︽︿ᠵᠢᠷᠭᠤᠭᠠᠨ ᠢᠨᠵᠧᠨᠧᠷᠢᠩ﹀ ᠢ ᠬᠡᠷᠡᠭᠵᠢᠭᠦᠯᠬᠦ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠭᠰᠠᠨ | ᠭᠤᠣᠯᠳᠠᠯᠭ᠎ᠠ ᠲᠠᠢ ᠡᠭᠦᠷᠭᠡ ᠪᠣᠯᠤᠨ᠎ᠠ᠃ ᠪᠦᠬᠦ ᠬᠤᠳᠠ ᠪᠠᠷ ᠢᠶᠠᠨ ︿ᠵᠢᠷᠭᠤᠭᠠᠨ ᠢᠨᠵᠧᠨᠧᠷᠢᠩ﹀ ᠢ ᠠᠬᠢᠭᠤᠯᠬᠤ ᠶᠡᠭᠡ ᠬᠤᠷᠠᠯ ᠢ ᠭᠦᠨᠵᠡᠭᠡᠢ ᠬᠡᠷᠡᠭᠵᠢᠭᠦᠯᠵᠦ᠂ | ᠬᠠᠷᠠᠯᠲᠠ ᠡᠭᠦᠷᠭᠡ ᠶᠢ ᠤᠯᠠᠮ ᠴᠢᠨᠠᠭᠰᠢᠳᠠ ᠨᠠᠷᠢᠯᠢᠭᠵᠢᠭᠤᠯᠵᠤ᠂ ᠢᠦᠢ ᠴᠢᠤᠸᠠᠨ ᠲᠣᠭᠤᠷᠢᠭ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠢᠶᠠᠷ | ᠨᠠᠷᠢᠨ ᠨᠢᠮᠪᠠᠢ ᠲᠥᠯᠥᠪᠵᠢᠭᠦᠯᠵᠦ᠂ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠵᠤ᠂ ᠡᠯ᠎ᠡ ᠲᠦᠷᠦᠯ ᠤᠨ ᠠᠵᠢᠯ ᠢ ᠨᠠᠶᠢᠳᠠᠪᠤᠷᠢᠵᠢᠭᠤᠯᠵᠤ ᠦᠷ᠎ᠡ | ᠪᠦᠲᠦᠮᠵᠢ ᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ︾ ᠭᠡᠵᠦ ᠢᠦᠶ ᠴᠢᠤᠸᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ | ᠲᠣᠭᠤᠷᠢᠭ ᠤᠨ ᠳᠠᠷᠤᠭ᠎ᠠ ᠨᠠᠨ ᠨᠠᠨ ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ ᠬᠦᠯᠢᠶᠡᠬᠦ ᠳᠡᠭᠡᠨ ᠬᠡᠯᠡᠵᠦ᠂ ᠡᠨᠡ ᠵᠢᠯ ᠢᠦᠶ ᠴᠢᠤᠸᠠᠨ ᠲᠣᠭᠤᠷᠢᠭ ᠤᠨ ᠬᠢᠨ | ︽ᠵᠢᠷᠭᠤᠭᠠᠨ ᠢᠨᠵᠧᠨᠧᠷᠢᠩ︾ ᠤᠨ ᠲᠣᠭᠤᠷᠢᠨ ᠳᠤ ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠳᠬᠤᠵᠤ᠂ ᠰᠢᠨ᠎ᠡ ᠨᠢᠭᠡᠨ ᠵᠢᠯ ᠳᠤ ᠰᠢᠨ᠎ᠡ | ᠦᠢᠯᠡᠰ ᠢ ᠪᠦᠲᠦᠭᠡᠵᠦ᠂ ᠰᠢᠨ᠎ᠡ ᠣᠷᠣᠨ ᠵᠠᠶ ᠶᠢ ᠪᠤᠶ ᠪᠣᠯᠭᠠᠬᠤ ᠪᠠᠷ ᠴᠢᠷᠮᠠᠶᠢᠨ᠎ᠠ ᠭᠡᠵᠡᠶ᠃ | ︽ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ︾ ᠳᠤ ᠠᠩᠬᠠᠷᠤᠯ ᠢᠶᠠᠨ ᠲᠥᠪᠯᠡᠷᠡᠭᠦᠯᠦᠨ᠎ᠡ᠃ ︽ᠥᠪᠥᠷ ᠮᠣᠩᠭᠤᠯ ᠤᠨ ᠴᠢᠨᠠᠷ | ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ | ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾᠂ ︽ᠣᠷᠣᠨ ᠤ ᠲᠥᠪ ᠢᠶᠠᠨ ᠬᠦᠴᠦᠷᠬᠡᠭᠵᠢᠭᠦᠯᠬᠦ︾ ᠪᠠᠶᠢᠯᠳᠤᠬᠤ ᠪᠣᠳᠣᠯᠭ᠎ᠠ ᠵᠡᠷᠭᠡ ᠲᠥᠷᠥ ᠶᠢᠨ | ᠪᠣᠳᠣᠯᠭ᠎ᠠ ᠶᠢᠨ ᠠᠰᠢᠭ ᠢ ᠭᠦᠢᠴᠡᠳ ᠪᠥᠭᠡᠳ ᠰᠠᠶᠢᠲᠤᠷ ᠠᠰᠢᠭᠯᠠᠬᠤ ᠬᠡᠷᠡᠭᠲᠡᠶ᠃ ᠢᠦᠶ ᠴᠢᠤᠸᠠᠨ ᠲᠣᠭᠤᠷᠢᠭ ᠤᠨ 2.7 ᠲᠦᠮᠡᠨ ᠮᠥ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠪᠠ ᠣᠲᠣ ᠦᠶ᠎ᠡ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠤᠨ ᠲᠥᠷᠥᠯ ᠵᠦᠢᠯ ᠢ ᠲᠦᠷᠭᠡᠳᠬᠡᠨ ᠪᠠᠶᠢᠭᠤᠯᠵᠤ᠂ | ᠲᠠᠷᠢᠶᠠᠯᠠᠩ ᠤᠨ ᠡᠷᠴᠢᠮᠵᠢᠯᠲᠡ᠂ ᠣᠳᠣᠬᠢᠴᠢᠯᠠᠯᠲᠠ ᠶᠢᠨ ᠬᠥᠭᠵᠢᠯᠲᠡ ᠶᠢ ᠠᠬᠢᠭᠤᠯᠤᠨ᠎ᠠ᠃ ᠵᠠᠭᠤᠨ ᠳ᠋ᠦᠩᠰᠢᠭᠤᠷ ᠤᠨ ᠲᠡᠰ ᠤᠨ ᠪᠣᠬᠢᠷᠲᠤᠯ ᠥᠭᠡᠢ ᠢᠳᠡᠭᠡᠨ | ᠪᠣᠯᠪᠠᠰᠤᠷᠠᠭᠤᠯᠬᠤ ᠠᠵᠤ ᠦᠢᠯᠡᠰ ᠤᠨ ᠪᠦᠯᠦᠭᠯᠡᠯ ᠪᠣᠯᠤᠨ ᠬᠤᠶᠠᠷ ᠵᠠᠭᠤᠨ ᠳ᠋ᠦᠩᠰᠢᠭᠤᠷ ᠤᠨ ᠲᠡᠰ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ | ᠦᠢᠯᠡᠰ ᠤᠨ ᠪᠦᠯᠦᠭᠯᠡᠯ ᠢ ᠪᠤᠢ ᠪᠣᠯᠭᠠᠵᠤ᠂ ᠤᠳᠤ ᠦᠶ᠎ᠡ ᠶᠢᠨ ᠪᠠᠷᠠᠭ᠎ᠠ ᠶᠢᠨ ᠭᠦᠢᠯᠭᠡᠭᠡᠨ ᠤ ᠠᠵᠤ ᠦᠢᠯᠡᠰ ᠤᠨ ᠪᠦᠯᠦᠭᠯᠡᠯ ᠪᠣᠯᠤᠨ ᠤᠶᠤᠯᠢᠭ ᠦᠢᠯᠡᠳᠬᠦ | ᠠᠵᠤ ᠦᠢᠯᠡᠰ ᠤᠨ ᠪᠦᠯᠦᠭᠯᠡᠯ ᠢ ᠪᠤᠶᠢᠵᠢᠭᠤᠯᠤᠨ᠎ᠠ᠃ ᠾᠧ ᠮᠠ ᠰᠢᠶᠠᠨ ᠱᠧᠩ ᠵᠡᠷᠭᠡ ᠰᠢᠨ᠎ᠡ ᠵᠢᠵᠢᠭᠯᠡᠨ ᠬᠤᠳᠠᠯᠳᠤᠬᠤ ᠬᠤᠳᠠᠯᠳᠤᠭᠠᠴᠢᠨ ᠢ ᠣᠷᠣᠭᠤᠯᠤᠨ | ᠠᠪᠴᠢᠷᠠᠵᠤ᠂ ᠰᠢᠯᠢ ᠶᠢᠨ ᠵᠠᠮ ᠤᠨ ᠬᠤᠳᠠᠯᠳᠤᠭᠠᠨ ᠤ ᠲᠣᠭᠤᠷᠢᠭ ᠤᠨ ᠶᠠᠰᠤ ᠴᠢᠨᠠᠷ ᠢ ᠳᠡᠭᠡᠭᠰᠢᠯᠡᠭᠦᠯᠦᠨ᠂ ᠬᠡᠷᠡᠭᠯᠡᠭᠡᠨ ᠤ ᠳᠠᠯᠳᠠ ᠬᠦᠴᠦᠨ ᠢ ᠪᠠᠳᠠᠷᠠᠭᠤᠯᠤᠨ᠎ᠠ᠃ | | ︽ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠭᠡᠷᠡᠯ ᠴᠡᠨᠡᠭ ᠢ ᠨᠢᠭᠡ ᠴᠤᠭᠴᠠᠵᠢᠭᠤᠯᠬᠤ | ᠢᠨᠵᠧᠨᠧᠷᠢᠩ︾ ᠳᠤ ᠠᠩᠬᠠᠷᠤᠯ ᠢᠶᠠᠨ ᠲᠥᠪᠯᠡᠷᠡᠭᠦᠯᠦᠨ᠎ᠡ᠃ ᠢᠦᠢ ᠴᠢᠤᠸᠠᠨ ᠲᠣᠭᠤᠷᠢᠭ ᠤᠨ ᠬᠢᠨ ᠤᠯᠠᠨ ᠠᠷᠭ᠎ᠠ ᠵᠠᠮ ᠢᠶᠠᠷ ᠡᠨᠧᠷᠭᠢ ᠠᠷᠪᠢᠯᠠᠵᠤ | ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ ᠠᠬᠢᠭᠤᠯᠵᠤ᠂ ᠪᠣᠬᠢᠷᠲᠤᠯ ᠦᠭᠡᠢ ᠦᠢᠯᠡᠳᠪᠦᠷᠢ ᠶᠢ 5 ᠪᠠᠶᠢᠭᠤᠯᠤᠨ᠎ᠠ᠃ ᠡᠨᠧᠷᠭᠢ ᠶᠢᠨ ᠬᠠᠩᠭᠠᠯᠭ᠎ᠠ ᠪᠠ | ᠬᠡᠷᠡᠭᠯᠡᠭᠡᠨ ᠤ ᠠᠷᠭ᠎ᠠ ᠮᠠᠶ᠋ᠢᠭ ᠢ ᠬᠤᠪᠢᠷᠠᠭᠤᠯᠬᠤ ᠶᠢ ᠠᠬᠢᠭᠤᠯᠵᠤ᠂ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠬᠥᠳᠡᠭᠡ ᠲᠣᠰᠬᠤᠨ ᠤ ᠠᠷᠢᠭᠤᠨ | ᠴᠡᠪᠡᠷ ᠢᠶᠠᠷ ᠳᠤᠯᠠᠭᠠᠯᠠᠬᠤ᠂ ᠬᠡᠷ ᠤᠨ ᠣᠷᠣᠶ ᠶᠢᠨ ᠲᠠᠷᠬᠠᠯᠲᠠ ᠶᠢᠨ ᠬᠡᠯᠪᠡᠷᠢ ᠶᠢᠨ ᠬᠡᠷᠡᠯ ᠴᠡᠨᠡᠭ ᠤᠨ ᠲᠥᠷᠥᠯ ᠵᠦᠢᠯ ᠢ ᠬᠡᠷᠡᠭᠵᠢᠭᠦᠯᠵᠦ᠂ ᠴᠢ ᠯᠦ ᠶᠢᠨ ᠡᠮ | ᠦᠢᠯᠡᠳᠬᠦ᠂ ᠮᠢᠩ ᠫᠢᠨ ᠹᠦ᠋ ᠵᠡᠷᠭᠡ ᠭᠤᠤᠯᠳᠠᠯᠭ᠎ᠠ ᠲᠠᠢ ᠲᠥᠷᠥᠯ ᠵᠦᠢᠯ ᠢ ᠬᠠᠪᠰᠤᠷᠤᠨ ᠲᠠᠷᠬᠠᠯᠲᠠ ᠶᠢᠨ ᠬᠡᠯᠪᠡᠷᠢ ᠶᠢᠨ ᠬᠡᠷᠡᠯ ᠴᠡᠨᠡᠭ ᠢᠶᠠᠷ ᠴᠠᠬᠢᠯᠭᠠᠨ | ᠭᠠᠷᠭᠠᠬᠤ ᠭᠦᠢᠴᠡᠳᠭᠡᠯ ᠲᠤᠭ᠎ᠠ ᠶᠢ ᠴᠢᠷᠮᠠᠶᠢᠨ ᠣᠯᠵᠤ᠂ ᠰᠢᠨ᠎ᠡ ᠡᠨᠧᠷᠭᠢ ᠶᠢᠨ ᠰᠤᠷᠪᠤᠯᠵᠢ ᠪᠠᠷ ᠴᠠᠬᠢᠯᠭᠠᠨ ᠭᠠᠷᠭᠠᠬᠤ ᠠᠬᠤᠶ ᠲᠠᠯᠠᠪᠠᠶ ᠶᠢᠨ ᠬᠡᠷᠡᠭᠯᠡᠯᠲᠡ ᠶᠢ | ᠳᠣᠭᠢᠷᠠᠭᠤᠯᠬᠤ ᠶᠢᠨ ᠬᠠᠮᠲᠤ ᠠᠵᠤ ᠠᠬᠤᠶᠢᠯᠠᠯ ᠤᠨ ᠪᠣᠬᠢᠷᠲᠤᠯ ᠥᠬᠡᠶ ᠴᠠᠬᠢᠯᠭᠠᠨ ᠤ ᠠᠷᠠᠯᠵᠢᠶ᠎ᠠ ᠳᠤ ᠣᠷᠣᠯᠴᠠᠬᠤ ᠶᠢ ᠵᠣᠷᠢᠭᠵᠢᠭᠤᠯᠤᠨ᠎ᠠ᠃ | ︽ᠳᠤᠯᠠᠭᠠᠯᠠᠬᠤ ᠢᠨᠵᠧᠨᠧᠷᠢᠩ︾ ᠳᠤ ᠠᠩᠬᠠᠷᠤᠯ ᠢᠶᠠᠨ ᠲᠥᠪᠯᠡᠷᠡᠭᠦᠯᠦᠨ᠎ᠡ᠃ 1584 ᠺᠢᠯᠣᠮᠧᠲᠷ ᠤᠨ ᠬᠤᠶᠠᠳᠤᠭᠠᠷ ᠤᠳᠠᠭᠠᠨ ᠤ ᠬᠤᠭᠤᠯᠠᠶ ᠶᠢᠨ | ᠲᠣᠣᠷ᠂ 124 ᠢᠯᠴᠢ ᠰᠣᠯᠢᠯᠴᠠᠬᠤ ᠦᠷᠳᠡᠭᠡ᠂ 262 ︽ᠶᠡᠭᠡ ᠬᠤᠯᠪᠣᠭᠠᠯᠠᠭᠰᠠᠨ︾ ᠬᠤᠷᠢᠶᠠᠯᠠᠯ ᠢ ᠥᠭᠡᠷᠡᠴᠢᠯᠡᠨ ᠵᠠᠰᠠᠬᠤ ᠢᠨᠵᠧᠨᠧᠷᠢᠩ ᠢ ᠥᠨᠳᠥᠷ | ᠪᠠᠷᠢᠮᠵᠢᠶ᠎ᠠ ᠪᠠᠷ ᠪᠡᠶᠡᠯᠡᠭᠦᠯᠦᠨ᠎ᠡ᠃ 45 ᠬᠠᠭᠤᠴᠢᠨ ᠬᠤᠷᠢᠶᠠᠯᠠᠯ ᠤᠨ ᠥᠭᠡᠷᠡᠴᠢᠯᠡᠯᠲᠡ᠂ 62 ᠲᠦᠮᠡᠨ ᠲᠡᠭᠰᠢ ᠳᠥᠷᠪᠡᠯᠵᠢᠨ ᠮᠧᠲᠷ ᠤᠨ ᠬᠥᠳᠡᠭᠡ | ᠲᠣᠰᠬᠤᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ᠂ 3000 ᠡᠷᠤᠭᠡ ᠶᠢᠨ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ | ᠵᠠᠰᠠᠬᠤ ᠢᠨᠵᠧᠨᠧᠷᠢᠩ ᠪᠠ ᠦᠯᠡᠳᠡᠭᠰᠡᠨ 2 ᠰᠠᠭᠤᠷᠢ ᠲᠦᠯᠡᠰᠢᠨ ᠨᠡᠭᠦᠷᠡᠰᠦ ᠪᠠᠷ ᠢᠯᠴᠢ ᠬᠠᠩᠭᠠᠬᠤ ᠭᠦᠸᠧᠯᠦ ᠶᠢ ᠵᠠᠳᠠᠯᠵᠤ ᠨᠡᠶᠢᠯᠡᠭᠦᠯᠬᠦ᠂ ᠴᠡᠪᠡᠷ ᠢᠯᠴᠢ ᠶᠢᠨ | ᠰᠤᠷᠪᠤᠯᠵᠢ ᠶᠢ ᠣᠷᠣᠯᠠᠭᠤᠯᠬᠤ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠡᠷᠡᠭᠵᠢᠭᠦᠯᠦᠨ᠎ᠡ᠃ | ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ︾ ᠳᠤ ᠠᠩᠬᠠᠷᠤᠯ ᠢᠶᠠᠨ ᠲᠥᠪᠯᠡᠷᠡᠭᠦᠯᠦᠨ᠎ᠡ᠃ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠢ ᠬᠦᠴᠦᠯᠡᠨ ᠰᠢᠯᠢᠳᠡᠭᠵᠢᠭᠦᠯᠵᠦ᠂ ᠢᠦᠶ ᠴᠢᠤᠸᠠᠨ ᠲᠣᠭᠤᠷᠢᠭ ᠤᠨ ᠬᠢᠨ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ | ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ ᠪᠠ ᠬᠠᠤᠯᠢ ᠪᠠᠷᠢᠬᠤ ᠣᠯᠠᠨ ᠨᠡᠶᠢᠲᠡ ᠶᠢᠨ ᠢᠲᠡᠭᠡᠮᠵᠢ ᠶᠢᠨ ᠬᠢᠷᠢ ᠲᠦᠪᠰᠢᠨ ᠢ ᠪᠥᠬᠦ | ᠲᠠᠯ᠎ᠠ ᠪᠠᠷ ᠳᠡᠭᠡᠭᠰᠢᠯᠡᠭᠦᠯᠦᠨ᠎ᠡ᠃ ᠪᠦᠲᠦᠴᠡ ᠶᠢᠨ ᠴᠢᠨᠠᠷᠲᠠᠶ ᠪᠠᠷ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢ ᠰᠠᠶᠢᠲᠤᠷ | ᠨᠠᠶᠢᠳᠠᠪᠤᠷᠢᠵᠢᠭᠤᠯᠵᠤ᠂ ᠢᠲᠡᠭᠡᠮᠵᠢ ᠶᠢᠨ ᠠᠮᠠᠯᠠᠯᠲᠠ ᠪᠠ ᠪᠠᠭᠲᠠᠭᠠᠮᠵᠢᠲᠠᠶ ᠬᠢᠨᠠᠭᠤᠷ ᠪᠣᠯᠭᠤᠮᠵᠢᠲᠠᠶ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ | ᠪᠦᠷᠢᠨᠰᠢᠬᠦᠯᠵᠤ᠂ ᠠᠵᠤ ᠠᠬᠤᠶᠢᠯᠠᠯ ᠪᠠ ᠠᠵᠤ ᠠᠬᠤᠶᠢᠯᠠᠯᠲᠠᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ | ︽ᠰᠢᠨᠵᠢᠯᠡᠬᠦ ᠤᠬᠠᠭᠠᠨ ᠮᠡᠷᠭᠡᠵᠢᠯ ᠤᠨ ︿ᠪᠦᠰᠡᠯᠡᠯᠲᠡ ᠶᠢ ᠰᠢᠪᠲᠤᠯᠬᠤ﹀ ᠢᠨᠵᠧᠨᠧᠷᠢᠩ︾ ᠳᠤ ᠠᠩᠬᠠᠷᠤᠯ ᠢᠶᠠᠨ ᠲᠦᠪᠯᠡᠷᠡᠭᠦᠯᠦᠨ᠎ᠡ᠃ ᠤᠫᠰᠠᠢ ᠶᠢᠨ | ᠠᠮᠢᠲᠠᠨ ᠤ ᠴᠢᠰᠤᠨ ᠴᠠᠶᠢᠪᠠᠩ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠶᠢᠨ ᠶᠤᠸᠠᠨ ᠺᠠᠩ ᠤᠨ ᠡᠮᠴᠢᠯᠡᠭᠡᠨ ᠳᠤ | ᠬᠡᠷᠡᠭᠯᠡᠬᠦ ᠠᠮᠢᠳᠤ ᠪᠣᠳᠠᠰ ᠤᠨ ᠮᠠᠲ᠋ᠧᠷᠢᠶᠠᠯ ᠤᠨ ᠮᠡᠷᠭᠡᠵᠢᠯ ᠤᠨ ᠪᠣᠭᠤᠮᠲᠠ ᠰᠢᠪᠲᠤᠯᠬᠤ ᠶᠢ ᠳᠡᠮᠵᠢᠨ᠎ᠡ᠃ ᠹᠦ᠋ ᠹᠧᠩ ᠠᠮᠢᠳᠤ ᠪᠣᠳᠠᠰ᠂ ᠴᠢ ᠯᠦ ᠶᠢᠨ ᠡᠮ | ᠦᠢᠯᠡᠳᠬᠦ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠲᠤ ᠲᠦᠰᠢᠭᠯᠡᠨ᠂ ᠥᠨᠳᠥᠷ ᠨᠡᠮᠡᠯᠲᠡ ᠥᠷᠲᠡᠭ ᠪᠠ ᠵᠠᠬ᠎ᠠ ᠳᠡᠯᠭᠡᠭᠦᠷ ᠤᠨ ᠳᠠᠯᠳᠠ ᠬᠦᠴᠦᠨ ᠲᠠᠢ | ᠠᠮᠢᠳᠤ ᠪᠣᠳᠠᠰ ᠤᠨ ᠢᠰᠬᠡᠯᠲᠡ ᠶᠢᠨ ᠰᠢᠨ᠎ᠡ ᠦᠢᠯᠡᠳᠬᠦᠨ ᠢ ᠨᠡᠭᠡᠭᠡᠨ ᠬᠥᠭᠵᠢᠭᠦᠯᠦᠨ᠎ᠡ᠃ | ︽ᠴᠢᠯᠥᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ︾ ᠳᠤ ᠠᠩᠬᠠᠷᠤᠯ ᠢᠶᠠᠨ ᠲᠥᠪᠯᠡᠷᠡᠭᠦᠯᠦᠨ᠎ᠡ᠃ ᠴᠢᠯᠥᠭᠡᠲᠦ | ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠠᠵᠢᠯ ᠤᠨ ᠲᠡᠷᠢᠭᠦᠨ ᠤ ᠲᠤᠷᠰᠢᠯᠭ᠎ᠠ ᠠᠷᠭ᠎ᠠ ᠬᠢᠳᠡᠯ ᠢ ᠰᠤᠷᠤᠯᠴᠠᠵᠤ᠂ ᠥᠭᠡᠷᠡᠴᠢᠯᠡᠯᠲᠡ ᠶᠢᠨ | ᠲᠤᠷᠰᠢᠯᠲᠠ ᠶᠢᠨ ᠡᠭᠦᠷᠭᠡ ᠳᠤ ᠬᠤᠯᠪᠣᠭᠳᠠᠭᠰᠠᠨ ᠲᠥᠷᠥ ᠶᠢᠨ ᠪᠣᠳᠣᠯᠭ᠎ᠠ ᠶᠢᠨ ᠴᠢᠷᠮᠠᠶᠢᠯᠭ᠎ᠠ᠂ ᠨᠠᠶᠢᠳᠠᠪᠤᠷᠢᠵᠢᠭᠤᠯᠤᠯᠲᠠ ᠶᠢᠨ ᠠᠷᠭ᠎ᠠ ᠬᠡᠮᠵᠢᠶ᠎ᠡ ᠪᠠ ᠠᠵᠢᠯ ᠤᠨ | ᠠᠬᠢᠴᠠ ᠶᠢ ᠨᠢᠭᠲᠠ ᠠᠩᠬᠠᠷᠴᠤ᠂ ᠥᠭᠡᠷᠡᠴᠢᠯᠡᠯᠲᠡ ᠶᠢᠨ ᠲᠤᠷᠰᠢᠯᠲᠠ ᠶᠢᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢᠨ ᠦᠷ᠎ᠡ ᠪᠦᠲᠦᠮᠵᠢ ᠤᠯᠬᠤ ᠶᠢ | ᠯᠠᠪᠳᠠᠭᠤᠨ ᠢᠶᠠᠷ ᠠᠬᠢᠭᠤᠯᠤᠨ᠎ᠠ᠃ | ︽2024 ᠣᠨ ᠳᠤ᠂ ᠢᠦᠢ ᠴᠢᠤᠸᠠᠨ ᠲᠣᠭᠤᠷᠢᠭ ᠤᠨ ᠬᠢᠨ ᠴᠢᠨᠠᠷ ᠰᠠᠶᠢᠲᠠᠢ ᠬᠥᠭᠵᠢᠯᠲᠡ ᠶᠢᠨ ᠲᠡᠷᠢᠭᠦᠨ ᠴᠢᠬᠤᠯᠠ ᠡᠭᠦᠷᠭᠡ ᠶᠢ ᠲᠣᠭᠲᠠᠭᠠᠵᠤ᠂ | ᠥᠨᠳᠥᠷ ᠲᠦᠪᠰᠢᠨ ᠢᠶᠠᠷ ᠠᠬᠢᠭᠤᠯᠵᠤ᠂ ︿ᠵᠢᠷᠭᠤᠭᠠᠨ ᠢᠨᠵᠧᠨᠧᠷᠢᠩ﹀ ᠢ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠳᠠᠪᠠᠭᠤᠯᠢᠭ ᠢᠶᠠᠨ | ᠪᠠᠳᠠᠷᠠᠭᠤᠯᠬᠤ᠂ ᠳᠤᠲᠠᠭᠤᠳᠠᠯ ᠢᠶᠠᠨ ᠨᠥᠬᠦᠪᠥᠷᠢᠯᠡᠬᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠬᠦ ᠪᠠᠷ ᠬᠦᠴᠦᠯᠡᠨ ᠴᠢᠷᠮᠠᠶᠢᠵᠤ᠂ ᠪᠦᠬᠦ ᠬᠦᠴᠦᠨ ᠢᠶᠠᠷ ᠢᠶᠠᠨ | ᠬᠤᠷᠳᠤᠴᠠ ᠪᠠᠨ ᠨᠡᠮᠡᠭᠳᠡᠭᠦᠯᠦᠨ᠎ᠡ︾ ᠭᠡᠵᠦ ᠨᠠᠨ ᠨᠠᠨ ᠬᠡᠯᠡᠪᠡ᠃ |