤᠲᠠ ᠶᠢᠨ ᠵᠠᠭᠪᠤᠷ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ︽1+7+1︾ ᠶᠢᠨ ᠲᠥᠷᠥ ᠶᠢᠨ ᠪᠣᠳᠣᠯᠭ᠎ᠠ ᠶᠢᠨ | ᠳᠦᠷᠢᠮ ᠤᠨ ᠰᠢᠰᠲ᠋ᠧᠮᠵᠢ ᠶᠢ ᠪᠦᠷᠢᠯᠳᠦᠭᠦᠯᠵᠦ᠂ ᠲᠤᠰᠠᠯᠠᠬᠤ ᠪᠠᠭᠠᠵᠢ ᠲᠦᠷᠢᠶᠡᠰᠦᠯᠡᠬᠦ ᠦᠢᠯᠡᠴᠢᠯᠡᠭᠡ ᠶᠢ ᠵᠢᠩᠬᠢᠨᠢ ᠪᠠᠷ ᠠᠵᠢᠯᠯᠠᠭᠤᠯᠵᠤ᠂ 2023 ᠣᠨ ᠤ | 12 ᠳ᠋ᠤᠭᠠᠷ ᠰᠠᠷ᠎ᠠ ᠶᠢᠨ ᠡᠴᠦᠰ ᠪᠣᠯᠲᠠᠯ᠎ᠠ᠂ ᠮᠠᠨ ᠤ ᠬᠤᠲᠠ ᠴᠢᠳᠠᠪᠤᠷᠢ ᠪᠠᠨ ᠠᠯᠳᠠᠭᠰᠠᠨ ᠬᠥᠮᠥᠰ ᠢ ᠨᠡᠶᠢᠲᠡ 15794 ᠬᠥᠮᠥᠨ ᠤᠳᠠᠭ᠎ᠠ ᠦᠨᠡᠯᠡᠨ | ᠲᠣᠭᠲᠠᠭᠠᠵᠤ᠂ ᠨᠢᠭᠡᠨᠲᠡ 11817 ᠬᠥᠮᠥᠨ ᠳᠤ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠬᠠᠷᠠᠭᠠᠯᠵᠠᠯ ᠬᠦᠷᠲᠡᠭᠡᠵᠦ᠂ ᠨᠡᠶᠢᠲᠡ | 10542.70 ᠲᠦᠮᠡᠨ ᠲᠥᠭᠦᠷᠢᠭ ᠤᠨ ᠬᠠᠷᠠᠭᠠᠯᠵᠠᠯ ᠤᠨ ᠪᠡᠯᠡ ᠮᠥᠩᠭᠦ ᠥᠭᠪᠡ᠃ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠠᠬᠢ ᠠᠩᠬᠠᠳᠠᠭᠴᠢ ᠭᠡᠷ | ᠪᠦᠯᠢ ᠶᠢᠨ ᠡᠮᠴᠢ ᠶᠢᠨ ᠭᠡᠷ᠎ᠡ ᠲᠣᠭᠲᠠᠬᠤ ᠦᠢᠯᠡᠴᠢᠯᠡᠭᠡ ᠶᠢ ᠡᠬᠢᠯᠡᠭᠦᠯᠵᠦ᠂ ᠠᠩᠬᠠᠳᠠᠭᠴᠢ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠰᠢᠰᠲ᠋ᠧᠮ ᠢ | ᠰᠦᠯᠵᠢᠶᠡᠨ ᠳᠤ ᠣᠷᠣᠭᠤᠯᠤᠨ ᠠᠵᠢᠯᠯᠠᠭᠤᠯᠵᠤ᠂ ᠨᠢᠭᠡᠨᠲᠡ 111.59 ᠲᠦᠮᠡᠨ ᠬᠥᠮᠥᠨ ᠭᠡᠷ᠎ᠡ ᠲᠣᠭᠲᠠᠵᠤ᠂ 46 ᠲᠦᠮᠡ ᠭᠠᠷᠤᠢ ᠲᠥᠭᠦᠷᠢᠭ ᠤᠨ ᠡᠮ | ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠪᠠᠭᠤᠯᠭᠠᠪᠠ᠃ ᠪᠥᠬᠦ ᠬᠤᠲᠠ ᠳᠤ ᠨᠡᠶᠢᠲᠡ 1410 ᠦᠨᠳᠦᠰᠦᠨ ᠱᠠᠲᠤᠨ ᠤ ᠡᠮ ᠡᠮᠨᠡᠯᠭᠡ ᠶᠢᠨ | ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ᠴᠡᠭ︶᠂ 63 ᠪᠠᠩᠬᠢ ᠶᠢᠨ ᠡᠮ ᠡᠮᠨᠡᠯᠭᠡ ᠶᠢᠨ ᠳᠠᠭᠠᠳᠬᠠᠯ ᠤᠨ ᠭᠠᠷᠲᠠᠨ ᠭᠦᠢᠴᠡᠳᠬᠡᠬᠦ ᠲᠣᠣᠷ ᠴᠡᠭ ᠢ | ᠪᠠᠶᠢᠭᠤᠯᠵᠤ᠂ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ︽ᠡᠴᠦᠰ ᠤᠨ ᠨᠢᠭᠡ ᠺᠢᠯᠣᠮᠧᠲᠷ︾ ᠤᠨ ᠠᠷᠪᠠᠨ ᠲᠠᠪᠤᠨ ᠮᠢᠨᠦ᠋ᠲ ᠤᠨ ᠠᠷᠠᠳ ᠲᠤ | ᠲᠥᠬᠦᠮ ᠦᠵᠡᠭᠦᠯᠬᠦ ᠦᠢᠯᠡᠴᠢᠯᠡᠭᠡᠨ ᠤ ᠲᠣᠭᠤᠷᠢᠭ ᠢ ᠪᠠᠶᠢᠭᠤᠯᠵᠤ᠂ ᠣᠯᠠᠨ ᠲᠦᠮᠡᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ | ᠣᠶᠢᠯᠠᠭᠠᠯᠲᠠ ᠶᠢ ᠳᠡᠭᠡᠭᠰᠢᠯᠡᠭᠦᠯᠪᠡ᠃ |