ᠬᠥᠬᠡᠬᠤᠲᠠ ᠶᠢᠨ 2024 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2024/2/26
—2024 ᠣᠨ ᠤ 1 ᠳ᠋ᠦ᠋ᠭᠡᠷ ᠰᠠᠷ᠎ᠠ ᠶᠢᠨ 18 ᠤ ᠡᠳᠦᠷ ᠬᠥᠬᠡᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭ᠎ᠠ ᠶᠢᠨ ᠬᠤᠷᠠᠯ ᠳᠡᠭᠡᠷ᠎ᠡ  ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠠᠷᠤᠭ᠎ᠠ ᠾᠧ ᠬᠠᠢ ᠳ᠋ᠦᠩᠲᠥᠯᠥᠭᠡᠯᠡᠭᠴᠢᠳ ᠠ᠋᠄      ᠤᠳᠤ ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠣᠯᠣᠨ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃      ᠨᠢᠭᠡ᠂ 2023 ᠣᠨ ᠤ ᠠᠵᠢᠯ ᠤᠨ ᠡᠷᠭᠢᠴᠡᠭᠦᠯᠦᠯ      ᠰᠠᠶ᠋ᠢᠬᠠᠨ ᠥᠩᠭᠡᠷᠡᠭᠰᠡᠨ 2023 ᠣᠨ ᠪᠣᠯ ᠬᠥᠬᠡᠬᠤᠲᠠ ᠶᠢᠨ ᠬᠥᠭᠵᠢᠯᠲᠡ ᠶᠢᠨ ᠶᠠᠪᠤᠴᠠ ᠳᠠᠬᠢ ᠲᠤᠶᠢᠯ ᠤᠨ ᠴᠢᠬᠤᠯᠠ ᠨᠢᠭᠡ ᠵᠢᠯ ᠪᠣᠯᠣᠨ᠎ᠠ᠃ ᠶᠡᠷᠦᠩᠬᠡᠢ ᠱᠦᠵᠢ ᠰᠢ ᠶᠢᠨ ᠫᠢᠩ ᠪᠡᠶ᠎ᠡ ᠪᠠᠷ ᠢᠶᠠᠨ ᠰᠢᠨᠵᠢᠯᠡᠨ ᠪᠠᠶᠢᠴᠠᠭᠠᠭᠰᠠᠨ ᠨᠢ ᠪᠢᠳᠡᠨ ᠳᠤ ᠲᠤᠶᠢᠯ ᠤᠨ ᠶᠡᠭᠡ ᠤᠯᠤᠰ ᠲᠦᠷᠦ ᠶᠢᠨ ᠬᠠᠯᠠᠮᠵᠢᠯᠠᠯ ᠪᠠ ᠡᠷᠬᠢᠮ ᠨᠠᠨᠳᠢᠨ ᠬᠥᠭᠵᠢᠯᠲᠡ ᠶᠢᠨ ᠠᠵᠠ ᠲᠣᠬᠢᠶᠠᠯ ᠢ ᠠᠪᠴᠢᠷᠠᠵᠤ ᠥᠭᠴᠡᠢ᠃ ᠪᠦᠬᠦ ᠬᠤᠳᠠ ᠪᠠᠷ ᠢᠶᠠᠨ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠶᠢᠨ ᠲᠣᠭᠤᠷᠢᠨ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠣᠷᠣᠨ ᠤ ᠲᠥᠪ ᠬᠤᠲᠠ ᠶᠢ ︽ᠡᠮᠦᠨ᠎ᠡ ᠨᠢ ᠶᠠᠪᠤᠵᠤ᠂ ᠦᠯᠢᠬᠡᠷ ᠳᠠᠭᠤᠷᠢᠶᠠᠯ ᠪᠣᠯᠬᠤ︾ ᠱᠠᠭᠠᠷᠳᠠᠯᠭ᠎ᠠ ᠶᠣᠰᠣᠭᠠᠷ᠂ ᠬᠤᠳᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠲᠣᠭᠲᠠᠭᠠᠭᠰᠠᠨ ᠬᠥᠭᠵᠢᠯᠲᠡ ᠶᠢᠨ ᠰᠡᠳᠬᠢᠴᠡ ᠪᠣᠯᠣᠨ ᠲᠡᠮᠡᠴᠡᠬᠦ ᠬᠠᠷᠠᠯᠲᠠ ᠶᠢ ᠭᠤᠶᠢᠪᠢᠰᠢ ᠦᠭᠡᠢ ᠪᠠᠷᠢᠮᠲᠠᠯᠠᠵᠤ᠂ ᠪᠦᠬᠦ ᠵᠢᠯ ᠤᠨ ᠡᠯ᠎ᠡ ᠵᠦᠢᠯ ᠤᠨ ᠡᠭᠦᠷᠭᠡ ᠬᠠᠷᠠᠯᠲᠠ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃      ᠥᠩᠭᠡᠷᠡᠭᠰᠡᠨ ᠨᠢᠭᠡ ᠵᠢᠯ ᠳᠤ᠂ ᠪᠢᠳᠡ ︽ᠪᠠᠭᠲᠠᠭᠠᠮᠵᠢ ᠶᠢ ᠶᠡᠬᠡᠰᠬᠡᠬᠦ︾ ᠶᠢ ᠴᠢᠩᠭ᠎ᠠ ᠠᠩᠬᠠᠷᠴᠤ᠂ ᠠᠵᠤ ᠠᠬᠤᠢ ᠶᠢᠨ ᠭᠤᠣᠯ ᠭᠦᠢᠴᠡᠳᠬᠡᠯ ᠲᠤᠭ᠎ᠠ ᠶᠢᠨ ᠨᠡᠮᠡᠭᠳᠡᠯ ᠤᠨ ᠬᠤᠷᠳᠤᠴᠠ ᠠᠷᠪᠠᠨ ᠵᠢᠯ ᠤᠨ ᠲᠤᠷᠰᠢᠬᠢ ᠬᠠᠮᠤᠭ ᠤᠨ ᠰᠠᠶᠢᠨ ᠬᠡᠮᠵᠢᠶᠡᠨ ᠳᠤ ᠬᠦᠷᠴᠡᠢ᠃ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 3802 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 10% ᠨᠡᠮᠡᠭᠳᠡᠪᠡ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 23.6% ᠨᠡᠮᠡᠭᠳᠡᠵᠦ᠂ ᠪᠥᠬᠦ ᠣᠷᠣᠨ ᠤ ᠨᠢᠭᠡᠳᠦᠭᠡᠷ ᠲᠤ ᠣᠷᠣᠪᠠ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 25.5% ᠨᠡᠮᠡᠭᠳᠡᠵᠦ᠂ ᠪᠥᠬᠦ ᠣᠷᠣᠨ ᠤ ᠬᠤᠶᠠᠳᠤᠭᠠᠷ ᠲᠤ ᠣᠷᠣᠪᠠ︔ ᠨᠡᠶᠢᠭᠡᠮ ᠤᠨ ᠬᠡᠷᠡᠭᠯᠡᠭᠡᠨ ᠤ ᠲᠠᠸᠠᠷ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 13.5% ᠨᠡᠮᠡᠭᠳᠡᠵᠦ᠂ ᠪᠥᠬᠦ ᠣᠷᠣᠨ ᠤ ᠨᠢᠭᠡᠳᠦᠭᠡᠷ ᠲᠤ ᠣᠷᠣᠪᠠ︔ ᠠᠵᠤ ᠠᠬᠤᠢ ᠶᠢᠨ ᠶᠡᠷᠦᠩᠬᠡᠢ ᠬᠡᠮᠵᠢᠶ᠎ᠡ ᠨᠢ ᠪᠥᠬᠦ ᠤᠯᠤᠰ ᠤᠨ ᠵᠠᠭᠤᠨ ᠬᠦᠴᠦᠷᠬᠡᠭ ᠬᠤᠲᠠ ᠶᠢᠨ ᠳᠣᠲᠣᠷᠠᠬᠢ ᠨᠡᠷᠡᠰ ᠶᠡᠭᠡ ᠬᠡᠮᠵᠢᠶ᠎ᠡ ᠪᠠᠷ ᠳᠡᠭᠡᠭᠰᠢᠯᠡᠵᠦ᠂ ᠮᠤᠵᠢ ᠶᠢᠨ ᠲᠥᠪ ᠬᠤᠲᠠ ᠶᠢᠨ ᠳᠣᠲᠣᠷ᠎ᠠ 1 ᠨᠡᠷ᠎ᠡ ᠳᠡᠭᠡᠭᠰᠢᠯᠡᠪᠡ᠃ ᠪᠥᠬᠦ ᠵᠢᠯ ᠳᠤ 1125 ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠵᠦ᠂ 1355 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠪᠠ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠬᠤᠳᠠᠯᠳᠤᠭᠠᠴᠢᠨ ᠤᠷᠢᠬᠤ ᠲᠥᠷᠥᠯ ᠵᠦᠢᠯ ᠢ 430 ᠰᠢᠨ᠎ᠡ ᠪᠠᠷ ᠣᠷᠣᠭᠤᠯᠤᠨ ᠠᠪᠴᠢᠷᠠᠵᠤ᠂ 650 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠪᠣᠳᠠᠲᠠᠶᠢᠵᠢᠭᠤᠯᠪᠠ᠂ 700 ᠳ᠋ᠦᠩᠰᠢᠭᠤᠷ ᠢᠯᠡᠭᠦᠦ ᠲᠥᠭᠦᠷᠢᠭ ᠤᠨ ᠪᠡᠯᠡ ᠣᠷᠣᠭᠤᠯᠤᠭᠰᠠᠨ  ᠬᠤᠸᠠ ᠸᠧᠢ ᠶᠢᠨ ᠡᠭᠦᠯᠡᠨ ᠤ ᠬᠤᠷᠢᠨᠭᠡᠷ ᠳᠠᠬᠢ ᠲᠤᠭ᠎ᠠ ᠪᠠᠷᠢᠮᠲᠠ ᠶᠢᠨ ᠲᠥᠪ᠂ ᠠᠲ᠋ᠧᠰ᠂ ᠰᠠᠢ ᠱᠧᠩ ᠴᠠᠬᠢᠭᠤᠷ ᠤᠨ ᠦᠢᠯᠡᠰ ᠭᠤᠷᠪᠠᠨ ᠠᠵᠤ ᠦᠢᠯᠡᠰ ᠤᠨ ᠲᠥᠷᠥᠯ ᠵᠦᠢᠯ ᠴᠥᠮ ᠲᠣᠰ ᠵᠢᠯ ᠳᠡᠭᠡᠨ ᠭᠡᠷ᠎ᠡ ᠲᠣᠭᠲᠠᠵᠤ᠂ ᠲᠣᠰ ᠵᠢᠯ ᠳᠡᠭᠡᠨ ᠠᠵᠢᠯ ᠢᠶᠠᠨ ᠡᠬᠢᠯᠡᠭᠦᠯᠪᠡ᠃ ︽ᠳᠤᠮᠳᠠᠳᠤ ᠤᠯᠤᠰ ᠤᠨ ᠪᠡᠯᠡ ᠣᠷᠣᠭᠤᠯᠤᠯᠲᠠ ᠶᠢᠨ ᠬᠠᠯᠠᠮᠰᠢᠯ ᠬᠤᠳᠠ︾ ᠪᠠᠷ ᠦᠨᠡᠯᠡᠭᠳᠡᠵᠦ᠂ ᠪᠦᠬᠦ ᠤᠯᠤᠰ ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠲᠠᠪᠰᠢᠯᠳᠠ ᠪᠠᠷ ᠬᠠᠮᠤᠭ ᠤᠨ ᠢᠯᠡᠷᠬᠡᠢ ᠮᠤᠵᠢ ᠶᠢᠨ ᠲᠥᠪ ᠬᠤᠳᠠ ᠪᠣᠯᠪᠠ᠃ 12 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠵᠤ᠂ 6 ᠲᠦᠮᠡᠨ ᠰᠠᠭᠠᠯᠢ ᠶᠢᠨ ᠦᠨᠢᠶ᠎ᠡ ᠶᠢ ᠰᠢᠨ᠎ᠡ ᠪᠠᠷ ᠨᠡᠮᠡᠭᠳᠡᠭᠦᠯᠵᠦ᠂ 8800 ᠮᠦ ᠪᠡᠯᠡᠳᠬᠡᠮᠵᠢᠲᠦ ᠲᠠᠷᠢᠶᠠᠯᠠᠩ ᠢ ᠰᠢᠨ᠎ᠡ ᠪᠠᠷ ᠨᠡᠮᠡᠭᠳᠡᠭᠦᠯᠵᠦ᠂ ᠠᠮᠤ ᠪᠤᠳᠠᠭᠠᠨ ᠤ ᠤᠨᠠᠯᠲᠠ ᠶᠢᠨ ᠬᠡᠮᠵᠢᠶ᠎ᠡ ᠶᠢ ︽20 ᠵᠢᠯ ᠳᠠᠷᠠᠭᠠᠯᠠᠨ ᠡᠯᠪᠡᠭ ᠬᠤᠷᠢᠶᠠᠯᠲᠠ︾ ᠳᠤ ᠬᠦᠷᠭᠡᠵᠦ᠂ ᠬᠤᠷᠢᠨᠭᠡᠷ ᠰᠢᠶᠠᠨ ᠤᠯᠤᠰ ᠤᠨ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢᠶᠠᠷ ᠵᠥᠪᠰᠢᠶᠡᠷᠡᠭᠳᠡᠪᠡ᠃      ᠥᠩᠭᠡᠷᠡᠭᠰᠡᠨ ᠨᠢᠭᠡ ᠵᠢᠯ ᠳᠤ᠂ ᠪᠢᠳᠡ ︽ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ︾ ᠢ ᠪᠥᠬᠦ ᠬᠦᠴᠦᠨ ᠢᠶᠠᠷ ᠢᠶᠠᠨ ᠪᠣᠶᠢᠵᠢᠭᠤᠯᠵᠤ᠂ ᠣᠷᠣᠨ ᠤ ᠲᠥᠪ ᠬᠤᠲᠠ ᠶᠢᠨ ᠬᠤᠶᠠᠳᠤᠭᠠᠷ ᠠᠵᠤ ᠦᠢᠯᠡᠰ ᠬᠦᠴᠦᠷᠬᠡᠭ ᠪᠤᠰᠤ ᠪᠠᠶᠢᠭᠰᠠᠨ ᠰᠠᠨᠠᠭᠠᠴᠢᠯᠠᠭᠠᠲᠤ ᠪᠤᠰᠤ ᠪᠠᠶᠢᠳᠠᠯ ᠢ ᠬᠦᠴᠦᠲᠡᠢ ᠬᠤᠪᠢᠷᠠᠭᠤᠯᠪᠠ᠃ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ ᠠᠵᠤ ᠦᠢᠯᠡᠰ ᠤᠨ ᠪᠥᠭᠡᠮᠨᠡᠷᠡᠯ ᠰᠢᠨ᠎ᠡ ᠳᠡᠭᠲᠡᠷ ᠲᠤ ᠭᠠᠷᠴᠤ᠂ ᠢᠯᠢ ᠶᠢᠨ ᠤᠳᠤ ᠦᠶ᠎ᠡ ᠶᠢᠨ ᠣᠶᠤᠨᠲᠤ ᠡᠷᠡᠭᠦᠯ ᠮᠡᠨᠳᠦ ᠶᠢᠨ ᠬᠥᠨᠳᠡᠢ ᠶᠢᠨ ᠪᠢᠰᠢᠯᠠᠭ ᠦᠢᠯᠡᠳᠪᠦᠷᠢᠯᠡᠬᠦ ᠲᠠᠰᠤᠭ᠂ ᠰᠦᠨ ᠲᠠᠯᠬ᠎ᠠ ᠶᠢᠨ ᠬᠤᠶᠠᠳᠤᠭᠠᠷ ᠬᠤᠭᠤᠴᠠᠭ᠎ᠠ ᠶᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠵᠤ᠂ ᠮᠧᠩ ᠨᠢᠦ ᠶᠢᠨ ᠰᠦ ᠶᠢᠨ ᠠᠵᠤ ᠦᠢᠯᠡᠰ ᠤᠨ ᠬᠦᠷᠢᠶᠡᠯᠡᠩ ᠤᠨ ᠲᠧ ᠺᠠᠩ ᠷᠦᠢ ᠳᠡᠭᠡᠳᠦ ᠲᠡᠰ ᠤᠨ ᠴᠠᠭᠠᠨ ᠢᠳᠡᠭᠡᠨ᠂ ᠨᠠᠢ ᠲᠧ ᠣᠶᠣᠨᠴᠢᠯᠠᠨ ᠲᠡᠰ ᠳᠡᠪᠰᠢᠭᠦᠯᠬᠦ ᠮᠡᠷᠭᠡᠵᠢᠯ ᠤᠨ ᠥᠭᠡᠷᠡᠴᠢᠯᠡᠯᠲᠡ ᠶᠢᠨ ᠲᠦᠷᠦᠯ ᠵᠦᠢᠯ ᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠵᠤ᠂ ᠰᠦ ᠶᠢᠨ ᠦᠢᠯᠡᠰ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠡᠵᠡᠩᠨᠡᠯᠲᠡ ᠶᠢᠨ ᠣᠷᠣᠯᠭ᠎ᠠ 2560 ᠳ᠋ᠦᠩᠰᠢᠭᠤᠷ ᠲᠥᠭᠦᠷᠢᠭ ᠢ ᠳᠠᠪᠠᠵᠤ᠂ ᠠᠳᠠᠯᠢ ᠬᠤᠭᠤᠴᠠᠭᠠᠨ ᠤ ᠬᠢ ᠠᠴᠠ 14% ᠠᠴᠠ ᠳᠡᠭᠡᠭᠰᠢ ᠨᠡᠮᠡᠭᠳᠡᠪᠡ︔ ᠠᠩᠬᠠᠳᠤᠭᠠᠷ ᠬᠤᠭᠤᠴᠠᠭᠠᠨ ᠤ ᠳᠡᠯᠡᠬᠡᠢ ᠶᠢᠨ ᠰᠦ ᠶᠢᠨ ᠦᠢᠯᠡᠰ ᠤᠨ ᠶᠡᠭᠡ ᠬᠤᠷᠠᠯ ᠢ ᠠᠮᠵᠢᠯᠲᠠ ᠲᠠᠢ ᠡᠷᠭᠢᠯᠡᠵᠦ᠂ ︽ᠳᠡᠯᠡᠬᠡᠢ ᠶᠢᠨ ᠰᠦ ᠶᠢᠨ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠲᠠ︾ ︽ᠳᠤᠮᠳᠠᠳᠤ ᠤᠯᠤᠰ ᠤᠨ ᠰᠦ ᠶᠢᠨ ᠦᠢᠯᠡᠰ ᠤᠨ ᠡᠭᠦᠯᠳᠡᠷ ᠪᠣᠶᠢᠵᠢᠭᠤᠯᠬᠤ ᠬᠤᠲᠠ︾ ᠶᠢᠨ ᠢᠷᠠᠭᠤ ᠠᠯᠳᠠᠷ ᠢ ᠭᠥᠷᠳᠡᠵᠦ᠂ ᠤᠯᠤᠰ ᠤᠨ ᠰᠦ ᠶᠢᠨ ᠦᠢᠯᠡᠰ ᠤᠨ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠪᠥᠭᠡᠮᠨᠡᠷᠡᠯ ᠢᠶᠠᠷ ᠵᠥᠪᠰᠢᠶᠡᠷᠡᠭᠳᠡᠵᠦ᠂ ᠤᠯᠤᠰ ᠤᠨ ᠲᠡᠷᠢᠭᠦᠨ ᠤ ᠦᠢᠯᠡᠳᠬᠦ ᠦᠢᠯᠡᠰ ᠤᠨ ᠪᠥᠭᠡᠮᠨᠡᠷᠡᠯ ᠳᠤ ᠰᠣᠩᠭᠤᠭᠳᠠᠵᠤ᠂ ︽ᠳᠤᠮᠳᠠᠳᠤ ᠤᠯᠤᠰ ᠤᠨ ᠰᠦ ᠶᠢᠨ ᠬᠤᠲᠠ︾ ᠶᠢᠨ ᠨᠡᠷ᠎ᠡ ᠶᠢᠨ ᠬᠠᠭᠤᠳᠠᠰᠤ ᠶᠢ ᠤᠯᠠᠮ ᠠᠴᠠ ᠤᠯᠠᠮ ᠭᠡᠷᠡᠯᠲᠦᠭᠦᠯᠪᠡ᠃ ᠡᠯᠧᠺᠲᠷᠣᠨ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ ᠤᠨ ᠪᠥᠭᠡᠮᠨᠡᠷᠡᠯ ᠤᠨ ᠦᠢᠯᠡᠳᠦᠯ ᠪᠦᠬᠦ ᠲᠠᠯ᠎ᠠ ᠪᠠᠷ ᠪᠠᠳᠠᠷᠠᠵᠤ᠂ ᠬᠤᠸᠠ ᠸᠧᠢ ᠶᠢᠨ ᠤᠮᠠᠷᠠᠲᠤ ᠶᠢᠨ ᠬᠠᠮᠤᠭ ᠤᠨ ᠲᠣᠮᠣ ᠪᠣᠳᠣᠯᠭ᠎ᠠ ᠶᠢᠨ ᠬᠦᠴᠦᠨ ᠤ ᠬᠦᠢᠰᠦ ᠶᠢᠨ ᠲᠥᠷᠥᠯ ᠵᠦᠢᠯ ᠪᠣᠯᠬᠤ ᠬᠤᠸᠠ ᠸᠧᠢ ᠶᠢᠨ ᠡᠭᠦᠯᠡᠨ ᠤ ᠬᠤᠷᠢᠨᠭᠡᠷ ᠳᠠᠬᠢ ᠲᠤᠭ᠎ᠠ ᠪᠠᠷᠢᠮᠲᠠ ᠶᠢᠨ ᠲᠥᠪ ᠲᠤ ᠠᠮᠵᠢᠯᠲᠠ ᠲᠠᠢ ᠪᠠᠷ ᠡᠷᠦᠬᠡ ᠠᠮᠠ ᠣᠷᠣᠵᠤ᠂ ᠬᠡᠲᠦ ᠨᠡᠶᠢᠯᠡᠯᠲᠡ ᠶᠢᠨ ᠦᠢᠯᠡᠴᠢᠯᠡᠭᠦᠷ ᠤᠨ ᠤᠮᠠᠷᠠᠲᠤ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠵᠤ᠂ ᠳᠤᠮᠳᠠᠳᠤ ᠤᠯᠤᠰ ᠤᠨ ᠪᠠᠩᠬᠢ᠂ ᠲᠠᠷᠢᠶᠠᠯᠠᠩ ᠤᠨ ᠪᠠᠩᠬᠢ ᠵᠡᠷᠭᠡ ᠲᠤᠭ᠎ᠠ ᠪᠠᠷᠢᠮᠲᠠ ᠶᠢᠨ ᠲᠥᠪ ᠤᠨ ᠲᠥᠷᠥᠯ ᠵᠦᠢᠯ ᠤᠨ ᠭᠤᠣᠯ ᠴᠣᠭᠴᠠ ᠶᠢᠨ ᠠᠵᠢᠯ ᠳᠠᠭᠤᠰᠴᠤ᠂ ᠳᠤᠮᠳᠠᠳᠤ ᠤᠯᠤᠰ ᠤᠨ ᠰᠢᠯᠵᠢᠮᠡᠯ ᠬᠤᠯᠪᠣᠭᠠᠨ ᠤ ᠣᠶᠣᠨᠴᠢ ᠪᠣᠳᠣᠯᠭ᠎ᠠ ᠶᠢᠨ ᠲᠥᠪ᠂ ᠪᠢᠩ ᠰᠢᠩ ᠰᠢᠨᠵᠢᠯᠡᠬᠦ ᠤᠬᠠᠭᠠᠨ ᠮᠡᠷᠭᠡᠵᠢᠯ ᠤᠨ ᠪᠣᠳᠣᠯᠭ᠎ᠠ ᠶᠢᠨ ᠬᠦᠴᠦᠨ ᠤ ᠰᠠᠭᠤᠷᠢᠨ ᠵᠡᠷᠭᠡ ᠲᠥᠷᠥᠯ ᠵᠦᠢᠯ ᠢ ᠪᠥᠬᠦ ᠲᠠᠯ᠎ᠠ ᠪᠠᠷ ᠡᠬᠢᠯᠡᠭᠦᠯᠵᠦ᠂ 150 ᠲᠦᠮᠡᠨ ᠦᠢᠯᠡᠴᠢᠯᠡᠭᠦᠷ ᠤᠭᠰᠠᠷᠠᠵᠤ ᠳᠡᠶᠢᠯᠬᠦ ᠪᠣᠯᠪᠠ︔ ᠳᠤᠮᠳᠠᠳᠤ ᠤᠯᠤᠰ ᠤᠨ ᠪᠣᠬᠢᠷᠲᠤᠯ ᠦᠭᠡᠢ ᠪᠣᠳᠣᠯᠭ᠎ᠠ ᠶᠢᠨ ᠬᠦᠴᠦᠨ ᠤ ᠶᠡᠭᠡ ᠬᠤᠷᠠᠯ ᠢ ᠠᠮᠵᠢᠯᠲᠠ ᠲᠠᠢ ᠡᠷᠬᠢᠯᠡᠨ᠂ ᠬᠤᠷᠢᠨᠭᠡᠷ ᠤᠨ ᠪᠣᠬᠢᠷᠲᠤᠯ ᠦᠭᠡᠢ ᠪᠣᠳᠣᠯᠭ᠎ᠠ ᠶᠢᠨ ᠬᠦᠴᠦᠨ ᠤ ᠢᠯᠡᠳᠬᠡᠯ ᠲᠤᠭ᠎ᠠ ᠶᠢ ᠨᠡᠶᠢᠲᠡᠯᠡᠵᠦ᠂ ︽ᠳᠤᠮᠳᠠᠳᠤ ᠤᠯᠤᠰ ᠤᠨ ᠪᠣᠳᠣᠯᠭ᠎ᠠ ᠶᠢᠨ ᠬᠦᠴᠦᠨ ᠤ ᠬᠤᠷᠢᠨ ᠬᠦᠴᠦᠷᠬᠡᠭ ᠬᠤᠳᠠ︾ ᠶᠢᠨ ᠨᠡᠷᠡᠰ ᠲᠤ ᠵᠢᠭᠰᠠᠭᠠᠭᠳᠠᠵᠤ᠂ 15 ᠳ᠋ᠤᠭᠠᠷ ᠲᠤ ᠣᠷᠣᠪᠠ᠃ ᠰᠢᠨ᠎ᠡ ᠮᠠᠲ᠋ᠧᠷᠢᠶᠠᠯ ᠪᠣᠯᠣᠨ ᠣᠳᠣ ᠦᠶ᠎ᠡ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠪᠥᠭᠡᠮᠨᠡᠷᠡᠯ ᠤᠨ ᠳᠠᠭᠠᠭᠤᠯᠤᠭᠴᠢ ᠳᠠᠶᠢᠴᠢᠯᠠᠬᠤ ᠦᠢᠯᠡᠳᠦᠯ ᠢᠯᠡᠷᠬᠡᠢ ᠪᠠᠶᠢᠵᠤ᠂ ᠶᠤᠸᠠᠨ ᠵᠢᠩ ᠣᠶᠤᠨᠲᠤ ᠦᠢᠯᠡᠳᠬᠦ ᠠᠵᠤ ᠦᠢᠯᠡᠰ ᠤᠨ ᠬᠦᠷᠢᠶᠡᠯᠡᠩ᠂ ᠬᠤᠸᠠ ᠶᠣᠣ ᠬᠡᠷᠡᠯ ᠴᠠᠬᠢᠯᠭᠠᠨ ᠤ 12GW ᠲᠠᠩ ᠲᠠᠯᠠᠰᠲᠤ ᠴᠠᠬᠢᠭᠤᠷ ᠤᠨ ᠢᠯᠲᠠᠰᠤ᠂ ᠰᠢᠨ ᠬᠤᠸᠠᠨ ᠤ 10 ᠲᠦᠮᠡᠨ ᠲᠣᠨ ᠤ ᠮᠥᠬᠦᠯᠢᠭᠲᠦ ᠴᠠᠬᠢᠭᠤᠷ ᠵᠡᠷᠭᠡ ᠲᠥᠷᠥᠯ ᠵᠦᠢᠯ ᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠪᠠ᠃ ᠰᠢᠨ ᠬᠤᠸᠠ ᠶᠢᠨ 1 ᠲᠦᠮᠡᠨ ᠲᠣᠨ ᠤ ᠡᠯᠧᠺᠲᠷᠣᠨ ᠲᠠᠰ ᠤᠨ ᠣᠯᠠᠨ ᠲᠠᠯᠠᠰᠲᠤ ᠴᠠᠬᠢᠭᠤᠷ᠂ ᠵᠦᠩ ᠯᠢ ᠶᠢᠨ ᠭᠤᠷᠪᠠᠳᠤᠭᠠᠷ ᠬᠤᠭᠤᠴᠠᠭ᠎ᠠ᠂ ᠱᠧᠩ ᠹᠠᠨ ᠤ ᠳᠥᠷᠪᠡᠳᠦᠭᠡᠷ ᠬᠤᠭᠤᠴᠠᠭ᠎ᠠ ᠵᠡᠷᠭᠡ ᠲᠥᠷᠥᠯ ᠵᠦᠢᠯ ᠤᠨ ᠭᠤᠣᠯ ᠴᠣᠭᠴᠠ ᠶᠢᠨ ᠠᠵᠢᠯ ᠳᠠᠭᠤᠰᠴᠤ᠂ ᠠᠲ᠋ᠧᠰ ᠬᠡᠷᠡᠯ ᠸᠣᠯᠲ ᠤᠨ ᠠᠵᠤ ᠦᠢᠯᠡᠰ ᠤᠨ ᠬᠦᠷᠢᠶᠡᠯᠡᠩ ᠤᠨ ᠨᠢᠭᠡᠳᠦᠭᠡᠷ ᠬᠤᠭᠤᠴᠠᠭ᠎ᠠ᠂ ᠱᠤᠸᠠᠩ ᠵᠢᠶᠧ ᠴᠠᠬᠢᠯᠭᠠᠨ ᠬᠦᠴᠦᠨ ᠤ ᠲᠣᠨᠣᠭᠯᠠᠯ ᠦᠢᠯᠡᠳᠬᠦ᠂ ᠭᠠᠨ ᠹᠧᠩ ᠯᠢᠲ᠋ᠢ ᠶᠢᠨ ᠴᠠᠬᠢᠯᠭᠠᠨ᠂ ᠭᠦᠸᠧ ᠵᠢᠶᠠ ᠨᠠᠨᠤ᠋ ᠪᠢᠯᠢᠭ ᠲᠤᠶᠢᠯ ᠤᠨ ᠮᠠᠲ᠋ᠧᠷᠢᠶᠠᠯ ᠤᠨ ᠨᠢᠭᠡᠳᠦᠭᠡᠷ ᠬᠤᠭᠤᠴᠠᠭ᠎ᠠ᠂ ᠹᠦ᠋ ᠮᠢᠩ ᠣᠶᠤᠨᠴᠢ ᠦᠢᠯᠡᠳᠬᠦ ᠨᠢᠭᠡᠳᠦᠭᠡᠷ ᠬᠤᠭᠤᠴᠠᠭ᠎ᠠ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠪᠡ᠃ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠪᠥᠭᠡᠮᠨᠡᠷᠡᠯ ᠤᠨ ︽ᠳᠡᠭᠡᠳᠦ ᠨᠠᠷᠢᠯᠢᠭ ᠦᠵᠦᠭᠦᠷ︾ ᠲᠥᠷᠥᠯ ᠵᠦᠢᠯ ᠤᠨ ᠬᠡᠷᠡᠭᠵᠢᠭᠦᠯᠦᠯᠲᠡ ᠶᠢ ᠲᠦᠷᠭᠡᠳᠬᠡᠵᠦ᠂ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠢ ᠲᠡᠳᠬᠦᠬᠦ 10 ᠵᠤᠷᠪᠤᠰ ᠲᠥᠷᠥ ᠶᠢᠨ ᠪᠣᠳᠣᠯᠭ᠎ᠠ ᠶᠢ ᠨᠡᠶᠢᠲᠡᠯᠡᠨ ᠬᠡᠷᠡᠭᠵᠢᠭᠦᠯᠵᠦ᠂ ᠳ᠋ᠠ ᠲᠠᠩ ᠡᠮ ᠤᠨ ᠦᠢᠯᠡᠰ ᠤᠨ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠴᠠᠩ ᠱᠧᠦ ᠡᠮ ᠤᠨ ᠦᠢᠯᠡᠰ ᠵᠡᠷᠭᠡ ᠲᠥᠷᠥᠯ ᠵᠦᠢᠯ ᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠵᠤ᠂ ᠢ ᠳ᠋ᠥᠸᠧ ᠯᠢ ᠠᠮᠢᠳᠤ ᠪᠣᠳᠠᠰ ᠤᠨ ᠢᠰᠬᠡᠭᠦᠷ ᠤᠨ ᠨᠠᠶᠢᠷᠠᠯᠲᠠ ᠵᠡᠷᠭᠡ ᠲᠥᠷᠥᠯ ᠵᠦᠢᠯ ᠤᠨ ᠭᠤᠣᠯ ᠴᠣᠭᠴᠠ ᠶᠢ ᠪᠠᠶᠢᠭᠤᠯᠤᠨ ᠳᠠᠭᠤᠰᠬᠠᠵᠤ᠂ ᠪᠥᠬᠦ ᠳᠡᠯᠡᠬᠡᠢ ᠶᠢᠨ ᠬᠠᠮᠤᠭ ᠤᠨ ᠲᠣᠮᠣ ᠰᠢᠯᠦᠬᠡᠢ ᠡᠪᠡᠳᠴᠢᠨ ᠤ ᠸᠠᠺᠼᠢᠨ᠂ ᠳᠠᠭᠠᠯᠲᠠ ᠢᠰᠬᠡᠭᠦᠷ Q10᠂ ᠥᠨᠳᠥᠷ ᠦᠷ᠎ᠡ ᠠᠰᠢᠭ ᠲᠠᠢ ᠶᠢᠨ ᠮᠧᠶ ᠰᠦ ᠦᠢᠯᠡᠳᠪᠦᠷᠢᠯᠡᠬᠦ ᠰᠠᠭᠤᠷᠢᠨ ᠭᠠᠵᠠᠷ ᠢ ᠪᠠᠶᠢᠭᠤᠯᠵᠤ ᠳᠠᠭᠤᠰᠬᠠᠪᠠ᠃ ᠴᠡᠪᠡᠷ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠤᠨ ᠪᠥᠭᠡᠮᠨᠡᠷᠡᠯ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠰᠢᠨ᠎ᠡ ᠵᠠᠮ ᠢᠶᠠᠷ ᠵᠠᠮᠨᠠᠵᠤ᠂ ᠶᠢᠨ ᠱᠠᠨ ᠴᠠᠬᠢᠯᠭᠠᠨ ᠤ ᠦᠢᠯᠡᠳᠪᠦᠷᠢ ᠶᠢᠨ ᠬᠤᠶᠠᠳᠤᠭᠠᠷ ᠬᠤᠭᠤᠴᠠᠭ᠎ᠠ᠂ ᠲᠢᠶᠠᠨ ᠨᠧᠩ ᠬᠦᠨᠳᠦ ᠠᠵᠤ ᠦᠢᠯᠡᠳᠪᠦᠷᠢ᠂ ᠳ᠋ᠠ ᠳᠠᠩ ᠴᠢᠩ ᠱᠦᠢ ᠾᠧ ᠶᠢᠨ ᠸᠠᠨ ᠵᠢᠶᠠ ᠵᠠᠢ ᠵᠡᠷᠭᠡ ᠲᠥᠷᠥᠯ ᠵᠦᠢᠯ ᠠᠰᠢᠭᠯᠠᠯᠲᠠ ᠳᠤ ᠣᠷᠣᠵᠤ᠂ ᠲᠣᠭᠲᠠᠬᠤ ᠴᠢᠩ ᠱᠦᠢ ᠾᠧ ᠶᠢᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠪᠣᠬᠢᠷᠲᠤᠯ ᠦᠭᠡᠢ ᠴᠠᠬᠢᠯᠭᠠᠨ ᠬᠠᠩᠭᠠᠬᠤ᠂ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠡᠨᠧᠷᠭᠢ ᠬᠠᠳᠠᠭᠠᠯᠠᠬᠤ ᠺᠣᠮᠫᠠᠨᠢ ᠶᠢᠨ ᠬᠠᠮᠲᠤᠪᠠᠷ ᠡᠳ᠋ᠯᠡᠬᠦ ᠡᠨᠧᠷᠭᠢ ᠬᠠᠳᠠᠭᠠᠯᠠᠬᠤ ᠲᠤᠰᠠᠭᠠᠷ ᠴᠠᠬᠢᠯᠭᠠᠨ ᠥᠷᠲᠡᠭᠡ᠂ ᠬᠤᠸᠠ ᠳ᠋ᠢᠶᠠᠨ ᠤ ᠳᠡᠭᠡᠳᠦ ᠲᠠᠰ ᠤᠨ ᠲᠣᠨᠤᠭ ᠲᠥᠬᠦᠭᠡᠷᠦᠮᠵᠢ ᠦᠢᠯᠡᠳᠬᠦ ᠰᠠᠭᠤᠷᠢᠨ ᠭᠠᠵᠠᠷ ᠤᠨ ᠨᠢᠭᠡᠳᠦᠭᠡᠷ ᠬᠤᠭᠤᠴᠠᠭᠠᠨ ᠤ ᠪᠠᠷᠢᠯᠭ᠎ᠠ ᠶᠢ ᠡᠬᠢᠯᠡᠨ ᠪᠠᠶᠢᠭᠤᠯᠵᠤ᠂ ᠡᠨᠧᠷᠭᠢ ᠶᠢᠨ ᠡᠬᠢ ᠪᠠᠶᠠᠯᠢᠭ ᠤᠨ ᠶᠡᠷᠦᠩᠬᠡᠢ ᠬᠡᠯᠲᠡᠰ ᠤᠨ ᠰᠠᠭᠤᠷᠢᠨ ᠭᠠᠵᠠᠷ ᠪᠠ ᠪᠣᠬᠢᠷᠲᠤᠯ ᠦᠭᠡᠢ ᠴᠠᠬᠢᠯᠭᠠᠨ ᠢ ᠰᠢᠩᠭᠡᠬᠡᠨ ᠠᠰᠢᠭᠯᠠᠬᠤ ᠵᠢᠱᠢᠶ᠎ᠡ ᠦᠵᠡᠭᠦᠯᠬᠦ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠪᠥᠬᠦ ᠣᠷᠣᠨ ᠳᠤ ᠬᠠᠮᠤᠭ ᠤᠷᠢᠳᠠᠪᠠᠷ ᠲᠦᠯᠬᠢᠨ ᠠᠬᠢᠭᠤᠯᠵᠤ᠂ ︽ᠨᠣᠭᠤᠭᠠᠨ ᠦᠨᠡᠮᠯᠡᠯ︾ ᠤᠨ ᠠᠷᠠᠯᠵᠢᠶ᠎ᠠ ᠦᠭᠡᠢ ᠪᠠᠶᠢᠭᠰᠠᠨ ᠪᠠᠶᠢᠳᠠᠯ ᠢ ᠲᠦᠷᠦᠭᠦᠯᠡᠨ ᠰᠢᠪᠲᠤᠯᠪᠠ︔ ︽1+2+N︾ ᠰᠢᠨ᠎ᠡ ᠡᠨᠧᠷᠭᠢ ᠶᠢᠨ ᠠᠵᠤ ᠦᠢᠯᠡᠰ ᠤᠨ ᠬᠡᠯᠬᠢᠶ᠎ᠡ ᠶᠢᠨ ᠠᠮᠢ ᠠᠬᠤᠢ ᠶᠢᠨ ᠬᠤᠯᠪᠣᠭ᠎ᠠ ᠶᠢ ᠲᠦᠷᠦᠭᠦᠯᠡᠨ ᠪᠠᠶᠢᠭᠤᠯᠵᠤ᠂ ᠪᠦᠯᠬᠦᠮᠳᠡᠨ ᠬᠥᠭᠵᠢᠵᠦ᠂ ᠬᠠᠷᠢᠯᠴᠠᠨ ᠬᠠᠷᠠᠭᠠᠯᠠᠵᠤ ᠬᠠᠮᠲᠤᠪᠠᠷ ᠠᠰᠢᠭ ᠬᠦᠷᠲᠡᠪᠡ᠃ ᠣᠲᠣ ᠦᠶ᠎ᠡ ᠶᠢᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠪᠥᠭᠡᠮᠨᠡᠷᠡᠯ ᠣᠯᠠᠨ ᠬᠡᠯᠬᠢᠶ᠎ᠡ ᠪᠠᠷ ᠠᠭᠤᠰᠤᠯᠴᠠᠨ ᠬᠥᠭᠵᠢᠵᠦ᠂ ᠵᠢᠦ ᠲᠠᠢ ᠡᠲ᠋ᠢᠯ ᠬᠤᠶᠠᠷᠴᠢ ᠠᠯᠺᠣᠣᠯ᠂ ᠰᠢᠦᠢ ᠶᠠᠩ ᠬᠡᠦᠷᠰᠢᠭᠦᠯᠬᠦ ᠵᠡᠷᠭᠡ ᠲᠥᠷᠥᠯ ᠵᠦᠢᠯ ᠦᠢᠯᠡᠳᠪᠦᠷᠢᠯᠡᠯ ᠢᠶᠠᠨ ᠪᠡᠶᠡᠯᠡᠭᠦᠯᠦᠨ ᠦᠷ᠎ᠡ ᠠᠰᠢᠭ ᠣᠯᠵᠤ᠂ ᠰᠠᠨ ᠯᠢᠶᠠᠨ ᠬᠢᠮᠢ ᠶᠢᠨ ᠠᠵᠤ ᠦᠢᠯᠡᠳᠪᠦᠷᠢ ᠶᠢ ᠨᠡᠭᠦᠯᠭᠡᠬᠦ ᠲᠥᠷᠥᠯ ᠵᠦᠢᠯ ᠤᠨ ᠭᠤᠣᠯ ᠴᠣᠭᠴᠠ ᠶᠢᠨ ᠠᠵᠢᠯ ᠳᠠᠭᠤᠰᠴᠤ᠂ ᠵᠢᠦ ᠲᠠᠢ ᠶᠢᠨ 30 ᠲᠦᠮᠡᠨ ᠲᠣᠨ ᠤ ᠬᠡᠯᠬᠢᠶ᠎ᠡ ᠶᠢ ᠤᠷᠲᠤᠳᠬᠠᠬᠤ ᠬᠡᠯᠬᠢᠶ᠎ᠡ ᠶᠢ ᠨᠥᠬᠦᠪᠦᠷᠢᠯᠡᠬᠦ ᠶᠢ ᠨᠢᠭᠡ ᠴᠣᠭᠴᠠᠵᠢᠭᠤᠯᠬᠤ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠺᠣᠮᠫᠠᠨᠢ ᠶᠢᠨ ᠬᠥᠬᠡᠬᠤᠲᠠ ᠳᠠᠬᠢ ᠴᠢᠯᠠᠭᠤᠨ ᠲᠣᠰᠣᠨ ᠤ ᠬᠢᠮᠢ ᠶᠢᠨ ᠠᠵᠤ ᠦᠢᠯᠡᠳᠪᠦᠷᠢ ᠶᠢᠨ ᠪᠥᠭᠡᠭᠡᠨᠡᠷᠡᠯ ᠮᠧᠲ᠋ᠠᠨᠠᠯ ᠤᠨ ᠲᠠᠰ ᠳᠡᠪᠰᠢᠭᠦᠯᠦᠨ ᠥᠭᠡᠷᠡᠴᠢᠯᠡᠬᠦ ᠵᠡᠷᠭᠡ ᠲᠥᠷᠥᠯ ᠵᠦᠢᠯ ᠤᠨ ᠠᠬᠢᠴᠠ ᠤᠷᠤᠭᠰᠢᠲᠠᠢ ᠶᠠᠪᠤᠭᠳᠠᠪᠠ᠃ ︽ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ︾ ᠤᠨ ᠦᠢᠯᠡᠳᠬᠦᠨ ᠤ ᠥᠷᠲᠡᠭ 2430 ᠳ᠋ᠦᠩᠰᠢᠭᠤᠷ ᠲᠥᠭᠦᠷᠢᠭ ᠬᠦᠷᠴᠦ᠂ ᠪᠥᠬᠦ ᠬᠤᠲᠠ ᠶᠢᠨ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠥᠷᠲᠡᠭ ᠲᠤ ᠡᠵᠡᠯᠡᠬᠦ ᠬᠤᠪᠢ ᠶᠢᠨ ᠵᠢᠩ 90% ᠶᠢ ᠳᠠᠪᠠᠪᠠ︔ ᠪᠥᠬᠦ ᠵᠢᠯ ᠳᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠰᠢᠨ᠎ᠡ ᠪᠠᠷ 41 ᠨᠡᠮᠡᠭᠳᠡᠵᠦ᠂ ᠶᠡᠷᠦᠩᠬᠡᠢ ᠲᠤᠭ᠎ᠠ ᠨᠢ 322 ᠬᠦᠷᠴᠦ᠂ ᠣᠷᠣᠨ ᠤ ᠲᠥᠪ ᠬᠤᠲᠠ ᠶᠢᠨ ᠠᠵᠤ ᠦᠢᠯᠡᠳᠪᠦᠷᠢ ᠶᠢᠨ ᠲᠤᠭ᠎ᠠ ᠬᠡᠮᠵᠢᠶ᠎ᠡ ᠲᠣᠭᠲᠠᠭᠤᠨ ᠨᠡᠮᠡᠭᠳᠡᠵᠦ ᠶᠠᠰᠤ ᠴᠢᠨᠠᠷ ᠪᠦᠲᠦᠮᠵᠢᠲᠡᠶ ᠳᠡᠭᠡᠭᠰᠢᠯᠡᠪᠡ᠃      ᠥᠩᠭᠡᠷᠡᠭᠰᠡᠨ ᠨᠢᠭᠡ ᠵᠢᠯ ᠳᠤ᠂ ᠪᠢᠳᠡ ︽ᠲᠠᠪᠤᠨ ᠣᠷᠣᠨ ᠪᠦᠰᠡ ᠶᠢᠨ ᠲᠥᠪ︾ ᠢ ᠪᠥᠬᠦ ᠬᠦᠴᠦᠨ ᠢᠶᠠᠷ ᠢᠶᠠᠨ ᠡᠭᠦᠳᠴᠦ᠂ ᠣᠷᠣᠨ ᠤ ᠲᠥᠪ ᠬᠤᠲᠠ ᠶᠢᠨ ᠬᠤᠲᠠ ᠶᠢᠨ ᠴᠠᠭᠠᠷᠢᠭ ᠤᠨ ᠨᠥᠯᠥᠭᠡᠯᠡᠬᠦ ᠴᠢᠳᠠᠪᠤᠷᠢ ᠤᠯᠠᠮ ᠨᠢᠭᠡ ᠠᠯᠬᠤᠮ ᠲᠣᠮᠣᠷᠠᠭᠤᠯᠪᠠ᠃ ︽ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ︾ ᠢ ᠪᠠᠶᠢᠭᠤᠯᠬᠤ ᠳᠤ ᠰᠠᠭᠤᠷᠢᠯᠠᠨ᠂ ᠪᠥᠬᠦ ᠨᠡᠶᠢᠭᠡᠮ ᠢᠶᠠᠷ ᠢᠶᠠᠨ 63.8 ᠳ᠋ᠦᠩᠰᠢᠭᠤᠷ ᠲᠥᠭᠦᠷᠢᠭ ᠤᠨ ᠰᠤᠳᠤᠯᠤᠨ ᠨᠡᠭᠡᠭᠡᠬᠦ ᠵᠠᠷᠤᠳᠠᠯ ᠣᠷᠣᠭᠤᠯᠵᠤ᠂ ᠠᠳᠠᠯᠢ ᠬᠤᠭᠤᠴᠠᠭᠠᠨ ᠤ ᠬᠢ ᠠᠴᠠ 21% ᠨᠡᠮᠡᠭᠳᠡᠪᠡ︔ ᠪᠥᠬᠦ ᠤᠯᠤᠰ ᠤᠨ ᠴᠣᠷ ᠤᠨ ᠭᠠᠭᠴᠠ ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠪᠣᠳᠠᠲᠤ ᠴᠣᠭᠴᠠᠵᠢᠭᠰᠠᠨ ᠡᠵᠡᠩᠨᠡᠯᠲᠡ ᠪᠠᠨ ᠡᠬᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠡᠪᠡᠰᠦᠨ ᠦᠷ᠎ᠡ ᠶᠢᠨ ᠦᠢᠯᠡᠰ᠂ ᠠᠮᠢᠲᠠᠨ ᠤ ᠸᠠᠺᠼᠢᠨ ᠤ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠠᠮᠵᠢᠯᠲᠠ ᠲᠠᠢ ᠪᠠᠷ ᠵᠥᠪᠰᠢᠶᠡᠷᠡᠭᠳᠡᠪᠡ︔ 120 ᠶᠡᠭᠡ ᠳᠡᠭᠡᠳᠦ ᠰᠤᠷᠭᠠᠭᠤᠯᠢ ᠶᠢᠨ ᠬᠦᠷᠢᠶᠡᠯᠡᠩ ᠭᠠᠵᠠᠷ ᠲᠠᠢ ᠬᠠᠮᠲᠤᠷᠠᠯᠴᠠᠭ᠎ᠠ ᠥᠷᠨᠢᠭᠦᠯᠵᠦ᠂ ᠠᠺᠠᠳᠧᠮᠢᠴᠢ ᠲᠤᠰᠬᠠᠢ ᠮᠡᠷᠭᠡᠵᠢᠯᠲᠡᠨ ᠤ ᠠᠵᠢᠯ ᠤᠨ ᠦᠷᠳᠡᠭᠡ ᠶᠢ ᠰᠢᠨ᠎ᠡ ᠪᠠᠷ 5 ᠨᠡᠮᠡᠨ᠂ ᠠᠺᠠᠳᠧᠮᠢᠴᠢ 15᠂ ᠳᠡᠭᠡᠳᠦ ᠲᠡᠰ ᠳᠠᠪᠬᠤᠷᠭ᠎ᠠ ᠶᠢᠨ ᠪᠦᠯᠬᠦᠮ 125 ᠶᠢ ᠤᠷᠢᠵᠤ ᠢᠷᠡᠪᠡ︔ 44 ᠵᠦᠢᠯ ᠤᠨ ᠵᠠᠩᠭᠢᠯᠠᠭ᠎ᠠ ᠶᠢᠨ ᠮᠡᠷᠭᠡᠵᠢᠯ ᠢ ᠰᠢᠪᠲᠤᠯᠵᠤ᠂ 218 ᠵᠦᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠪᠠ︔ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 533᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ 649 ᠬᠦᠷᠴᠦ᠂ ᠠᠳᠠᠯᠢ ᠬᠤᠭᠤᠴᠠᠭᠠᠨ ᠤ  ᠬᠢ ᠠᠴᠠ ᠲᠤᠰ ᠲᠤᠰ 15%᠂ 57% ᠨᠡᠮᠡᠭᠳᠡᠨ᠂ ᠰᠢᠨ᠎ᠡ ᠶᠢ ᠡᠭᠦᠳᠬᠦ ᠴᠢᠳᠠᠪᠤᠷᠢ ᠶᠢᠨ ᠢᠯᠡᠳᠬᠡᠯ ᠲᠤᠭ᠎ᠠ ᠳᠡᠭᠡᠭᠰᠢᠯᠡᠭᠡᠳ ᠪᠦᠬᠦ ᠤᠯᠤᠰ ᠤᠨ 30 ᠳ᠋ᠤᠭᠠᠷ ᠲᠤ ᠣᠷᠣᠪᠠ᠃ ︽ᠵᠠᠮ ᠬᠠᠷᠢᠯᠴᠠᠭ᠎ᠠ ᠡᠳ᠋ ᠪᠠᠷᠠᠭᠠᠨ ᠤ ᠭᠦᠢᠯᠭᠡᠭᠡᠨ ᠤ ᠲᠥᠪ︾ ᠢ ᠪᠠᠶᠢᠭᠤᠯᠬᠤ ᠳᠤ ᠰᠠᠭᠤᠷᠢᠯᠠᠨ᠂ ᠬᠥᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠤᠨ ᠭᠤᠣᠯ ᠴᠣᠭᠴᠠ ᠶᠢ ᠪᠠᠶᠢᠭᠤᠯᠵᠤ ᠳᠠᠭᠤᠰᠬᠠᠨ᠂ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠲᠥᠪ᠂ ᠭᠠᠯᠲᠤ ᠲᠡᠷᠭᠡᠨ ᠤ ᠵᠡᠭᠦᠨ ᠥᠷᠲᠡᠭᠡ ᠶᠢᠨ ᠬᠤᠶᠢᠲᠤ ᠠᠭᠤᠳᠠᠮ ᠲᠠᠯᠠᠪᠠᠶ ᠶᠢ ᠠᠰᠢᠭᠯᠠᠯᠲᠠ ᠳᠤ ᠣᠷᠣᠭᠤᠯᠵᠤ᠂ ᠣᠷᠣᠨ ᠤ ᠲᠥᠪ ᠬᠤᠲᠠ ᠠᠴᠠ ᠨᠡᠶᠢᠰᠯᠡᠯ ᠬᠦᠷᠬᠦ ᠲᠦᠷᠭᠡᠨ ᠤ ᠭᠠᠯᠲᠤ ᠲᠡᠷᠭᠡ ᠶᠢᠨ ᠠᠶᠠᠯᠠᠬᠤ ᠴᠠᠭ 2 ᠴᠠᠭ ᠤᠨ ᠳᠣᠲᠣᠷ᠎ᠠ ᠪᠣᠯᠣᠨ ᠪᠣᠭᠤᠨᠢᠰᠴᠤ᠂ ᠲᠦᠷᠭᠡᠨ ᠤ ᠭᠠᠯᠲᠤ ᠲᠡᠷᠭᠡ ᠬᠤᠷᠳᠤᠨ ᠤ ᠭᠠᠯᠲᠤ ᠲᠡᠷᠭᠡ ᠶᠢᠨ ᠶᠠᠪᠤᠬᠤ ᠳᠠᠪᠲᠠᠮᠵᠢ ᠬᠠᠮᠤᠭ ᠣᠯᠠᠨ ᠳᠠᠭᠠᠨ ᠡᠳᠦᠷ ᠪᠦᠷᠢ 55 ᠬᠦᠷᠪᠡ︔ ᠢ ᠱᠦᠨ᠂ ᠶᠤᠸᠠᠨ ᠲᠦᠩ᠂ ᠵᠢᠦ ᠵᠧᠦ ᠲᠦᠩ᠂ ᠱᠢ ᠮᠧᠩ ᠬᠠᠩᠭᠠᠯᠭ᠎ᠠ ᠶᠢᠨ ᠬᠡᠯᠬᠢᠶ᠎ᠡ ᠵᠡᠷᠭᠡ ᠣᠲᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠲᠥᠷᠥᠯ ᠵᠦᠢᠯ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠵᠤ᠂ ᠴᠢᠩ ᠽᠢ ᠬᠦᠢᠲᠡᠨ ᠬᠡᠯᠬᠢᠶ᠎ᠡ᠂ ᠮᠢᠩ ᠫᠢᠨ ᠹᠦ᠋ ᠪᠠᠷᠠᠭᠠᠨ ᠤ ᠭᠦᠢᠯᠭᠡᠭᠡ ᠵᠡᠷᠭᠡ ᠲᠥᠷᠥᠯ ᠵᠦᠢᠯ ᠢ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠪᠠ︔ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢ 50 ᠤᠳᠠᠭ᠎ᠠ ᠠᠶᠠᠯᠠᠭᠤᠯᠵᠤ᠂ ᠠᠩᠬ᠎ᠠ ᠤᠳᠠᠭ᠎ᠠ ᠳᠤᠮᠳᠠᠳᠤ ᠠᠽᠢᠶ᠎ᠠ ᠶᠢᠨ ᠵᠢᠰᠢᠶᠠᠨ ᠤ ᠭᠠᠯᠲᠤ ᠲᠡᠷᠭᠡ ᠶᠢ ᠨᠠᠪᠲᠠᠷᠡᠭᠦᠯᠵᠦ᠂ ᠬᠥᠬᠡᠬᠤᠲᠠ ᠶᠢᠨ ᠤᠯᠠᠨ ᠤᠯᠤᠰ ᠤᠨ ᠡᠬᠡ ᠬᠠᠭᠤᠷᠠᠢ ᠶᠢᠨ ᠭᠠᠷᠠᠮ ᠤᠨ ᠡᠯᠡᠰᠦᠨ ᠳᠠᠪᠠᠭ᠎ᠠ᠂ ᠲᠢᠶᠧ ᠲᠦᠩ ᠪᠣᠭᠤᠮᠲᠠ ᠶᠢᠨ ᠬᠢᠨᠠᠨ ᠬᠠᠮᠢᠶᠠᠷᠤᠯᠲᠠ ᠶᠢᠨ ᠠᠵᠢᠯ ᠤᠨ ᠲᠠᠯᠠᠪᠤᠷ ᠢ ᠵᠢᠩᠬᠢᠨᠢ ᠪᠠᠷ ᠡᠬᠢᠯᠡᠭᠦᠯᠵᠦ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠭᠠᠳᠠᠭᠠᠳᠤ ᠳᠤ ᠭᠠᠷᠭᠠᠵᠤ ᠭᠠᠳᠠᠭᠠᠳᠤ ᠠᠴᠠ ᠣᠷᠣᠭᠤᠯᠤᠭᠰᠠᠨ ᠶᠡᠷᠦᠩᠬᠡᠢ ᠬᠡᠮᠵᠢᠶ᠎ᠡ 65 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 58.5% ᠨᠡᠮᠡᠭᠳᠡᠵᠦ᠂ ︽ᠡᠬᠡ ᠬᠠᠭᠤᠷᠠᠢ ᠶᠢᠨ ᠭᠠᠷᠠᠮ ᠤᠨ ᠬᠡᠯᠪᠡᠷᠢ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ︾ ᠪᠠ ︽ᠤᠯᠤᠰ ᠤᠨ ᠤᠳᠤ ᠦᠶ᠎ᠡ ᠶᠢᠨ ᠭᠦᠢᠯᠭᠡᠭᠡᠨ ᠤ ᠪᠠᠶᠢᠯᠳᠤᠬᠤ ᠪᠣᠳᠣᠯᠭ᠎ᠠ ᠶᠢᠨ ᠲᠤᠯᠤᠭᠴᠢ ᠴᠡᠭ ᠤᠨ ᠬᠤᠳᠠ︾ ᠪᠠᠷ ᠵᠥᠪᠰᠢᠶᠡᠷᠡᠭᠳᠡᠪᠡ᠃ ︽ᠰᠡᠯᠡᠭᠦᠴᠡᠯ ᠠᠮᠠᠷᠠᠯᠲᠠ ᠶᠢᠨ ᠲᠥᠪ︾ ᠢ ᠪᠠᠶᠢᠭᠤᠯᠬᠤ ᠳᠤ ᠰᠠᠭᠤᠷᠢᠯᠠᠨ᠂ ᠡᠯ᠎ᠡ ᠲᠦᠷᠦᠯ ᠤᠨ ᠪᠠᠶᠠᠷ ᠳᠤᠷᠠᠰᠬᠠᠯ ᠤᠨ ᠠᠵᠢᠯᠯᠠᠭ᠎ᠠ ᠶᠢ 400 ᠭᠠᠷᠤᠢ ᠤᠳᠠᠭ᠎ᠠ ᠡᠷᠬᠢᠯᠡᠵᠦ᠂ ᠵᠧᠦ ᠵᠢᠶᠧ ᠯᠦᠨ ᠤ ᠳᠠᠭᠤᠨ ᠤ ᠲᠣᠭᠯᠠᠯᠲᠠ ᠶᠢᠨ ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡ ᠨᠢ ᠬᠥᠬᠡᠬᠤᠲᠠ ᠳᠤ ᠮᠠᠰᠢ ᠣᠯᠠᠨ ᠰᠠᠶᠢᠨ ᠦᠨᠡᠯᠡᠯᠲᠡ ᠶᠢ ᠣᠯᠵᠤ᠂ 165 ᠲᠦᠮᠡᠨ ᠬᠥᠮᠥᠨ ᠣᠷᠣᠯᠴᠠᠭᠰᠠᠨ ᠰᠢᠨ᠎ᠡ ᠣᠨ ᠢᠶᠠᠨ ᠤᠭᠲᠤᠬᠤ ᠠᠵᠢᠯᠯᠠᠭ᠎ᠠ ᠨᠢ ᠠᠷᠠᠳ ᠤᠯᠠᠨ ᠤ ᠤᠷᠮ᠎ᠠ ᠰᠡᠳᠬᠢᠯ ᠢ ᠬᠥᠭᠵᠢᠭᠡᠪᠡ︔ ︽ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ︾ ᠤ ᠤᠷᠤᠯᠳᠤᠭᠠᠨ ᠤ ᠲᠤᠷᠤᠨ᠎ᠠ ᠶᠢᠨ ᠰᠠᠯᠬᠢᠨ ᠢᠶᠠᠷ ᠳᠡᠯ ᠠᠭᠤᠯᠠ ᠶᠢᠨ ᠴᠡᠨᠡᠯᠡᠯᠲᠡ ᠶᠢᠨ ᠲᠠᠯᠠᠪᠠᠢ᠂ ᠵᠡᠭᠦᠨ ᠭᠤᠣᠯ ᠤᠨ ᠮᠥᠰᠥ ᠴᠠᠰᠤᠨ ᠤ ᠲᠠᠯᠠᠪᠠᠢ ᠨᠢ ᠣᠷᠣᠨ ᠤ ᠳᠣᠲᠣᠨ᠎ᠠ ᠭᠠᠳᠠᠨᠠᠬᠢ ᠵᠢᠭᠤᠯᠴᠢᠯᠠᠭᠴᠢᠳ ᠤᠨ ᠮᠥᠰᠥ ᠴᠠᠰᠤᠨ ᠤ ᠵᠤᠭᠠᠴᠠᠯ᠂ ᠲᠠᠮᠢᠷ ᠤᠨ ᠬᠥᠳᠡᠯᠭᠡᠭᠡᠨ ᠤ ᠰᠢᠨ᠎ᠡ ᠲᠠᠯᠠᠪᠤᠷ ᠪᠣᠯᠵᠤ᠂ ᠬᠠᠷ᠎ᠠ ᠤᠰᠤ ᠶᠢᠨ ᠡᠪᠦᠯ ᠤᠨ ᠵᠢᠭᠠᠰᠤ ᠠᠩᠨᠠᠬᠤ ᠪᠠᠶᠠᠷ ᠨᠢ ᠬᠥᠮᠥᠰ ᠲᠤ ︽ᠴᠠᠰᠤ ᠭᠢᠰᠬᠢᠨ ᠵᠢᠭᠠᠰᠤ ᠡᠷᠢᠬᠦ︾ ᠪᠠᠶᠠᠷ ᠪᠠᠶᠠᠰᠤᠯ ᠢ ᠡᠳ᠋ᠯᠡᠭᠦᠯᠪᠡ︔ ᠴᠡᠯᠡᠭᠡᠷ ᠲᠠᠯ᠎ᠠ ᠶᠢᠨ ᠲᠦᠮᠡᠨ ᠮᠦ ᠲᠠᠯ᠎ᠠ ᠨᠤᠲᠤᠭ᠂ ᠶᠡᠭᠡ ᠲᠦᠷᠭᠡᠨ ᠭᠤᠣᠯ ᠤᠨ ᠮᠢᠩᠭᠠᠨ ᠮᠦ ᠴᠡᠴᠡᠭ ᠤᠨ ᠳᠠᠯᠠᠢ ᠨᠢ ᠬᠤᠲᠠ ᠶᠢᠨ ᠠᠷᠠᠳ ᠤᠨ ᠵᠠᠪᠠᠯ ᠬᠦᠷᠴᠦ ᠨᠡᠷ᠎ᠡ ᠪᠠᠨ ᠪᠦᠷᠢᠳᠬᠡᠬᠦ ︽ᠰᠢᠨ᠎ᠡ ᠰᠣᠩᠭᠤᠯᠲᠠ︾ ᠪᠣᠯᠪᠠ︔ ᠳᠤᠮᠳᠠᠳᠤ ᠤᠯᠤᠰ ᠤᠨ ᠰᠣᠶᠣᠯ ᠤᠨ ᠠᠭᠤᠯᠬᠤᠨ ᠪᠠ ᠤᠯᠠᠨ ᠤᠯᠤᠰ ᠤᠨ ᠬᠠᠷᠠᠭ᠎ᠠ ᠶᠢ ᠬᠠᠷᠠᠭᠤᠯᠤᠭᠰᠠᠨ ᠱᠤᠭᠤᠮᠠᠯ ᠤᠨ ᠤᠷᠠᠯᠢᠭ ᠤᠨ ᠣᠷᠳᠣᠨ᠂ ᠤᠯᠠᠨ ᠤᠯᠤᠰ ᠤᠨ ᠱᠤᠭᠤᠮᠠᠯ ᠤᠨ ᠬᠦᠷᠢᠶᠡᠯᠡᠩ ᠢ ᠦᠪᠡᠳᠡᠭᠰᠢ ᠨᠡᠭᠡᠭᠡᠵᠦ᠂ ᠠᠩᠬᠠᠳᠤᠭᠠᠷ ᠬᠤᠭᠤᠴᠠᠭᠠᠨ ᠤ ᠬᠥᠬᠡᠬᠤᠲᠠ ᠶᠢᠨ ᠤᠯᠠᠨ ᠤᠯᠤᠰ ᠤᠨ ᠱᠤᠭᠤᠮᠠᠯ ᠤᠨ ᠤᠷᠠᠯᠢᠭ ᠤᠨ ᠦᠵᠡᠰᠬᠦᠯᠡᠩ ᠢ ᠠᠮᠵᠢᠯᠲᠠ ᠲᠠᠢ ᠡᠷᠬᠢᠯᠡᠪᠡ᠃ ︽ᠣᠲᠣ ᠦᠶ᠎ᠡ ᠶᠢᠨ ᠬᠡᠷᠡᠭᠯᠡᠭᠡᠨ ᠤ ᠲᠥᠪ︾ ᠢ ᠪᠠᠶᠢᠭᠤᠯᠬᠤ ᠳᠤ ᠰᠠᠭᠤᠷᠢᠯᠠᠨ᠂ ᠵᠠᠰᠠᠭ ᠪᠠᠩᠬᠢ ᠠᠵᠤ ᠠᠬᠤᠶᠢᠯᠠᠯ ᠤᠨ ᠬᠡᠷᠡᠭᠯᠡᠭᠡᠨ ᠤ ᠲᠡᠮᠳᠡᠭᠲᠦ ᠶᠢ 1.3 ᠳ᠋ᠦᠩᠰᠢᠭᠤᠷ ᠲᠥᠭᠦᠷᠢᠭ ᠲᠠᠷᠬᠠᠭᠠᠵᠤ᠂ ᠣᠯᠠᠨ ᠲᠦᠮᠡᠨ ᠤ ᠬᠡᠷᠡᠭᠯᠡᠭᠡ ᠶᠢ 60 ᠳ᠋ᠦᠩᠰᠢᠭᠤᠷ ᠢᠯᠡᠭᠦᠦ ᠲᠥᠭᠦᠷᠢᠭ ᠬᠥᠲᠥᠯᠥᠨ ᠳᠠᠭᠠᠭᠤᠯᠪᠠ᠃ ᠰᠢᠨᠬᠤᠸᠠ Mall᠂ ᠵᠦᠩ ᠱᠠᠩ · ᠱᠢ ᠵᠢᠶᠧ ᠯᠢ᠂ ᠲᠢᠶᠠᠨ ᠶᠤᠸᠠᠨ ᠪᠥᠬᠦ ᠪᠥᠮᠪᠥᠷᠴᠡᠭ ᠤᠨ ᠲᠠᠸᠠᠷ ᠤᠨ ᠳᠡᠯᠭᠡᠨ ᠦᠵᠡᠭᠦᠯᠦᠯᠭᠡ ᠶᠢᠨ ᠠᠷᠠᠯᠵᠢᠶᠠᠨ ᠤ ᠲᠥᠪ ᠡᠵᠡᠩᠨᠡᠯᠲᠡ ᠪᠠᠨ ᠡᠬᠢᠯᠡᠭᠦᠯᠵᠦ᠂ ᠵᠦᠩ ᠱᠠᠨ ᠵᠠᠮ ᠤᠨ ᠵᠦᠸᠠᠨ ᠵᠢᠶᠣᠣ ᠰᠢᠶᠠᠩ᠂ ᠺᠤᠸᠠᠨ ᠰᠢᠶᠠᠩ ᠽᠢ᠂ ᠪᠣᠭᠤᠮᠲᠠ ᠶᠢᠨ ᠬᠠᠭᠤᠴᠢᠨ ᠵᠡᠭᠡᠯᠢ ᠵᠡᠷᠭᠡ ᠣᠨᠴᠠᠯᠢᠭᠲᠤ ᠵᠡᠭᠡᠯᠢ ᠲᠣᠭᠤᠷᠢᠭ ᠴᠣ᠋ ᠰᠢᠨ᠎ᠡ ᠳᠦᠷᠢ ᠪᠠᠷ ᠣᠯᠠᠨ ᠲᠠᠢ ᠵᠣᠯᠭᠠᠵᠤ᠂ ᠸᠧᠢ ᠯᠠᠢ᠂ ᠰᠢ ᠴᠠ ᠵᠡᠷᠭᠡ 46 ᠲᠦᠷᠦᠯ ᠲᠡᠮᠳᠡᠭᠲᠦ ᠶᠢᠨ ᠠᠩᠬᠠᠨ ᠤ ᠳᠡᠯᠭᠡᠭᠦᠷ ᠪᠠ ᠬᠤᠰᠢᠭᠤᠴᠢ ᠳᠡᠯᠭᠡᠭᠦᠷ ᠣᠮᠤᠭ ᠲᠠᠢ ᠰᠠᠭᠤᠷᠢᠰᠢᠵᠤ᠂ ᠪᠦᠬᠦ ᠤᠯᠤᠰ ᠤᠨ ᠠᠩᠬᠠᠳᠠᠭᠴᠢ ︽ᠮᠣᠩᠭᠤᠯ ᠬᠤᠭᠤᠯᠠᠨ ᠤ ᠭᠠᠵᠠᠷ ᠣᠷᠣᠨ ᠤ ᠢᠯᠡᠷᠬᠡᠶᠢᠯᠡᠯᠲᠦ ᠠᠮᠲᠠᠲᠤ ᠢᠳᠡᠭᠡᠨ ᠤ ᠬᠤᠳᠠ︾ ᠪᠠᠷ ᠦᠨᠡᠯᠡᠭᠳᠡᠵᠦ᠂ ᠤᠯᠤᠰ ᠤᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ ᠵᠢᠱᠢᠶ᠎ᠡ ᠦᠵᠡᠭᠦᠯᠬᠦ ᠬᠤᠳᠠ ᠶᠢ ᠠᠮᠵᠢᠯᠲᠠ ᠲᠠᠢ ᠡᠭᠦᠳᠦᠨ ᠪᠠᠶᠢᠭᠤᠯᠵᠤ᠂ ᠪᠦᠬᠦ ᠤᠯᠤᠰ ᠤᠨ ︽ᠣᠨ ᠤ ᠬᠡᠷᠡᠭᠯᠡᠭᠡᠨ ᠤ ᠬᠠᠯᠠᠮᠰᠢᠯ ᠬᠤᠳᠠ︾  ᠪᠠᠷ ᠰᠣᠩᠭᠤᠭᠳᠠᠪᠠ᠃ ︽ᠰᠤᠷᠭᠠᠨ ᠬᠥᠮᠦᠵᠢᠯ ᠡᠮᠴᠢᠯᠡᠭᠡᠨ ᠤ ᠲᠥᠪ︾ ᠢ ᠪᠠᠶᠢᠭᠤᠯᠬᠤ ᠳᠤ ᠰᠠᠭᠤᠷᠢᠯᠠᠨ᠂ ᠪᠦᠯᠦᠭᠯᠡᠯ ᠮᠠᠶ᠋ᠢᠭ ᠢᠶᠠᠷ ᠰᠤᠷᠭᠠᠭᠤᠯᠢ ᠡᠷᠭᠢᠯᠡᠬᠦ ᠶᠢ ᠭᠦᠨᠵᠡᠭᠡᠢ ᠠᠬᠢᠭᠤᠯᠵᠤ᠂ ᠪᠡᠭᠡᠵᠢᠩ ᠶᠡᠭᠡ ᠰᠤᠷᠭᠠᠭᠤᠯᠢ᠂ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ᠂ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠵᠡᠷᠭᠡ ᠨᠠᠷᠠᠲᠤ ᠶᠡᠭᠡ ᠰᠤᠷᠭᠠᠭᠤᠯᠢ ᠲᠠᠢ ᠭᠦᠨᠵᠡᠭᠡᠢ ᠬᠠᠮᠲᠤᠷᠠᠯᠴᠠᠵᠤ᠂ ︽ᠨᠠᠷᠠᠲᠤ ᠰᠤᠷᠭᠠᠭᠤᠯᠢ +︾ ᠰᠤᠷᠭᠠᠨ ᠬᠥᠮᠦᠵᠢᠯ ᠤᠨ ᠪᠦᠯᠦᠭᠯᠡᠯ ᠢ 86 ᠪᠠᠶᠢᠭᠤᠯᠪᠠ ︔ 2 ᠤᠯᠤᠰ ᠤᠨ ᠣᠷᠣᠨ ᠪᠦᠰᠡ ᠶᠢᠨ ᠡᠮᠴᠢᠯᠡᠭᠡᠨ ᠤ ᠲᠥᠪ ᠢ ᠵᠥᠪᠰᠢᠶᠡᠷᠡᠭᠦᠯᠦᠨ᠂ 5 ᠤᠯᠤᠰ ᠤᠨ ᠲᠠᠰ ᠤᠨ ᠠᠨᠠᠭᠠᠬᠤ ᠤᠬᠠᠭᠠᠨ ᠤ ᠲᠥᠪ ᠤᠨ ᠬᠤᠪᠢᠶᠠᠷᠢ ᠲᠥᠪ ᠢ ᠪᠠᠶᠢᠭᠤᠯᠤᠨ ᠡᠵᠡᠩᠨᠡᠵᠦ᠂ 6 ᠢᠨᠲ᠋ᠧᠷ ᠰᠦᠯᠵᠢᠶᠡᠨ ᠤ ᠡᠮᠨᠡᠯᠭᠡ ᠶᠢᠨ ᠬᠤᠷᠢᠶ᠎ᠠ ᠶᠢ ᠰᠢᠨ᠎ᠡ ᠪᠠᠷ ᠪᠠᠶᠢᠭᠤᠯᠵᠤ᠂ ᠬᠤᠲᠠ ᠶᠢᠨ ᠠᠮᠠᠨ ᠬᠥᠨᠳᠡᠢ ᠶᠢᠨ ᠡᠮᠨᠡᠯᠭᠡ ᠶᠢᠨ ᠬᠤᠷᠢᠶ᠎ᠠ ᠳᠤ ᠥᠪᠥᠷ ᠮᠣᠩᠭᠤᠯ ᠤᠨ ᠠᠮᠠᠨ ᠬᠥᠨᠳᠡᠢ ᠶᠢᠨ ᠡᠮᠨᠡᠯᠭᠡ ᠶᠢᠨ ᠬᠤᠷᠢᠶ᠎ᠠ ᠶᠢᠨ ᠫᠠᠶᠢᠰᠠ ᠶᠢ ᠡᠯᠭᠦᠵᠦ᠂ ᠨᠡᠶᠢᠳᠡᠮ ᠬᠡᠷᠡᠭᠯᠡᠭᠡᠨ ᠤ ᠮᠡᠷᠭᠡᠵᠢᠯ ᠤᠨ ᠪᠦᠯᠦᠭᠯᠡᠯ ᠬᠢᠭᠡᠳ ᠰᠠᠶᠢᠬᠠᠨ ᠲᠣᠭᠤᠷᠢᠭ ᠤᠨ ᠬᠠᠮᠲᠤᠷᠠᠨ ᠪᠠᠶᠢᠭᠤᠯᠤᠭᠰᠠᠨ ᠥᠪᠥᠷ ᠮᠣᠩᠭᠤᠯ ᠤᠨ ᠵᠢᠷᠦᠬᠡ ᠲᠠᠷᠢᠬᠢᠨ ᠤ ᠴᠢᠰᠤᠨ ᠰᠤᠳᠠᠯ ᠤᠨ ᠡᠮᠨᠡᠯᠭᠡ ᠶᠢᠨ ᠬᠤᠷᠢᠶ᠎ᠠ ᠡᠬᠢᠯᠡᠨ ᠠᠵᠢᠯᠯᠠᠵᠤ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠡᠮᠨᠡᠯᠭᠡ ᠶᠢᠨ ᠬᠤᠷᠢᠶᠠᠨ ᠳᠤ ᠣᠷᠣᠬᠤ ᠠᠴᠠ ᠡᠮᠦᠨᠡᠬᠢ ᠲᠦᠷᠭᠡᠨ ᠠᠪᠤᠷᠠᠯᠲᠠ ᠶᠢ ᠨᠢᠭᠡ ᠴᠣᠭᠴᠠᠵᠢᠭᠤᠯᠤᠭᠰᠠᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠪᠡ᠃      ᠥᠩᠭᠡᠷᠡᠭᠰᠡᠨ ᠨᠢᠭᠡ ᠵᠢᠯ ᠳᠤ᠂ ᠪᠢᠳᠡ ︽ᠲᠠᠪᠤᠨ ᠲᠣᠬᠢᠷᠠᠮᠵᠢᠲᠠᠢ ᠬᠤᠲᠠ︾ ᠶᠢ ᠪᠥᠬᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠵᠤ᠂ ᠣᠷᠣᠨ ᠤ ᠲᠥᠪ ᠬᠤᠲᠠ ᠶᠢᠨ ᠬᠥᠮᠥᠨ ᠠᠮᠠ ᠶᠢᠨ ᠭᠤᠤᠷᠰᠤᠨ ᠰᠣᠷᠣᠭᠤᠯ ᠤᠨ ᠴᠢᠳᠠᠪᠤᠷᠢ ᠤᠯᠠᠮ ᠨᠢᠭᠡ ᠠᠯᠬᠤᠮ ᠴᠢᠩᠭᠠᠷᠠᠪᠠ᠃ ︽ᠰᠠᠭᠤᠷᠢᠰᠢᠬᠤ ᠳᠤ ᠲᠣᠬᠢᠷᠠᠮᠵᠢᠲᠠᠢ ︾ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ᠂ 309 ᠬᠠᠭᠤᠴᠢᠨ ᠬᠤᠷᠢᠶᠠᠯᠠᠯ ᠢ ᠥᠭᠡᠷᠡᠴᠢᠯᠡᠨ ᠵᠠᠰᠠᠵᠤ᠂ 7 ᠪᠣᠷᠣ ᠰᠠᠭᠤᠷᠢᠰᠢᠯ ᠢ ᠥᠭᠡᠷᠡᠴᠢᠯᠡᠨ ᠵᠠᠰᠠᠵᠤ᠂ 139 ᠺᠢᠯᠣᠮᠧᠲᠷ ᠬᠠᠭᠤᠴᠢᠨ ᠰᠢᠲᠠᠮᠠᠬᠠᠢ ᠬᠡᠢ ᠶᠢᠨ ᠬᠤᠭᠤᠯᠠᠢ ᠶᠢᠨ ᠲᠣᠣᠷ ᠢ ᠥᠭᠡᠷᠡᠴᠢᠯᠡᠨ ᠵᠠᠰᠠᠵᠤ᠂ ᠪᠥᠬᠦ ᠤᠯᠤᠰ ᠤᠨ 80 ᠲᠣᠮᠣ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠭᠰᠠᠨ ᠦᠷ᠎ᠡ ᠪᠦᠲᠦᠮᠵᠢ ᠶᠢᠨ ᠬᠢᠨᠠᠨ ᠰᠢᠯᠭᠠᠯᠲᠠ ᠳᠤ 10 ᠳ᠋ᠤᠭᠠᠷ ᠲᠤ ᠵᠢᠭᠰᠠᠪᠠ︔ ᠣᠷᠣᠨ ᠤ ᠲᠥᠪ ᠬᠤᠲᠠ ᠶᠢᠨ ᠳᠤᠯᠠᠭᠠᠯᠠᠭ᠎ᠠ ᠬᠠᠩᠭᠠᠬᠤ ᠪᠠᠶᠢᠷᠢᠰᠢᠯ ᠢ ᠬᠤᠪᠢᠷᠠᠭᠤᠯᠤᠭᠰᠠᠨ ᠪᠡᠯᠭᠡ ᠲᠡᠮᠳᠡᠭ ᠤᠨ ᠴᠢᠨᠠᠷᠲᠠᠢ ᠲᠥᠷᠥᠯ ᠵᠦᠢᠯ ᠪᠣᠯᠬᠤ ᠳ᠋ᠠ ᠲᠠᠩ ᠤᠨ ᠴᠠᠬᠢᠯᠭᠠᠨ ᠦᠢᠯᠡᠳᠪᠦᠷᠢ ᠶᠢᠨ ᠢᠯᠴᠢ ᠶᠢ ᠬᠥᠬᠡᠬᠤᠲᠠ ᠳᠤ ᠲᠠᠲᠠᠬᠤ ᠢᠨᠵᠧᠨᠧᠷᠢᠩ ᠢ ᠲᠣᠰ ᠵᠢᠯ ᠳᠤ ᠡᠬᠢᠯᠡᠭᠦᠯᠦᠨ᠂ ᠲᠣᠰ ᠵᠢᠯ ᠳᠤ ᠠᠰᠢᠭᠯᠠᠯᠲᠠ ᠳᠤ ᠣᠷᠣᠭᠤᠯᠵᠤ᠂ ᠢᠯᠴᠢ ᠬᠠᠩᠭᠠᠬᠤ ᠴᠢᠳᠠᠪᠤᠷᠢ ᠶᠢ 2000 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠵᠦ᠂ ᠡᠨᠡ ᠵᠢᠯ ᠪᠠᠰᠠ 3300 ᠲᠦᠮᠡᠨ ᠲᠡᠭᠰᠢ ᠳᠥᠷᠪᠡᠯᠵᠢᠨ ᠮᠧᠲᠷ ᠨᠡᠮᠡᠭᠳᠡᠭᠦᠯᠦᠨ᠎ᠡ︔ ᠵᠢᠨᠱᠠᠨ ᠴᠠᠬᠢᠯᠭᠠᠨ ᠤ ᠦᠢᠯᠡᠳᠪᠦᠷᠢ ᠶᠢᠨ ᠬᠤᠶᠠᠳᠤᠭᠠᠷ ᠬᠤᠭᠤᠴᠠᠭᠠᠨ ᠤ ᠢᠯᠴᠢ ᠬᠠᠩᠭᠠᠬᠤ ᠲᠥᠷᠥᠯ ᠵᠦᠢᠯ ᠤᠨ ᠢᠯᠴᠢ ᠬᠠᠩᠭᠠᠬᠤ ᠴᠢᠳᠠᠪᠤᠷᠢ ᠶᠢ 2000 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠵᠦ᠂ ᠬᠤᠳᠠ ᠶᠢᠨ ᠲᠣᠭᠤᠷᠢᠭ ᠤᠨ ᠴᠡᠪᠡᠷ ᠳᠤᠯᠠᠭᠠᠯᠠᠭ᠎ᠠ ᠶᠢᠨ ᠨᠤᠷᠮ᠎ᠠ ᠶᠢ 93% ᠬᠦᠷᠭᠡᠪᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠢ ᠠᠬᠢᠭᠤᠯᠵᠤ ᠂ ᠬᠥᠳᠡᠭᠡ ᠲᠣᠰᠬᠤᠨ ᠤ ︽ᠳᠤᠯᠤᠭ᠎ᠠ ᠶᠢ ᠢᠵᠢ ᠪᠦᠷᠢᠳᠦᠭᠦᠯᠬᠦ︾ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠰᠢᠨ᠎ᠡ ᠬᠤᠲᠠ ᠲᠣᠭᠤᠷᠢᠭ ᠪᠦᠬᠦ ᠤᠯᠤᠰ ᠤᠨ ᠰᠡᠯᠡᠭᠦᠴᠡᠯ ᠤᠨ ᠲᠠᠷᠢᠶᠠᠯᠠᠩ ᠤᠨ ᠭᠤᠣᠯᠳᠠᠯᠭ᠎ᠠ ᠲᠠᠢ ᠰᠢᠶᠠᠨ ᠢᠶᠠᠷ ᠦᠨᠡᠯᠡᠭᠳᠡᠵᠦ᠂ ᠬᠤᠷᠢᠨᠭᠡᠷ ᠰᠢᠶᠠᠨ ᠢ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠰᠢᠶᠠᠨ ᠪᠣᠯᠭᠠᠨ ᠡᠭᠦᠳᠦᠨ ᠪᠠᠶᠢᠭᠤᠯᠵᠤ᠂ ᠴᠢᠩ ᠱᠦᠢ ᠾᠧ ᠰᠢᠶᠠᠨ ᠢ ᠤᠯᠤᠰ ᠤᠨ ᠳᠡᠰ ᠤᠨ ︽ᠳᠦᠷᠪᠡᠨ ᠰᠠᠶᠢᠨᠲᠠᠢ ᠬᠥᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠰᠢᠶᠠᠨ ᠪᠣᠯᠭᠠᠨ ᠡᠭᠦᠳᠦᠨ ᠪᠠᠶᠢᠭᠤᠯᠪᠠ᠃ ︽ᠦᠢᠯᠡᠰ ᠪᠣᠰᠬᠠᠬᠤ ᠳᠤ ᠲᠣᠬᠢᠷᠠᠮᠵᠢᠲᠠᠢ︾ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ᠂ ᠤᠯᠤᠰ ᠤᠨ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠵᠢᠱᠢᠶ᠎ᠡ ᠦᠵᠡᠭᠦᠯᠬᠦ ᠲᠥᠷᠥᠯ ᠵᠦᠢᠯ ᠢ ᠬᠡᠷᠡᠭᠵᠢᠭᠦᠯᠵᠦ᠂ ᠡᠭᠦᠯᠡᠨ ᠬᠥᠨᠳᠡᠢ ᠶᠢᠨ ᠲᠣᠭᠠᠴᠢᠯᠠᠭᠰᠠᠨ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ᠂ ᠣᠶᠤᠲᠠᠳ ᠤᠨ ᠠᠳᠠᠯ ᠦᠢᠯᠡᠰ ᠴᠣᠭᠴᠠᠯᠠᠵᠤ ᠠᠵᠢᠯ ᠣᠯᠭᠤᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠡᠬᠢᠯᠡᠨ ᠠᠵᠢᠯᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠢᠶᠠᠷ ᠠᠮᠵᠢᠯᠲᠠ ᠲᠠᠢ ᠵᠥᠪᠰᠢᠶᠡᠷᠡᠭᠳᠡᠪᠡ︔ ︽ᠬᠥᠮᠥᠨ ᠢ ᠲᠠᠲᠠᠵᠤ ᠬᠥᠮᠥᠨ ᠢ ᠦᠯᠡᠳᠡᠭᠡᠬᠦ 18 ᠵᠤᠷᠪᠤᠰ ᠠᠷᠭ᠎ᠠ ᠬᠡᠮᠵᠢᠶ᠎ᠡ︾ ᠶᠢ ᠨᠡᠶᠢᠲᠡᠯᠡᠵᠦ᠂ ︽ᠭᠤᠷᠪᠠᠨ ᠵᠢᠯ ᠳᠤ ᠠᠷᠪᠠᠨ ᠲᠦᠮᠡᠨ ᠣᠶᠤᠲᠠᠨ ᠢ ᠬᠥᠬᠡᠬᠤᠲᠠ ᠳᠤ ᠦᠯᠡᠳᠡᠭᠡᠬᠦ ᠢᠨᠵᠧᠨᠧᠷᠢᠩ︾ ᠨᠢ ᠬᠤᠶᠠᠷ ᠵᠢᠯ ᠳᠤ 8.4 ᠲᠦᠮᠡᠨ ᠬᠥᠮᠥᠨ ᠢ ᠦᠯᠡᠳᠡᠭᠡᠪᠡ︔ ᠡᠯ᠎ᠡ ᠵᠦᠢᠯ ᠤᠨ ᠠᠵᠢᠯᠲᠠᠨ ᠡᠯᠰᠡᠬᠦ ᠠᠵᠢᠯᠯᠠᠭ᠎ᠠ ᠶᠢ 230 ᠲᠠᠯᠠᠪᠠᠢ ᠡᠷᠭᠢᠯᠡᠵᠦ᠂ ᠬᠤᠲᠠ ᠪᠠᠯᠭᠠᠰᠤ ᠶᠢᠨ 6.1 ᠲᠦᠮᠡᠨ ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠪᠥᠬᠦ ᠣᠷᠣᠨ ᠤ 31.8% ᠶᠢ ᠡᠵᠡᠯᠡᠨ᠂ ᠬᠥᠳᠡᠭᠡ ᠲᠣᠰᠬᠤᠨ ᠤ 37.6 ᠲᠦᠮᠡᠨ ᠬᠥᠳᠡᠯᠮᠦᠷᠢ ᠶᠢᠨ ᠬᠦᠴᠦᠨ ᠢ ᠰᠢᠯᠵᠢᠭᠦᠯᠦᠨ ᠠᠵᠢᠯ ᠣᠯᠭᠤᠪᠠ᠃ ︽ᠰᠤᠷᠤᠯᠴᠠᠬᠤ ᠳᠤ ᠲᠣᠬᠢᠷᠠᠮᠵᠢᠲᠠᠢ︾ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ᠂ ᠰᠤᠷᠭᠠᠨ ᠬᠥᠮᠦᠵᠢᠯ ᠤᠨ ᠬᠥᠭᠵᠢᠯᠲᠡ ᠶᠢ ᠳᠡᠮᠵᠢᠬᠦ 10 ᠵᠤᠷᠪᠤᠰ ᠬᠠᠲᠠᠭᠤ ᠠᠷᠭ᠎ᠠ ᠬᠡᠮᠵᠢᠶ᠎ᠡ ᠶᠢ ᠨᠡᠶᠢᠲᠡᠯᠡᠪᠡ︔ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠢ 14 ᠪᠠᠶᠢᠭᠤᠯᠤᠨ ᠠᠰᠢᠭᠯᠠᠯᠲᠠ ᠳᠤ ᠣᠷᠣᠭᠤᠯᠤᠨ᠂ 7680 ᠰᠤᠷᠤᠭᠴᠢ ᠶᠢᠨ ᠣᠷᠣᠨ ᠲᠤᠭ᠎ᠠ ᠶᠢ ᠰᠢᠨ᠎ᠡ ᠨᠡᠮᠡᠪᠡ ︔ ︽ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ︾ ᠥᠭᠡᠷᠡᠴᠢᠯᠡᠯᠲᠡ ᠶᠢᠨ ᠣᠷᠣᠨ ᠪᠦᠰᠡ ᠶᠢ 4 ᠪᠠᠶᠢᠭᠤᠯᠤᠨ᠂ 2014 ᠰᠢᠯᠢᠳᠡᠭ ᠪᠠᠭᠰᠢ ᠶᠢ ᠤᠷᠢᠵᠤ᠂ ᠳᠤᠮᠳᠠ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠶᠢᠨ ᠠᠵᠢᠯ ᠤᠨ ᠪᠠᠶᠢᠷᠢ ᠶᠢ 3747 ᠨᠡᠮᠡᠪᠡ︔ ᠪᠥᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠠᠳᠠᠯᠢ ᠳᠠᠪᠲᠠᠮᠵᠢ ᠶᠢᠨ ᠬᠠᠷᠢᠯᠴᠠᠨ ᠦᠢᠯᠡᠳᠦᠯᠴᠡᠬᠦ ᠬᠢᠴᠢᠶᠡᠯ ᠤᠨ ᠭᠡᠷ ᠤᠨ ᠪᠦᠷᠬᠦᠴᠡ 100% ᠬᠦᠷᠪᠡ︔ 5 ᠬᠤᠲᠠ ᠶᠢᠨ ᠲᠡᠰ ᠤᠨ ᠦᠨᠳᠦᠰᠦᠲᠡᠨ ᠤ ᠪᠦᠯᠬᠦᠮᠳᠡᠯ ᠤᠨ ᠵᠢᠱᠢᠶ᠎ᠡ ᠦᠵᠡᠭᠦᠯᠬᠦ ᠰᠤᠷᠭᠠᠭᠤᠯᠢ ᠂ 1 ᠥᠪᠡᠷᠲᠡᠭᠡᠨ ᠵᠠᠰᠠᠬᠤ ᠣᠷᠣᠨ ᠤ ᠰᠠᠭᠤᠷᠢᠨ ᠭᠠᠵᠠᠷ ᠤᠨ ᠰᠤᠷᠭᠠᠭᠤᠯᠢ ᠶᠢ ᠪᠠᠶᠢᠭᠤᠯᠪᠠ᠃ ︽ᠰᠤᠪᠢᠯᠠᠬᠤ ᠳᠤ ᠲᠣᠬᠢᠷᠠᠮᠵᠢᠲᠠᠢ︾ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ᠂ ᠤᠯᠤᠰ ᠤᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠥᠭᠡᠷᠡᠴᠢᠯᠡᠯᠲᠡ ᠬᠢᠭᠡᠳ ᠴᠢᠨᠠᠷ ᠰᠠᠶᠢᠲᠠᠢ ᠬᠥᠭᠵᠢᠯᠲᠡ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠢ ᠬᠡᠷᠡᠭᠵᠢᠭᠦᠯᠵᠦ᠂ ᠬᠤᠲᠠ ᠶᠢᠨ ᠨᠢᠭᠡᠳᠦᠭᠡᠷ ᠡᠮᠨᠡᠯᠭᠡ ᠶᠢᠨ ᠬᠤᠷᠢᠶ᠎ᠠ ᠶᠢ ᠠᠮᠵᠢᠯᠲᠠ ᠲᠠᠢ ᠪᠠᠷ ᠭᠤᠷᠪᠠᠳᠤᠭᠠᠷ ᠲᠡᠰ ᠤᠨ ᠬᠥᠬᠡ ᠵᠡᠷᠭᠡᠯᠡᠯ ᠤᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠪᠣᠯᠭᠠᠨ ᠡᠭᠦᠳᠦᠨ ᠪᠠᠶᠢᠭᠤᠯᠵᠤ᠂ ᠬᠤᠲᠠ ᠶᠢᠨ ᠡᠮᠴᠢᠯᠡᠭᠡᠨ ᠤ ᠪᠦᠯᠦᠭᠯᠡᠯ ᠢ 3 ᠵᠣᠬᠢᠶᠠᠨ ᠪᠠᠶᠢᠭᠤᠯᠵᠤ᠂ ᠰᠢᠶᠠᠨ ᠤ ᠬᠡᠪᠴᠢᠶᠡᠨ ᠤ ᠡᠮᠨᠡᠯᠭᠡ ᠶᠢᠨ ᠬᠠᠮᠲᠤ ᠶᠢᠨ ᠴᠣᠭᠴᠠ ᠶᠢ 5 ᠪᠠᠶᠢᠭᠤᠯᠪᠠ︔ ︽ᠭᠤᠷᠪᠠᠨ ᠵᠦᠢᠯ ᠤᠨ ᠡᠮᠴᠢᠯᠡᠭᠡᠨ︾ ᠤ ᠬᠤᠯᠪᠣᠭᠠᠯᠠᠨ ᠬᠥᠳᠡᠯᠦᠯᠴᠡᠵᠦ ᠬᠠᠮᠵᠢᠯᠴᠠᠬᠤ ᠥᠭᠡᠷᠡᠴᠢᠯᠡᠯᠲᠡ ᠡᠯᠪᠡᠭ ᠦᠷ᠎ᠡ ᠪᠦᠲᠦᠭᠡᠯ ᠣᠯᠵᠤ᠂ ᠲᠥᠪᠯᠡᠷᠡᠭᠦᠯᠦᠨ ᠪᠥᠭᠡᠮ ᠢᠶᠠᠷ ᠬᠤᠳᠠᠯᠳᠤᠨ ᠠᠪᠤᠭᠰᠠᠨ ᠡᠮ ᠤᠨ ᠦᠨ᠎ᠡ ᠳᠤᠮᠳᠠᠴᠢ ᠪᠠᠷ 50% ᠠᠴᠠ ᠳᠡᠭᠡᠭᠰᠢ ᠪᠠᠭᠤᠷᠠᠪᠠ︔ ᠵᠡᠭᠡᠯᠢ ᠭᠤᠳᠤᠮᠵᠢ ᠶᠢᠨ ᠭᠡᠷ ᠪᠦᠯᠢ ᠶᠢᠨ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠲᠥᠪ ᠤᠨ ᠪᠦᠷᠬᠦᠴᠡ 100% ᠬᠦᠷᠪᠡ︔ ᠤᠯᠤᠰ ᠤᠨ ᠠᠮᠤᠷ ᠲᠠᠶᠢᠪᠤᠩ ᠰᠤᠪᠢᠯᠠᠯᠲᠠ ᠶᠢᠨ ᠲᠤᠷᠰᠢᠯᠲᠠ ᠶᠢᠨ ᠬᠤᠲᠠ ᠪᠠᠷ ᠠᠮᠵᠢᠯᠲᠠ ᠲᠠᠢ ᠰᠣᠩᠭᠤᠭᠳᠠᠪᠠ᠃ ︽ᠵᠢᠭᠤᠯᠴᠢᠯᠠᠬᠤ ᠳᠤ ᠲᠣᠬᠢᠷᠠᠮᠵᠢᠲᠠᠢ︾ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ᠂ ᠢᠯᠢ ᠶᠢᠨ ᠲᠠᠯ᠎ᠠ ᠨᠤᠲᠤᠭ ᠤᠨ ᠰᠦ ᠶᠢᠨ ᠰᠣᠶᠣᠯ ᠵᠢᠭᠤᠯᠴᠢᠯᠠᠯ ᠤᠨ ᠦᠵᠡᠮᠵᠢ ᠶᠢᠨ ᠣᠷᠣᠨ ᠨᠢ ᠤᠯᠤᠰ ᠤᠨ ︽5G + ᠣᠶᠤᠨᠴᠢ ᠵᠢᠭᠤᠯᠴᠢᠯᠠᠯ︾ ᠤᠨ ᠲᠤᠷᠰᠢᠯᠲᠠ ᠶᠢᠨ ᠴᠡᠭ ᠢᠶᠠᠷ ᠦᠨᠡᠯᠡᠭᠳᠡᠵᠦ᠂ ᠮᠧᠩ ᠨᠢᠦ ᠠᠵᠤ ᠦᠢᠯᠡᠳᠪᠦᠷᠢ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ ᠨᠢ ᠤᠯᠤᠰ ᠤᠨ ᠳᠡᠰ ᠤᠨ ᠪᠣᠯᠪᠠᠰᠤᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠨᠢᠭᠡᠴᠢ ᠪᠠᠷ ᠦᠨᠡᠯᠡᠭᠳᠡᠵᠦ᠂ ᠰᠢᠨ᠎ᠡ ᠬᠤᠲᠠ ᠲᠣᠭᠤᠷᠢᠭ ᠨᠢ ᠤᠯᠤᠰ ᠤᠨ ᠰᠣᠶᠣᠯ ᠤᠨ ᠠᠵᠤ ᠦᠢᠯᠡᠰ ᠪᠣᠯᠣᠨ ᠵᠢᠭᠤᠯᠴᠢᠯᠠᠯ ᠤᠨ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢᠨ ᠨᠢᠭᠡᠴᠢ ᠪᠠᠷ ᠰᠣᠩᠭᠤᠭᠳᠠᠵᠤ᠂ ᠳᠠᠯᠠᠨ ᠬᠠᠷ᠎ᠠ ᠠᠭᠤᠯᠠ ᠶᠢᠨ ᠬᠤᠪᠢᠰᠬᠠᠯ ᠤᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠦᠴᠦᠸᠠᠨ ᠤ ᠲᠠᠯ᠎ᠠ ᠨᠤᠲᠤᠭ ᠤᠨ ᠡᠭᠦᠳᠡ 4A ᠳᠡᠰ ᠤᠨ ᠦᠵᠡᠮᠵᠢ ᠶᠢᠨ ᠣᠷᠣᠨ ᠢ ᠠᠮᠵᠢᠯᠲᠠ ᠲᠠᠢ ᠪᠠᠷ ᠡᠭᠦᠳᠦᠨ ᠪᠠᠶᠢᠭᠤᠯᠵᠤ᠂ ᠦᠨᠡᠨ ᠠᠬᠤᠢ ᠮᠠᠶ᠋ᠢᠭ ᠤᠨ ᠵᠡᠭᠡᠯᠢ ᠭᠤᠳᠤᠮᠵᠢ ᠶᠢᠨ ᠪᠥᠵᠢᠭᠲᠦ ᠵᠦᠴᠦᠭᠡ ︽ᠵᠤᠤ ᠵᠢᠶᠦ᠋ᠨ ᠤ ᠡᠪᠰᠡᠯ ᠤᠷᠤᠭ︾ ᠢ ᠲᠠᠨᠢᠯᠴᠠᠭᠤᠯᠤᠨ ᠲᠣᠭᠯᠠᠵᠤ᠂ ᠦᠨᠳᠦᠰᠦᠲᠡᠨ ᠤ ᠠᠭᠤᠰᠤᠯᠴᠠᠯ ᠰᠣᠯᠢᠯᠴᠠᠭ᠎ᠠ ᠶᠢ ᠠᠬᠢᠭᠤᠯᠬᠤ 4 ᠣᠨᠴᠠᠯᠢᠭᠲᠤ ᠵᠢᠭᠤᠯᠴᠢᠯᠠᠯ ᠤᠨ ᠱᠤᠭᠤᠮ ᠢ ᠴᠣᠭᠴᠠᠯᠠᠨ ᠪᠠᠶᠢᠭᠤᠯᠪᠠ︔ ᠪᠥᠬᠦ ᠵᠢᠯ ᠳᠤ ᠤᠯᠤᠰ ᠤᠨ ᠳᠣᠲᠣᠭᠠᠳᠤ ᠶᠢᠨ ᠵᠢᠭᠤᠯᠴᠢᠯᠠᠭᠴᠢᠳ ᠢ 5058.1 ᠲᠦᠮᠡᠨ ᠬᠥᠮᠥᠨ ᠤᠳᠠᠭ᠎ᠠ ᠬᠦᠯᠢᠶᠡᠨ ᠵᠣᠴᠢᠯᠠᠵᠤ᠂ ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠣᠷᠣᠯᠭ᠎ᠠ 773 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ  ᠬᠢ ᠠᠴᠠ ᠲᠣᠰ ᠲᠣᠰ 261.6%᠂ 390.6% ᠪᠠᠷ ᠨᠡᠮᠡᠭᠳᠡᠨ᠂ ᠪᠥᠬᠦ ᠤᠯᠤᠰ ᠤᠨ ᠵᠢᠭᠤᠯᠴᠢᠯᠠᠯ ᠤᠨ ᠪᠦᠯᠦᠭᠯᠡᠯ ᠤᠨ ᠰᠢᠯᠢᠳᠡᠭ ᠪᠡᠯᠡ ᠣᠷᠣᠭᠤᠯᠤᠯᠲᠠ ᠶᠢᠨ ᠠᠷᠪᠠᠨ ᠬᠦᠴᠦᠷᠬᠡᠭ ᠬᠤᠲᠠ᠂ ᠳᠤᠮᠳᠠᠳᠤ ᠤᠯᠤᠰ ᠤᠨ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ ᠤᠨ ᠬᠤᠲᠠ ᠪᠠᠷ ᠦᠨᠡᠯᠡᠭᠳᠡᠪᠡ᠃      ᠥᠩᠭᠡᠷᠡᠭᠰᠡᠨ ᠨᠢᠭᠡ ᠵᠢᠯ ᠳᠤ᠂ ᠪᠢᠳᠡ ᠪᠥᠬᠦ ᠬᠦᠴᠦᠨ ᠢᠶᠠᠷ ᠢᠶᠠᠨ ᠳᠤᠲᠠᠭᠳᠠᠯ ᠢᠶᠠᠨ ᠨᠥᠬᠦᠨ᠂ ᠰᠠᠭᠤᠷᠢ ᠪᠠᠨ ᠪᠠᠲᠤᠳᠬᠠᠵᠤ᠂ ᠣᠷᠣᠨ ᠤ ᠲᠥᠪ ᠬᠤᠲᠠ ᠶᠢᠨ ᠣᠷᠣᠨ ᠪᠦᠰᠡ ᠶᠢᠨ ᠲᠥᠪ ᠬᠤᠲᠠ ᠶᠢᠨ ᠦᠢᠯᠡᠳᠦᠯ ᠤᠯᠠᠮ ᠨᠢᠭᠡ ᠠᠯᠬᠤᠮ ᠲᠣᠪᠣᠶᠢᠮ᠎ᠠ ᠪᠣᠯᠪᠠ᠃ ᠣᠷᠣᠨ ᠤ ᠲᠥᠪ ᠬᠤᠳᠠ ᠶᠢᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢᠨ ᠵᠥᠪᠯᠡᠯ ᠢ ᠪᠠᠶᠢᠭᠤᠯᠪᠠ᠃ G5901 ᠢᠯᠢ ᠶᠢᠨ ᠣᠲᠣ ᠦᠶ᠎ᠡ ᠶᠢᠨ ᠣᠶᠤᠨᠲᠤ ᠡᠷᠡᠭᠦᠯ ᠮᠡᠨᠳᠦ ᠶᠢᠨ ᠬᠥᠨᠳᠡᠢ ᠶᠢᠨ ᠬᠠᠷᠢᠯᠴᠠᠨ ᠨᠡᠪᠲᠡᠷᠡᠬᠦ ᠵᠠᠮ᠂ G6 ᠲᠦᠷᠭᠡᠨ ᠤ ᠵᠠᠮ ᠬᠢᠭᠡᠳ ᠵᠡᠭᠦᠨ ᠬᠤᠶᠠᠳᠤᠭᠠᠷ ᠲᠣᠭᠤᠷᠢᠯ ᠵᠠᠮ ᠶᠢᠨ ᠬᠠᠷᠢᠯᠴᠠᠨ ᠨᠡᠪᠲᠡᠷᠡᠬᠦ ᠵᠠᠮ᠂ ᠳᠡᠯ ᠠᠭᠤᠯᠠ ᠶᠢᠨ ᠴᠡᠨᠡᠯᠡᠯᠲᠡ ᠶᠢᠨ ᠲᠠᠯᠠᠪᠠᠶ ᠶᠢᠨ ᠵᠢᠭᠤᠯᠴᠢᠯᠠᠯ ᠤᠨ ᠲᠤᠰᠬᠠᠢ ᠱᠤᠭᠤᠮ ᠵᠡᠷᠭᠡ ᠪᠠᠷᠢᠯᠭ᠎ᠠ ᠶᠢ ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠦᠨ᠂ S43 ᠨᠢᠰᠬᠡᠯ ᠤᠨ ᠪᠠᠭᠤᠳᠠᠯ ᠤᠨ ᠲᠦᠷᠭᠡᠨ ᠤ ᠵᠠᠮ᠂ S29 ᠬᠥᠬᠡᠬᠤᠲᠠ ᠠᠴᠠ ᠯᠢᠶᠠᠩᠴᠧᠩ ᠬᠦᠷᠬᠦ ᠲᠦᠷᠭᠡᠨ ᠤ ᠵᠠᠮ᠂ S311 ᠦᠴᠦᠸᠠᠨ ᠠᠴᠠ ᠶᠠᠩ ᠱᠤ᠋ ᠪᠠ ᠬᠦᠷᠬᠦ ᠵᠠᠰᠠᠮᠠᠯ ᠵᠠᠮ ᠵᠡᠷᠭᠡ ᠲᠥᠷᠥᠯ ᠵᠦᠢᠯ ᠤᠨ ᠵᠠᠮ ᠤᠨ ᠰᠠᠭᠤᠷᠢ᠂ ᠬᠥᠭᠦᠷᠭᠡ ᠶᠢᠨ ᠭᠤᠣᠯ ᠴᠣᠭᠴᠠ ᠶᠢᠨ ᠪᠠᠷᠢᠯᠭ᠎ᠠ ᠶᠢ ᠪᠦᠬᠦᠨ ᠢ ᠳᠠᠭᠤᠰᠬᠠᠵᠤ᠂ G59 ᠬᠥᠬᠡᠬᠤᠲᠠ ᠠᠴᠠ ᠪᠧᠢ ᠬᠠᠢ ᠬᠦᠷᠬᠦ ᠲᠦᠷᠭᠡᠨ ᠤ ᠵᠠᠮ ᠬᠢᠭᠡᠳ 209 ᠤᠯᠤᠰ ᠤᠨ ᠵᠠᠮ ᠢ ᠬᠤᠯᠪᠣᠬᠤ ᠱᠤᠭᠤᠮ ᠤᠨ ᠪᠠᠷᠢᠯᠭ᠎ᠠ ᠶᠢ ᠡᠬᠢᠯᠡᠭᠦᠯᠦᠨ ᠪᠦᠲᠦᠭᠡᠨ ᠪᠠᠶᠢᠭᠤᠯᠪᠠ᠃ ᠪᠥᠬᠦ ᠣᠷᠳᠣ ᠨᠢ 87.8 ᠺᠢᠯᠣᠮᠧᠲᠷ ᠤᠨ ᠭᠤᠷᠪᠠᠳᠤᠭᠠᠷ ᠲᠣᠭᠤᠷᠢᠯ ᠵᠠᠮ ᠤᠨ ᠪᠥᠬᠦ ᠱᠤᠭᠤᠮ ᠢᠶᠠᠷ ᠲᠡᠷᠭᠡ ᠨᠡᠪᠲᠡᠷᠡᠵᠦ᠂ ᠶᠢᠨ ᠬᠠᠢ ᠵᠠᠮ ᠤᠨ ᠵᠡᠭᠦᠨᠰᠢ ᠪᠠᠷᠠᠭᠤᠨᠰᠢ ᠰᠤᠨᠤᠭᠰᠠᠨ ᠬᠡᠰᠡᠭ᠂ ᠪᠠᠶᠠᠨᠨᠠᠭᠤᠷ ᠥᠨᠳᠥᠷ ᠵᠠᠮ ᠤᠨ ᠬᠤᠶᠢᠲᠤ ᠬᠡᠰᠡᠭ᠂ ᠶᠦᠨ ᠵᠥᠩ ᠵᠠᠮ ᠬᠢᠭᠡᠳ ᠰᠢᠨ᠎ᠡ ᠨᠢᠰᠬᠡᠯ ᠤᠨ ᠪᠠᠭᠤᠳᠠᠯ ᠢ ᠬᠤᠯᠪᠣᠬᠤ ᠱᠤᠭᠤᠮ᠂ ᠭᠠᠯᠲᠤ ᠲᠡᠷᠭᠡᠨ ᠤ ᠵᠡᠭᠦᠨ ᠥᠷᠲᠡᠭᠡᠨ ᠤ ᠬᠤᠶᠢᠲᠤ ᠠᠭᠤᠳᠠᠮ ᠲᠠᠯᠠᠪᠠᠶ ᠶᠢᠨ ᠥᠷᠲᠡᠭᠡᠨ ᠤ ᠡᠮᠦᠨᠡᠬᠢ ᠥᠨᠳᠥᠷ ᠵᠠᠮ᠂ ᠲᠧᠩ ᠹᠧᠢ ᠵᠠᠮ ᠤᠨ ᠵᠡᠭᠦᠨ ᠬᠤᠶᠠᠳᠤᠭᠠᠷ ᠲᠣᠭᠤᠷᠢᠯ ᠵᠠᠮ ᠢ ᠰᠤᠨᠳᠠᠯᠠᠬᠤ᠂ ᠸᠠᠨ ᠲᠦᠩ ᠵᠠᠮ ᠤᠨ ᠡᠮᠦᠨ᠎ᠡ ᠬᠤᠶᠠᠳᠤᠭᠠᠷ ᠲᠣᠭᠤᠷᠢᠯ ᠵᠠᠮ ᠤᠨ ᠳᠣᠣᠭᠤᠷ ᠥᠩᠭᠡᠷᠡᠬᠦ ᠵᠡᠷᠭᠡ ᠵᠠᠮ ᠤᠨ ᠲᠣᠣᠷ ᠤᠨ ᠪᠠᠷᠢᠯᠭ᠎ᠠ ᠶᠢ ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠪᠡ᠃ 53 ᠬᠤᠲᠠ ᠶᠢᠨ ᠶᠠᠪᠤᠳᠠᠯ ᠤᠨ ᠵᠠᠮ ᠢ ᠰᠢᠨ᠎ᠡ ᠪᠠᠷ ᠪᠠᠶᠢᠭᠤᠯᠤᠭᠰᠠᠨ ᠪᠤᠶᠤ ᠦᠷᠭᠦᠯᠵᠢᠯᠡᠨ ᠪᠠᠶᠢᠭᠤᠯᠵᠤ᠂ 32 ᠬᠤᠲᠠ ᠶᠢᠨ ᠲᠣᠭᠤᠷᠢᠭ ᠤᠨ ︽ᠮᠤᠬᠤᠷ ᠵᠠᠮ︾ ᠢ ᠨᠠᠪᠲᠠᠷᠡᠭᠦᠯᠵᠦ᠂ 140 ᠵᠡᠭᠡᠯᠢ ᠶᠢᠨ ᠠᠷᠤ ᠭᠤᠳᠤᠮᠵᠢ ᠶᠢ ᠥᠭᠡᠷᠡᠴᠢᠯᠡᠨ ᠵᠠᠰᠠᠵᠤ᠂ 77.6 ᠺᠢᠯᠤᠮᠥᠲᠷ ᠬᠤᠲᠠ ᠶᠢᠨ ᠲᠣᠭᠤᠷᠢᠭ ᠤᠨ ᠢᠯᠴᠢ ᠬᠠᠩᠭᠠᠬᠤ ᠬᠤᠭᠤᠯᠠᠢ ᠶᠢᠨ ᠲᠣᠣᠷ ᠤᠨ ᠬᠤᠯᠪᠣᠯᠳᠤᠨ ᠨᠡᠪᠲᠡᠷᠡᠯᠴᠡᠬᠦ ᠪᠠᠷᠢᠯᠭ᠎ᠠ ᠶᠢ ᠪᠡᠶᠡᠯᠡᠭᠦᠯᠵᠦ᠂ 285 ᠲᠡᠷᠭᠡᠨ ᠵᠣᠭᠰᠣᠭᠠᠯ᠂ 6.9 ᠲᠦᠮᠡᠨ ᠲᠡᠷᠭᠡ ᠵᠣᠭᠰᠣᠬᠤ ᠪᠠᠶᠢᠷᠢ ᠶᠢ ᠰᠢᠨ᠎ᠡ ᠪᠠᠷ ᠨᠡᠮᠡᠭᠳᠡᠭᠦᠯᠵᠦ᠂ ᠤᠯᠤᠰ ᠤᠨ ᠪᠣᠬᠢᠷᠲᠤᠯ ᠦᠭᠡᠢ ᠠᠶᠠᠯᠠᠯ ᠤᠨ ᠪᠦᠲᠦᠭᠡᠨ ᠪᠠᠶᠢᠭᠤᠯᠤᠯᠲᠠ ᠶᠢᠨ ᠬᠢᠨᠠᠨ ᠰᠢᠯᠭᠠᠯᠲᠠ ᠦᠨᠡᠯᠡᠯᠲᠡ ᠳᠤ ᠬᠢᠷᠢ ᠲᠡᠩᠴᠡᠭᠰᠡᠨ ᠬᠤᠲᠠ ᠪᠠᠷ ᠦᠨᠡᠯᠡᠭᠳᠡᠪᠡ᠃ 305 ᠴᠡᠴᠡᠷᠯᠢᠭ ᠪᠠ ᠪᠠᠭ᠎ᠠ ᠬᠡᠯᠪᠡᠷᠢ ᠶᠢᠨ ᠴᠡᠴᠡᠷᠯᠢᠭ᠂ ᠬᠤᠲᠠ ᠶᠢᠨ ᠨᠣᠭᠤᠭᠠᠨ ᠵᠠᠮ ᠪᠠ ᠪᠡᠶ᠎ᠡ ᠴᠢᠭᠢᠷᠠᠭᠵᠢᠭᠤᠯᠬᠤ ᠶᠠᠪᠠᠭᠠᠨ ᠵᠠᠮ ᠢ 235 ᠺᠢᠯᠣᠮᠧᠲᠷ ᠰᠢᠨ᠎ᠡ ᠪᠠᠷ ᠪᠠᠶᠢᠭᠤᠯᠵᠤ᠂ ᠶᠡᠷᠦᠩᠬᠡᠢ ᠲᠤᠭ᠎ᠠ ᠪᠠ ᠶᠡᠷᠦᠩᠬᠡᠢ ᠤᠷᠲᠤ ᠨᠢ ᠲᠣᠰ ᠲᠣᠰ 912 ᠪᠠ 638 ᠺᠢᠯᠣᠮᠧᠲᠷ ᠬᠦᠷᠪᠡ᠃ ︽12345︾ ᠵᠠᠭᠠᠯᠳᠤᠯᠭ᠎ᠠ ᠶᠢ ᠬᠦᠯᠢᠶᠡᠨ ᠠᠪᠤᠭᠰᠠᠨ ᠳᠠᠷᠤᠢ ᠭᠦᠢᠴᠡᠳᠬᠡᠬᠦ ᠵᠢᠯᠣᠭᠤᠳᠤᠨ ᠲᠣᠬᠢᠷᠠᠭᠤᠯᠬᠤ ᠲᠥᠪ ᠨᠢ ᠪᠦᠬᠦ ᠤᠯᠤᠰ ᠤᠨ ︽ᠠᠷᠪᠠᠨ ᠰᠢᠯᠢᠳᠡᠭ ᠵᠠᠰᠠᠯᠲᠠ ᠶᠢᠨ ᠦᠯᠢᠭᠡᠷ ᠵᠢᠱᠢᠶ᠎ᠡ︾ ᠪᠠ ︽ᠲᠤᠰᠬᠠᠢ ᠮᠡᠷᠭᠡᠵᠢᠯ ᠤᠨ ᠴᠠᠭᠠᠷᠠᠭᠰᠠᠨ ᠦᠯᠢᠭᠡᠷ ᠵᠢᠱᠢᠶ᠎ᠡ︾  ᠬᠤᠶᠠᠷ ᠵᠦᠢᠯ ᠤᠨ ᠶᠡᠭᠡ ᠱᠠᠩᠨᠠᠯ ᠢ ᠢᠷᠠᠭᠤ ᠠᠯᠳᠠᠷᠲᠠᠢ ᠪᠠᠷ ᠬᠦᠷᠳᠡᠪᠡ᠃ ︽ᠠᠢ ᠴᠢᠩ ᠴᠧᠩ︾ App ᠤᠨ ᠳᠠᠩᠰᠠᠯᠠᠭᠤᠯᠤᠭᠰᠠᠨ ᠬᠡᠷᠡᠭᠯᠡᠭᠴᠢ 150 ᠲᠦᠮᠡ ᠶᠢ ᠳᠠᠪᠠᠵᠤ᠂ ᠰᠦᠯᠵᠢᠶᠡᠨ ᠳᠡᠭᠡᠷ᠎ᠡ ᠨᠡᠶᠢᠲᠡ 13 ᠳ᠋ᠦᠩᠰᠢᠭᠤᠷ ᠤᠳᠠᠭ᠎ᠠ ᠶᠢᠨ ᠦᠢᠯᠡᠴᠢᠯᠡᠭᠡ ᠬᠠᠩᠭᠠᠪᠠ᠃      ᠥᠩᠭᠡᠷᠡᠭᠰᠡᠨ ᠨᠢᠭᠡ ᠵᠢᠯ ᠳᠤ᠂ ᠪᠢᠳᠡ ᠤᠮᠠᠷᠠᠲᠤ ᠬᠢᠯᠢ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠬᠦ ᠬᠦᠴᠦᠨ ᠢᠶᠠᠷ ᠢᠶᠠᠨ ᠪᠠᠬᠢᠵᠢᠭᠦᠯᠵᠦ᠂ ᠦᠵᠡᠰᠬᠦᠯᠡᠩᠲᠦ ᠰᠠᠶᠢᠬᠠᠨ ᠬᠥᠬᠡᠬᠤᠲᠠ ᠶᠢᠨ ︽ᠨᠣᠭᠤᠭᠠᠨ ᠳᠡᠪᠢᠰᠬᠡᠷ ᠥᠩᠭᠡ︾ ᠶᠢ ᠤᠯᠠᠮ ᠨᠢᠭᠡ ᠠᠯᠬᠤᠮ ᠪᠠᠬᠢᠵᠢᠭᠦᠯᠪᠡ᠃ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠭᠦᠨᠵᠡᠭᠡᠶᠢᠷᠡᠭᠦᠯᠵᠦ᠂ ᠬᠠᠲᠤᠨ ᠭᠤᠣᠯ ᠤᠨ ᠲᠠᠩ ᠭᠠᠵᠠᠷ ᠤᠨ ᠰᠠᠭᠤᠭᠠᠯᠢ ᠠᠷᠠᠳ ᠢ ᠨᠡᠭᠦᠯᠭᠡᠨ ᠪᠠᠶᠢᠭᠤᠯᠬᠤ ᠡᠭᠦᠷᠭᠡ ᠶᠢ ᠤᠷᠢᠳᠴᠢᠯᠠᠨ ᠪᠡᠶᠡᠯᠡᠭᠦᠯᠵᠦ᠂ ᠳᠠᠯᠠᠨ ᠬᠠᠷ᠎ᠠ ᠠᠭᠤᠯᠠ ᠶᠢᠨ ᠡᠮᠦᠨ᠎ᠡ ᠪᠠᠯ ᠤᠨ ︽ᠠᠮᠢ ᠠᠬᠤᠢ ᠶᠢᠨ ᠨᠣᠭᠤᠭᠠᠨ ᠪᠦᠰᠡ︾ ᠵᠡᠷᠭᠡ ᠵᠠᠰᠠᠯᠲᠠ ᠶᠢᠨ ᠲᠥᠷᠥᠯ ᠵᠦᠢᠯ ᠢ ᠪᠦᠬᠦᠨ ᠢ ᠪᠠᠶᠢᠭᠤᠯᠵᠤ ᠳᠠᠭᠤᠰᠬᠠᠪᠠ︔ 40.3 ᠲᠦᠮᠡᠨ ᠮᠦ ᠣᠶ ᠰᠢᠭᠤᠢ ᠡᠪᠡᠰᠦ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠭᠤᠣᠯᠳᠠᠯᠭ᠎ᠠ ᠲᠠᠢ ᠠᠮᠢ ᠠᠬᠤᠢ ᠶᠢᠨ ᠣᠷᠣᠨ ᠤ ᠬᠠᠶᠠᠭᠳᠠᠮᠠᠯ ᠠᠭᠤᠷᠬᠠᠢ ᠶᠢᠨ ᠠᠮᠢ ᠠᠬᠤᠢ ᠶᠢ ᠰᠡᠷᠭᠦᠭᠡᠬᠦ᠂ ᠤᠮᠠᠷᠠᠲᠤ ᠬᠡᠰᠡᠭ ᠤᠨ ᠭᠠᠵᠠᠷ ᠣᠷᠣᠨ ᠤ ᠣᠶ ᠰᠢᠭᠤᠢ ᠶᠢᠨ ᠭᠠᠯ ᠤᠨ ᠭᠠᠮᠰᠢᠭ ᠤᠨ ᠲᠦᠭᠰᠢᠭᠦᠷᠢ ᠶᠡᠬᠡᠲᠡᠢ ᠣᠷᠣᠨ ᠢ ᠶᠡᠷᠦᠩᠬᠡᠶᠢᠯᠡᠨ ᠵᠠᠰᠠᠬᠤ ᠵᠡᠷᠭᠡ ᠢᠨᠵᠧᠨᠧᠷᠢᠩ ᠢ ᠪᠥᠬᠦ ᠲᠠᠯ᠎ᠠ ᠪᠠᠷ ᠡᠬᠢᠯᠡᠭᠦᠯᠪᠡ᠃ 5.96 ᠲᠦᠮᠡᠨ ᠡᠷᠦᠬᠡ ᠶᠢᠨ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠵᠤ᠂ ᠲᠦᠯᠡᠰᠢᠨ ᠨᠡᠭᠦᠷᠡᠰᠦ ᠪᠠᠷ ᠢᠯᠴᠢ ᠬᠠᠩᠭᠠᠬᠤ 28 ᠭᠦᠸᠧᠯᠦ ᠶᠢ ᠰᠢᠭᠰᠢᠵᠦ᠂ ᠠᠭᠠᠷ ᠤᠨ ᠶᠠᠰᠤ ᠴᠢᠨᠠᠷ ᠤᠨ ᠰᠢᠯᠢᠳᠡᠭ ᠰᠠᠶᠢᠨ ᠨᠣᠷᠮ᠎ᠠ ᠶᠢ ᠥᠪᠡᠷᠲᠡᠭᠡᠨ ᠵᠠᠰᠠᠬᠤ ᠣᠷᠣᠨ ᠤ ᠣᠨ ᠤ ᠰᠢᠯᠭᠠᠨ ᠬᠢᠨᠠᠬᠤ ᠬᠠᠷᠠᠯᠲᠠ ᠠᠴᠠ ᠥᠨᠳᠥᠷ ᠪᠣᠯᠭᠠᠪᠠ᠃ ᠭᠦᠩᠵᠦ ᠶᠢᠨ ᠣᠷᠳᠣᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ ᠶᠢ ᠪᠡᠶᠡᠯᠡᠭᠦᠯᠵᠦ᠂ ᠵᠢᠨᠴᠢᠶᠣᠣ ᠶᠢᠨ ᠠᠵᠤ ᠦᠢᠯᠡᠳᠪᠦᠷᠢ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ ᠰᠢᠨ᠎ᠡ ᠨᠢᠰᠬᠡᠯ ᠤᠨ ᠪᠠᠭᠤᠳᠠᠯ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠵᠡᠷᠭᠡ ᠲᠥᠷᠥᠯ ᠵᠦᠢᠯ ᠢ ᠪᠠᠶᠢᠭᠤᠯᠤᠨ ᠳᠠᠭᠤᠰᠬᠠᠵᠤ᠂ ᠬᠠᠳᠤᠨ ᠭᠤᠣᠯ ᠤᠨ ᠭᠤᠣᠯ ᠤᠷᠤᠰᠬᠠᠯ᠂ ᠭᠤᠣᠯ ᠰᠠᠯᠪᠤᠷᠢ ᠤᠷᠤᠰᠬᠠᠯ ᠤᠨ ᠮᠠᠭᠤ V ᠲᠦᠷᠦᠯ ᠤᠨ ᠤᠰᠤᠨ ᠴᠣᠭᠴᠠ ᠶᠢ ᠪᠦᠬᠦᠨ ᠢ ᠠᠷᠢᠯᠭᠠᠵᠤ᠂ ᠤᠯᠤᠰ ᠤᠨ ᠣᠷᠣᠨ ᠪᠦᠰᠡ ᠶᠢᠨ ᠳᠠᠬᠢᠯᠲᠠ ᠤᠰᠤ ᠶᠢ ᠣᠷᠴᠢᠯᠳᠤᠭᠤᠯᠤᠨ ᠠᠰᠢᠭᠯᠠᠬᠤ ᠲᠤᠷᠰᠢᠯᠲᠠ ᠶᠢᠨ ᠬᠤᠳᠠ ᠪᠠᠷ ᠠᠮᠵᠢᠯᠲᠠ ᠲᠠᠢ ᠰᠣᠩᠭᠤᠭᠳᠠᠪᠠ᠃      ᠥᠩᠭᠡᠷᠡᠭᠰᠡᠨ ᠨᠢᠭᠡ ᠵᠢᠯ ᠳᠤ᠂ ᠪᠢᠳᠡ ︽ᠲᠠᠪᠤ ᠶᠢ ᠲᠤᠶᠢᠯᠪᠤᠷᠢᠲᠠᠢ ᠪᠠᠶᠢᠴᠠᠭᠠᠬᠤ︾ ᠠᠵᠢᠯᠯᠠᠭ᠎ᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠲᠡᠦᠬᠡᠨ ᠠᠴᠠ ᠦᠯᠡᠳᠡᠭᠳᠡᠵᠦ ᠢᠷᠡᠭᠰᠡᠨ ᠠᠯᠢ ᠤᠯᠠᠨ ᠬᠦᠴᠢᠷ ᠠᠰᠠᠭᠤᠳᠠᠯ ᠢ ᠰᠢᠢᠳᠪᠦᠷᠢᠯᠡᠪᠡ᠃ ᠲᠤᠨᠤᠮᠠᠯ ᠪᠡᠯᠡ ᠮᠥᠩᠭᠦ ᠶᠢ ᠲᠤᠶᠢᠯᠪᠤᠷᠢᠲᠠᠢ ᠪᠠᠶᠢᠴᠠᠭᠠᠵᠤ᠂ ᠨᠡᠶᠢᠲᠡ 6.3 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠬᠤᠷᠢᠶᠠᠨ ᠠᠪᠴᠢᠷᠠᠪᠠ᠃ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ ᠢ ᠲᠤᠶᠢᠯᠪᠤᠷᠢᠲᠠᠢ ᠪᠠᠶᠢᠴᠠᠭᠠᠵᠤ᠂ ᠵᠥᠪᠰᠢᠶᠡᠷᠡᠭᠦᠯᠬᠦ ᠪᠠᠷ ᠪᠠᠶᠢᠭ᠎ᠠ 545 ᠲᠥᠷᠥᠯ ᠵᠦᠢᠯ ᠤᠨ ᠵᠥᠪᠰᠢᠶᠡᠷᠡᠬᠦ ᠶᠣᠰᠣᠲᠠᠢ ᠶᠢ ᠪᠦᠬᠦᠨ ᠢ ᠵᠥᠪᠰᠢᠶᠡᠷᠡᠪᠡ᠃ ᠰᠤᠯᠠ ᠪᠠᠶᠢᠭ᠎ᠠ ᠭᠠᠵᠠᠷ ᠰᠢᠷᠣᠢ ᠶᠢ ᠲᠤᠶᠢᠯᠪᠤᠷᠢᠲᠠᠢ ᠪᠠᠶᠢᠴᠠᠭᠠᠵᠤ᠂ ᠵᠥᠪᠰᠢᠶᠡᠷᠡᠭᠰᠡᠨ ᠪᠣᠯᠪᠠᠴᠤ ᠬᠠᠩᠭᠠᠭᠠᠳᠤᠢ ᠭᠠᠵᠠᠷ ᠰᠢᠷᠣᠢ ᠶᠢ ᠨᠡᠶᠢᠲᠡ 3.7 ᠲᠦᠮᠡᠨ ᠮᠦ ᠰᠢᠩᠭᠡᠭᠡᠵᠦ᠂ ᠰᠤᠯᠠ ᠪᠠᠶᠢᠭ᠎ᠠ ᠭᠠᠵᠠᠷ ᠰᠢᠷᠣᠢ ᠶᠢ 1.1 ᠲᠦᠮᠡᠨ ᠮᠦ ᠰᠢᠢᠳᠪᠦᠷᠢᠯᠡᠵᠦ᠂ ᠣᠨ ᠤ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ᠃ ᠨᠡᠭᠡᠭᠡᠯᠲᠡ ᠶᠢᠨ ᠲᠣᠭᠤᠷᠢᠭ ᠤᠨ ᠰᠤᠯᠠ ᠪᠠᠶᠢᠭ᠎ᠠ ᠡᠬᠢ ᠪᠠᠶᠠᠯᠢᠭ ᠤᠨ ᠬᠦᠴᠦᠨ ᠵᠦᠢᠯ ᠢ ᠲᠤᠶᠢᠯᠪᠤᠷᠢᠲᠠᠢ ᠪᠠᠶᠢᠴᠠᠭᠠᠵᠤ᠂ ᠬᠦᠷᠢᠶᠡᠯᠡᠩ ᠲᠣᠭᠤᠷᠢᠭ ᠤᠨ ᠠᠵᠤ ᠦᠢᠯᠡᠳᠪᠦᠷᠢ ᠶᠢᠨ ᠲᠥᠪᠯᠡᠷᠡᠯ ᠤᠨ ᠬᠡᠮᠵᠢᠶ᠎ᠡ ᠶᠢ 86% ᠬᠦᠷᠭᠡᠵᠦ᠂ ᠮᠦ ᠪᠦᠷᠢ ᠶᠢᠨ ᠳᠤᠮᠳᠠᠴᠢ ᠦᠢᠯᠡᠳᠬᠦᠨ ᠤ ᠥᠷᠲᠡᠭ ᠢ 126 ᠲᠦᠮᠡᠨ ᠲᠥᠭᠦᠷᠢᠭ ᠬᠦᠷᠭᠡᠪᠡ᠃ ︽ᠬᠠᠭᠠᠰ ᠳᠤᠲᠠᠭᠤ ᠣᠷᠬᠢᠭᠰᠠᠨ︾ ᠪᠠᠷᠢᠯᠭ᠎ᠠ ᠶᠢ ᠲᠤᠶᠢᠯᠪᠤᠷᠢᠲᠠᠢ ᠪᠠᠶᠢᠴᠠᠭᠠᠵᠤ᠂ 20 ︽ᠬᠠᠭᠠᠰ ᠳᠤᠲᠠᠭᠤ ᠣᠷᠬᠢᠭᠰᠠᠨ︾ ᠪᠠᠷᠢᠯᠭ᠎ᠠ ᠶᠢ ᠪᠦᠬᠦᠨ ᠢ ᠰᠢᠢᠳᠪᠦᠷᠢᠯᠡᠵᠦ᠂ ᠴᠥᠭᠡᠨ ᠲᠣᠭᠠᠲᠤ ᠦᠨᠳᠦᠰᠦᠲᠡᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠥᠪ᠂ ᠳᠤᠮᠳᠠᠳᠤ ᠤᠯᠤᠰ ᠤᠨ ᠤᠮᠠᠷᠠᠲᠤ ᠶᠢᠨ ᠬᠥᠯ ᠪᠥᠮᠪᠦᠭᠡ ᠶᠢᠨ ᠪᠣᠯᠪᠠᠰᠤᠷᠠᠯ ᠤᠨ ᠰᠠᠭᠤᠷᠢᠨ ᠭᠠᠵᠠᠷ᠂ ᠬᠥᠳᠡᠭᠡ ᠲᠣᠰᠬᠤᠨ ᠤ ᠦᠵᠡᠰᠬᠦᠯᠡᠩ ᠤᠨ ᠬᠦᠷᠢᠶᠡᠯᠡᠩ ᠵᠡᠷᠭᠡ ᠲᠥᠷᠥᠯ ᠵᠦᠢᠯ ᠢ ᠠᠮᠢᠯᠠᠭᠤᠯᠪᠠ᠃      ᠥᠩᠭᠡᠷᠡᠭᠰᠡᠨ ᠨᠢᠭᠡ ᠵᠢᠯ ᠳᠤ᠂ ᠪᠢᠳᠡ ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ ᠪᠦᠬᠦ ᠬᠦᠴᠦᠨ ᠢᠶᠠᠷ ᠢᠶᠠᠨ ᠭᠦᠨᠵᠡᠭᠡᠶᠢᠷᠡᠭᠦᠯᠵᠦ᠂ ᠣᠷᠣᠨ ᠤ ᠲᠥᠪ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠪᠡ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠨᠢ ᠥᠪᠡᠷᠲᠡᠭᠡᠨ ᠵᠠᠰᠠᠬᠤ ᠣᠷᠣᠨ ᠤ ᠬᠢᠨᠠᠨ ᠰᠢᠯᠭᠠᠯᠲᠠ ᠳᠤ A ᠲᠠᠰ ᠢᠶᠠᠷ ᠦᠨᠡᠯᠡᠭᠳᠡᠵᠦ᠂ 21 ᠡᠯ᠎ᠡ ᠱᠠᠲᠤᠨ ᠤ ᠬᠤᠪᠢᠶᠠᠷᠢ ᠠᠵᠤ ᠠᠬᠤᠶᠢᠯᠠᠯ ᠢ ᠰᠠᠯᠭᠠᠨ ᠢᠯᠭᠠᠷᠠᠭᠤᠯᠵᠤ᠂ ᠠᠵᠤ ᠠᠬᠤᠶᠢᠯᠠᠯ ᠤᠨ ᠳᠣᠲᠣᠭᠠᠳᠤ ᠪᠠᠶᠢᠭᠤᠯᠤᠮᠵᠢ ᠶᠢ 11.7% ᠪᠠᠷ ᠪᠠᠭᠠᠰᠬᠠᠨ᠂ ᠳᠤᠮᠳᠠ ᠳᠠᠪᠬᠤᠷᠭ᠎ᠠ ᠶᠢᠨ ᠬᠠᠮᠢᠶᠠᠷᠤᠯᠲᠠ ᠶᠢᠨ ᠠᠵᠢᠯᠲᠠᠨ ᠢ 13.9% ᠪᠠᠷ ᠪᠠᠭᠠᠰᠬᠠᠵᠤ᠂ ᠡᠵᠡᠩᠨᠡᠯᠲᠡ ᠶᠢᠨ ᠶᠡᠷᠦᠩᠬᠡᠢ ᠣᠷᠣᠯᠭ᠎ᠠ ᠪᠠ ᠡᠳ᠋ ᠬᠥᠷᠥᠩᠭᠡ ᠶᠢᠨ ᠶᠡᠷᠦᠩᠬᠡᠢ ᠬᠡᠮᠵᠢᠶ᠎ᠡ ᠨᠢ ᠲᠣᠰ ᠲᠣᠰ 62.4 ᠳ᠋ᠦᠩᠰᠢᠭᠤᠷ ᠲᠥᠭᠦᠷᠢᠭ᠂ 2166.8 ᠳ᠋ᠦᠩᠰᠢᠭᠤᠷ ᠲᠥᠭᠦᠷᠢᠭ ᠬᠦᠷᠴᠦ᠂ ᠠᠰᠢᠭ ᠣᠷᠣᠯᠭ᠎ᠠ ᠨᠢ 9 ᠳ᠋ᠦᠩᠰᠢᠭᠤᠷ ᠲᠥᠭᠦᠷᠢᠭ ᠢ ᠳᠠᠪᠠᠵᠤ᠂ 10 ᠵᠢᠯ ᠤᠨ ᠲᠤᠷᠰᠢᠬᠢ ᠬᠠᠮᠤᠭ ᠤᠨ ᠰᠠᠶᠢᠨ ᠬᠢᠷᠢ ᠲᠦᠪᠰᠢᠨ ᠳᠤ ᠬᠦᠷᠪᠡ᠃ ᠨᠡᠭᠡᠭᠡᠯᠲᠡ ᠶᠢᠨ ᠲᠣᠭᠤᠷᠢᠭ ᠤᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠦᠷᠢᠶᠡᠯᠡᠩ ᠲᠣᠭᠤᠷᠢᠭ ᠬᠢᠭᠡᠳ ᠬᠤᠰᠢᠭᠤ ᠰᠢᠶᠠᠨ ᠲᠣᠭᠤᠷᠢᠭ ᠤᠨ ᠲᠤᠰᠢᠶᠠᠯ ᠬᠠᠷᠢᠭᠤᠴᠠᠯᠭ᠎ᠠ ᠶᠢᠨ ᠬᠤᠪᠢᠶᠠᠷᠢᠯᠠᠯ ᠢ ᠲᠣᠳᠣᠷᠬᠠᠶᠢᠯᠠᠵᠤ᠂ 917 ᠵᠦᠢᠯ ᠤᠨ ᠬᠢᠨᠠᠨ ᠵᠥᠪᠰᠢᠶᠡᠷᠡᠬᠦ ᠵᠦᠢᠯᠡᠰ ᠲᠤ ︽ᠬᠦᠷᠢᠶᠡᠯᠡᠩ ᠲᠣᠭᠤᠷᠢᠭ ᠤᠨ ᠬᠡᠷᠡᠭ ᠶᠠᠪᠤᠳᠠᠯ ᠢ ᠬᠦᠷᠢᠶᠡᠯᠡᠩ ᠲᠣᠭᠤᠷᠢᠭ ᠲᠤ ᠭᠦᠢᠴᠡᠳᠬᠡᠬᠦ︾ ᠶᠢ ᠪᠡᠶᠡᠯᠡᠭᠦᠯᠪᠡ︔ ᠣᠷᠣᠨ ᠤ ᠲᠥᠪ ᠬᠤᠲᠠ ᠶᠢᠨ ᠢᠷᠡᠭᠡᠳᠦᠢ ᠶᠢᠨ ᠠᠵᠤ ᠦᠢᠯᠡᠰ᠂ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠢ ᠠᠴᠢᠶᠠᠯᠠᠭᠰᠠᠨ ᠰᠠᠨᠰᠠᠷ ᠤᠨ ᠠᠶᠠᠯᠠᠯ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ᠂ ᠰᠢᠨᠵᠢᠯᠡᠬᠦ ᠤᠬᠠᠭᠠᠨ ᠮᠡᠷᠭᠡᠵᠢᠯ ᠤᠨ ᠬᠤᠲᠠ ᠶᠢᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠵᠥᠪᠰᠢᠶᠡᠷᠡᠭᠳᠡᠵᠦ᠂ ᠪᠥᠬᠦ ᠬᠤᠲᠠ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠦᠢᠯᠡᠳᠬᠦᠨ ᠤ ᠥᠷᠲᠡᠭ 2330 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 11% ᠨᠡᠮᠡᠭᠳᠡᠪᠡ᠃ ᠦᠨᠳᠦᠰᠦᠨ ᠱᠠᠲᠤᠨ ᠤ ᠵᠠᠰᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮᠵᠢ ᠶᠢ ᠲᠠᠬᠢᠨ ᠪᠠᠶᠢᠭᠤᠯᠬᠤ ᠶᠢ ᠲᠦᠷᠭᠡᠳᠬᠡᠬᠦ ᠶᠢᠨ ᠲᠣᠭᠤᠷᠢᠨ ᠳᠤ᠂ ︽ᠶᠡᠭᠡ ᠶᠢ ᠰᠠᠯᠭᠠᠵᠤ ᠪᠠᠭ᠎ᠠ ᠶᠢ ᠨᠡᠶᠢᠯᠡᠭᠦᠯᠬᠦ︾ ᠲᠠᠢ ᠤᠶᠠᠯᠳᠤᠭᠤᠯᠤᠨ ᠲᠣᠣᠷᠴᠢᠯᠠᠯ ᠤᠨ ᠪᠠᠶᠢᠷᠢᠰᠢᠯ ᠢ ᠰᠢᠯᠢᠳᠡᠭᠵᠢᠭᠦᠯᠵᠦ᠂ ᠨᠡᠶᠢᠭᠡᠮ ᠲᠣᠭᠤᠷᠢᠭ ᠤᠨ ᠠᠵᠢᠯᠲᠠᠨ ᠪᠠ ᠲᠣᠣᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ ᠤ ᠬᠠᠷᠠᠭᠠᠯᠵᠠᠯ ᠢ ᠪᠠᠲᠤᠯᠠᠬᠤ᠂ ᠠᠵᠢᠯ ᠲᠥᠷᠥᠯ ᠳᠡᠭᠡᠨ ᠵᠡᠷᠭᠡ ᠳᠡᠪᠰᠢᠬᠦ ᠵᠡᠷᠭᠡ ᠲᠣᠭᠲᠠᠴᠠ ᠶᠢ ᠲᠡᠭᠦᠯᠳᠡᠷᠵᠢᠭᠦᠯᠦᠨ᠂ ᠵᠡᠭᠡᠯᠢ ᠭᠤᠳᠤᠮᠵᠢ ᠶᠢᠨ ᠡᠭᠦᠷᠭᠡᠯᠡᠬᠦ ᠲᠤᠰᠢᠶᠠᠯ ᠬᠠᠷᠢᠭᠤᠴᠠᠯᠭ᠎ᠠ ᠶᠢ 222 ᠵᠦᠢᠯ ᠪᠠᠶᠢᠭᠰᠠᠨ ᠠᠴᠠ 101 ᠵᠦᠢᠯ ᠪᠣᠯᠭᠠᠨ ᠪᠠᠭᠠᠰᠬᠠᠵᠤ᠂ ᠨᠡᠶᠢᠭᠡᠮ ᠲᠣᠭᠤᠷᠢᠭ ᠤᠨ ᠡᠭᠦᠷᠭᠡᠯᠡᠬᠦ ᠠᠵᠢᠯ ᠢ 140 ᠵᠦᠢᠯ ᠪᠠᠶᠢᠭᠰᠠᠨ ᠠᠴᠠ 79 ᠵᠦᠢᠯ ᠪᠣᠯᠭᠠᠨ ᠪᠠᠭᠠᠰᠬᠠᠵᠤ᠂ ︽ᠪᠦᠬᠦ ᠤᠯᠤᠰ ᠤᠨ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠬᠢᠷᠢ ᠲᠡᠩᠴᠡᠭᠰᠡᠨ ᠬᠤᠳᠠ︾ ᠪᠠᠷ ᠦᠨᠡᠯᠡᠭᠳᠡᠪᠡ᠃ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠪᠦᠬᠦ ᠲᠠᠯ᠎ᠠ ᠪᠠᠷ ᠴᠢᠯᠦᠭᠡᠲᠡᠢ ᠪᠣᠯᠭᠠᠵᠤ᠂ ᠬᠡᠪᠴᠢᠶᠡᠵᠢᠯ ᠠᠴᠠ ᠳᠡᠭᠡᠭᠰᠢᠬᠢ ᠠᠷᠠᠳ ᠤᠨ ᠡᠵᠡᠩᠨᠡᠯᠲᠡ ᠶᠢᠨ ᠠᠵᠤ ᠦᠢᠯᠡᠳᠪᠦᠷᠢ ᠶᠢᠨ ᠨᠡᠮᠡᠭᠳᠡᠯ ᠦᠷᠳᠡᠭ  ᠠᠳᠠᠯᠢ ᠬᠤᠭᠤᠴᠠᠭᠠᠨ ᠤ ᠬᠢ ᠠᠴᠠ 18.8% ᠨᠡᠮᠡᠭᠳᠡᠵᠦ᠂ ᠨᠡᠶᠢᠭᠡᠮ ᠤᠨ ᠬᠡᠷᠡᠭᠯᠡᠭᠡᠨ ᠤ ᠲᠠᠸᠠᠷ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 11.5% ᠨᠡᠮᠡᠭᠳᠡᠪᠡ︔ ᠵᠠᠬ᠎ᠠ ᠳᠡᠯᠭᠡᠭᠦᠷ ᠤᠨ ᠭᠤᠣᠯ ᠴᠣᠭᠴᠠ 83364 ᠰᠢᠨ᠎ᠡ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 75% ᠪᠠᠷ ᠨᠡᠮᠡᠭᠳᠡᠨ᠂ ᠪᠥᠬᠦ ᠣᠷᠣᠨ ᠤ ᠨᠡᠮᠡᠭᠳᠡᠯ ᠤᠨ ᠬᠡᠮᠵᠢᠶ᠎ᠡ ᠶᠢᠨ 18% ᠰᠢᠬᠠᠮ ᠢ ᠡᠵᠡᠯᠡᠪᠡ᠃ ᠪᠤᠰᠤᠳ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠬᠥᠬᠡᠬᠤᠲᠠ ᠪᠤᠭᠤᠲᠤ ᠶᠢᠨ ︽ᠨᠢᠭᠡ ᠬᠤᠲᠠᠴᠢᠯᠠᠭᠰᠠᠨ︾ ᠬᠥᠭᠵᠢᠯᠲᠡ ᠶᠢ ᠲᠦᠷᠦᠭᠦᠯᠡᠨ ᠠᠬᠢᠭᠤᠯᠵᠤ᠂ 14 ᠲᠠᠯ᠎ᠠ ᠶᠢᠨ᠂ 60 ᠵᠦᠢᠯ ᠤᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠪᠠ︔ 3 ᠭᠤᠣᠯ ᠤᠷᠤᠰᠬᠠᠯ ᠵᠠᠭᠤᠴᠢᠯᠠᠭᠤᠷ ᠢ ᠪᠦᠬᠦ ᠣᠷᠣᠨ ᠤ ᠥᠭᠡᠷᠡᠴᠢᠯᠡᠯᠲᠡ ᠶᠢᠨ ᠵᠢᠱᠢᠶ᠎ᠡ ᠪᠣᠯᠭᠠᠨ ᠨᠡᠶᠢᠳᠬᠡᠨ ᠥᠭᠡᠷᠡᠴᠢᠯᠡᠪᠡ︔ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠢᠯᠢ ᠪᠦᠯᠦᠭᠯᠡᠯ ᠤᠨ ᠵᠡᠪᠰᠡᠭᠲᠦ ᠬᠦᠴᠦᠨ ᠤ ᠬᠡᠯᠲᠡᠰ  ᠨᠢ ᠤᠮᠠᠷᠠᠲᠤ ᠬᠡᠰᠡᠭ ᠤᠨ ᠪᠠᠶᠢᠯᠳᠤᠭᠠᠨ ᠤ ᠲᠣᠭᠤᠷᠢᠭ ᠤᠨ ᠠᠩᠬᠠᠳᠠᠭᠴᠢ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠪᠣᠯᠪᠠ᠃      ᠥᠩᠭᠡᠷᠡᠭᠰᠡᠨ ᠨᠢᠭᠡ ᠵᠢᠯ ᠳᠤ᠂ ᠪᠢᠳᠡ ᠡᠯ᠎ᠡ ᠲᠦᠷᠦᠯ ᠤᠨ ᠵᠥᠷᠢᠴᠡᠯ ᠠᠰᠠᠭᠤᠳᠠᠯ ᠢ ᠪᠦᠬᠦ ᠬᠦᠴᠦᠨ ᠢᠶᠠᠷ ᠢᠶᠠᠨ ᠪᠠᠶᠢᠴᠠᠭᠠᠨ ᠰᠢᠢᠳᠪᠦᠷᠢᠯᠡᠵᠦ᠂ ᠨᠢᠭᠡ ᠪᠦᠯᠦᠭ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠶᠤᠯ ᠲᠦᠭᠰᠢᠭᠦᠷᠢ ᠶᠢᠨ ᠭᠡᠮ ᠰᠣᠭᠤᠭ ᠢ ᠠᠷᠢᠯᠭᠠᠪᠠ᠃ ᠵᠠᠰᠠᠭ ᠤᠨ ᠣᠷᠳᠣᠨ ᠤ ᠣᠨ ᠤ ᠳᠠᠯᠳᠠ ᠥᠭᠴᠡᠭᠡ ᠶᠢ ᠠᠷᠢᠯᠭᠠᠬᠤ ᠡᠭᠦᠷᠭᠡ ᠶᠢ ᠤᠷᠢᠳ ᠢᠶᠠᠷ ᠪᠡᠶᠡᠯᠡᠭᠦᠯᠪᠡ᠃ 29880 ᠢᠵᠢ ︽ᠠᠰᠠᠷ ᠲᠤᠰᠢᠶᠠᠬᠤ ᠶᠢ ᠪᠠᠲᠤᠯᠠᠬᠤ︾ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ 5 ᠵᠢᠯ ᠰᠤᠯᠠ ᠲᠠᠯᠪᠢᠭᠰᠠᠨ ᠰᠢᠨᠬᠤᠸᠠ ᠲᠠᠯᠠᠪᠠᠢ᠂ ᠵᠡᠭᠦᠨ ᠠᠶᠠᠨᠴᠢᠳ ᠤᠨ ᠦᠷᠳᠡᠭᠡ ᠶᠢᠨ ᠡᠮᠦᠨ᠎ᠡ ᠲᠠᠯᠠᠪᠠᠢ ᠶᠢᠨ ᠭᠠᠵᠠᠷ ᠳᠣᠣᠷᠠᠬᠢ ᠬᠤᠳᠠᠯᠳᠤᠭ᠎ᠠ ᠪᠣᠯᠣᠨ ᠡᠷᠬᠢᠨ ᠲᠣᠭᠤᠷᠢᠨ ᠤ ᠠᠰᠠᠷ ᠪᠠᠶᠢᠰᠢᠩ ᠢ ᠠᠮᠢᠯᠠᠭᠤᠯᠪᠠ᠃ 15 ᠵᠢᠯ ᠥᠩᠭᠡᠷᠡᠭᠰᠡᠨ 11 ᠳᠠᠷᠤᠭᠳᠠᠭᠰᠠᠨ ᠠᠮᠢᠨ ᠬᠡᠷᠡᠭ ᠢ ᠠᠮᠵᠢᠯᠲᠠ ᠲᠠᠢ ᠪᠠᠷ ᠳᠡᠩᠨᠡᠨ ᠢᠯᠡᠷᠡᠭᠦᠯᠵᠦ᠂ ᠴᠠᠬᠢᠯᠭᠠᠨ ᠬᠤᠯᠪᠣᠭᠠᠨ ᠤ ᠮᠡᠬᠡᠯᠡᠯ ᠤᠨ ᠶᠠᠯᠠᠲᠤ ᠬᠡᠷᠡᠭ ᠤᠨ ᠬᠡᠷᠡᠭ ᠭᠠᠷᠤᠭᠰᠠᠨ ᠬᠡᠮᠵᠢᠶ᠎ᠡ 5.1% ᠪᠠᠷ ᠪᠠᠭᠤᠷᠠᠪᠠ᠃ ᠵᠠᠬᠢᠳᠠᠯ ᠰᠣᠷᠪᠤᠯᠵᠢᠯᠠᠭ᠎ᠠ ᠶᠢ ᠣᠷᠣᠯᠠᠨ ᠰᠢᠢᠳᠪᠦᠷᠢᠯᠡᠬᠦ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠵᠠᠬᠢᠳᠠᠯ ᠰᠣᠷᠪᠤᠯᠵᠢᠯᠠᠭ᠎ᠠ ᠶᠢᠨ ᠴᠡᠪᠡᠷ ᠬᠡᠷᠡᠭ ᠢ ᠰᠢᠢᠳᠪᠦᠷᠢᠯᠡᠬᠦ ᠨᠤᠷᠮ᠎ᠠ ᠶᠢ 66% ᠪᠠᠶᠢᠭᠰᠠᠨ ᠠᠴᠠ 92% ᠪᠣᠯᠲᠠᠯ᠎ᠠ ᠳᠡᠭᠡᠭᠰᠢᠯᠡᠭᠦᠯᠪᠡ᠃ ᠠᠶᠤᠯᠭᠦᠢ ᠦᠢᠯᠡᠳᠪᠦᠷᠢᠯᠡᠯ ᠢ ᠶᠡᠬᠡᠪᠡᠷ ᠵᠢᠭᠰᠠᠭᠠᠨ ᠪᠠᠶᠢᠴᠠᠭᠠᠬᠤ᠂ ᠶᠡᠬᠡᠪᠡᠷ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠠᠶᠤᠯᠭᠦᠢ ᠦᠢᠯᠡᠳᠪᠦᠷᠢᠯᠡᠯ ᠤᠨ ᠬᠦᠨᠳᠦ ᠶᠡᠭᠡ ᠠᠳᠡᠯ ᠭᠠᠷᠤᠭᠰᠠᠨ ᠦᠭᠡᠢ᠃ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠪᠠᠷ ᠦᠨᠡᠯᠡᠭᠳᠡᠪᠡ᠃ ︽ᠤᠯᠤᠰ ᠤᠨ ᠡᠷᠡᠭᠦᠯ ᠬᠠᠮᠠᠭᠠᠯᠠᠯ ᠤᠨ ᠬᠤᠳᠠ︾ ᠶᠢᠨ ᠲᠠᠬᠢᠨ ᠬᠢᠨᠠᠯᠲᠠ ᠶᠢ ᠤᠷᠤᠭᠰᠢᠲᠠᠢ ᠥᠩᠭᠡᠷᠡᠭᠡᠪᠡ᠃ ︽2023 ᠳᠤᠮᠳᠠᠳᠤ ᠤᠯᠤᠰ ᠤᠨ ᠬᠠᠮᠤᠭ ᠤᠨ ᠵᠣᠯ ᠵᠢᠷᠭᠠᠯᠲᠤ ᠲᠥᠷᠥᠭᠳᠡᠯ ᠲᠠᠢ ᠬᠤᠲᠠ︾ ᠶᠢᠨ ᠢᠷᠠᠭᠤ ᠠᠯᠳᠠᠷ ᠢ ᠣᠯᠪᠠ᠃       ᠥᠩᠭᠡᠷᠡᠭᠰᠡᠨ ᠨᠢᠭᠡ ᠵᠢᠯ ᠳᠤ᠂ ᠪᠢᠳᠡ ᠲᠤᠰ ᠪᠡᠶ᠎ᠡ ᠶᠢᠨ ᠪᠠᠶᠢᠭᠤᠯᠤᠯᠲᠠ ᠪᠠᠨ ᠪᠦᠬᠦ ᠲᠠᠯ᠎ᠠ ᠪᠠᠷ ᠴᠢᠩᠭᠠᠳᠬᠠᠵᠤ᠂ ᠵᠠᠰᠠᠭ ᠤᠨ ᠣᠷᠳᠣᠨ ᠤ ᠬᠡᠷᠡᠭᠵᠢᠭᠦᠯᠦᠯᠲᠡ ᠶᠢ ᠠᠳᠬᠤᠬᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠴᠢᠳᠠᠪᠤᠷᠢ ᠤᠯᠠᠮ ᠨᠢᠭᠡ ᠠᠯᠬᠤᠮ ᠴᠢᠩᠭᠠᠷᠠᠪᠠ᠃ ︽ᠰᠤᠷᠤᠯᠴᠠᠬᠤ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠬᠤ ᠪᠠᠷ ᠤᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠬᠤ ᠪᠠᠷ ᠰᠤᠷᠲᠠᠯ ᠢ ᠲᠥᠪ ᠪᠣᠯᠭᠠᠬᠤ᠂ ᠰᠤᠷᠤᠯᠴᠠᠬᠤ ᠪᠠᠷ ᠠᠵᠢᠯᠯᠠᠬᠤ ᠶᠢ ᠠᠬᠢᠭᠤᠯᠬᠤ︾ ᠶᠢ ᠪᠠᠷᠢᠮᠲᠠᠯᠠᠵᠤ᠂ ᠬᠤᠶᠠᠳᠤᠭᠠᠷ ᠪᠦᠯᠦᠭ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠠᠵᠢᠯ ᠤᠨ ᠬᠢᠨᠠᠯᠲᠠ ᠪᠠ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠰᠢᠢᠳᠪᠦᠷᠢᠯᠡᠵᠦ ᠬᠠᠷᠢᠭᠤᠯᠤᠭᠰᠠᠨ ᠨᠤᠷᠮ᠎ᠠ ᠴᠥᠮ 100% ᠬᠦᠷᠪᠡ᠃ ︽ᠪᠥᠬᠦ ᠣᠷᠣᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ︾ ᠶᠢᠨ ᠢᠷᠠᠭᠤ ᠠᠯᠳᠠᠷ ᠢ ᠭᠥᠷᠳᠡᠪᠡ᠃ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠵᠦ᠂ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠪᠡ᠃ ︽ᠪᠠᠷᠢᠮᠵᠢᠶ᠎ᠠ ᠶᠢ ᠳᠡᠭᠡᠭᠰᠢᠯᠡᠭᠦᠯᠬᠦ᠂ ᠬᠤᠷᠳᠤᠴᠠ ᠶᠢ ᠳᠡᠭᠡᠭᠰᠢᠯᠡᠭᠦᠯᠬᠦ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ︾ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ︽ᠭᠤᠷᠪᠠᠨ ᠠᠷᠪᠢᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠵᠠᠰᠠᠭ ᠤᠨ ᠣᠷᠳᠣᠨ ᠤ ᠬᠡᠷᠡᠭᠵᠢᠭᠦᠯᠬᠦ ᠬᠦᠴᠦᠨ᠂ ᠤᠯᠠᠨ ᠨᠡᠶᠢᠲᠡ ᠶᠢ ᠢᠲᠡᠭᠡᠭᠦᠯᠬᠦ ᠬᠦᠴᠦᠨ ᠤᠯᠠᠮ ᠨᠢᠭᠡ ᠠᠯᠬᠤᠮ ᠴᠢᠩᠭᠠᠷᠠᠪᠠ᠃      ᠲᠥᠯᠥᠭᠡᠯᠡᠭᠴᠢᠳ ᠡ︕ ᠥᠩᠭᠡᠷᠡᠭᠰᠡᠨ ᠨᠢᠭᠡ ᠵᠢᠯ ᠳᠤ᠂ ᠪᠢᠳᠡ ᠤᠳᠠᠭ᠎ᠠ ᠳᠠᠷᠠᠭᠠᠯᠠᠨ ᠪᠠᠶᠢᠯᠳᠤᠵᠤ᠂ ᠤᠳᠠᠭ᠎ᠠ ᠳᠠᠷᠠᠭᠠᠯᠠᠨ ᠰᠢᠪᠲᠤᠯᠵᠤ᠂ ᠤᠷᠢᠳ ᠡᠮᠦᠨ᠎ᠡ ᠪᠠᠶᠢᠭ᠎ᠠ ᠦᠭᠡᠢ ᠰᠢᠯᠭᠠᠯᠲᠠ ᠶᠢ ᠳᠠᠭᠠᠭᠠᠵᠤ᠂ ᠲᠤᠶᠢᠯ ᠤᠨ ᠬᠤᠪᠣᠷ ᠨᠠᠨᠳᠢᠨ ᠠᠮᠵᠢᠯᠲᠠ ᠣᠯᠵᠤ᠂ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠮᠵᠢ ᠢᠯᠡᠳᠲᠡ ᠪᠠᠶᠢᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠬᠤᠳᠠ ᠪᠠᠷ ᠦᠨᠡᠯᠡᠭᠳᠡᠪᠡ᠃ ᠡᠨᠡ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢ ᠨᠢᠭᠲᠠᠷᠠᠭᠤᠯᠤᠨ ᠰᠦᠭ ᠰᠦᠨᠡᠰᠦ ᠶᠢ ᠱᠤᠭᠤᠵᠤ᠂ ᠰᠢᠨᠵᠢᠯᠡᠬᠦ ᠤᠬᠠᠭᠠᠨᠴᠢ ᠪᠠᠷ ᠵᠢᠭᠠᠨ ᠵᠢᠯᠣᠭᠤᠳᠤᠭᠰᠠᠨ ᠤ ᠦᠷ᠎ᠡ ᠳ᠋ᠦᠩ ᠮᠥᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠬᠤᠳᠠ ᠶᠢᠨ ᠨᠠᠮ ᠤᠨ ᠬᠤᠷᠢᠶ᠎ᠠ ᠶᠢᠨ ᠲᠥᠪ ᠴᠢᠩᠭ᠎ᠠ ᠤᠳᠤᠷᠢᠳᠤᠯᠭ᠎ᠠ᠂ ᠵᠥᠪ ᠣᠨᠣᠪᠴᠢᠲᠠᠢ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠤ ᠦᠷ᠎ᠡ ᠳ᠋ᠦᠩ ᠮᠥᠨ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠬᠦᠴᠦᠲᠡᠢ ᠬᠢᠨᠠᠯᠲᠠ ᠲᠠᠯᠪᠢᠵᠤ᠂ ᠬᠦᠴᠦᠯᠡᠨ ᠳᠡᠮᠵᠢᠭᠰᠡᠨ ᠤ ᠦᠷ᠎ᠡ ᠳ᠋ᠦᠩ ᠮᠥᠨ᠂ ᠪᠦᠬᠦ ᠬᠤᠳᠠ ᠶᠢᠨ ᠠᠷᠠᠳ ᠲᠦᠮᠡᠨ ᠬᠠᠮᠲᠤᠪᠠᠷ ᠴᠢᠷᠮᠠᠶᠢᠵᠤ᠂ ᠬᠠᠮᠲᠤᠪᠠᠷ ᠠᠵᠢᠯᠯᠠᠵᠤ᠂ ᠬᠠᠮᠲᠤᠪᠠᠷ ᠲᠡᠮᠡᠴᠡᠵᠦ ᠪᠠᠶᠢᠭᠠᠳ ᠣᠯᠣᠭᠰᠠᠨ ᠶᠤᠮ︕ ᠠᠳᠡ ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠪᠦᠬᠦ ᠬᠤᠳᠠ ᠶᠢᠨ ᠥᠷᠭᠡᠨ ᠤᠯᠠᠨ ᠺᠠᠳ᠋ᠷ ᠤᠯᠠᠨ ᠲᠦᠮᠡᠨ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠠᠷᠠᠳ ᠤᠨ ᠪᠦᠯᠬᠦᠮ ᠵᠢᠴᠢ ᠡᠯ᠎ᠡ ᠡᠲᠡᠭᠡᠳ ᠤᠨ ᠬᠥᠮᠥᠰ ᠲᠤ ᠡᠷᠬᠢᠮ ᠳᠡᠭᠡᠳᠦ ᠬᠦᠨᠳᠦᠳᠬᠡᠯ ᠳᠡᠪᠰᠢᠭᠦᠯᠦᠶ᠎ᠡ︕ ᠬᠥᠬᠡᠬᠤᠲᠠ ᠶᠢᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠪᠦᠬᠦ ᠨᠥᠬᠦᠳ᠂ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠳᠡᠪᠰᠢᠭᠦᠯᠦᠶ᠎ᠡ︕      ᠥᠩᠭᠡᠷᠡᠭᠰᠡᠨ ᠨᠢᠭᠡ ᠵᠢᠯ ᠤᠨ ᠠᠵᠢᠯ ᠢᠶᠠᠨ ᠡᠷᠭᠢᠴᠡᠭᠦᠯᠵᠦ᠂ ᠮᠠᠨ ᠤ ᠬᠥᠭᠵᠢᠯᠲᠡ ᠶᠢ ᠵᠦᠢᠴᠢᠯᠡᠨ ᠵᠠᠳᠠᠯᠬᠤ ᠳᠤ ᠪᠠᠰᠠ ᠵᠠᠷᠢᠮ ︽ᠲᠣᠭᠤᠷᠢᠵᠤ ᠭᠠᠷᠴᠤ ᠳᠡᠶᠢᠯᠬᠦ ᠦᠭᠡᠢ᠂ ᠰᠢᠯᠵᠢᠭᠦᠯᠵᠦ ᠳᠡᠶᠢᠯᠬᠦ ᠦᠭᠡᠢ︾ ᠠᠰᠠᠭᠤᠳᠠᠯ ᠣᠷᠣᠰᠢᠵᠤ ᠪᠠᠶᠢᠨ᠎ᠠ᠃ ᠨᠢᠭᠡ ᠳᠤ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠡᠭᠡ ᠪᠢᠰᠢ᠂ ᠳᠠᠶᠢᠴᠢᠯᠠᠬᠤ ᠬᠦᠴᠦᠨ ᠴᠢᠩᠭ᠎ᠠ ᠪᠢᠰᠢ᠂ ᠠᠵᠤ ᠦᠢᠯᠡᠰ ᠤᠨ ᠰᠠᠭᠤᠷᠢ ᠪᠠᠰᠠ ᠯᠠᠪᠳᠠᠭᠤᠨ ᠪᠠᠲᠤᠲᠠᠢ ᠪᠢᠰᠢ᠂ ᠣᠷᠣᠨ ᠪᠦᠰᠡ ᠶᠢᠨ ᠲᠥᠪ ᠬᠤᠳᠠ ᠶᠢᠨ ᠲᠠᠲᠠᠬᠤ ᠬᠦᠴᠦᠨ᠂ ᠳᠠᠭᠠᠭᠠᠴᠠ᠂ ᠭᠤᠣᠯᠯᠠᠬᠤ ᠥᠷᠢᠰᠦᠯᠳᠦᠬᠦ ᠬᠦᠴᠦᠨ ᠬᠦᠷᠦᠯᠴᠡᠬᠦ ᠦᠭᠡᠢ ᠪᠠᠶᠢᠨ᠎ᠠ︔ ᠬᠤᠶᠠᠷ ᠲᠤ ᠠᠷᠠᠳ ᠤᠨ ᠡᠵᠡᠩᠨᠡᠯᠲᠡ ᠶᠢᠨ ᠠᠵᠤ ᠠᠬᠤᠢ ᠳᠤ ᠦᠢᠯᠡᠴᠢᠯᠡᠬᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠲᠡᠷᠢᠭᠦᠨ ᠤ ᠭᠠᠵᠠᠷ ᠣᠷᠣᠨ ᠲᠠᠢ ᠬᠠᠷᠢᠴᠠᠭᠤᠯᠪᠠᠯ ᠰᠠᠨᠠᠭᠠᠴᠢᠯᠠᠭᠠᠲᠤ ᠴᠢᠨᠠᠷ ᠪᠣᠯᠣᠨ ᠨᠠᠷᠢᠯᠢᠭ ᠣᠨᠣᠪᠴᠢ ᠶᠢᠨ ᠬᠡᠮᠵᠢᠶ᠎ᠡ ᠭᠦᠢᠴᠡᠳ ᠪᠤᠰᠤ ᠪᠠᠶᠢᠨ᠎ᠠ︔ ᠭᠤᠷᠪᠠ ᠳᠤ ᠬᠤᠳᠠ ᠶᠢᠨ ᠬᠥᠭᠵᠢᠯᠲᠡ ᠶᠢᠨ ᠳᠤᠮᠳᠠᠬᠢ ᠬᠠᠭᠤᠴᠢᠨ ᠬᠤᠷᠢᠶᠠᠯᠠᠯ᠂ ᠬᠤᠳᠠ ᠶᠢᠨ ᠳᠤᠮᠳᠠᠬᠢ ᠲᠣᠰᠬᠤᠨ ᠢ ᠥᠭᠡᠷᠡᠴᠢᠯᠡᠬᠦ᠂ ᠣᠷᠣᠰᠢᠨ ᠰᠠᠭᠤᠬᠤ ᠳᠤ ᠲᠣᠬᠢᠷᠠᠮᠵᠢᠲᠠᠢ ᠣᠷᠴᠢᠨ ᠲᠣᠭᠤᠷᠢᠨ ᠢ ᠪᠤᠢ ᠪᠣᠯᠭᠠᠬᠤ ᠵᠢᠴᠢ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠵᠡᠷᠭᠡ ᠳᠤ ᠪᠠᠰᠠ ᠴᠥᠭᠡᠨ ᠪᠤᠰᠤ ᠳᠤᠲᠠᠭᠳᠠᠯ ᠣᠷᠣᠰᠢᠵᠤ ᠪᠠᠶᠢᠨ᠎ᠠ︔ ᠳᠥᠷᠪᠡ ᠳᠤ ᠠᠷᠠᠳ ᠲᠦᠮᠡᠨ ᠤ ᠠᠩᠬᠠᠷᠴᠤ ᠪᠠᠶᠢᠭ᠎ᠠ ᠰᠤᠷᠭᠠᠭᠤᠯᠢ ᠳᠤ ᠣᠷᠣᠬᠤ᠂ ᠡᠪᠡᠳᠴᠢᠨ ᠦᠵᠡᠭᠦᠯᠬᠦ᠂ ᠨᠠᠰᠤᠵᠢᠯ ᠤᠨ ᠠᠰᠠᠷᠠᠮᠵᠢ᠂ ᠬᠡᠦᠬᠡᠳ ᠰᠠᠭᠠᠲᠠᠭᠤᠯᠬᠤ ᠵᠡᠷᠭᠡ ︽ᠨᠢᠭᠡ ᠨᠠᠰᠤᠲᠠᠨ ᠨᠢᠭᠡ ᠨᠢᠯᠬ᠎ᠠ︾ ᠶᠢᠨ ᠪᠠᠴᠢᠮᠳᠠᠵᠤ ᠬᠦᠴᠢᠷᠳᠡᠵᠦ ᠵᠣᠪᠠᠵᠤ ᠬᠦᠰᠡᠵᠦ ᠰᠠᠨᠠᠭᠰᠠᠨ ᠠᠰᠠᠭᠤᠳᠠᠯ ᠵᠢᠴᠢ ᠵᠠᠷᠢᠮ ᠭᠠᠵᠠᠷ ᠣᠷᠣᠨ ᠤ ᠤᠰᠤ ᠢᠳᠡᠬᠦ ᠳᠤ ᠬᠦᠴᠢᠷ᠂ ᠳᠤᠯᠠᠭᠠᠯᠠᠭ᠎ᠠ ᠬᠠᠩᠭᠠᠬᠤ ᠪᠠᠷ ᠠᠨᠠᠢ ᠪᠠᠶᠢᠬᠤ ᠵᠡᠷᠭᠡ ᠤᠯᠠᠨ ᠲᠦᠮᠡᠨ ᠤ ᠳᠡᠷᠭᠡᠳᠡᠬᠢ ᠤᠴᠢᠷ ᠨᠢ ᠬᠥᠮᠥᠨ ᠤ ᠰᠠᠨᠠᠭᠠᠨ ᠳᠤ ᠬᠦᠷᠬᠦ ᠦᠭᠡᠢ ᠪᠠᠶᠢᠨ᠎ᠠ︔ ᠲᠠᠪᠤ ᠳᠤ ᠪᠠᠰᠠ ᠵᠠᠷᠢᠮ ᠺᠠᠳ᠋ᠷᠴᠤᠳ ᠤᠨ ᠦᠵᠡᠯ ᠰᠠᠨᠠᠭ᠎ᠠ ᠣᠶᠢᠯᠠᠭᠠᠭᠳᠠᠬᠤᠨ ᠨᠢ ᠲᠦᠭᠵᠢᠷᠡᠮᠡᠯ ᠬᠡᠪᠰᠢᠮᠡᠯ ᠪᠠᠶᠢᠵᠤ᠂ ᠭᠠᠪᠰᠢᠭᠠᠶᠢᠯᠠᠨ ᠠᠵᠢᠯᠯᠠᠬᠤ ᠡᠷᠴᠢ ᠵᠣᠷᠢᠭ ᠨᠢ ᠬᠦᠷᠦᠯᠴᠡᠬᠦ ᠦᠭᠡᠢ᠂ ᠣᠪᠣᠷ ᠰᠤᠷᠲᠠᠯ ᠨᠢ ︽ᠤᠳᠠᠭᠠᠨ ᠤᠳᠠᠭᠠᠰᠢᠷᠠᠭᠤᠯᠬᠤ ᠬᠡᠶᠢᠰᠪᠦᠷᠢ︾ ᠪᠠᠶᠢᠵᠤ᠂ ᠬᠥᠭᠵᠢᠯᠲᠡ ᠶᠢᠨ ᠱᠠᠭᠠᠷᠳᠠᠯᠭ᠎ᠠ ᠶᠢ ᠲᠠᠭᠠᠵᠤ ᠠᠮᠵᠢᠬᠤ ᠦᠭᠡᠢ ᠪᠠᠶᠢᠨ᠎ᠠ᠃ ᠡᠳᠡᠭᠡᠷ ᠠᠰᠠᠭᠤᠳᠠᠯ ᠢ ᠡᠷᠬᠡᠪᠰᠢ ᠨᠢᠭᠡ ᠨᠢᠭᠡ ᠪᠠᠷ ᠮᠥᠷᠳᠡᠵᠦ᠂ ᠨᠢᠭᠡ ᠨᠢᠭᠡ ᠪᠠᠷ ᠥᠭᠡᠷᠡᠴᠢᠯᠡᠵᠦ᠂ ᠲᠦᠷᠭᠡᠯᠡᠵᠦ ᠪᠣᠯᠬᠤ ᠶᠢ ᠨᠢ ᠲᠦᠷᠭᠡᠯᠡᠵᠦ᠂ ᠠᠰᠠᠭᠤᠳᠠᠯ ᠢ ᠲᠤᠶᠢᠯᠪᠤᠷᠢᠲᠠᠢ ᠰᠢᠢᠳᠪᠦᠷᠢᠯᠡᠲᠡᠯ᠎ᠡ ᠤᠷᠲᠤ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠢ ᠪᠠᠶᠢᠨ᠎ᠠ᠃      ᠬᠤᠶᠠᠷ᠂ 2024 ᠣᠨ ᠤ ᠠᠵᠢᠯ ᠤᠨ ᠲᠣᠬᠢᠷᠠᠭᠤᠯᠤᠯᠲᠠ      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠠᠴᠠ ᠵᠢᠷᠭᠤᠭᠠᠨ ᠢᠨᠵᠧᠨᠧᠷᠢᠩ᠂ ᠲᠤᠯᠤᠭᠠᠨ ᠡᠭᠦᠷᠭᠡ ᠶᠢ ᠪᠠᠶᠢᠷᠢᠯᠠᠭᠤᠯᠪᠠ︔ ᠬᠤᠳᠠ ᠶᠢᠨ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠳᠣᠯᠣᠳᠤᠭᠠᠷ ᠪᠦᠬᠦᠳᠠ ᠬᠤᠷᠠᠯ ᠵᠢᠴᠢ ᠪᠦᠬᠦ ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯ ᠠᠴᠠ ᠠᠳᠬᠤᠬᠤ ᠴᠢᠬᠤᠯᠠᠲᠠᠢ ᠲᠠᠪᠤᠨ ᠵᠠᠩᠭᠢᠯᠠᠭ᠎ᠠ ᠶᠢ ᠲᠣᠳᠣᠷᠬᠠᠶᠢᠯᠠᠵᠤ᠂ ᠶᠢᠰᠦᠨ ᠭᠤᠣᠯᠳᠠᠯᠭ᠎ᠠ ᠲᠠᠢ ᠠᠵᠢᠯ ᠢ ᠲᠣᠬᠢᠷᠠᠭᠤᠯᠪᠠ᠃ ᠡᠳᠡᠭᠡᠷ ᠪᠣᠯ ᠴᠥᠮ ᠴᠢᠩᠭ᠎ᠠ ᠠᠳᠬᠤᠬᠤ ᠶᠡᠭᠡ ᠤᠴᠢᠷ᠂ ᠰᠢᠪᠲᠤᠯᠤᠯᠲᠠ ᠬᠢᠬᠦ ᠴᠢᠬᠤᠯᠠ ᠤᠴᠢᠷ ᠮᠥᠨ᠂ ᠮᠥᠨ ᠴᠦ ᠡᠷᠬᠡᠪᠰᠢ ᠠᠬᠢᠭᠤᠯᠬᠤ ᠪᠣᠳᠠᠲᠤ ᠤᠴᠢᠷ᠂ ᠵᠠᠪᠠᠯ ᠪᠦᠲᠦᠭᠡᠬᠦ ᠰᠠᠶᠢᠨ ᠤᠴᠢᠷ ᠮᠥᠨ᠂ ᠪᠢᠳᠡ ᠡᠳᠡᠭᠡᠷ ᠵᠠᠩᠭᠢᠯᠠᠭ᠎ᠠ ᠪᠣᠯᠣᠨ ᠭᠤᠣᠯᠳᠠᠯᠭ᠎ᠠ ᠶᠢ ᠴᠢᠩᠭ᠎ᠠ ᠠᠳᠬᠤᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡᠬᠦ ᠭᠤᠣᠯ ᠰᠢᠵᠢᠮ ᠢ ᠣᠷᠣᠨ ᠤ ᠲᠥᠪ ᠬᠤᠲᠠ ᠶᠢᠨ ᠡᠯ᠎ᠡ ᠵᠦᠢᠯ ᠤᠨ ᠠᠵᠢᠯ ᠳᠤᠮᠳᠠ ᠲᠤᠭᠤᠰᠢᠯᠠᠭᠤᠯᠵᠤ᠂ ︽ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ︾ ᠢ ᠬᠡᠷᠡᠭᠵᠢᠭᠦᠯᠬᠦ ᠪᠠᠷ ᠠᠵᠠ ᠲᠣᠬᠢᠶᠠᠯ ᠪᠣᠯᠭᠠᠵᠤ᠂ ᠲᠦᠷᠦ ᠶᠢᠨ ᠪᠣᠳᠣᠯᠭ᠎ᠠ ᠶᠢ ᠨᠡᠪᠲᠡᠷᠬᠡᠢ ᠣᠶᠢᠯᠠᠭᠠᠵᠤ᠂ ᠲᠦᠷᠦ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ᠂ ᠲᠦᠷᠦ ᠶᠢᠨ ᠪᠣᠳᠣᠯᠭ᠎ᠠ ᠶᠢ ᠦᠨᠡᠨᠬᠦ ︽ᠴᠠᠭᠠᠰᠤᠨ ᠳᠡᠭᠡᠷ᠎ᠡ︾ ᠠᠴᠠ ︽ᠭᠠᠵᠠᠷ ᠳᠡᠭᠡᠷ᠎ᠡ︾ ᠨᠠᠶᠢᠳᠠᠪᠤᠷᠢᠵᠢᠭᠤᠯᠵᠤ᠂ ᠲᠥᠪ ᠥᠪᠡᠷᠲᠡᠭᠡᠨ ᠵᠠᠰᠠᠬᠤ ᠣᠷᠣᠨ ᠪᠣᠯᠣᠨ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠰᠠᠶᠢᠲᠤᠷ ᠬᠡᠷᠡᠭᠵᠢᠭᠦᠯᠵᠦ᠂ ᠰᠠᠶᠢᠲᠤᠷ ᠨᠠᠶᠢᠳᠠᠪᠤᠷᠢᠵᠢᠭᠤᠯᠤᠨ᠎ᠠ᠃      ᠪᠦᠬᠦ ᠬᠤᠲᠠ ᠶᠢᠨ ᠠᠵᠤ ᠠᠬᠤᠢ ᠨᠡᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠳᠡᠭ 8% ᠣᠷᠴᠢᠮ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠳᠡᠭ 16% ᠣᠷᠴᠢᠮ ᠨᠡᠮᠡᠭᠳᠡᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 18% ᠠᠴᠠ ᠳᠡᠭᠡᠭᠰᠢ ᠨᠡᠮᠡᠭᠳᠡᠵᠦ᠂ ᠨᠡᠶᠢᠭᠡᠮ ᠤᠨ ᠬᠡᠷᠡᠭᠯᠡᠭᠡᠨ ᠤ ᠲᠠᠸᠠᠷ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ 10% ᠨᠡᠮᠡᠭᠳᠡᠵᠦ᠂ ᠡᠩ ᠤᠨ ᠤᠯᠠᠨ ᠨᠡᠶᠢᠲᠡ ᠶᠢᠨ ᠲᠥᠰᠥᠪ ᠤᠨ ᠣᠷᠣᠯᠭ᠎ᠠ 6% ᠣᠷᠴᠢᠮ ᠨᠡᠮᠡᠭᠳᠡᠵᠦ᠂ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠡᠷᠦᠩᠬᠡᠢ ᠲᠤᠭ᠎ᠠ 13% ᠣᠷᠴᠢᠮ ᠨᠡᠮᠡᠭᠳᠡᠵᠦ᠂ ᠪᠥᠬᠦ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 6.5% ᠣᠷᠴᠢᠮ ᠨᠡᠮᠡᠭᠳᠡᠵᠦ᠂ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠠᠯᠲᠠ ᠶᠢ ᠪᠡᠶᠡᠯᠡᠭᠦᠯᠦᠨ᠎ᠡ᠃ ᠠᠵᠤ ᠠᠬᠤᠢ ᠶᠢᠨ ᠭᠤᠣᠯ ᠭᠦᠢᠴᠡᠳᠬᠡᠯ ᠲᠤᠭ᠎ᠠ ᠶᠢᠨ ᠨᠡᠮᠡᠭᠳᠡᠯ ᠤᠨ ᠬᠤᠷᠳᠤᠴᠠ ᠶᠢ ᠪᠦᠬᠦ ᠣᠷᠣᠨ ᠤ ᠡᠮᠦᠨ᠎ᠡ ᠪᠠᠶᠢᠷᠢᠨ ᠳᠤ ᠪᠠᠲᠤᠯᠠᠵᠤ᠂ ᠮᠤᠵᠢ ᠶᠢᠨ ᠲᠥᠪ ᠬᠤᠳᠠ ᠶᠢᠨ ᠡᠮᠦᠨ᠎ᠡ ᠡᠩᠨᠡᠭᠡᠨ ᠳᠤ ᠪᠠᠲᠤᠯᠠᠵᠤ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠦᠬᠦ ᠤᠯᠤᠰ ᠤᠨ ᠵᠠᠭᠤᠨ ᠬᠦᠴᠦᠷᠬᠡᠭ ᠬᠤᠳᠠ ᠳᠣᠲᠣᠷ᠎ᠠ ᠤᠯᠠᠮ ᠨᠢᠭᠡ ᠠᠯᠬᠤᠮ ᠳᠡᠭᠡᠭᠰᠢᠯᠡᠨ᠎ᠡ᠃      ᠳᠡᠭᠡᠷᠡᠬᠢ ᠭᠦᠢᠴᠡᠳᠬᠡᠯ ᠲᠤᠭ᠎ᠠ ᠶᠢᠨ ᠲᠣᠬᠢᠷᠠᠭᠤᠯᠤᠯᠲᠠ ᠨᠢ ᠴᠥᠮ ᠥᠪᠡᠷᠲᠡᠭᠡᠨ ᠵᠠᠰᠠᠬᠤ ᠣᠷᠣᠨ ᠤ ᠳᠤᠮᠳᠠᠴᠢ ᠬᠢᠷᠢ ᠲᠦᠪᠰᠢᠨ ᠠᠴᠠ ᠳᠠᠪᠠᠵᠤ᠂ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠭᠰᠠᠨ ᠮᠥᠷᠲᠡᠭᠡᠨ ᠪᠠᠰᠠ ︽ᠣᠷᠣᠨ ᠤ ᠲᠥᠪ ᠬᠤᠲᠠ ᠶᠢ ᠬᠦᠴᠦᠷᠬᠡᠭᠵᠢᠭᠦᠯᠬᠦ᠂ ᠣᠷᠣᠨ ᠳᠡᠪᠰᠢᠬᠦ ᠪᠠᠷ ᠴᠢᠷᠮᠠᠶᠢᠬᠤ ᠂ ᠬᠤᠪᠢ ᠨᠡᠮᠡᠷᠢ ᠦᠵᠡᠭᠦᠯᠬᠦ︾ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠦᠭᠰᠡᠨ ᠪᠠᠶᠢᠨ᠎ᠠ᠃ ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠳᠤ᠂ ᠠᠰᠢᠭᠲᠠᠢ ᠲᠦᠷᠦ ᠶᠢᠨ ᠪᠣᠳᠣᠯᠭ᠎ᠠ ᠶᠢᠨ ᠳᠡᠮᠵᠢᠯᠭᠡ ᠂ ᠬᠥᠭᠵᠢᠯᠲᠡ ᠶᠢᠨ ᠰᠠᠭᠤᠷᠢ ᠲᠠᠢ ᠲᠤᠯᠭᠠᠭᠤᠷᠢᠯᠠᠯ᠂ ᠣᠷᠣᠨ ᠲᠠᠪᠰᠢᠨ ᠭᠦᠢᠴᠡᠵᠦ ᠳᠠᠪᠠᠭ᠋ᠤ ᠱᠠᠭᠠᠷᠳᠠᠯᠭ᠎ᠠ ᠂ ᠪᠠᠰᠠ ᠬᠤᠶᠠᠷ ᠵᠢᠯ ᠤᠨ 13 ᠤᠳᠠᠭ᠎ᠠ ᠶᠢᠨ ᠴᠢᠨᠠᠷ ᠰᠠᠶᠢᠲᠠᠢ ᠬᠥᠭᠵᠢᠯᠲᠡ ᠶᠢᠨ ᠠᠬᠤᠢ ᠲᠠᠯᠠᠪᠠᠢ ᠶᠢᠨ ᠬᠤᠷᠠᠯ ᠢᠶᠠᠷ ᠨᠢᠭᠲᠠᠷᠠᠭᠤᠯᠤᠭᠰᠠᠨ ᠬᠦᠴᠦᠷᠬᠡᠭ ᠶᠡᠭᠡ ᠠᠵᠢᠯ ᠬᠢᠵᠦ ᠦᠢᠯᠡᠰ ᠪᠣᠰᠬᠠᠬᠤ ᠲᠡᠮᠡᠴᠡᠯ ᠤᠨ ᠵᠣᠷᠢᠭ ᠪᠠᠶᠢᠬᠤ ᠬᠡᠷᠡᠭᠲᠡᠢ᠃ ᠪᠢᠳᠡ ᠳᠡᠭᠡᠷ᠎ᠡ ᠳᠣᠣᠷ᠎ᠠ ᠱᠠᠲᠤ ᠪᠠᠷ ᠢᠶᠠᠨ ᠰᠡᠳᠬᠢᠯ ᠨᠢᠭᠡᠳᠦᠨ ᠵᠣᠷᠢᠭᠲᠠᠢ ᠪᠠᠷ ᠰᠡᠳᠬᠢᠵᠦ ᠵᠣᠷᠢᠭᠲᠠᠢ ᠪᠠᠷ ᠠᠵᠢᠯᠯᠠᠨ᠂ ︽ᠪᠢ ᠬᠥᠮᠥᠨ ᠢ ᠬᠦᠷᠬᠦ ᠦᠭᠡᠢ︾ ᠭᠡᠰᠡᠨ ᠪᠤᠳᠤᠯ ᠢᠶᠠᠨ ᠲᠠᠶᠠᠭᠳᠠᠵᠤ᠂ ︽ᠬᠤᠷᠳᠤᠨ ᠪᠠᠶᠢᠵᠤ ᠴᠢᠳᠠᠬᠤ ᠳᠤ ᠤᠳᠠᠭᠠᠨ ᠪᠠᠶᠢᠵᠤ ᠪᠣᠯᠬᠤ ᠦᠭᠡᠢ︾ ᠭᠡᠰᠡᠨ ᠡᠷᠴᠢ ᠵᠣᠷᠢᠭ ᠢ ᠭᠠᠷᠭᠠᠳᠠᠭ ᠯᠠ ᠶᠤᠮ ᠪᠣᠯ ᠵᠢᠱᠢᠭᠰᠡᠨ ᠬᠠᠷᠠᠯᠲᠠ ᠪᠠᠨ ᠯᠠᠪᠲᠠᠢ ᠪᠡᠶᠡᠯᠡᠭᠦᠯᠵᠦ ᠴᠢᠳᠠᠬᠤ ᠶᠤᠮ᠃      8 ᠲᠠᠯ᠎ᠠ ᠶᠢᠨ ᠭᠤᠣᠯᠳᠠᠯᠭ᠎ᠠ ᠲᠠᠢ ᠠᠵᠢᠯ ᠢ ᠪᠣᠳᠠᠲᠠᠢ ᠰᠠᠶᠢᠲᠤᠷ ᠠᠳᠬᠤᠨ᠎ᠠ᠃      ︵ᠨᠢᠭᠡ︶ ᠬᠥᠭᠵᠢᠯᠲᠡ ᠶᠢ ᠥᠴᠥᠬᠡᠨ ᠴᠦ ᠰᠤᠯᠠᠷᠠᠭᠤᠯᠤᠯ ᠦᠭᠡᠢ ᠠᠳᠬᠤᠬᠤ ᠶᠢ ᠲᠡᠷᠢᠭᠦᠨ ᠴᠢᠬᠤᠯᠠ ᠡᠭᠦᠷᠭᠡ ᠪᠣᠯᠭᠠᠨ᠎ᠠ      ᠡᠩ ᠲᠡᠷᠢᠭᠦᠨ ᠳᠤ ᠡᠷᠴᠢ ᠵᠣᠷᠢᠭ ᠢᠶᠠᠨ ᠬᠥᠪᠴᠢᠯᠡᠨ ᠲᠦᠷᠦᠯ ᠵᠦᠢᠯ ᠢ ᠠᠳᠬᠤᠨ᠎ᠠ᠃ ᠴᠢᠬᠤᠯᠠ ᠶᠡᠭᠡ ᠲᠥᠷᠥᠯ ᠵᠦᠢᠯ ᠤᠨ ︽ᠬᠤᠣᠰ ᠨᠢᠭᠡ ᠮᠢᠩᠭ᠎ᠠ︾ ᠶᠢᠨ ᠢᠨᠵᠧᠨᠧᠷᠢᠩ ᠢᠶᠠᠷ ᠭᠠᠷᠳᠠᠴᠠ ᠪᠣᠯᠭᠠᠵᠤ᠂ ᠭᠤᠣᠯᠳᠠᠯᠭ᠎ᠠ ᠲᠠᠢ ᠲᠥᠷᠥᠯ ᠵᠦᠢᠯ ᠢ 1100 ᠠᠴᠠ ᠳᠡᠭᠡᠭᠰᠢ ᠬᠡᠷᠡᠭᠵᠢᠭᠦᠯᠵᠦ᠂ ᠪᠡᠯᠡ ᠣᠷᠣᠭᠤᠯᠤᠯᠲᠠ ᠶᠢ 1500 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠦᠨ᠎ᠡ︔ ︽ᠵᠢᠯ ᠤᠨ ᠡᠬᠢᠨ ᠳᠤ ᠶᠡᠭᠡ ᠪᠠᠷ ᠳᠠᠶᠢᠴᠢᠯᠠᠵᠤ᠂ ᠵᠢᠯ ᠤᠨ ᠳᠤᠮᠳᠠᠴᠢ ᠪᠠᠷ ᠶᠡᠭᠡ ᠪᠠᠷ ᠮᠥᠷᠥᠶᠢᠴᠡᠵᠦ᠂ ᠵᠢᠯ ᠤᠨ ᠡᠴᠦᠰ ᠲᠤ ᠶᠡᠭᠡ ᠪᠠᠷ ᠬᠢᠨᠠᠨ ᠰᠢᠯᠭᠠᠬᠤ︾ ᠠᠵᠢᠯᠯᠠᠭ᠎ᠠ ᠶᠢ ᠥᠷᠨᠢᠭᠦᠯᠵᠦ᠂ ᠪᠥᠬᠦ ᠲᠥᠷᠥᠯ ᠵᠦᠢᠯ ᠢ ᠳᠡᠭᠡᠷ᠎ᠡ ᠬᠠᠭᠠᠰ ᠵᠢᠯ ᠳᠤ ᠪᠦᠬᠦᠨ ᠢ ᠡᠬᠢᠯᠡᠭᠦᠯᠬᠦ ᠪᠠᠷ ᠴᠢᠷᠮᠠᠶᠢᠨ᠎ᠠ᠃ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ᠂ ᠵᠡᠭᠦᠨ ᠬᠤᠶᠢᠲᠤ ᠶᠢᠨ ᠭᠤᠷᠪᠠᠨ ᠮᠤᠵᠢ ᠵᠡᠷᠭᠡ ᠣᠷᠣᠨ ᠪᠦᠰᠡ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠶᠢᠯᠳᠤᠬᠤ ᠪᠣᠳᠣᠯᠭ᠎ᠠ ᠶᠢᠨ ᠤᠯᠤᠰ ᠤᠨ ᠥᠮᠴᠢᠯᠡᠯᠲᠦ ᠠᠵᠤ ᠠᠬᠤᠶᠢᠯᠠᠯ᠂ ᠪᠣᠳᠠᠲᠤ ᠬᠦᠴᠦᠨ ᠲᠠᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ᠂ ᠨᠡᠷᠡᠳᠤ ᠭᠠᠳᠠᠭᠠᠳᠤ ᠶᠢᠨ ᠠᠵᠤ ᠠᠬᠤᠶᠢᠯᠠᠯ ᠢ ᠴᠢᠩᠭ᠎ᠠ ᠠᠩᠬᠠᠷᠴᠤ᠂ ᠠᠵᠤ ᠦᠢᠯᠡᠰ ᠤᠨ ᠬᠡᠯᠬᠢᠶ᠎ᠡ ᠶᠢᠨ ᠬᠤᠳᠠᠯᠳᠤᠭᠠᠴᠢᠨ ᠤᠷᠢᠬᠤ᠂ ᠲᠣᠯᠣᠭᠠᠶᠢᠯᠠᠭᠴᠢ ᠠᠵᠤ ᠠᠬᠤᠶᠢᠯᠠᠯ ᠤᠨ ᠬᠤᠳᠠᠯᠳᠤᠭᠠᠴᠢᠨ ᠤᠷᠢᠬᠤ᠂ ᠰᠠᠯᠪᠤᠷᠢ ᠪᠠᠭ᠎ᠠ ᠠᠩᠭᠢ ᠶᠢᠨ ᠬᠤᠳᠠᠯᠳᠤᠭᠠᠴᠢᠨ ᠤᠷᠢᠬᠤ ᠂ ᠵᠠᠰᠠᠭ ᠠᠵᠤ ᠠᠬᠤᠶᠢᠯᠠᠯ ᠬᠠᠮᠵᠢᠯᠴᠠᠨ ᠬᠤᠳᠠᠯᠳᠤᠭᠠᠴᠢᠨ ᠤᠷᠢᠬᠤ᠂ ᠬᠤᠳᠠᠯᠳᠤᠭᠠᠴᠢᠳ ᠤᠨ ᠨᠡᠶᠢᠭᠡᠮᠯᠢᠭ ᠤᠨ ᠬᠤᠳᠠᠯᠳᠤᠭᠠᠴᠢᠨ ᠤᠷᠢᠬᠤ ᠶᠢ ᠴᠢᠩᠭᠠᠳᠬᠠᠨ᠎ᠠ᠃ ᠡᠭᠦᠨ ᠤ ᠬᠠᠮᠲᠤ᠂ ᠬᠤᠳᠠᠯᠳᠤᠭᠠᠴᠢᠨ ᠢ ᠣᠨᠣᠪᠴᠢᠲᠠᠢ ᠤᠷᠢᠬᠤ ᠶᠢ ᠨᠡᠩ ᠴᠢᠬᠤᠯᠠᠴᠢᠯᠠᠵᠤ᠂ ᠬᠤᠳᠠᠯᠳᠤᠭᠠᠴᠢᠨ ᠤᠷᠢᠬᠤ ᠦᠷ᠎ᠡ ᠪᠦᠲᠦᠮᠵᠢ ᠶᠢ ᠨᠡᠩ ᠴᠢᠬᠤᠯᠠᠴᠢᠯᠠᠨ᠎ᠠ᠃      ᠶᠡᠭᠡ ᠬᠦᠴᠦ ᠣᠷᠣᠭᠤᠯᠵᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ︽ᠰᠢᠨᠵᠢᠯᠡᠬᠦ ᠤᠬᠠᠭᠠᠨ ᠮᠡᠷᠭᠡᠵᠢᠯ ᠤᠨ ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠨᠠᠶᠢᠳᠠᠪᠤᠷᠢᠵᠢᠭᠤᠯᠵᠤ᠂ ︽ᠰᠢᠨᠵᠢᠯᠡᠬᠦ ᠤᠬᠠᠭᠠᠨ ᠮᠡᠷᠭᠡᠵᠢᠯ ᠤᠨ ᠪᠦᠲᠦᠭᠡᠯᠴᠢ ᠳᠤᠮᠳᠠᠳᠤ ᠤᠯᠤᠰ︾ ᠤᠨ ᠲᠤᠷᠰᠢᠯᠲᠠ ᠶᠢᠨ  ᠬᠤᠲᠠ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠦᠨ᠎ᠡ᠃ ︽ᠲᠠᠪᠤᠨ ᠶᠡᠭᠡ ᠲᠥᠪ︾ ᠢ ᠬᠦᠴᠦᠯᠡᠨ ᠪᠣᠶᠢᠵᠢᠭᠤᠯᠤᠨ ᠪᠦᠲᠦᠭᠡᠨ ᠪᠠᠶᠢᠭᠤᠯᠵᠤ᠂ ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠴᠢᠨᠠᠷ ᠰᠠᠶᠢᠲᠠᠢ ᠠᠵᠢᠯᠯᠠᠭᠤᠯᠤᠨ᠂ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠠᠬᠢᠭᠤᠯᠵᠤ᠂ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠡᠭᠦᠷᠭᠡ ᠶᠢ ᠠᠬᠢᠭᠤᠯᠤᠨ᠎ᠠ︔ ᠤᠯᠤᠰ ᠤᠨ ᠡᠪᠡᠰᠦᠨ ᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠡᠭᠦᠳᠦᠨ ᠪᠠᠶᠢᠭᠤᠯᠬᠤ ᠶᠢ ᠠᠬᠢᠭᠤᠯᠵᠤ᠂ ᠡᠪᠡᠰᠦᠨ ᠦᠷ᠎ᠡ᠂ ᠠᠮᠢ ᠠᠬᠤᠢ ᠶᠢ ᠰᠡᠷᠭᠦᠭᠡᠬᠦ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠯᠲᠠ ᠶᠢ ᠠᠬᠢᠭᠤᠯᠤᠨ᠎ᠠ︔ ᠥᠪᠡᠷᠲᠡᠭᠡᠨ ᠵᠠᠰᠠᠬᠤ ᠣᠷᠣᠨ ᠤ ᠠᠮᠢᠲᠠᠨ ᠤ ᠸᠠᠺᠼᠢᠨ ᠤ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ︔ ᠲᠡᠷᠢᠭᠦᠨ ᠤ ᠬᠠᠭᠠᠰ ᠳᠠᠮᠵᠢᠭᠤᠯᠤᠭᠴᠢ ᠮᠠᠲ᠋ᠧᠷᠢᠶᠠᠯ ᠤᠨ ᠰᠢᠨ᠎ᠡ ᠶᠢ ᠡᠭᠦᠳᠬᠦ ᠲᠥᠪ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠴᠢᠳᠠᠪᠤᠷᠢ ᠶᠢ ᠪᠦᠬᠦ ᠬᠦᠴᠦᠨ ᠢᠶᠠᠷ ᠢᠶᠠᠨ ᠬᠥᠮᠥᠵᠢᠭᠦᠯᠦᠨ᠎ᠡ︔ ᠠᠰᠢᠭᠲᠤ ᠪᠠᠺᠲ᠋ᠧᠷᠢ ᠶᠢᠨ ᠨᠡᠶᠢᠲᠡᠯᠢᠭ ᠴᠢᠨᠠᠷᠲᠠᠢ ᠮᠡᠷᠭᠡᠵᠢᠯ ᠤᠨ ᠰᠤᠳᠤᠯᠤᠨ ᠨᠡᠭᠡᠭᠡᠬᠦ ᠲᠥᠪ ᠤᠨ ᠪᠠᠶᠢᠭᠤᠯᠤᠯᠲᠠ ᠶᠢ ᠲᠦᠷᠭᠡᠳᠬᠡᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ︽ᠬᠤᠶᠠᠷ ᠳᠠᠬᠢᠨ ᠢᠶᠠᠷ ᠨᠡᠮᠡᠭᠳᠡᠭᠦᠯᠬᠦ᠂ ᠬᠤᠶᠠᠷ ᠢ ᠳᠡᠭᠡᠭᠰᠢᠯᠡᠭᠦᠯᠬᠦ︾᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ ︽ᠭᠤᠷᠪᠠ ᠶᠢ ᠦᠭᠡᠶᠢᠰᠬᠡᠬᠦ ᠪᠠ ᠪᠦᠬᠦᠨ ᠢ ᠪᠦᠷᠬᠦᠭᠦᠯᠬᠦ︾᠂ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠤᠨ ︽ᠵᠠᠷᠯᠠᠯ ᠨᠡᠶᠢᠲᠡᠯᠡᠵᠦ ᠮᠠᠩᠯᠠᠶᠢᠯᠠᠭᠤᠯᠬᠤ︾ 3 ᠶᠡᠭᠡ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠦᠨ᠂ 45 ᠣᠷᠴᠢᠮ ᠵᠠᠩᠭᠢᠯᠠᠭ᠎ᠠ ᠶᠢᠨ ᠮᠡᠷᠭᠡᠵᠢᠯ ᠢ ᠰᠢᠪᠲᠤᠯᠵᠤ ᠂ 200 ᠣᠷᠴᠢᠮ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ᠎ᠠ᠃ ᠰᠢᠨ᠎ᠡ ᠶᠢ ᠡᠭᠦᠳᠬᠦ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠲᠥᠯᠥᠪᠯᠡᠭᠡ ᠶᠢ ᠬᠡᠷᠡᠭᠵᠢᠭᠦᠯᠵᠦ᠂ ᠳᠡᠭᠡᠳᠦ ᠲᠡᠰ ᠳᠠᠪᠬᠤᠷᠭ᠎ᠠ ᠶᠢᠨ ᠰᠢᠨ᠎ᠡ ᠶᠢ ᠡᠭᠦᠳᠬᠦ ᠴᠢᠳᠠᠪᠤᠷᠢᠲᠠᠨ ᠢ 100 ᠠᠴᠠ ᠳᠡᠭᠡᠭᠰᠢ ᠣᠷᠣᠭᠤᠯᠤᠨ ᠠᠪᠴᠢᠷᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠳᠤ ︽ᠡᠷᠳᠡᠮ ᠴᠢᠳᠠᠪᠤᠷᠢ ᠪᠠᠨ ᠶᠡᠭᠡ ᠪᠠᠷ ᠪᠠᠳᠠᠷᠠᠭᠤᠯᠬᠤ︾ ᠲᠠᠪᠴᠠᠩ ᠢ ᠰᠠᠶᠢᠲᠤᠷ ᠪᠠᠶᠢᠭᠤᠯᠵᠤ ᠥᠭᠬᠦ ᠪᠠᠷ ᠪᠠᠷᠠᠬᠤ ᠦᠭᠡᠢ ᠪᠠᠰᠠ ᠬᠤᠶᠢᠰᠢᠳᠠ ᠶᠢᠨ ᠵᠣᠪᠠᠨᠢᠯ ᠢ ᠰᠢᠢᠳᠪᠦᠷᠢᠯᠡᠬᠦ ︽ᠬᠠᠶᠢᠷᠠᠯᠠᠨ ᠬᠠᠯᠠᠮᠵᠢᠯᠠᠬᠤ ᠢᠵᠢ ᠦᠢᠯᠡᠴᠢᠯᠡᠭᠡ︾ ᠶᠢ ᠰᠠᠶᠢᠲᠤᠷ ᠬᠠᠩᠭᠠᠨ᠎ᠠ᠃      ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠵᠣᠷᠢᠭᠲᠠᠢ ᠰᠡᠳᠬᠢᠵᠦ ᠵᠣᠷᠢᠭᠲᠠᠢ ᠬᠢᠨ᠎ᠡ᠃ ︽ᠳᠣᠲᠣᠭᠠᠳᠤ ᠶᠢᠨ ᠲᠠᠯᠳᠠ ᠬᠦᠴᠦᠨ ᠢ ᠠᠭᠤᠳᠠᠯᠵᠤ᠂ ᠥᠪᠡᠷ ᠤᠨ ᠦᠷᠳᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ︾ ᠠᠵᠢᠯᠯᠠᠭ᠎ᠠ ᠶᠢ ᠬᠡᠷᠡᠭᠵᠢᠭᠦᠯᠵᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠠᠰᠢᠭ ᠣᠯᠬᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ︔ ᠬᠥᠭᠵᠢᠯᠲᠡ ᠶᠢᠨ ᠲᠠᠯᠳᠠ ᠬᠦᠴᠦᠨ ᠪᠠ ᠥᠷᠢᠰᠦᠯᠳᠦᠭᠡᠨ ᠤ ᠳᠠᠪᠠᠭᠤᠯᠢᠭ ᠢᠶᠠᠷ ᠳᠤᠲᠠᠮᠠᠭ ᠭᠤᠣᠯ ᠠᠵᠢᠯ ᠲᠦᠷᠦᠯ ᠤᠨ ᠪᠤᠰᠤ ᠲᠤᠬᠠᠶᠢᠯᠠᠭᠰᠠᠨ ᠠᠵᠢᠯ ᠢ ᠴᠡᠪᠡᠷᠯᠡᠵᠦ᠂ ᠬᠠᠮᠲᠤᠷᠠᠯᠴᠠᠬᠤ᠂ ᠬᠤᠪᠢ ᠣᠷᠣᠭᠤᠯᠬᠤ᠂ ᠪᠡᠯᠡ ᠣᠷᠣᠭᠤᠯᠬᠤ ᠵᠡᠷᠭᠡ ᠤᠯᠠᠨ ᠵᠦᠢᠯ ᠤᠨ ᠠᠷᠭ᠎ᠠ ᠮᠠᠶ᠋ᠢᠭ ᠢᠶᠠᠷ ᠭᠠᠳᠠᠭᠰᠢ ᠭᠠᠷᠴᠤ ᠵᠠᠬ᠎ᠠ ᠳᠡᠯᠭᠡᠭᠦᠷ ᠢ ᠥᠷᠭᠡᠳᠬᠡᠨ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠲᠦᠯᠬᠢᠨ ᠠᠬᠢᠭᠤᠯᠤᠨ᠎ᠠ︔ ᠰᠢᠨ᠎ᠡ ᠨᠢᠭᠡ ᠡᠭᠡᠯᠵᠢ ᠶᠢᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢ ᠲᠤᠶᠢᠯᠪᠤᠷᠢᠲᠠᠢ ᠪᠠᠶᠢᠴᠠᠭᠠᠬᠤ ᠠᠵᠢᠯᠯᠠᠭ᠎ᠠ ᠥᠷᠨᠢᠭᠦᠯᠵᠦ᠂ ᠬᠡᠷᠡᠭᠴᠡᠭᠡ ᠲᠠᠢ ᠡᠳ᠋ ᠬᠥᠷᠥᠩᠭᠡ ᠶᠢ ᠠᠮᠢᠯᠠᠭᠤᠯᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠯᠡᠵᠦ᠂ ᠳᠠᠷᠤᠯᠲᠠ ᠦᠭᠡᠢ ᠠᠵᠢᠯᠯᠠᠭᠤᠯᠤᠨ᠎ᠠ︔ ︽ᠲᠠᠪᠤᠨ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠰᠢᠯᠢᠳᠡᠭ ᠢ  ᠨᠢ ᠱᠠᠩᠨᠠᠵᠤ ᠮᠠᠭᠤ ᠶᠢ ᠨᠢ ᠲᠣᠷᠭᠠᠬᠤ᠂ ᠳᠠᠪᠰᠢᠵᠤ ᠪᠠᠭᠤᠵᠤ ᠪᠦᠷ ᠪᠣᠯᠬᠤ ᠳᠦᠷᠢᠮ ᠤᠨ ᠰᠢᠰᠲ᠋ᠧᠮᠵᠢ ᠶᠢ ᠪᠠᠶᠢᠭᠤᠯᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠳᠣᠲᠣᠭᠠᠳᠤ ᠬᠥᠳᠡᠯᠭᠡᠬᠦ ᠬᠦᠴᠦᠨ ᠢ ᠦᠨᠡᠨ ᠬᠦ ᠬᠥᠭᠵᠢᠭᠡᠨ᠎ᠡ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠦᠬᠦ ᠲᠠᠯ᠎ᠠ ᠪᠠᠷ ᠰᠢᠯᠢᠳᠡᠭᠵᠢᠭᠦᠯᠵᠦ᠂ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ︾ ᠢ ᠬᠡᠷᠡᠭᠵᠢᠭᠦᠯᠵᠦ᠂ ᠪᠦᠬᠦ ᠤᠯᠤᠰ ᠤᠨ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠬᠤ ᠠᠵᠢᠯ ᠢ ᠡᠬᠢᠯᠡᠭᠦᠯᠵᠦ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ᠂ ᠬᠠᠤᠯᠢ ᠴᠠᠭᠠᠵᠠ ᠶᠢᠨ ᠤᠯᠠᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠡᠯ᠎ᠡ ᠱᠠᠲᠤᠨ ᠤ ᠵᠠᠰᠠᠭ ᠤᠨ ᠣᠷᠳᠣᠨ ᠠᠮᠠᠯᠠᠭᠰᠠᠨ ᠳᠠᠭᠠᠨ ᠬᠦᠷᠴᠦ᠂ ᠬᠡᠯᠡᠪᠡᠯ ᠳᠠᠷᠤᠢ ᠪᠡᠶᠡᠯᠡᠭᠦᠯᠵᠦ᠂ ᠶᠠᠭᠠᠬᠢᠭᠰᠠᠨ ᠴᠤ ᠠᠮᠠᠨ ᠲᠠᠪᠠ ᠪᠠᠷ ᠢᠶᠠᠨ ᠶᠠᠷᠢᠬᠤ ᠦᠭᠡᠢ᠂ ᠥᠷᠭᠡᠨ ᠤᠯᠠᠨ ᠬᠤᠳᠠᠯᠳᠤᠭᠠᠴᠢᠨ ᠤ ᠰᠠᠨᠠᠭ᠎ᠠ ᠶᠢ ᠠᠮᠠᠷᠠᠭᠠᠵᠤ᠂ ᠬᠥᠭᠵᠢᠯᠲᠡ ᠳᠤ ᠰᠡᠳᠬᠢᠯ ᠵᠣᠪᠠᠭ᠋ᠤ ᠦᠭᠡᠢ ᠪᠣᠯᠭᠠᠨ᠎ᠠ︔ ︽ᠨᠢᠭᠡ ᠶᠠᠪᠤᠳᠠᠯ ᠢ ᠥᠨᠳᠥᠷ ᠪᠦᠲᠦᠮᠵᠢᠲᠡᠢ ᠪᠦᠲᠦᠭᠡᠬᠦ︾ ᠶᠢᠨ ᠲᠣᠭᠤᠷᠢᠨ ᠳᠤ᠂ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠨᠠᠩ ᠣᠯᠠᠨ ᠦᠢᠯᠡᠴᠢᠯᠡᠭᠡ ᠭᠠᠷᠭᠠᠵᠤ᠂ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠴᠢᠳᠠᠪᠤᠷᠢ ᠶᠢ ᠲᠠᠰᠤᠷᠠᠯᠲᠠ ᠦᠭᠡᠢ ᠴᠢᠩᠭᠠᠷᠠᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠨᠠᠩ ᠳᠥᠭᠦᠮ ᠳᠥᠲᠡ᠂ ᠨᠠᠩ ᠥᠨᠳᠥᠷ ᠪᠦᠲᠦᠮᠵᠢᠲᠡᠶ ᠪᠣᠯᠭᠠᠨ᠎ᠠ᠃ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠲᠦᠷᠭᠡᠳᠬᠡᠵᠦ᠂ ᠬᠤᠲᠠ ᠶᠢᠨ ᠲᠣᠰ ᠱᠠᠲᠤᠨ ᠤ ᠪᠠ ᠬᠤᠰᠢᠭᠤ ᠰᠢᠶᠠᠨ ᠲᠣᠭᠤᠷᠢᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠬᠢᠭᠡᠳ ᠵᠠᠷᠤᠯᠭ᠎ᠠ ᠶᠢᠨ ᠬᠠᠷᠢᠭᠤᠴᠠᠯᠭ᠎ᠠ ᠶᠢ ᠢᠯᠭᠠᠷᠠᠭᠤᠯᠤᠨ᠎ᠠ᠃ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠳᠠᠭᠠᠭᠠᠴᠢᠯᠠᠯᠲᠠ ᠦᠨᠡᠯᠡᠬᠦ ᠲᠠᠯᠠᠪᠤᠷ ᠭᠠᠵᠠᠷ᠂ ᠴᠤᠪᠤᠷᠠᠯ᠂ ᠮᠡᠷᠭᠡᠵᠢᠯ ᠤᠨ ᠬᠠᠮᠢᠶᠠᠷᠤᠯᠲᠠ ᠶᠢᠨ ᠪᠠᠷᠢᠮᠵᠢᠶᠠᠵᠢᠭᠤᠯᠤᠯᠲᠠ ᠶᠢ ᠠᠬᠢᠭᠤᠯᠤᠨ᠎ᠠ᠃ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠦᠨ᠎ᠡ᠃      ᠨᠡᠭᠡᠭᠡᠯᠲᠡ ᠶᠢᠨ ︽ᠬᠠᠭᠠᠯᠭ᠎ᠠ︾ ᠶᠢ ᠤᠯᠠᠮ ᠠᠴᠠ ᠤᠯᠠᠮ ᠶᠡᠭᠡ ᠨᠡᠭᠡᠭᠡᠨ᠎ᠡ᠃ ︽ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ︾ ᠢ ᠨᠠᠶᠢᠳᠠᠪᠤᠷᠢᠵᠢᠭᠤᠯᠤᠨ᠂ ᠳᠤᠮᠳᠠᠳᠤ ᠤᠯᠤᠰ ︵ᠥᠪᠥᠷ ᠮᠣᠩᠭᠤᠯ︶ ᠤᠨ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠳᠠᠬᠢ ᠬᠥᠬᠡᠬᠤᠲᠠ ᠶᠢᠨ ᠭᠤᠣᠯ ᠣᠷᠣᠨ ᠢ ᠪᠠᠶᠢᠭᠤᠯᠬᠤ ᠶᠢ ᠭᠤᠶᠤᠴᠢᠯᠠᠵᠤ᠂ ᠳᠦᠷᠢᠮ ᠤᠨ ᠬᠡᠯᠪᠡᠷᠢ ᠶᠢᠨ ᠨᠡᠭᠡᠭᠡᠯᠲᠡ ᠶᠢᠨ ᠬᠥᠲᠥᠯᠥᠨ ᠳᠠᠭᠠᠭᠤᠯᠬᠤ ᠣᠷᠣᠨ ᠢ ᠡᠭᠦᠳᠦᠨ ᠪᠠᠶᠢᠭᠤᠯᠵᠤ᠂ ᠣᠷᠣᠰ ᠮᠣᠩᠭᠤᠯ ᠳᠤ ᠬᠠᠨᠳᠤᠭᠤᠯᠤᠭᠰᠠᠨ ᠪᠥᠬᠦ ᠲᠠᠯ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢᠨ ᠲᠠᠪᠴᠠᠩ ᠢ ᠪᠠᠶᠢᠭᠤᠯᠤᠨ᠎ᠠ᠃ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠲᠥᠪᠯᠡᠷᠡᠭᠦᠯᠵᠦ ᠲᠠᠷᠬᠠᠭᠠᠬᠤ ᠲᠥᠪ ᠢ ᠬᠤᠷᠳᠤᠯᠠᠨ ᠪᠠᠶᠢᠭᠤᠯᠵᠤ᠂ ᠳᠤᠮᠳᠠᠳᠤ ᠡᠸᠦ᠋ᠷᠦᠫᠡ᠂ ᠳᠤᠮᠳᠠᠳᠤ ᠠᠽᠢᠶ᠎ᠠ ᠶᠢᠨ ᠵᠢᠰᠢᠶᠠᠨ ᠤ ᠭᠠᠯᠲᠤ ᠲᠡᠷᠭᠡ ᠶᠢ 100 ᠬᠦᠷᠭᠡᠬᠦ ᠪᠠᠷ ᠴᠢᠷᠮᠠᠶᠢᠨ᠎ᠠ︔ ᠴᠠᠭᠠᠨ ᠰᠤᠪᠤᠷᠭ᠎ᠠ ᠨᠢᠰᠬᠡᠯ ᠤᠨ ᠪᠠᠭᠤᠳᠠᠯ ᠤᠨ ᠬᠢᠯᠢ ᠪᠠᠷ ᠣᠷᠣᠭᠤᠯᠬᠤ ᠬᠥᠯᠳᠡᠭᠦᠦ ᠰᠣᠷᠭᠤᠭ ᠤᠰᠤᠨ ᠭᠠᠷᠤᠯᠲᠠ ᠶᠢᠨ ᠲᠣᠭᠲᠠᠭᠰᠠᠨ ᠬᠢᠨᠠᠨ ᠬᠠᠮᠢᠶᠠᠷᠬᠤ ᠲᠠᠯᠠᠪᠤᠷ ᠢ ᠰᠢᠯᠭᠠᠨ ᠠᠪᠴᠤ ᠠᠰᠢᠭᠯᠠᠯᠲᠠ ᠳᠤ ᠣᠷᠣᠭᠤᠯᠬᠤ ᠶᠢ ᠲᠦᠯᠬᠢᠨ ᠠᠬᠢᠭᠤᠯᠵᠤ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠡᠷᠦᠩᠬᠡᠢ ᠲᠤᠭ᠎ᠠ ᠶᠢ 100 ᠳ᠋ᠦᠩᠰᠢᠭᠤᠷ ᠲᠥᠭᠦᠷᠢᠭ ᠬᠦᠷᠭᠡᠬᠦ ᠪᠠᠷ ᠴᠢᠷᠮᠠᠶᠢᠨ᠎ᠠ᠃ ᠬᠥᠬᠡᠬᠤᠲᠠ ᠪᠤᠭᠤᠲᠤ ᠶᠢ ︽ᠨᠢᠭᠡ ᠬᠤᠲᠠᠴᠢᠯᠠᠬᠤ︾ ᠶᠢ ᠮᠥᠨ ᠴᠢᠨᠠᠷ ᠤᠨ ᠠᠬᠢᠴᠠ ᠲᠠᠢ ᠪᠣᠯᠭᠠᠵᠤ᠂ ᠨᠠᠩ ᠣᠯᠠᠨ ᠣᠯᠠᠨ ᠲᠦᠮᠡᠨ ᠳᠤ ︽ᠬᠤᠶᠠᠷ ᠬᠤᠲᠠ ᠳᠤ ᠲᠥᠬᠦᠮ︾ ᠲᠥᠷᠥᠭᠳᠡᠯ ᠣᠯᠭᠤᠵᠤ᠂ ︽ᠬᠤᠶᠠᠷ ᠬᠤᠲᠠ ᠶᠢᠨ ᠪᠣᠳᠠᠲᠤ ᠠᠰᠢᠭ︾ ᠢ ᠬᠦᠷᠲᠡᠭᠡᠵᠦ᠂ ︽1+1>2︾ ᠤᠨ ᠦᠷ᠎ᠡ ᠪᠦᠲᠦᠮᠵᠢ ᠶᠢ ᠦᠨᠡᠨᠬᠦ ᠪᠡᠶᠡᠯᠡᠭᠦᠯᠦᠨ᠎ᠡ᠃ ᠳᠡᠯᠡᠬᠡᠢ ᠶᠢᠨ ᠡᠪᠡᠰᠦᠨ ᠤ ᠦᠢᠯᠡᠰ ᠤᠨ ᠶᠡᠭᠡ ᠬᠤᠷᠠᠯ᠂ ᠳᠡᠯᠡᠬᠡᠢ ᠶᠢᠨ ᠠᠮᠢᠲᠠᠨ ᠤ ᠸᠠᠺᠼᠢᠨ ᠤ ᠠᠵᠤ ᠦᠢᠯᠡᠰ ᠤᠨ ᠶᠡᠭᠡ ᠬᠤᠷᠠᠯ᠂ ᠣᠯᠠᠨ ᠤᠯᠤᠰ ᠤᠨ ᠢᠳᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠤᠯᠪᠣᠭ᠎ᠠ ᠶᠢᠨ ᠳᠡᠯᠡᠬᠡᠢ ᠶᠢᠨ ᠰᠦ ᠶᠢᠨ ᠦᠢᠯᠡᠰ ᠤᠨ ᠲᠦᠷᠦᠭᠦᠴᠦᠳ ᠤᠨ ᠬᠤᠷᠠᠯ᠂ ᠳᠤᠮᠳᠠᠳᠤ ᠤᠯᠤᠰ ᠤᠨ ᠪᠣᠬᠢᠷᠲᠤᠯ ᠦᠭᠡᠢ ᠪᠣᠳᠣᠯᠭ᠎ᠠ ᠶᠢᠨ ᠬᠦᠴᠦᠨ ᠤ ᠶᠡᠭᠡ ᠬᠤᠷᠠᠯ ᠢ ᠡᠷᠬᠢᠯᠡᠨ᠎ᠡ᠃ ᠮᠣᠩᠭᠤᠯ ᠤᠯᠤᠰ᠂ ᠣᠷᠣᠰ ᠵᠢᠴᠢ ᠠᠮᠧᠷᠢᠺᠠ ᠵᠡᠷᠭᠡ ᠤᠯᠤᠰ ᠤᠨ ᠨᠥᠬᠦᠷᠰᠡᠭ ᠬᠤᠲᠠ  ᠯᠤᠭ᠎ᠠ ᠶᠢᠨ ᠶᠠᠪᠤᠯᠴᠠᠭ᠎ᠠ ᠰᠣᠯᠢᠯᠴᠠᠭ᠎ᠠ ᠶᠢ ᠴᠢᠩᠭᠠᠳᠬᠠᠨ᠎ᠠ᠃      ︵ᠬᠤᠶᠠᠷ︶ ᠰᠢᠳᠤ ᠪᠠᠨ ᠵᠠᠭᠤᠵᠤ᠂ ᠠᠵᠤ ᠦᠢᠯᠡᠳᠪᠦᠷᠢ ᠶᠢᠨ ᠲᠤᠯᠭᠠᠭᠤᠷ ᠢ ᠤᠷᠳᠤ ᠬᠤᠭᠤᠴᠠᠭ᠎ᠠ ᠪᠠᠷ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ      ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠠᠵᠤ ᠦᠢᠯᠡᠰ ᠤᠨ ᠪᠥᠭᠡᠮᠨᠡᠷᠡᠯ ᠤᠨ ᠦᠢᠯᠡᠳᠬᠦᠨ ᠤ ᠥᠷᠲᠡᠭ ᠢ  600 ᠳ᠋ᠦᠩᠰᠢᠭᠤᠷ ᠲᠥᠭᠦᠷᠢᠭ ᠬᠦᠷᠭᠡᠨ᠎ᠡ᠃ ᠢᠯᠢ ᠶᠢᠨ ᠤᠳᠤ ᠦᠶ᠎ᠡ ᠶᠢᠨ ᠣᠶᠤᠨᠲᠤ ᠡᠷᠡᠭᠦᠯ ᠮᠡᠨᠳᠦ ᠶᠢᠨ ᠬᠥᠨᠳᠡᠢ ᠳᠤ ᠶᠧᠦ ᠷᠠᠨ ᠮᠠᠯ ᠠᠵᠤ ᠠᠬᠤᠢ ᠶᠢᠨ ᠶᠡᠷᠦᠩᠬᠡᠢ ᠬᠡᠯᠲᠡᠰ᠂ ᠪᠢᠰᠢᠯᠠᠭ ᠤᠨ ᠬᠤᠶᠠᠳᠤᠭᠠᠷ ᠬᠤᠭᠤᠴᠠᠭ᠎ᠠ᠂ ᠳᠡᠭᠡᠳᠦ ᠲᠡᠰ ᠤᠨ ᠰᠢᠷᠠᠰᠤ ᠶᠢᠨ ᠳᠠᠪᠤᠰᠤ ᠦᠭᠡᠶᠢᠳᠡᠭᠦᠯᠦᠭᠰᠡᠨ ᠲᠠᠯᠬ᠎ᠠ ᠶᠢᠨ ᠣᠶᠤᠨᠴᠢᠯᠠᠭᠰᠠᠨ ᠦᠢᠯᠡᠳᠪᠦᠷᠢᠯᠡᠯ ᠤᠨ ᠲᠦᠷᠦᠯ ᠵᠦᠢᠯ ᠢ ᠡᠬᠢᠯᠡᠨ ᠪᠠᠶᠢᠭᠤᠯᠤᠨ᠎ᠠ︔ ᠮᠧᠩ ᠨᠢᠦ ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠳᠤ 5G ᠲᠣᠭᠠᠴᠢᠯᠠᠭᠰᠠᠨ ᠰᠦᠨ ᠲᠠᠯᠬ᠎ᠠ ᠶᠢᠨ ᠦᠢᠯᠡᠳᠪᠦᠷᠢ᠂ ᠡᠳᠦᠷ ᠤᠨ ᠭᠠᠷᠤᠯᠲᠠ 500 ᠲᠣᠨ ᠤ ᠳᠣᠣᠷ᠎ᠠ ᠳᠤᠯᠠᠭᠠᠨ ᠤ ᠰᠦ ᠶᠢᠨ ᠪᠦᠲᠦᠭᠡᠭᠳᠡᠬᠦᠨ ᠦᠢᠯᠡᠳᠪᠦᠷᠢᠯᠡᠬᠦ ᠵᠡᠷᠭᠡ ᠲᠥᠷᠥᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠤᠨ᠎ᠠ᠃ ︽ᠨᠢᠭᠡ ᠰᠢᠷᠬᠡᠭ ᠡᠪᠡᠰᠦ ᠠᠴᠠ ᠨᠢᠭᠡ ᠴᠣᠮᠣ ᠰᠦ ᠬᠦᠷᠲᠡᠯ᠎ᠡ᠂ ᠴᠢᠨᠠᠭᠰᠢ ᠨᠢᠭᠡ ᠬᠡᠰᠡᠭ ᠪᠢᠰᠢᠯᠠᠭ ᠬᠦᠷᠲᠡᠯ᠎ᠡ︾ ᠪᠥᠬᠦ ᠠᠵᠤ ᠦᠢᠯᠡᠰ ᠤᠨ ᠬᠡᠯᠬᠢᠶ᠎ᠡ ᠶᠢ ᠪᠣᠶ ᠪᠣᠯᠭᠠᠵᠤ᠂ ᠪᠥᠬᠦ ᠤᠯᠤᠰ ᠤᠨ ᠰᠦ ᠶᠢᠨ ᠦᠢᠯᠡᠰ ᠤᠨ ᠠᠷᠠᠯᠵᠢᠶᠠᠨ ᠤ ᠲᠥᠪ ᠢ ᠬᠤᠷᠳᠤᠯᠠᠨ ᠪᠠᠶᠢᠭᠤᠯᠵᠤ᠂ ᠰᠦ ᠶᠢᠨ ᠪᠦᠲᠦᠭᠡᠭᠳᠡᠬᠦᠨ ᠤ ᠳᠡᠯᠡᠬᠡᠢ ᠶᠢᠨ ᠲᠡᠷᠢᠭᠦᠨ ᠤ ᠦᠢᠯᠡᠳᠬᠦ ᠦᠢᠯᠡᠰ ᠤᠨ ᠪᠥᠭᠡᠮᠨᠡᠷᠡᠯ ᠢ ᠪᠣᠶᠢᠵᠢᠭᠤᠯᠤᠨ᠂ ︽ᠳᠤᠮᠳᠠᠳᠤ ᠤᠯᠤᠰ ᠤᠨ ᠰᠦ ᠶᠢᠨ ᠬᠤᠲᠠ︾ ᠶᠢ ᠨᠠᠩ ᠶᠡᠭᠡ ᠨᠥᠯᠥᠭᠡᠯᠡᠬᠦ ᠬᠦᠴᠦᠨ ᠲᠠᠢ ᠪᠣᠯᠭᠠᠨ᠎ᠠ᠃ ᠦᠴᠦᠸᠠᠨ ᠰᠢᠶᠠᠨ ᠤ ᠥᠨᠳᠦᠷᠯᠢᠭ ᠤᠨ ᠣᠨᠴᠠᠯᠢᠭᠲᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠠᠵᠤ ᠦᠢᠯᠡᠰ ᠤᠨ ᠬᠦᠷᠢᠶᠡᠯᠡᠩ᠂ ᠴᠢᠩ ᠱᠦᠢ ᠾᠧ ᠰᠢᠶᠠᠨ ᠤ ᠴᠢᠨᠠᠷ ᠰᠠᠶᠢᠲᠠᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠵᠧᠩ ᠳ᠋ᠡ ᠢᠳᠡᠭᠡᠨ ᠤ ᠭᠤᠷᠪᠠᠳᠤᠭᠠᠷ ᠬᠤᠭᠤᠴᠠᠭᠠᠨ ᠤ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠰᠢ ᠪᠧᠢ ᠵᠢᠶᠠ ᠭᠦᠸᠧ ᠯᠦᠩ ᠺᠦᠩᠹᠦ᠋ ᠢᠳᠡᠰᠢᠨ ᠨᠣᠭᠤᠭ᠎ᠠ ᠶᠢᠨ ᠬᠡᠲᠦ ᠲᠥᠪ ᠤᠨ ᠲᠣᠭᠤᠭᠠᠨ ᠭᠡᠷ ᠤᠨ ᠲᠥᠷᠥᠯ ᠵᠦᠢᠯ ᠢ ᠪᠦᠲᠦᠭᠡᠨ ᠪᠠᠶᠢᠭᠤᠯᠤᠨ᠎ᠠ᠃      ᠡᠯᠧᠺᠲᠷᠣᠨ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ ᠤᠨ ᠪᠥᠭᠡᠮᠨᠡᠷᠡᠯ ᠤᠨ ᠡᠵᠡᠩᠨᠡᠯᠲᠡ ᠶᠢᠨ ᠣᠷᠣᠯᠭ᠎ᠠ ᠶᠢ 500 ᠳ᠋ᠦᠩᠰᠢᠭᠤᠷ ᠲᠥᠭᠦᠷᠢᠭ ᠬᠦᠷᠭᠡᠨ᠎ᠡ᠃ ᠳᠤᠮᠳᠠᠳᠤ ᠤᠯᠤᠰ ᠤᠨ ᠪᠠᠩᠬᠢ ᠶᠢᠨ ᠲᠤᠭ᠎ᠠ ᠪᠠᠷᠢᠮᠲᠠ ᠶᠢᠨ ᠲᠥᠪ᠂ ᠲᠠᠷᠢᠶᠠᠯᠠᠩ ᠤᠨ ᠪᠠᠩᠬᠢ ᠶᠢᠨ ᠲᠤᠭ᠎ᠠ ᠪᠠᠷᠢᠮᠲᠠ ᠶᠢᠨ ᠲᠥᠪ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠤᠰᠬᠠᠢ ᠰᠦᠯᠵᠢᠶ᠎ᠡ᠂ ᠬᠤᠷᠢᠨᠭᠡᠷ ᠰᠢᠨ᠎ᠡ ᠲᠣᠭᠤᠷᠢᠭ ᠤᠨ ᠪᠣᠳᠣᠯᠭ᠎ᠠ ᠶᠢᠨ ᠬᠦᠴᠦᠨ ᠤ ᠡᠬᠢ ᠪᠠᠶᠠᠯᠢᠭ ᠢ ᠬᠢᠨᠠᠨ ᠬᠡᠮᠵᠢᠬᠦ ᠪᠠ ᠲᠣᠬᠢᠷᠠᠭᠤᠯᠬᠤ ᠲᠤᠷᠰᠢᠯᠲᠠ ᠶᠢᠨ ᠲᠠᠪᠴᠠᠩ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠠᠷᠢᠮᠲᠠ ᠶᠢᠨ ᠠᠷᠠᠯᠵᠢᠶᠠᠨ ᠤ ᠲᠥᠪ ᠵᠡᠷᠭᠡ ᠲᠥᠷᠥᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠤᠨ᠎ᠠ︔ ᠬᠤᠸᠠ ᠸᠧᠢ ᠡᠭᠦᠯᠡᠨ ᠤ ᠬᠤᠷᠢᠨᠭᠡᠷ ᠲᠠᠬᠢ ᠲᠤᠭ᠎ᠠ ᠪᠠᠷᠢᠮᠲᠠ ᠶᠢᠨ ᠲᠥᠪ᠂ ᠳᠤᠮᠳᠠᠳᠤ ᠤᠯᠤᠰ ᠤᠨ ᠰᠢᠯᠵᠢᠮᠡᠯ ᠬᠤᠯᠪᠣᠭᠠᠨ ᠤ ᠣᠶᠣᠨᠴᠢ ᠪᠣᠳᠣᠯᠭ᠎ᠠ ᠶᠢᠨ ᠲᠥᠪ᠂ ᠵᠡᠷᠭᠡᠴᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠪᠣᠳᠣᠯᠭ᠎ᠠ ᠶᠢᠨ ᠬᠦᠴᠦᠨ ᠤ ᠰᠠᠭᠤᠷᠢᠨ ᠵᠡᠷᠭᠡ ᠲᠥᠷᠥᠯ ᠵᠦᠢᠯ ᠤᠨ ᠪᠠᠶᠢᠭᠤᠯᠤᠯᠲᠠ ᠶᠢ ᠲᠦᠷᠭᠡᠳᠬᠡᠨ᠎ᠡ︔ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠪᠠᠩᠬᠢ᠂ ᠵᠠᠮ ᠬᠠᠷᠢᠯᠴᠠᠭᠠᠨ ᠤ ᠪᠠᠩᠬᠢ᠂ ᠠᠷᠠᠳ ᠤᠨ ᠳᠠᠭᠠᠳᠬᠠᠯ ᠤᠨ ᠪᠦᠯᠦᠭᠯᠡᠯ ᠵᠡᠷᠭᠡ ᠲᠤᠭ᠎ᠠ ᠪᠠᠷᠢᠮᠲᠠ ᠶᠢᠨ ᠲᠥᠪ ᠤᠨ ᠲᠥᠷᠥᠯ ᠵᠦᠢᠯ ᠢ ᠡᠬᠢᠯᠡᠭᠦᠯᠦᠨ ᠪᠦᠲᠦᠭᠡᠨ ᠪᠠᠶᠢᠭᠤᠯᠵᠤ᠂ ᠪᠧᠢ ᠵᠢᠶᠠᠩ ᠲᠤᠭ᠎ᠠ ᠪᠠᠷᠢᠮᠲᠠ ᠶᠢᠨ ᠬᠥᠨᠳᠡᠢ ᠶᠢᠨ ᠲᠣᠭᠠᠴᠢᠯᠠᠭᠰᠠᠨ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ᠂ ᠰᠢᠶᠠᠨ ᠬᠤᠩ ᠰᠢᠨᠵᠢᠯᠡᠬᠦ ᠤᠬᠠᠭᠠᠨ ᠮᠡᠷᠭᠡᠵᠢᠯ ᠤᠨ ᠬᠤᠷᠠᠮᠠᠯ ᠴᠠᠬᠢᠯᠭᠠᠨ ᠬᠡᠯᠬᠢᠶ᠎ᠡ ᠶᠢᠨ ᠠᠵᠤ ᠦᠢᠯᠡᠰ ᠤᠨ ᠬᠦᠷᠢᠶᠡᠯᠡᠩ ᠵᠢᠴᠢ ᠯᠧ ᠰᠢᠶᠦ᠋ᠨ ᠦᠢᠯᠡᠴᠢᠯᠡᠭᠦᠷ ᠦᠢᠯᠡᠳᠬᠦ ᠵᠡᠷᠭᠡ ᠲᠥᠷᠥᠯ ᠵᠦᠢᠯ ᠢ ᠣᠷᠣᠭᠤᠯᠤᠨ ᠠᠪᠴᠢᠷᠠᠨ᠎ᠠ︔ ᠪᠠᠢ ᠳ᠋ᠦ᠋᠂ ᠲᠢᠺ ᠲᠣᠺ ᠵᠡᠷᠭᠡ ᠲᠤᠭ᠎ᠠ ᠪᠠᠷᠢᠮᠲᠠ ᠳᠤ ᠵᠡᠭᠦᠯᠲᠡ ᠬᠠᠳᠠᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ︽ᠳᠤᠮᠳᠠᠳᠤ ᠤᠯᠤᠰ ᠤᠨ ᠡᠭᠦᠯᠡᠨ ᠬᠥᠨᠳᠡᠢ︾ ᠶᠢ ᠪᠥᠬᠦ ᠬᠦᠴᠦᠨ ᠢᠶᠠᠷ ᠢᠶᠠᠨ ᠴᠣᠭᠴᠠᠯᠠᠨ᠎ᠠ᠃      ᠰᠢᠨ᠎ᠡ ᠮᠠᠲ᠋ᠧᠷᠢᠶᠠᠯ ᠪᠠ ᠣᠲᠣ ᠦᠶ᠎ᠡ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠪᠥᠭᠡᠮᠨᠡᠷᠡᠯ ᠤᠨ ᠦᠢᠯᠡᠳᠬᠦᠨ ᠤ ᠥᠷᠲᠡᠭ ᠢ 800 ᠳ᠋ᠦᠩᠰᠢᠭᠤᠷ ᠲᠥᠭᠦᠷᠢᠭ ᠬᠦᠷᠭᠡᠨ᠎ᠡ᠃ ᠠᠲ᠋ᠧᠰ ᠬᠡᠷᠡᠯ ᠴᠡᠨᠡᠭ ᠤᠨ ᠠᠵᠤ ᠦᠢᠯᠡᠰ ᠤᠨ ᠬᠦᠷᠢᠶᠡᠯᠡᠩ ᠤᠨ ᠨᠢᠭᠡᠳᠦᠭᠡᠷ ᠬᠤᠭᠤᠴᠠᠭ᠎ᠠ᠂ ᠱᠤᠸᠠᠩ ᠵᠢᠶᠧ ᠴᠠᠬᠢᠯᠭᠠᠨ ᠬᠦᠴᠦᠨ ᠤ ᠲᠣᠨᠤᠭ ᠲᠥᠬᠦᠭᠡᠷᠦᠮᠵᠢ ᠦᠢᠯᠡᠳᠬᠦ᠂ ᠲᠢᠶᠠᠨ ᠬᠤᠸ ᠶᠢᠨ 60 ᠲᠦᠮᠡᠨ ᠲᠣᠨ ᠤ ᠰᠢᠯᠥᠨ ᠰᠢᠷᠬᠡᠭ ᠤᠨ ᠨᠢᠭᠡᠳᠦᠭᠡᠷ ᠬᠤᠭᠤᠴᠠᠭ᠎ᠠ᠂ ᠰᠢᠨ ᠬᠤᠸᠠ ᠶᠢᠨ 1 ᠲᠦᠮᠡᠨ ᠲᠣᠨ ᠡᠯᠧᠺᠲᠷᠣᠨ ᠲᠠᠰ ᠤᠨ ᠣᠯᠠᠨ ᠲᠠᠯᠠᠰᠲᠤ ᠴᠠᠬᠢᠭᠤᠷ᠂ ᠵᠦᠩ ᠯᠢ ᠶᠢᠨ ᠭᠤᠷᠪᠠᠳᠤᠭᠠᠷ ᠬᠤᠭᠤᠴᠠᠭ᠎ᠠ᠂ ᠱᠧᠩ ᠹᠠᠨ ᠤ ᠳᠥᠷᠪᠡᠳᠦᠭᠡᠷ ᠬᠤᠭᠤᠴᠠᠭ᠎ᠠ᠂ ᠭᠦᠸᠧ ᠵᠢᠶᠠ ᠶᠢᠨ ᠨᠠᠨᠤ᠋ ᠪᠢᠯᠢᠭ ᠲᠤᠶᠢᠯ ᠤᠨ ᠮᠠᠲ᠋ᠧᠷᠢᠶᠠᠯ ᠤᠨ ᠨᠢᠭᠡᠳᠦᠭᠡᠷ ᠬᠤᠭᠤᠴᠠᠭ᠎ᠠ᠂ ᠹᠦ᠋ ᠮᠢᠩ ᠣᠶᠤᠨᠴᠢ ᠦᠢᠯᠡᠳᠬᠦ ᠨᠢᠭᠡᠳᠦᠭᠡᠷ ᠬᠤᠭᠤᠴᠠᠭ᠎ᠠ ᠵᠡᠷᠭᠡ ᠲᠥᠷᠥᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠤᠨ᠎ᠠ︔ ᠰᠠᠢ ᠱᠧᠩ ᠣᠨ ᠤ ᠭᠠᠷᠤᠯᠲᠠ 800 ᠲᠣᠨ ᠤ ᠡᠯᠧᠺᠲᠷᠣᠨ ᠲᠠᠰ ᠤᠨ ᠨᠡᠭᠦᠷᠡᠰᠦᠲᠥ᠋ᠷᠥᠭᠴᠢᠲᠦ ᠴᠠᠬᠢᠭᠤᠷ ᠵᠢᠴᠢ ᠴᠠᠬᠢᠭᠤᠷ ᠤᠨ ᠮᠠᠲ᠋ᠧᠷᠢᠶᠠᠯ ᠦᠢᠯᠡᠳᠪᠦᠷᠢᠯᠡᠬᠦ ᠪᠥᠬᠦ ᠠᠵᠤ ᠦᠢᠯᠡᠰ ᠤᠨ ᠬᠡᠯᠬᠢᠶ᠎ᠡ᠂ ᠭᠠᠨ ᠹᠧᠩ ᠯᠢᠲ᠋ᠢ ᠳ᠋ᠢᠶᠠᠨ ᡂᠢ᠂ ᠶᠤᠸᠠᠨ ᠰᠤ᠋ ᠮᠧᠩ ᠲᠠᠢ ᠣᠶᠤᠨᠲᠤ ᠤᠰᠤᠲᠥ᠋ᠷᠥᠭᠴᠢ ᠴᠠᠬᠢᠯᠭᠠᠨ ᠤ ᠬᠤᠳᠠᠯᠳᠤᠭᠠᠨ ᠳᠤ ᠬᠡᠷᠡᠭᠯᠡᠬᠦ ᠲᠡᠷᠭᠡ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ︔ ᠠᠲ᠋ᠧᠰ ᠬᠡᠷᠡᠯ ᠴᠡᠨᠡᠭ ᠤᠨ ᠠᠵᠤ ᠦᠢᠯᠡᠰ ᠤᠨ ᠬᠦᠷᠢᠶᠡᠯᠡᠩ ᠤᠨ ᠬᠤᠶᠠᠳᠤᠭᠠᠷ ᠬᠤᠭᠤᠴᠠᠭ᠎ᠠ᠂ ᠵᠦᠩ ᠬᠤᠸᠠᠨ ᠤ 20GW ᠬᠡᠷᠡᠯ ᠴᠡᠨᠡᠭ ᠤᠨ ᠳᠠᠪᠬᠤᠴᠠᠮᠠᠯ ᠲᠣᠨᠣᠭᠯᠠᠭᠠᠰᠤ᠂ ᠬᠤᠸᠠ ᠶᠣᠣ ᠶᠢᠨ 10GW ᠬᠡᠷᠡᠯ ᠴᠡᠨᠡᠭ ᠤᠨ N ᠬᠡᠯᠪᠡᠷᠢ ᠶᠢᠨ ᠳ᠋ᠢᠶᠠᠨ ᡂᠢ ᠶᠢᠨ ᠢᠯᠲᠠᠰᠤ᠂ ᠵᠦᠩ ᠺᠧ ᠱᠢ ᠵᠢᠢ ᠯᠢᠶᠠᠨ ᠯᠢᠤᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ᠂ ᠵᠥᠩ ᠰᠢᠨ ᠹᠦ᠋ ᠱᠧᠩ ᠬᠠᠭᠠᠰ ᠳᠠᠮᠵᠢᠭᠤᠯᠤᠭᠴᠢ ᠶᠢᠨ ᠠᠵᠤ ᠦᠢᠯᠡᠰ ᠤᠨ ᠬᠦᠷᠢᠶᠡᠯᠡᠩ ᠵᠡᠷᠭᠡ ᠲᠥᠷᠥᠯ ᠵᠦᠢᠯ ᠢ ᠡᠬᠢᠯᠡᠭᠦᠯᠦᠨ ᠪᠦᠲᠦᠭᠡᠨ ᠪᠠᠶᠢᠭᠤᠯᠵᠤ᠂ ᠴᠠᠬᠢᠭᠤᠷ ᠤᠨ ᠮᠠᠲ᠋ᠧᠷᠢᠶᠠᠯ ᠢ ᠬᠡᠷᠴᠢᠬᠦ᠂ ᠤᠬᠢᠶᠠᠵᠤ ᠴᠡᠪᠡᠷᠯᠡᠬᠦ᠂ ᠴᠢᠫ ᠦᠢᠯᠡᠳᠬᠦ ᠵᠡᠷᠭᠡ ᠳᠡᠭᠡᠳᠦ ᠳᠣᠣᠷᠠᠳᠤ ᠤᠷᠤᠰᠬᠠᠯ ᠲᠡᠶᠢᠰᠢ ᠤᠷᠲᠤᠳᠬᠠᠨ᠎ᠠ᠃      ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠪᠥᠭᠡᠮᠨᠡᠷᠡᠯ ᠤᠨ ᠦᠢᠯᠡᠳᠬᠦᠨ ᠤ ᠥᠷᠲᠡᠭ ᠢ 200 ᠳ᠋ᠦᠩᠰᠢᠭᠤᠷ ᠲᠥᠭᠦᠷᠢᠭ ᠬᠦᠷᠭᠡᠨ᠎ᠡ᠃ ᠢ ᠳ᠋ᠥᠸᠧ ᠯᠢ ᠠᠮᠢᠳᠤ ᠪᠣᠳᠠᠰ ᠤᠨ ᠢᠰᠬᠡᠭᠦᠷ ᠤᠨ ᠨᠠᠶᠢᠷᠠᠯᠭ᠎ᠠ᠂ ᠤᠤ ᠫᠦ᠋ ᠰᠠᠢ ᠠᠮᠢᠲᠠᠨ ᠤ ᠴᠢᠰᠤᠨ ᠤ ᠴᠠᠶᠢᠪᠠᠩ ᠢ ᠪᠣᠶᠢᠵᠢᠭᠤᠯᠵᠤ ᠰᠤᠳᠤᠯᠤᠨ ᠨᠡᠭᠡᠭᠡᠬᠦ ᠵᠡᠷᠭᠡ ᠲᠦᠷᠦᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠤᠨ᠎ᠠ︔ ᠴᠠᠩ ᠱᠧᠩ ᠳᠡᠭᠡᠳᠦ ᠲᠠᠰ ᠤᠨ ᠨᠠᠶᠢᠷᠠᠯᠲᠠ᠂ ᠶᠢᠨ ᠳ᠋ᠠ ᠸᠧᠢ ᠶᠢᠨ ᠭᠤᠷᠪᠠᠳᠤᠭᠠᠷ ᠬᠤᠭᠤᠴᠠᠭ᠎ᠠ᠂ ᠱᠤᠸᠠᠩ ᠴᠢ ᠡᠮ ᠤᠨ ᠦᠢᠯᠡᠰ ᠤᠨ ᠠᠮᠢᠳᠤ ᠪᠣᠳᠠᠰ ᠤᠨ ᠣᠶᠤᠨᠴᠢ ᠦᠢᠯᠡᠳᠬᠦ ᠠᠵᠤ ᠦᠢᠯᠡᠰ ᠤᠨ ᠬᠦᠷᠢᠶᠡᠯᠡᠩ᠂ ᠫᠦ᠋ ᠽᠧ ᠠᠮᠢᠳᠤ ᠪᠣᠳᠠᠰ ᠤᠨ ᠠᠰᠢᠭᠲᠤ ᠪᠠᠺᠲ᠋ᠧᠷᠢ ᠶᠢᠨ ᠠᠵᠤ ᠦᠢᠯᠡᠰ ᠤᠨ ᠬᠦᠷᠢᠶᠡᠯᠡᠩ᠂ ᠰᠢᠨ ᠾᠧ ᠰᠢᠨ ᠠᠮᠢᠳᠤ ᠪᠣᠳᠠᠰ ᠤᠨ ᠠᠵᠤ ᠦᠢᠯᠡᠰ ᠤᠨ ᠰᠠᠭᠤᠷᠢᠨ ᠭᠠᠵᠠᠷ᠂ ᠬᠤᠸᠠ ᠷᠦᠨ ᠱᠤᠸᠠᠩ ᠾᠧ ᠠᠮᠢᠳᠤ ᠪᠣᠳᠠᠰ ᠤᠨ ᠠᠵᠤ ᠦᠢᠯᠡᠰ ᠤᠨ ᠰᠠᠭᠤᠷᠢᠨ ᠭᠠᠵᠠᠷ᠂ ᠨᠥᠸᠧ ᠪᠠᠩ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠲᠥᠷᠥᠯ ᠵᠦᠢᠯ ᠢ ᠡᠬᠢᠯᠡᠭᠦᠯᠦᠨ ᠪᠦᠲᠦᠭᠡᠨ ᠪᠠᠶᠢᠭᠤᠯᠤᠨ᠎ᠠ︔ ᠺᠧ ᠲᠦᠸᠧ ᠢᠳᠡᠭᠡᠨ ᠤ ᠠᠰᠢᠭᠲᠤ ᠪᠠᠺᠲ᠋ᠧᠷᠢ᠂ ᠶᠢᠨ ᠢᠦᠢ ᠠᠮᠢᠳᠤ ᠪᠣᠳᠠᠰ ᠤᠨ mRNA ᠸᠠᠺᠼᠢᠨ ᠵᠢᠴᠢ ᠪᠥᠭᠡᠮ ᠬᠦᠴᠢᠯ ᠤᠨ ᠡᠮ ᠢ ᠣᠶᠤᠨᠴᠢᠯᠠᠨ ᠦᠢᠯᠡᠳᠬᠦ ᠵᠡᠷᠭᠡ ᠲᠥᠷᠥᠯ ᠵᠦᠢᠯ ᠤᠨ ᠪᠠᠶᠢᠭᠤᠯᠤᠯᠲᠠ ᠶᠢ ᠲᠦᠷᠭᠡᠳᠬᠡᠵᠦ ᠂ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠥᠨᠳᠥᠷ ᠨᠡᠮᠡᠯᠲᠡ ᠥᠷᠲᠡᠭᠲᠦ ᠪᠡᠯᠡᠨ ᠡᠮ᠂ ᠨᠠᠶᠢᠷᠠᠯᠲᠠ᠂ ᠶᠡᠭᠡ ᠡᠷᠡᠭᠦᠯ ᠮᠡᠨᠳᠦ ᠲᠡᠶᠢᠰᠢ ᠥᠷᠭᠡᠳᠬᠦ ᠶᠢ ᠲᠦᠷᠭᠡᠳᠬᠡᠨ᠎ᠡ᠃      ᠴᠡᠪᠡᠷ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠤᠨ ᠪᠥᠭᠡᠮᠨᠡᠷᠡᠯ ᠤᠨ ᠦᠢᠯᠡᠳᠬᠦᠨ ᠤ ᠥᠷᠲᠡᠭ ᠢ  700 ᠳ᠋ᠦᠩᠰᠢᠭᠤᠷ ᠲᠥᠭᠦᠷᠢᠭ ᠬᠦᠷᠭᠡᠨ᠎ᠡ᠃  ᠬᠤᠷᠢᠨᠭᠡᠷ ᠤᠨ ᠲᠤᠭ᠎ᠠ ᠪᠠᠷᠢᠮᠲᠠ ᠶᠢᠨ ᠲᠥᠪ ᠤᠨ ᠪᠥᠭᠡᠮᠨᠡᠷᠡᠯ ᠤᠨ ᠪᠣᠬᠢᠷᠲᠤᠯ ᠦᠭᠡᠢ ᠡᠨᠧᠷᠭᠢ ᠶᠢᠨ ᠬᠠᠩᠭᠠᠯᠭ᠎ᠠ ᠶᠢᠨ ᠵᠢᠱᠢᠶ᠎ᠡ ᠦᠵᠡᠭᠦᠯᠬᠦ ᠢᠨᠵᠧᠨᠧᠷᠢᠩ᠂ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠡᠨᠧᠷᠬᠢ ᠬᠠᠳᠠᠭᠠᠯᠠᠬᠤ ᠺᠣᠮᠫᠠᠨᠢ ᠶᠢᠨ ᠬᠠᠮᠲᠤ ᠪᠠᠷ ᠡᠳ᠋ᠯᠡᠬᠦ ᠡᠨᠧᠷᠭᠢ ᠬᠠᠳᠠᠭᠠᠯᠠᠬᠤ ᠲᠤᠰᠠᠭᠠᠷ ᠴᠠᠬᠢᠯᠭᠠᠨ ᠥᠷᠲᠡᠭᠡ ᠵᠡᠷᠭᠡ ᠲᠥᠷᠥᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠤᠨ᠎ᠠ︔ ᠵᠢᠨᠱᠠᠨ ᠴᠠᠬᠢᠯᠭᠠᠨ ᠤ ᠦᠢᠯᠡᠳᠪᠦᠷᠢ ᠶᠢᠨ ᠭᠤᠷᠪᠠᠳᠤᠭᠠᠷ ᠬᠤᠭᠤᠴᠠᠭ᠎ᠠ ᠶᠢ ᠲᠦᠷᠭᠡᠳᠬᠡᠨ ᠪᠠᠶᠢᠭᠤᠯᠤᠨ᠎ᠠ︔ ᠬᠥᠬᠡᠬᠤᠲᠠ ᠶᠢᠨ ᠤᠰᠤ ᠲᠠᠲᠠᠵᠤ ᠡᠨᠧᠷᠭᠢ ᠬᠠᠳᠠᠭᠠᠯᠠᠬᠤ ᠬᠤᠶᠠᠳᠤᠭᠠᠷ ᠬᠤᠭᠤᠴᠠᠭᠠᠨ ᠤ ᠪᠠᠷᠢᠯᠭ᠎ᠠ ᠶᠢᠨ ᠠᠵᠢᠯ ᠢ ᠡᠬᠢᠯᠡᠭᠦᠯᠦᠨ᠎ᠡ︔ ᠵᠥᠩ ᠬᠤᠸᠠᠨ ᠠᠵᠤ ᠦᠢᠯᠡᠰ ᠤᠨ ᠬᠤᠲᠠ ᠶᠢᠨ ᠪᠣᠬᠢᠷᠲᠤᠯ ᠦᠭᠡᠢ ᠴᠠᠬᠢᠯᠭᠠᠨ ᠬᠠᠩᠭᠠᠬᠤ ᠰᠢᠨ᠎ᠡ ᠡᠨᠧᠷᠭᠢ ᠪᠠᠷ ᠴᠠᠬᠢᠯᠭᠠᠨ ᠭᠠᠷᠭᠠᠬᠤ᠂ ᠳ᠋ᠠ ᠲᠠᠩ ᠬᠥᠬᠡᠬᠤᠲᠠ ᠶᠢᠨ ᠬᠥᠩᠭᠡᠨᠴᠠᠭᠠᠨ ᠴᠠᠬᠢᠯᠭᠠᠨ ᠲᠦᠯᠡᠰᠢᠨ ᠨᠡᠭᠦᠷᠡᠰᠦ ᠶᠢᠨ ᠥᠪᠡᠷᠲᠡᠭᠡᠨ ᠬᠡᠷᠡᠭᠯᠡᠬᠦ ᠴᠠᠬᠢᠯᠭᠠᠨ ᠤ ᠦᠢᠯᠡᠳᠪᠦᠷᠢ ᠶᠢᠨ ᠳᠠᠬᠢᠨ ᠡᠭᠦᠰᠴᠦ ᠪᠣᠯᠬᠤ ᠡᠨᠧᠷᠭᠢ ᠪᠠᠷ ᠣᠷᠣᠯᠠᠭᠤᠯᠬᠤ ᠪᠠᠷᠢᠯᠭ᠎ᠠ᠂ ᠦᠴᠦᠸᠠᠨ ᠤ ᠡᠨᠧᠷᠭᠢ ᠬᠠᠳᠠᠭᠠᠯᠠᠬᠤ ᠵᠢᠱᠢᠶ᠎ᠡ ᠦᠵᠡᠭᠦᠯᠬᠦ᠂ ᠬᠤᠸᠠ ᠱᠥᠸᠧ ᠡᠨᠧᠷᠭᠢ ᠶᠢ ᠬᠠᠲᠠᠭᠤ ᠲᠥᠯᠥᠪᠲᠦ ᠤᠰᠤᠲᠥ᠋ᠷᠥᠭᠴᠢ ᠪᠣᠯᠭᠠᠨ ᠬᠠᠳᠠᠭᠠᠯᠠᠬᠤ ᠵᠡᠷᠭᠡ ᠲᠥᠷᠥᠯ ᠵᠦᠢᠯ ᠢ ᠡᠬᠢᠯᠡᠭᠦᠯᠦᠨ ᠪᠦᠲᠦᠭᠡᠨ ᠪᠠᠶᠢᠭᠤᠯᠵᠤ᠂ ᠪᠣᠬᠢᠷᠲᠤᠯ ᠦᠭᠡᠢ ᠴᠠᠬᠢᠯᠭᠠᠨ ᠢ ᠰᠢᠩᠭᠡᠬᠡᠨ ᠠᠪᠴᠤ ᠠᠰᠢᠭᠯᠠᠬᠤ ᠵᠢᠱᠢᠶ᠎ᠡ ᠦᠵᠡᠭᠦᠯᠬᠦ ᠣᠷᠣᠨ ᠢ ᠪᠠᠶᠢᠭᠤᠯᠤᠨ᠎ᠠ᠃      ᠣᠳᠣᠬᠢᠴᠢᠯᠠᠭᠰᠠᠨ ᠠᠵᠤ ᠦᠢᠯᠡᠳᠪᠦᠷᠢ ᠶᠢᠨ ᠠᠵᠤ ᠦᠢᠯᠡᠰ ᠤᠨ ᠪᠥᠭᠡᠮᠨᠡᠷᠡᠯ ᠤᠨ ᠦᠢᠯᠡᠳᠬᠦᠨ ᠤ ᠥᠷᠲᠡᠭ ᠢ 500 ᠳ᠋ᠦᠩᠰᠢᠭᠤᠷ ᠲᠥᠭᠦᠷᠢᠭ ᠬᠦᠷᠭᠡᠨ᠎ᠡ᠃ ᠰᠠᠨ ᠯᠢᠶᠠᠨ ᠬᠢᠮᠢ ᠶᠢᠨ ᠠᠵᠤ ᠦᠢᠯᠡᠳᠪᠦᠷᠢ ᠶᠢᠨ ᠴᠠᠬᠢᠯᠠᠭᠤᠷ ᠴᠢᠯᠠᠭᠤᠨ ᠵᠤᠤᠬ᠎ᠠ ᠶᠢ ᠨᠡᠭᠦᠯᠭᠡᠬᠦ ᠲᠦᠷᠦᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠤᠨ᠎ᠠ︔ ᠳᠤᠮᠳᠠᠳᠤ ᠤᠯᠤᠰ ᠤᠨ ᠣᠩᠭᠤᠴᠠᠨ ᠤ ᠣᠨᠴᠠ ᠲᠥᠷᠥᠯ ᠤᠨ ᠬᠡᠢ ᠪᠡᠶᠡᠲᠦ᠂ ᠵᠢᠦ ᠲᠠᠢ ᠶᠢᠨ 30 ᠲᠦᠮᠡᠨ ᠲᠣᠨ ᠤ ᠬᠡᠯᠬᠢᠶ᠎ᠡ ᠶᠢ ᠤᠷᠲᠤᠳᠬᠠᠵᠤ ᠬᠡᠯᠬᠢᠶ᠎ᠡ ᠶᠢ ᠨᠥᠬᠦᠪᠦᠷᠢᠯᠡᠬᠦ ᠶᠢ ᠨᠢᠭᠡ ᠴᠣᠭᠴᠠᠵᠢᠭᠤᠯᠬᠤ᠂ ᠰᠢᠦᠢ ᠶᠠᠩ ᠤᠨ ᠨᠡᠭᠦᠷᠡᠰᠦᠲᠥ᠋ᠷᠥᠭᠴᠢ ᠪᠠᠷ ᠰᠠᠭᠤᠷᠢ ᠪᠣᠯᠭᠠᠭᠰᠠᠨ ᠰᠢᠨ᠎ᠡ ᠮᠠᠲ᠋ᠧᠷᠢᠶᠠᠯ ᠤᠨ ᠪᠥᠬᠦ ᠠᠵᠤ ᠦᠢᠯᠡᠰ ᠤᠨ ᠬᠡᠯᠬᠢᠶ᠎ᠡ ᠶᠢ ᠨᠢᠭᠡ ᠴᠣᠭᠴᠠᠵᠢᠭᠤᠯᠬᠤ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠬᠥᠬᠡᠬᠤᠲᠠ ᠳᠠᠬᠢ ᠴᠢᠯᠠᠭᠤᠨ ᠲᠣᠰᠣᠨ ᠤ ᠬᠢᠮᠢ ᠶᠢᠨ ᠠᠵᠤ ᠦᠢᠯᠡᠳᠪᠦᠷᠢ ᠶᠢᠨ ᠪᠥᠭᠡᠭᠡᠨᠡᠷᠡᠯ ᠮᠧᠲ᠋ᠠᠨᠠᠯ ᠢ ᠲᠠᠰ ᠳᠡᠪᠰᠢᠭᠦᠯᠦᠨ ᠥᠭᠡᠷᠡᠴᠢᠯᠡᠬᠦ ᠵᠡᠷᠭᠡ ᠲᠥᠷᠥᠯ ᠵᠦᠢᠯ ᠢ ᠡᠬᠢᠯᠡᠭᠦᠯᠦᠨ ᠪᠦᠲᠦᠭᠡᠨ ᠪᠠᠶᠢᠭᠤᠯᠤᠨ᠎ᠠ᠃      ᠢᠷᠡᠭᠡᠳᠦᠢ ᠶᠢᠨ ᠠᠵᠤ ᠦᠢᠯᠡᠰ ᠤᠨ ᠰᠢᠨ᠎ᠡ ᠤᠷᠤᠯᠳᠤᠭᠠᠨ ᠤ ᠵᠠᠮ ᠢ ᠢᠳᠡᠪᠬᠢᠲᠡᠢ ᠡᠵᠡᠯᠡᠨ ᠠᠪᠤᠨ᠎ᠠ᠃ ︽ᠲᠠᠪᠤᠨ ᠶᠡᠭᠡ ᠬᠦᠷᠢᠶ᠎ᠡ ᠴᠠᠷᠠᠭ᠎ᠠ︾ ᠶᠢᠨ ᠰᠢᠪᠲᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠦᠨ᠎ᠡ᠃ ᠢᠷᠡᠭᠡᠳᠦᠢ ᠶᠢᠨ ᠮᠡᠳᠡᠭᠡ ᠵᠠᠩᠭᠢ ᠶᠢᠨ ᠠᠵᠤ ᠦᠢᠯᠡᠰ ᠲᠤ ᠵᠣᠬᠢᠶᠠᠮᠠᠯ ᠤᠶᠤᠨ᠂ ᠬᠥᠮᠥᠨ ᠳᠦᠷᠰᠦ  ᠲᠠᠢ ᠮᠠᠰᠢᠨ ᠬᠥᠮᠥᠨ᠂ ᠴᠣᠮ ᠣᠷᠴᠢᠯᠠᠩ ᠵᠡᠷᠭᠡ ᠠᠵᠤ ᠦᠢᠯᠡᠰ ᠤᠨ ᠪᠠᠶᠢᠷᠢᠰᠢᠭᠤᠯᠤᠯᠲᠠ ᠶᠢ ᠲᠦᠷᠭᠡᠳᠬᠡᠵᠦ᠂ ᠭᠤᠸᠠᠩ ᠬᠤᠸᠠᠨ ᠰᠢᠨ᠎ᠡ ᠰᠦᠯᠵᠢᠶ᠎ᠡ᠂ ᠳᠤᠮᠳᠠᠳᠤ ᠤᠯᠤᠰ ᠤᠨ ᠴᠢᠮᠡᠭᠡ ᠬᠤᠯᠪᠣᠭᠠᠨ ᠤ ᠦᠢᠯᠡᠴᠢᠯᠡᠭᠡᠨ ᠤ ᠲᠣᠭᠠᠴᠢᠯᠠᠭᠰᠠᠨ ᠢᠬᠡᠷ᠎ᠡ᠂ ᠳ᠋ᠦᠩ ᠹᠠᠩ ᠭᠡᠳᠤ ᠪᠣᠳᠣᠯᠭ᠎ᠠ ᠶᠢᠨ AI ᠪᠣᠳᠣᠯᠭ᠎ᠠ ᠶᠢᠨ ᠬᠦᠴᠦᠨ ᠵᠡᠷᠭᠡ ᠲᠦᠷᠦᠯ ᠵᠦᠢᠯ ᠢ ᠭᠤᠣᠯᠳᠠᠯᠭ᠎ᠠ ᠲᠠᠢ ᠬᠡᠷᠡᠭᠵᠢᠭᠦᠯᠦᠨ᠎ᠡ᠃ ᠢᠷᠡᠭᠡᠳᠦᠢ ᠶᠢᠨ ᠣᠭᠲᠠᠷᠭᠤᠢ ᠶᠢᠨ ᠠᠵᠤ ᠦᠢᠯᠡᠰ ᠲᠤ ᠤᠯᠤᠰ ᠤᠨ ᠲᠡᠰ ᠤᠨ ᠰᠠᠨᠰᠠᠷ ᠤᠨ ᠠᠶᠠᠯᠠᠯ ᠤᠨ ᠨᠡᠭᠡᠭᠡᠯᠲᠡ ᠶᠢᠨ ᠲᠣᠭᠤᠷᠢᠭ ᠢ ᠢᠳᠡᠪᠬᠢᠲᠡᠢ ᠭᠤᠶᠤᠴᠢᠯᠠᠨ ᠮᠡᠳᠡᠭᠦᠯᠵᠦ᠂ ᠬᠤᠳᠠᠯᠳᠤᠭᠠᠨ ᠤ ᠰᠠᠨᠰᠠᠷ ᠤᠨ ᠠᠶᠠᠯᠠᠯ᠂ ᠳᠣᠣᠷ᠎ᠠ ᠠᠭᠠᠷ ᠤᠨ ᠠᠵᠤ ᠠᠬᠤᠢ᠂ ᠲᠣᠭᠠᠴᠢᠯᠠᠭᠰᠠᠨ ᠳᠣᠣᠷ᠎ᠠ ᠠᠭᠠᠷ᠂ ᠠᠭᠠᠷ ᠤᠨ ᠠᠶᠠᠯᠠᠯ ᠤᠨ ᠲᠣᠨᠣᠭᠯᠠᠯ ᠦᠢᠯᠡᠳᠬᠦ ᠵᠡᠷᠭᠡ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠭᠥᠸᠧ ᠳ᠋ᠢᠶᠠᠨ ᠭᠤᠤ ᠺᠧ᠂ ᠵᠦᠩ ᠺᠧ ᠰᠢᠩ ᠲᠤ᠂ ᠱᠧᠩ ᠾᠧ ᠰᠢᠨ᠂ ᠲᠢᠶᠠᠨ ᠵᠢᠢ ᠪᠧᠢ ᠳ᠋ᠧᠦ ᠵᠡᠷᠭᠡ ᠬᠡᠷᠡᠭᠯᠡᠯᠲᠡ ᠶᠢᠨ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠸᠧᠢ ᠵᠢᠶᠠ ᠵᠢᠯᠣᠭᠤᠴᠢ ᠦᠭᠡᠢ ᠨᠢᠰᠬᠡᠯ ᠤᠨ ᠣᠶᠤᠨᠴᠢ ᠦᠢᠯᠡᠳᠬᠦ ᠲᠦᠷᠦᠯ ᠵᠦᠢᠯ ᠤᠨ ᠠᠰᠢᠭᠯᠠᠯᠲᠠ ᠳᠤ ᠣᠷᠣᠬᠤ ᠶᠢ ᠠᠬᠢᠭᠤᠯᠵᠤ᠂ ᠤᠯᠤᠰ ᠤᠨ ᠲᠡᠰ ᠤᠨ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠰᠠᠭᠤᠷᠢᠨ ᠢ ᠪᠠᠶᠢᠭᠤᠯᠤᠨ᠎ᠠ᠃ ᠢᠷᠡᠭᠡᠳᠦᠢ ᠶᠢᠨ ᠮᠠᠲ᠋ᠧᠷᠢᠶᠠᠯ ᠤᠨ ᠠᠵᠤ ᠦᠢᠯᠡᠰ ᠲᠤ ᠰᠢᠨ᠎ᠡ ᠨᠢᠭᠡ ᠦᠶ᠎ᠡ ᠶᠢᠨ ᠬᠠᠭᠠᠰ ᠳᠠᠮᠵᠢᠭᠤᠯᠤᠭᠴᠢ ᠮᠠᠲ᠋ᠧᠷᠢᠶᠠᠯ᠂ ᠰᠢᠨ᠎ᠡ ᠡᠨᠧᠷᠭᠢ ᠶᠢᠨ ᠮᠠᠲ᠋ᠧᠷᠢᠶᠠᠯ᠂ ᠪᠠᠯ ᠴᠢᠯᠠᠭᠤᠨ ᠠᠯᠺᠧᠨ ᠤ ᠮᠠᠲ᠋ᠧᠷᠢᠶᠠᠯ ᠵᠡᠷᠭᠡ ᠠᠵᠤ ᠦᠢᠯᠡᠰ ᠢ ᠲᠦᠷᠭᠡᠳᠬᠡᠨ ᠬᠥᠭᠵᠢᠭᠦᠯᠵᠦ᠂  ︽3060︾ ᠬᠡᠲᠦ ᠲᠠᠰ ᠤᠨ ᠴᠠᠬᠢᠯᠭᠠᠨ ᠪᠠᠭᠲᠠᠮᠵᠢ ᠵᠢᠴᠢ ᠵᠥᠭᠡᠯᠡᠨ ᠨᠡᠭᠦᠷᠡᠰᠦᠲᠥ᠋ᠷᠥᠭᠴᠢ ᠶᠢᠨ ᠮᠠᠲ᠋ᠧᠷᠢᠶᠠᠯ᠂ ᠰᠢᠶᠠᠮᠧᠨ ᠤ ᠭᠤᠸᠠᠩ ᠫᠦ᠋ ᠰᠢᠨ᠎ᠡ ᠬᠡᠯᠪᠡᠷᠢ ᠶᠢᠨ ᠲᠣᠮᠣ ᠮᠣᠯᠧᠺᠦ᠋ᠯᠲᠦ ᠲᠡᠮᠦᠷᠯᠢᠭ ᠤᠨ ᠨᠡᠶᠢᠯᠡᠮᠡᠯ ᠮᠠᠲ᠋ᠧᠷᠢᠶᠠᠯ ᠵᠡᠷᠭᠡ ᠲᠥᠷᠥᠯ ᠵᠦᠢᠯ ᠢ ᠭᠤᠣᠯᠳᠠᠯᠭ᠎ᠠ ᠲᠠᠢ ᠬᠡᠷᠡᠭᠵᠢᠭᠦᠯᠦᠨ᠎ᠡ᠃ ᠢᠷᠡᠭᠡᠳᠦᠢ ᠶᠢᠨ ᠡᠷᠡᠭᠦᠯ ᠮᠡᠨᠳᠦ ᠶᠢᠨ ᠠᠵᠤ ᠦᠢᠯᠡᠰ ᠲᠤ ᠠᠮᠢᠳᠤ ᠪᠣᠳᠠᠰ ᠤᠨ ᠢᠨᠵᠧᠨᠧᠷᠢᠩ᠂ ᠠᠮᠢᠳᠤ ᠪᠣᠳᠠᠰ ᠤᠨ ᠸᠠᠺᠼᠢᠨ ᠤ ᠳᠡᠭᠡᠳᠦ ᠲᠠᠰ ᠤᠨ ᠬᠥᠭᠵᠢᠯᠲᠡ ᠶᠢ ᠶᠡᠭᠡ ᠪᠠᠷ ᠲᠦᠯᠬᠢᠨ ᠠᠬᠢᠭᠤᠯᠵᠤ᠂ ᠬᠠᠢ ᠲᠢᠶᠠᠨ ᠣᠶᠣᠨᠲᠤ ᠲᠠᠷᠢᠬᠢ ᠮᠠᠰᠢᠨ ᠤ ᠵᠠᠯᠭᠠᠭᠤᠷ᠂ ᠬᠤᠸᠠ ᠢᠦᠢ ᠰᠤᠷᠪᠤᠯᠵᠢᠲᠤ ᠡᠰ ᠤᠨ ᠠᠮᠢᠳᠤ ᠪᠣᠳᠠᠰ ᠤᠨ ᠮᠡᠷᠭᠡᠵᠢᠯ ᠵᠡᠷᠭᠡ ᠲᠥᠷᠥᠯ ᠵᠦᠢᠯ ᠢ ᠭᠤᠣᠯᠳᠠᠯᠭ᠎ᠠ ᠲᠠᠢ ᠬᠡᠷᠡᠭᠵᠢᠭᠦᠯᠦᠨ᠎ᠡ᠃ ᠢᠷᠡᠭᠡᠳᠦᠢ ᠶᠢᠨ ᠡᠨᠧᠷᠭᠢ ᠶᠢᠨ ᠠᠵᠤ ᠦᠢᠯᠡᠰ ᠲᠤ ᠤᠰᠤᠲᠥ᠋ᠷᠥᠭᠴᠢ ᠡᠨᠧᠷᠭᠢ ᠶᠢᠨ ᠬᠡᠷᠡᠭᠯᠡᠭᠡᠨ ᠤ ᠵᠢᠱᠢᠶ᠎ᠡ ᠦᠵᠡᠭᠦᠯᠬᠦ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠠᠬᠢᠭᠤᠯᠵᠤ᠂ ᠸᠠᠨ ᠬᠠᠢ ᠵᠦᠩ ᠴᠦᠨ ᠮᠠᠰᠢᠨ ᠲᠡᠷᠭᠡᠨ ᠳᠤ ᠬᠡᠷᠡᠭᠯᠡᠬᠦ ᠠᠯᠺᠤᠤᠯ ᠤᠨ ᠲᠦᠯᠡᠰᠢ᠂ ᠶᠧᠦ ᠰᠠᠢ ᠠᠭᠠᠷ ᠢ ᠠᠪᠴᠢᠭᠤᠯᠵᠤ ᠡᠨᠧᠷᠭᠢ ᠬᠠᠳᠠᠭᠠᠯᠠᠬᠤ ᠵᠢᠱᠢᠶ᠎ᠡ ᠦᠵᠡᠭᠦᠯᠬᠦ ᠵᠡᠷᠭᠡ ᠲᠦᠷᠦᠯ ᠵᠦᠢᠯ ᠢ ᠬᠡᠷᠡᠭᠵᠢᠭᠦᠯᠦᠨ᠎ᠡ᠃      ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠠᠭᠤᠷᠠᠢ ᠶᠢ ᠨᠥᠬᠦᠪᠦᠷᠢᠯᠡᠨ᠎ᠡ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ︽ᠭᠤᠷᠪᠠᠨ ᠠᠵᠢᠯᠯᠠᠭ᠎ᠠ︾ ᠶᠢ ᠥᠷᠨᠢᠭᠦᠯᠵᠦ᠂ ᠳᠠᠭᠠᠭᠠᠬᠤ ᠴᠢᠳᠠᠪᠤᠷᠢ ᠶᠢ ᠶᠡᠬᠡᠪᠡᠷ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠂ ᠬᠦᠷᠢᠶᠡᠯᠡᠩ ᠲᠣᠭᠤᠷᠢᠭ ᠤᠨ ᠡᠬᠢ ᠪᠠᠶᠠᠯᠢᠭ ᠤᠨ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠠᠵᠤ ᠠᠬᠤᠶᠢᠯᠠᠯ᠂ ᠣᠯᠠᠨ ᠲᠦᠮᠡᠨ ᠳᠤ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ︔ ᠢᠵᠢ ᠪᠦᠷᠢᠳᠦᠭᠦᠯᠬᠦ ᠠᠵᠤ ᠦᠢᠯᠡᠰ ᠢ ᠶᠡᠬᠡᠪᠡᠷ ᠣᠷᠣᠭᠤᠯᠤᠨ ᠠᠪᠴᠢᠷᠠᠬᠤ ᠠᠵᠢᠯᠯᠠᠭ᠎ᠠ ᠶᠢ ᠬᠡᠷᠡᠭᠵᠢᠭᠦᠯᠵᠦ᠂ ᠨᠢᠭᠡ ᠪᠦᠯᠦᠭ ᠪᠠᠷᠢᠮᠵᠢᠶ᠎ᠠ ᠦᠢᠯᠡᠳᠪᠦᠷᠢ ᠶᠢᠨ ᠭᠡᠷ ᠪᠠᠶᠢᠰᠢᠩ᠂ ᠰᠤᠳᠤᠯᠤᠨ ᠨᠡᠭᠡᠭᠡᠬᠦ ᠠᠰᠠᠷ ᠢ ᠰᠢᠨ᠎ᠡ ᠪᠠᠷ ᠪᠠᠶᠢᠭᠤᠯᠵᠤ᠂ ᠨᠡᠩ ᠤᠯᠠᠨ ᠢᠵᠢ ᠪᠦᠷᠢᠳᠦᠭᠦᠯᠬᠦ ᠠᠵᠤ ᠦᠢᠯᠡᠰ ᠢ ᠬᠦᠷᠢᠶᠡᠯᠡᠩ ᠳᠤ ᠲᠠᠲᠠᠨ᠂ ᠳᠤᠮᠳᠠ ᠵᠢᠵᠢᠭ ᠠᠵᠤ ᠠᠬᠤᠶᠢᠯᠠᠯ ᠢ ᠰᠠᠭᠤᠷᠢᠰᠢᠭᠤᠯᠤᠨ᠎ᠠ︔ ᠠᠵᠤ ᠠᠬᠤᠶᠢᠯᠠᠯ ᠢ ᠶᠡᠭᠡ ᠪᠠᠷ ᠬᠠᠪᠰᠤᠷᠤᠨ ᠲᠡᠳᠬᠦᠵᠦ ᠬᠦᠴᠦᠨ ᠨᠡᠮᠡᠷᠢᠯᠡᠬᠦ ᠠᠵᠢᠯᠯᠠᠭ᠎ᠠ ᠶᠢ ᠬᠡᠷᠡᠭᠵᠢᠭᠦᠯᠵᠦ᠂ ︽ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠬᠦᠷᠢᠶᠡᠯᠡᠩ ᠲᠣᠭᠤᠷᠢᠭ ᠲᠤ ᠣᠷᠣᠭᠤᠯᠬᠤ︾ ᠶᠢ ᠠᠬᠢᠭᠤᠯᠤᠨ᠂ ᠬᠢᠨᠠᠨ ᠵᠥᠪᠰᠢᠶᠡᠷᠡᠬᠦ ᠡᠷᠬᠡ ᠮᠡᠳᠡᠯ ᠢ ᠬᠦᠷᠢᠶᠡᠯᠡᠩ ᠲᠣᠭᠤᠷᠢᠭ ᠲᠤ ︽ᠪᠠᠭᠤᠯᠭᠠᠵᠤ ᠪᠣᠯᠬᠤ ᠶᠢ ᠪᠦᠬᠦᠨ ᠢ ᠪᠠᠭᠤᠯᠭᠠᠬᠤ︾ ᠶᠢ ᠠᠬᠢᠭᠤᠯᠵᠤ᠂ ᠳᠡᠭᠡᠳᠦ ᠳᠣᠣᠷᠠᠳᠤ ᠤᠷᠤᠰᠬᠠᠯ ᠤᠨ ᠠᠵᠤ ᠦᠢᠯᠡᠰ ᠤᠨ ᠬᠤᠯᠪᠣᠭ᠎ᠠ ᠶᠢ ᠵᠣᠬᠢᠶᠠᠨ ᠪᠠᠶᠢᠭᠤᠯᠵᠤ᠂ ᠭᠤᠣᠯᠳᠠᠯᠭ᠎ᠠ ᠲᠠᠢ ᠠᠵᠤ ᠠᠬᠤᠶᠢᠯᠠᠯ ᠪᠠ ᠲᠥᠷᠥᠯ ᠵᠦᠢᠯ ᠤᠨ ᠪᠡᠯᠡ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢᠨ ᠭᠠᠷᠴᠠᠭ ᠢ ᠨᠠᠶᠢᠷᠠᠭᠤᠯᠤᠨ ᠵᠣᠬᠢᠶᠠᠵᠤ᠂ ᠠᠵᠤ ᠠᠬᠤᠶᠢᠯᠠᠯ ᠢ ᠬᠠᠪᠰᠤᠷᠤᠨ ︽ᠪᠡᠯᠡ ᠮᠥᠩᠭᠦ ᠡᠷᠢᠵᠦ᠂ ᠲᠦᠭᠦᠬᠡᠢ ᠮᠠᠲ᠋ᠧᠷᠢᠶᠠᠯ ᠡᠷᠢᠵᠦ᠂ ᠬᠡᠷᠡᠭᠯᠡᠬᠦ ᠠᠵᠢᠯᠴᠢᠨ ᠡᠷᠢᠵᠦ᠂ ᠵᠠᠬ᠎ᠠ ᠳᠡᠯᠭᠡᠭᠦᠷ ᠡᠷᠢᠨ᠎ᠡ︾ ᠃      ︵ᠭᠤᠷᠪᠠ︶ ᠤᠳᠤ ᠦᠶ᠎ᠡ ᠶᠢᠨ ᠬᠡᠷᠡᠭᠯᠡᠭᠡᠨ ᠤ ᠲᠥᠪ᠂ ᠰᠡᠯᠡᠭᠦᠴᠡᠯ ᠠᠮᠠᠷᠠᠯᠲᠠ ᠶᠢᠨ ᠲᠥᠪ ᠢ ᠪᠠᠶᠢᠭᠤᠯᠬᠤ ᠶᠢᠨ ᠲᠣᠭᠤᠷᠢᠨ ᠳᠤ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠡᠨᠡ ᠬᠦ ᠥᠷᠨᠢᠩᠭᠦᠢ ᠠᠵᠤ ᠦᠢᠯᠡᠰ ᠢ ︽ᠬᠥᠮᠥᠨ ᠢ ᠲᠠᠲᠠᠵᠤ ᠳᠡᠶᠢᠯᠬᠦ᠂ ᠡᠳ᠋ ᠮᠥᠩᠭᠦ ᠶᠢ ᠦᠯᠡᠳᠡᠭᠡᠵᠦ ᠴᠢᠳᠠᠬᠤ︾ ᠪᠣᠯᠭᠠᠨ᠎ᠠ      ᠬᠡᠷᠡᠭᠯᠡᠭᠡᠨ ᠤ ︽ᠰᠢᠨ᠎ᠡ ᠱᠠᠭᠠᠷᠳᠠᠯᠭ᠎ᠠ︾ ᠶᠢ ᠬᠠᠩᠭᠠᠨ᠎ᠠ᠃ ᠬᠤᠸᠠ ᠷᠦᠨ ᠸᠠᠨ ᠰᠢᠶᠠᠩ ᠬᠤᠲᠠ᠂ ᠶᠢᠨ ᠹᠧᠢ ᠯᠢ ᠲᠠᠯᠠᠪᠠᠢ ᠵᠡᠷᠭᠡ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ︔ ᠵᠥᠩ ᠱᠠᠨ ᠵᠠᠮ᠂ ᠰᠢᠯᠢ ᠶᠢᠨ ᠭᠤᠣᠯ ᠡᠮᠦᠨ᠎ᠡ ᠵᠠᠮ᠂ ᠵᠡᠭᠦᠨ ᠸᠠᠨ ᠳ᠋ᠠ᠂ ᠮᠣᠶᠢᠯ ᠬᠤᠲᠠ᠂ ᠠᠶᠠᠨᠴᠢᠳ ᠤᠨ ᠵᠡᠭᠦᠨ ᠥᠷᠲᠡᠭᠡ ᠵᠡᠷᠭᠡ ᠭᠤᠣᠯᠳᠠᠯᠭ᠎ᠠ ᠲᠠᠢ ᠬᠤᠳᠠᠯᠳᠤᠭᠠᠨ ᠤ ᠲᠣᠭᠤᠷᠢᠭ ᠪᠠ ᠣᠨᠴᠠᠯᠢᠭᠲᠤ ᠵᠡᠭᠡᠯᠢ ᠲᠣᠭᠤᠷᠢᠭ ᠤᠨ ᠦᠢᠯᠡᠴᠢᠯᠡᠭᠡᠨ ᠤ ᠴᠢᠳᠠᠮᠵᠢ ᠶᠢ ᠳᠡᠭᠡᠭᠰᠢᠯᠡᠭᠦᠯᠦᠨ᠎ᠡ︔ ᠪᠡᠭᠡᠵᠢᠩ ᠤᠨ ᠬᠤᠸᠠ ᠯᠢᠶᠠᠨ ᠰᠣᠳᠣᠨ ᠪᠦᠲᠦᠭᠡᠭᠳᠡᠬᠦᠨ ᠤ ᠬᠡᠲᠦ ᠳᠡᠯᠭᠡᠭᠦᠷ᠂ ᠾᠧ ᠮᠠ ᠰᠣᠷᠭᠤᠭ ᠲᠦᠭᠦᠬᠡᠢ᠂ ᠮᠠᠢ ᠳ᠋ᠧ ᠯᠦᠩ ᠵᠡᠷᠭᠡ ᠨᠠᠷᠠᠲᠤ ᠲᠡᠮᠳᠡᠭᠲᠦ ᠶᠢᠨ ᠬᠡᠯᠬᠢᠶᠡᠨ ᠬᠡᠲᠦ ᠳᠡᠯᠭᠡᠭᠦᠷ ᠢ ᠣᠷᠣᠭᠤᠯᠤᠨ ᠠᠪᠴᠢᠷᠠᠵᠤ᠂ ᠨᠠᠷᠠᠲᠤ ᠲᠡᠮᠳᠡᠭᠲᠦ ᠶᠢᠨ ᠠᠩᠬᠠᠨ ᠤ ᠳᠡᠯᠭᠡᠭᠦᠷ᠂ ᠬᠤᠰᠢᠭᠤᠴᠢ ᠳᠡᠯᠭᠡᠭᠦᠷ ᠢ 30 ᠣᠷᠣᠭᠤᠯᠤᠨ᠎ᠠ︔ ᠬᠡᠯᠬᠢᠶ᠎ᠡ ᠳᠥᠭᠦᠮ ᠳᠡᠯᠭᠡᠭᠦᠷ ᠪᠠ ᠰᠤᠯᠠ ᠢᠳᠡᠭᠡᠨ ᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠳᠡᠯᠭᠡᠭᠦᠷ ᠢ 200᠂ ᠬᠥᠬᠡ ᠬᠤᠲᠠ ᠠᠷᠠᠳ ᠲᠤ ᠠᠰᠢᠭ ᠬᠦᠷᠲᠡᠭᠡᠬᠦ ᠢᠳᠡᠰᠢᠨ ᠨᠣᠭᠤᠭᠠᠨ ᠤ ᠳᠡᠯᠭᠡᠭᠦᠷ ᠢ 60 ᠰᠢᠨ᠎ᠡ ᠨᠡᠮᠡᠨ᠎ᠡ︔ 10 ︽ᠠᠷᠠᠳ ᠲᠤ ᠲᠥᠬᠦᠮ ᠦᠵᠡᠭᠦᠯᠬᠦ‍ ᠨᠢᠭᠡ ᠮᠥᠴᠡ ᠶᠢᠨ ᠠᠮᠢᠳᠤᠷᠠᠯ ᠤᠨ ᠲᠣᠭᠤᠷᠢᠭ︾ ᠢ ᠥᠭᠡᠷᠡᠴᠢᠯᠡᠨ ᠰᠠᠶᠢᠵᠢᠷᠠᠭᠤᠯᠤᠨ᠎ᠠ᠃ ᠰᠢᠨ᠎ᠡ ᠡᠨᠧᠷᠭᠢ ᠶᠢᠨ ᠮᠠᠰᠢᠨ ᠲᠡᠷᠭᠡ᠂ ᠪᠣᠬᠢᠷᠲᠤᠯ ᠦᠭᠡᠢ ᠣᠶᠤᠨᠲᠤ ᠭᠡᠷ ᠤᠨ ᠴᠠᠬᠢᠯᠭᠠᠨ ᠬᠡᠷᠡᠭᠰᠡᠯ᠂ ᠤᠯᠤᠰ ᠤᠨ ᠪᠠᠷᠠᠭᠠᠨ ᠤ ︽ᠤᠷᠤᠰᠬᠠᠯ ᠲᠡᠮᠳᠡᠭᠲᠦ︾᠂ ᠤᠷᠤᠰᠬᠠᠯ ᠤᠨ ᠠᠵᠤ ᠠᠬᠤᠢ ᠵᠡᠷᠭᠡ ᠰᠢᠨ᠎ᠡ ᠬᠡᠷᠡᠭᠯᠡᠭᠡᠨ ᠤ ᠬᠠᠯᠠᠮᠰᠢᠯ ᠴᠡᠭ ᠢ ᠪᠣᠶᠢᠵᠢᠭᠤᠯᠤᠨ᠎ᠠ︔ ᠤᠯᠠᠮᠵᠢᠯᠠᠯᠲᠤ ᠵᠢᠵᠢᠭᠯᠡᠨ ᠬᠤᠳᠠᠯᠳᠤᠬᠤ ᠦᠢᠯᠡᠰ ᠤᠨ ᠰᠦᠯᠵᠢᠶᠡᠨ ᠳᠡᠭᠡᠷᠡᠬᠢ ᠪᠠ ᠰᠦᠯᠵᠢᠶᠡᠨ ᠤ ᠭᠠᠳᠠᠨᠠᠬᠢ ᠬᠡᠷᠡᠭᠯᠡᠭᠡ ᠶᠢᠨ ᠠᠭᠤᠰᠤᠯᠴᠠᠯ ᠢ ᠰᠠᠶᠢᠲᠤᠷ ᠬᠢᠵᠦ᠂ ︽ᠰᠠᠨᠠᠭᠠᠨ ᠳᠤ ᠲᠠᠭᠠᠷᠠᠭᠰᠠᠨ ᠢᠶᠠᠨ ᠬᠥᠬᠡᠬᠤᠲᠠ ᠠᠴᠠ ᠠᠪᠬᠤ︾ ᠵᠡᠷᠭᠡ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ 300 ᠠᠴᠠ ᠳᠡᠭᠡᠭᠰᠢ ᠲᠠᠯᠠᠪᠤᠷ ᠤᠳᠠᠭ᠎ᠠ ᠡᠷᠬᠢᠯᠡᠨ᠎ᠡ᠃      ᠰᠣᠶᠣᠯ ᠤᠨ ︽ᠰᠢᠨ᠎ᠡ ᠢᠮ ᠲᠠᠮᠠᠭ᠎ᠠ︾ ᠶᠢ ᠪᠦᠲᠦᠭᠡᠨ᠎ᠡ᠃ ︽ᠤᠮᠠᠷᠠᠲᠤ ᠬᠢᠯᠢ ᠶᠢᠨ ᠰᠣᠶᠣᠯ︾ ᠤᠨ ᠨᠠᠷᠠᠲᠤ ᠲᠡᠮᠳᠡᠭᠲᠦ ᠶᠢ ᠡᠭᠦᠳᠦᠨ ᠪᠠᠶᠢᠭᠤᠯᠬᠤ ᠶᠢᠨ ᠲᠣᠭᠤᠷᠢᠨ ᠳᠤ᠂ ᠮᠦᠽᠧᠢ ᠶᠢᠨ ᠬᠤᠲᠠ᠂ ᠱᠤᠭᠤᠮᠠᠯ ᠤᠨ ᠬᠤᠲᠠ᠂ ᠤᠷᠠᠯᠢᠭ ᠤᠨ ᠬᠤᠲᠠ᠂ ᠣᠲᠣ ᠦᠶ᠎ᠡ ᠶᠢᠨ ᠪᠣᠯᠪᠠᠰᠤᠨ ᠤ ᠬᠤᠲᠠ ᠶᠢ ᠪᠥᠬᠦ ᠬᠦᠴᠦᠨ ᠢᠶᠠᠷ ᠢᠶᠠᠨ ᠴᠣᠭᠴᠠᠯᠠᠨ᠎ᠠ︔ ᠬᠥᠬᠡᠬᠤᠲᠠ ᠶᠢᠨ ᠮᠦᠽᠧᠢ᠂ ᠳ᠋ᠠ ᠱᠧᠩ ᠺᠦᠢ ᠮᠦᠽᠧᠢ ᠶᠢᠨ ᠪᠥᠭᠡᠮᠨᠡᠷᠡᠯ ᠵᠡᠷᠭᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠲᠡᠰ ᠳᠡᠪᠰᠢᠭᠦᠯᠵᠦ᠂ ︽5·18  ᠤ ᠤᠯᠠᠨ ᠤᠯᠤᠰ ᠤᠨ ᠮᠦᠽᠧᠢ ᠶᠢᠨ ᠡᠳᠦᠷ︾᠂ ︽ᠤᠮᠠᠷᠠᠲᠤ ᠬᠢᠯᠢ ᠶᠢᠨ ᠮᠢᠩᠭᠠᠨ ᠣᠨ ᠤ ᠲᠦᠮᠡᠨ ᠪᠣᠳᠠᠰ︾ ᠰᠢᠷᠢᠰ ᠠᠵᠢᠯᠯᠠᠭ᠎ᠠ ᠶᠢ ᠰᠠᠶᠢᠲᠤᠷ ᠡᠷᠬᠢᠯᠡᠨ᠎ᠡ︔ ︽ᠬᠥᠬᠡ ᠬᠤᠲᠠ ᠶᠢᠨ ᠬᠤᠪᠢᠷᠠᠯᠲᠠ︾ ︽ᠤᠮᠠᠷᠠᠲᠤ ᠬᠢᠯᠢ ᠶᠢ ᠰᠠᠬᠢᠨ ᠪᠠᠷᠠᠯᠠᠬᠤ︾ ᠵᠡᠷᠭᠡ ᠤᠷᠠᠨ ᠵᠣᠬᠢᠶᠠᠯ ᠤᠨ ᠪᠦᠲᠦᠭᠡᠯ ᠢ ᠭᠠᠷᠭᠠᠵᠤ᠂ ︽ᠮᠢᠩᠭᠠᠨ ᠣᠨ ᠤ ᠬᠥᠬᠡ ᠬᠤᠲᠠ︾ ︽ᠴᠡᠯᠡᠭᠡᠷ ᠲᠠᠯ᠎ᠠ ᠶᠢᠨ ᠳᠠᠭᠤᠯᠠᠯ︾ ᠵᠡᠷᠭᠡ ᠲᠣᠭᠯᠠᠯᠲᠠ ᠶᠢᠨ ᠤᠷᠠᠯᠢᠭ ᠤᠨ ᠪᠦᠲᠦᠭᠡᠯ ᠢ ᠪᠦᠲᠦᠭᠡᠵᠦ᠂ ᠪᠥᠬᠦ ᠤᠯᠤᠰ ᠤᠨ ᠤᠯᠠᠭᠠᠨᠮᠥ᠋ᠴᠢᠷ ᠤᠨ ᠦᠵᠡᠭᠦᠯᠦᠯᠭᠡ ᠶᠢᠨ ᠲᠣᠭᠯᠠᠯᠲᠠ ᠭᠠᠷᠭᠠᠵᠤ᠂ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢ 700 ᠠᠴᠠ ᠳᠡᠭᠡᠭᠰᠢ ᠲᠠᠯᠠᠪᠠᠶ ᠥᠷᠨᠢᠭᠦᠯᠦᠨ᠎ᠡ︔ ᠪᠥᠬᠦ ᠤᠯᠤᠰ ᠤᠨ ᠪᠣᠯᠪᠠᠰᠤᠨ ᠬᠤᠲᠠ ᠪᠣᠯᠭᠠᠨ ᠡᠭᠦᠳᠦᠨ ᠪᠠᠶᠢᠭᠤᠯᠵᠤ᠂ ᠣᠯᠠᠨ ᠲᠦᠮᠡᠨ ᠤ ᠣᠷᠣᠨ ᠤ ᠲᠥᠪ ᠬᠤᠲᠠ ᠳᠠᠬᠢ ᠡᠨᠡᠭᠰᠢᠯ ᠪᠠ ᠲᠠᠭᠠᠰᠢᠶᠠᠯ ᠤᠨ ᠬᠡᠮᠵᠢᠶ᠎ᠡ ᠶᠢ ᠨᠡᠮᠡᠭᠳᠡᠭᠦᠯᠦᠨ᠂ ᠪᠥᠬᠦ ᠠᠷᠠᠳ ᠤᠨ ᠪᠣᠯᠪᠠᠰᠤᠨ ᠤ ᠬᠡᠪ ᠴᠢᠨᠠᠷ ᠪᠠ ᠪᠥᠬᠦ ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠦᠨ᠎ᠡ᠃      ᠰᠣᠶᠣᠯ ᠵᠢᠭᠤᠯᠴᠢᠯᠠᠯ ᠠᠭᠤᠰᠤᠯᠴᠠᠭᠰᠠᠨ ︽ᠰᠢᠨ᠎ᠡ ᠠᠬᠤᠢ ᠪᠠᠶᠢᠳᠠᠯ︾ ᠢ ᠪᠤᠢ ᠪᠣᠯᠭᠠᠨ᠎ᠠ᠃ ᠤᠯᠠᠮᠵᠢᠯᠠᠯᠲᠤ ᠵᠢᠭᠤᠯᠴᠢᠯᠠᠯ ᠤᠨ ︽ᠪᠥᠬᠦ ᠤᠯᠠᠷᠢᠯ ᠤᠨ ᠵᠢᠭᠤᠯᠴᠢᠯᠠᠯ᠂ ᠪᠥᠬᠦ ᠣᠷᠣᠨ ᠪᠦᠰᠡ ᠶᠢᠨ ᠵᠢᠭᠤᠯᠴᠢᠯᠠᠯ᠂ ᠪᠥᠬᠦ ᠦᠵᠡᠮᠵᠢ ᠶᠢᠨ ᠵᠢᠭᠤᠯᠴᠢᠯᠠᠯ︾ ᠲᠡᠶᠢᠰᠢ ᠠᠭᠤᠰᠤᠯᠳᠤᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ᠃ ᠤᠮᠠᠷᠠᠲᠤ ᠬᠡᠰᠡᠭ ᠲᠤ ᠳᠠᠯᠠᠨ ᠬᠠᠷ᠎ᠠ ᠠᠭᠤᠯᠠ ᠶᠢᠨ ᠦᠵᠡᠮᠵᠢ ᠶᠢᠨ ᠵᠢᠭᠤᠯᠴᠢᠯᠠᠯ ᠢ ᠡᠮᠬᠢ ᠵᠢᠷᠤᠮ ᠲᠠᠢ ᠨᠡᠭᠡᠭᠡᠵᠦ᠂ ᠬᠠᠳᠠᠲᠤ ᠬᠠᠭᠠᠯᠭ᠎ᠠ᠂ ᠨᠠᠭᠤᠷ ᠤᠨ ᠨᠢᠷᠤᠭᠤ᠂ ᠱᠧᠩ ᠱᠦᠢ ᠯᠢᠶᠠᠩ ᠵᠡᠷᠭᠡ ᠦᠵᠡᠮᠵᠢ ᠶᠢᠨ ᠣᠷᠣᠨ ᠤ ᠴᠢᠳᠠᠪᠤᠷᠢ ᠶᠢ ᠳᠡᠭᠡᠭᠰᠢᠯᠡᠭᠦᠯᠵᠦ᠂ ︽ᠠᠭᠤᠯᠠ ᠶᠢᠨ ᠠᠷᠤ ᠥᠪᠥᠷ ᠢ ᠨᠢᠭᠡ ᠴᠣᠭᠴᠠᠵᠢᠭᠤᠯᠤᠭᠰᠠᠨ︾ ᠠᠭᠤᠯᠠ ᠶᠢᠨ ᠲᠠᠯ᠎ᠠ ᠨᠤᠲᠤᠭ ᠤᠨ ᠵᠢᠭᠤᠯᠴᠢᠯᠠᠯ ᠤᠨ ᠣᠷᠣᠨ ᠢ ᠪᠠᠶᠢᠭᠤᠯᠤᠨ᠎ᠠ︔ ᠤᠰᠤᠲᠤ ᠲᠣᠰᠬᠤᠨ᠂ ᠬᠤᠭᠤᠯᠠᠢ ᠶᠢᠨ ᠭᠤᠤ ᠲᠣᠰᠬᠤᠨ ᠳᠤ ︽ᠠᠮᠢ ᠠᠬᠤᠢ + ᠰᠣᠶᠣᠯ ᠵᠢᠭᠤᠯᠴᠢᠯᠠᠯ + ᠡᠷᠡᠭᠦᠯ ᠮᠡᠨᠳᠤ ᠶᠢᠨ ᠰᠤᠪᠢᠯᠠᠯᠲᠠ︾ ᠶᠢ ᠠᠭᠤᠰᠤᠯᠴᠠᠭᠤᠯᠤᠭᠰᠠᠨ ᠰᠣᠳᠣᠨ ᠠᠶᠢᠯ ᠪᠠᠭᠤᠴᠠ ᠪᠠ ᠵᠢᠭᠤᠯᠴᠢᠯᠠᠯ ᠤᠨ ᠪᠠᠭᠤᠳᠠᠯ ᠤᠨ ᠶᠠᠰᠤ ᠴᠢᠨᠠᠷ ᠢ ᠳᠡᠭᠡᠭᠰᠢᠯᠡᠭᠦᠯᠦᠨ ᠪᠦᠲᠦᠭᠡᠨ ᠪᠠᠶᠢᠭᠤᠯᠤᠨ᠎ᠠ︔ ᠳᠠᠯᠠᠨ ᠬᠠᠷ᠎ᠠ ᠠᠭᠤᠯᠠ ᠶᠢᠨ ᠬᠡᠭᠡᠷ᠎ᠡ ᠶᠢᠨ ᠠᠮᠢᠲᠠᠨ ᠤ ᠬᠦᠷᠢᠶᠡᠯᠡᠩ ᠤᠨ ᠡᠷᠬᠢᠨ ᠲᠣᠭᠤᠷᠢᠨ ᠤ ᠵᠢᠭᠤᠯᠴᠢᠯᠠᠯ ᠤᠨ ᠦᠢᠯᠡᠰ ᠤᠨ ᠡᠵᠡᠩᠨᠡᠯᠲᠡ ᠶᠢᠨ ᠪᠠᠶᠢᠳᠠᠯ ᠢ ᠪᠠᠶᠠᠯᠢᠭᠵᠢᠭᠤᠯᠵᠤ᠂ ᠤᠮᠠᠷᠠᠲᠤ ᠬᠡᠰᠡᠭ ᠤᠨ ᠵᠤᠭᠠᠴᠠᠨ ᠨᠠᠭᠠᠳᠬᠤ ᠱᠤᠭᠤᠮ ᠢ ᠪᠦᠷᠢᠯᠳᠦᠭᠦᠯᠦᠨ᠎ᠡ᠃ ᠡᠮᠦᠨᠡᠲᠦ ᠬᠡᠰᠡᠭ ᠲᠤ ᠶᠦᠨ ᠵᠦᠩ ᠱᠧᠩ ᠯᠧ ᠠᠮᠠᠷᠠᠯᠲᠠ ᠶᠢᠨ ᠣᠷᠣᠨ᠂ ᠬᠤᠲᠤᠭᠲᠤ ᠭᠤᠣᠯ ᠤᠨ ᠵᠢᠭᠤᠯᠴᠢᠯᠠᠯ ᠤᠨ ᠭᠤᠣᠯ ᠰᠡᠳᠦᠪᠲᠦ ᠴᠡᠴᠡᠷᠯᠢᠭ᠂ ᠲᠣᠭᠲᠠᠬᠤ ᠰᠢᠶᠠᠨ ᠤ ᠭᠤᠣᠯ ᠤᠨ ᠠᠮᠠ ᠶᠢᠨ ᠵᠢᠭᠤᠯᠴᠢᠯᠠᠯ ᠤᠨ ᠠᠮᠠᠷᠠᠯᠲᠠ ᠶᠢᠨ ᠣᠷᠣᠨ ᠵᠡᠷᠭᠡ ᠲᠥᠷᠥᠯ ᠵᠦᠢᠯ ᠢ ᠡᠬᠢᠯᠡᠨ ᠪᠦᠲᠦᠭᠡᠨ ᠪᠠᠶᠢᠭᠤᠯᠵᠤ᠂ ᠯᠣᠣ ᠨᠢᠦ ᠸᠠᠨ ᠤ ᠬᠠᠳᠤᠨ ᠭᠤᠣᠯ ᠤᠨ ᠶᠡᠭᠡ ᠬᠠᠪᠴᠢᠯ ᠤᠨ ᠵᠢᠭᠤᠯᠴᠢᠯᠠᠯ ᠤᠨ ᠣᠷᠣᠨ᠂ ᠶᠡᠭᠡ ᠲᠦᠷᠭᠡᠨ ᠭᠤᠣᠯ ᠤᠨ ᠲᠡᠭᠦᠷᠭᠡ ᠶᠢᠨ ᠴᠡᠴᠡᠭ ᠤᠨ ᠪᠦᠰᠡ ᠶᠢᠨ ᠶᠠᠰᠤ ᠴᠢᠨᠠᠷ ᠢ ᠳᠡᠭᠡᠭᠰᠢᠯᠡᠭᠦᠯᠦᠨ᠂ ᠤᠷᠳᠤ ᠴᠠᠭᠠᠨ ᠬᠡᠷᠡᠮ ᠤᠨ ᠤᠯᠤᠰ ᠤᠨ ᠰᠣᠶᠣᠯ ᠤᠨ ᠴᠡᠴᠡᠷᠯᠢᠭ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ︽ᠰᠤᠪᠤᠳ ᠤᠨ ᠬᠡᠯᠬᠢᠶ᠎ᠡ ᠰᠢᠭ ᠦᠵᠦᠭᠦᠷ ᠦᠭᠡᠢ ᠰᠠᠶᠢᠬᠠᠨ ᠥᠩᠭᠡ ᠦᠵᠡᠮᠵᠢ ᠲᠠᠢ︾ ᠬᠠᠳᠤᠨ ᠭᠤᠣᠯ ᠳᠠᠭᠠᠤ ᠶᠢᠨ ᠵᠢᠭᠤᠯᠴᠢᠯᠠᠯ ᠤᠨ ᠦᠵᠡᠮᠵᠢ ᠶᠢᠨ ᠪᠦᠰᠡ ᠶᠢ ᠪᠠᠶᠢᠭᠤᠯᠤᠨ᠎ᠠ᠃ ᠵᠡᠭᠦᠨ ᠬᠡᠰᠡᠭ ᠤᠨ ᠭᠠᠵᠠᠷ ᠣᠷᠣᠨ ᠳᠤ ᠳᠡᠯ ᠠᠭᠤᠯᠠ ᠶᠢᠨ ᠠᠮᠠᠷᠠᠯᠲᠠ ᠶᠢᠨ ᠣᠷᠣᠨ ᠢ ᠤᠯᠤᠰ ᠤᠨ ᠳᠡᠰ ᠤᠨ ᠴᠡᠨᠡᠯᠡᠯᠲᠡ ᠶᠢᠨ ᠵᠢᠭᠤᠯᠴᠢᠯᠠᠯ ᠤᠨ ᠠᠮᠠᠷᠠᠯᠲᠠ ᠶᠢᠨ ᠭᠠᠵᠠᠷ ᠪᠣᠯᠭᠠᠨ ᠡᠭᠦᠳᠦᠨ ᠪᠠᠶᠢᠭᠤᠯᠬᠤ ᠶᠢ ᠲᠦᠯᠬᠢᠨ ᠠᠬᠢᠭᠤᠯᠵᠤ᠂ ᠮᠥᠰᠥ ᠴᠠᠰᠤᠨ ᠤ ᠠᠵᠤ ᠦᠢᠯᠡᠰ ᠢ ᠬᠥᠭᠵᠢᠭᠦᠯᠵᠦ᠂ ︽ᠬᠦᠢᠲᠡᠨ ᠡᠬᠢ ᠪᠠᠶᠠᠯᠢᠭ︾ ᠤᠨ ︽ᠢᠯᠴᠢ ᠶᠢᠨ ᠨᠥᠯᠥᠭᠡ︾ ᠶᠢ ᠦᠷᠭᠦᠯᠵᠢᠯᠡᠨ ᠪᠠᠳᠠᠷᠠᠭᠤᠯᠤᠨ᠎ᠠ᠃ ᠪᠠᠷᠠᠭᠤᠨ ᠬᠡᠰᠡᠭ ᠲᠤ ᠢᠯᠢ ᠶᠢᠨ ᠲᠠᠯ᠎ᠠ ᠨᠤᠲᠤᠭ ᠤᠨ ᠰᠦᠨ ᠰᠣᠶᠣᠯ ᠵᠢᠭᠤᠯᠴᠢᠯᠠᠯ ᠤᠨ ᠦᠵᠡᠮᠵᠢ ᠶᠢᠨ ᠣᠷᠣᠨ ᠤ 5A ᠲᠠᠰ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠶᠢ ᠲᠦᠯᠬᠢᠨ ᠠᠬᠢᠭᠤᠯᠵᠤ᠂ ᠬᠠᠷ᠎ᠠ ᠤᠰᠤ ᠶᠢᠨ ᠵᠢᠭᠤᠯᠴᠢᠯᠠᠯ ᠤᠨ ᠣᠷᠣᠨ ᠤ ᠴᠢᠳᠠᠮᠵᠢ ᠶᠢ ᠲᠡᠭᠦᠯᠳᠡᠷᠵᠢᠭᠦᠯᠦᠨ ᠶᠠᠰᠤ ᠴᠢᠨᠠᠷ ᠢ ᠳᠡᠭᠡᠭᠰᠢᠯᠡᠭᠦᠯᠵᠦ᠂ ᠰᠡᠯᠡᠭᠦᠴᠡᠨ ᠠᠮᠠᠷᠠᠬᠤ ᠰᠢᠨ᠎ᠡ ᠬᠠᠪᠲᠠᠭᠠᠢ ᠶᠢ ᠪᠣᠶ ᠪᠣᠯᠭᠠᠨ᠎ᠠ᠃ ᠴᠠᠭᠠᠨ ᠰᠠᠷ᠎ᠠ᠂ ᠲᠠᠪᠤᠨ ᠰᠠᠷ᠎ᠠ ᠶᠢᠨ ᠨᠢᠭᠡᠨ᠂ ᠤᠯᠤᠰ ᠤᠨ ᠪᠠᠶᠠᠷ ᠵᠡᠷᠭᠡ ᠪᠠᠶᠠᠷ ᠳᠤᠷᠠᠰᠬᠠᠯ ᠤᠨ ᠠᠵᠢᠯᠯᠠᠭ᠎ᠠ ᠶᠢ ᠰᠠᠶᠢᠬᠠᠨ ᠲᠥᠰᠥᠪᠯᠡᠵᠦ᠂ ᠵᠤᠤ ᠵᠢᠶᠦ᠋ᠨ ᠤ ᠰᠣᠶᠣᠯ ᠤᠨ ᠨᠠᠶᠢᠷ᠂ ᠮᠠᠷᠠᠽᠤᠨ᠂ ᠮᠥᠰᠥ ᠴᠠᠰᠤᠨ ᠤ ᠪᠠᠶᠠᠷ ᠵᠡᠷᠭᠡ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠤᠷᠤᠰᠬᠠᠯᠲᠤ ᠤᠳᠤᠨ᠂ ᠨᠡᠷᠡᠲᠡᠢ ᠬᠠᠮᠲᠤᠯᠢᠭ ᠵᠡᠷᠭᠡ ᠶᠢᠨ ᠲᠣᠭᠯᠠᠯᠲᠠ ᠶᠢ ᠵᠠᠬ᠎ᠠ ᠳᠡᠯᠭᠡᠭᠦᠷᠴᠢᠯᠡᠨ ᠡᠷᠬᠢᠯᠡᠵᠦ᠂ ︽ᠭᠠᠷᠠᠭ ᠪᠣᠯᠭᠠᠨ ᠬᠥᠳᠡᠯᠭᠡᠭᠡᠨ ᠲᠠᠢ᠂ ᠰᠠᠷ᠎ᠠ ᠪᠣᠯᠭᠠᠨ ᠣᠨᠴᠠᠯᠢᠭ ᠲᠠᠢ᠂ ᠪᠦᠬᠦ ᠵᠢᠯ ᠳᠤ ᠡᠭᠦᠳᠡ ᠪᠠᠨ ᠬᠠᠭᠠᠬᠤ ᠦᠭᠡᠢ︾ ᠪᠠᠶᠢᠬᠤ ᠶᠢ ᠪᠠᠲᠤᠯᠠᠨ᠎ᠠ᠃      ᠶᠡᠷᠦᠩᠬᠡᠢ ᠬᠡᠯᠲᠡᠰ ᠤᠨ ᠠᠵᠤ ᠠᠬᠤᠢ᠂ ᠬᠦᠢᠰᠦ ᠶᠢᠨ ᠠᠵᠤ ᠠᠬᠤᠢ ᠶᠢᠨ ︽ᠰᠢᠨ᠎ᠡ ᠳᠠᠪᠠᠭᠤᠯᠢᠭ︾ ᠢ ᠪᠣᠶᠢᠵᠢᠭᠤᠯᠤᠨ᠎ᠠ᠃ ᠬᠤᠸᠠ ᠸᠧᠢ ᠶᠢᠨ ᠥᠪᠥᠷ ᠮᠣᠩᠭᠤᠯ ᠤᠨ ᠣᠷᠣᠨ ᠪᠦᠰᠡ ᠶᠢᠨ ᠲᠥᠪ᠂ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠳᠪᠦᠷᠢ ᠶᠢᠨ ᠵᠢᠷᠭᠤᠳᠤᠭᠠᠷ ᠬᠦᠷᠢᠶᠡᠯᠡᠩ ᠤᠨ ᠶᠡᠷᠦᠩᠬᠡᠢ ᠬᠡᠯᠲᠡᠰ ᠤᠨ ᠰᠠᠭᠤᠷᠢᠨ ᠭᠠᠵᠠᠷ᠂ ᠽᠢ ᠭᠤᠸᠠᠩ ᠰᠢᠨᠬᠤᠸᠠ ᠭᠤᠷᠪᠠᠨ ᠣᠷᠣᠨ ᠪᠦᠰᠡ ᠶᠢᠨ ᠶᠡᠷᠦᠩᠬᠡᠢ ᠬᠡᠯᠲᠡᠰ᠂ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠣᠷᠣᠨ ᠪᠦᠰᠡ ᠶᠢᠨ ᠶᠡᠷᠦᠩᠬᠡᠢ ᠬᠡᠯᠲᠡᠰ ᠤᠨ ᠰᠠᠭᠤᠷᠢᠨ ᠭᠠᠵᠠᠷ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ︔ ᠰᠠᠨ ᠰᠢᠶᠠ᠂ ᠶᠤᠸᠠᠨ ᠵᠢᠩ ᠵᠡᠷᠭᠡ ᠶᠡᠷᠦᠩᠬᠡᠢ ᠬᠡᠯᠲᠡᠰ ᠤᠨ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠲᠦᠯᠬᠢᠨ ᠠᠬᠢᠭᠤᠯᠵᠤ᠂ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠪᠦᠲᠦᠭᠡᠨ ᠪᠠᠶᠢᠭᠤᠯᠤᠯᠲᠠ᠂ ᠳᠤᠮᠳᠠᠳᠤ ᠤᠯᠤᠰ ᠤᠨ ᠨᠡᠭᠦᠷᠡᠰᠦᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠳᠪᠦᠷᠢ ᠵᠡᠷᠭᠡ ᠲᠣᠯᠣᠭᠠᠢ ᠶᠢᠨ ᠬᠡᠰᠡᠭ ᠤᠨ ᠠᠵᠤ ᠠᠬᠤᠶᠢᠯᠠᠯ ᠢ ᠮᠠᠨ ᠤ ᠬᠤᠲᠠ ᠳᠤ ᠣᠷᠣᠨ ᠪᠦᠰᠡ ᠶᠢᠨ ᠶᠡᠷᠦᠩᠬᠡᠢ ᠬᠡᠯᠲᠡᠰ ᠪᠠᠶᠢᠭᠤᠯᠬᠤ ᠪᠠᠷ ᠴᠢᠷᠮᠠᠶᠢᠨ᠎ᠠ᠃ ᠬᠤᠸᠠ ᠴᠢᠶᠠᠩ ᠤᠨ ᠲᠤᠭ᠎ᠠ ᠣᠶᠣᠨ᠂ ᠴᠤᠤ ᠫᠠᠢ ᠰᠢᠨ᠎ᠡ ᠮᠠᠲ᠋ᠧᠷᠢᠶᠠᠯ᠂ ᠲᠠᠯ᠎ᠠ ᠨᠤᠲᠤᠭ ᠤᠨ ᠤᠯᠠᠭᠠᠨ ᠨᠠᠷᠠ᠂ ᠰᠢᠶᠠᠨ ᠬᠤᠩ ᠰᠢᠨᠵᠢᠯᠡᠬᠦ ᠤᠬᠠᠭᠠᠨ ᠮᠡᠷᠭᠡᠵᠢᠯ᠂ ᠵᠥᠩ ᠬᠤᠸᠠᠨ ᠠᠵᠤ ᠦᠢᠯᠡᠳᠪᠦᠷᠢ ᠠᠷᠠᠯᠵᠢᠶ᠎ᠠ ᠵᠡᠷᠭᠡ ᠠᠵᠤ ᠠᠬᠤᠶᠢᠯᠠᠯ ᠢ ᠬᠥᠮᠥᠵᠢᠭᠦᠯᠦᠨ ᠫᠠᠶᠢᠰᠠ ᠡᠯᠭᠦᠨ ᠵᠠᠬ᠎ᠠ ᠳᠡᠯᠭᠡᠭᠦᠷ ᠲᠤ ᠭᠠᠷᠭᠠᠨ᠎ᠠ᠃ ᠬᠤᠷᠢᠨᠭᠡᠷ ᠤᠨ ᠮᠥᠩᠭᠦᠨ ᠭᠦᠢᠯᠭᠡᠭᠡᠨ ᠤ ᠲᠤᠭ᠎ᠠ ᠪᠠᠷᠢᠮᠲᠠ ᠶᠢᠨ ᠠᠵᠤ ᠦᠢᠯᠡᠰ ᠤᠨ ᠬᠦᠷᠢᠶᠡᠯᠡᠩ ᠪᠠᠶᠢᠭᠤᠯᠬᠤ ᠶᠢ ᠠᠬᠢᠭᠤᠯᠵᠤ᠂ ᠣᠷᠣᠨ ᠪᠦᠰᠡ ᠶᠢᠨ ᠲᠤᠭ᠎ᠠ ᠪᠠᠷᠢᠮᠲᠠ ᠶᠢᠨ ᠮᠥᠩᠭᠦᠨ ᠭᠦᠢᠯᠭᠡᠭᠡᠨ ᠤ ᠲᠥᠪ ᠢ ᠪᠠᠶᠢᠭᠤᠯᠤᠨ᠎ᠠ᠃ ᠱᠧᠨ ᠲᠦᠩ ᠣᠶᠤᠨᠲᠤ ᠡᠯᠧᠺᠲᠷᠣᠨ ᠬᠤᠳᠠᠯᠳᠤᠭᠠᠨ ᠤ ᠪᠠᠷᠠᠭᠠᠨ ᠤ ᠭᠦᠢᠯᠭᠡᠭᠡᠨ ᠤ ᠬᠦᠷᠢᠶᠡᠯᠡᠩ᠂ ᠶᠦᠨ ᠳ᠋ᠡ ᠲᠦᠷᠭᠡᠨ ᠬᠦᠷᠭᠡᠯᠲᠡ ᠶᠢᠨ ᠥᠪᠥᠷ ᠮᠣᠩᠭᠤᠯ ᠤᠨ ᠡᠯᠧᠺᠲᠷᠣᠨ ᠬᠤᠳᠠᠯᠳᠤᠭᠠᠨ ᠤ ᠶᠡᠷᠦᠩᠬᠡᠢ ᠬᠡᠯᠲᠡᠰ ᠤᠨ ᠰᠠᠭᠤᠷᠢᠨ ᠭᠠᠵᠠᠷ ᠵᠡᠷᠭᠡ ᠲᠥᠷᠥᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠮᠢᠩ ᠫᠢᠨ ᠹᠦ᠋᠂ ᠵᠦᠩ ᠨᠦᠩ ᠯᠢᠶᠠᠨ᠂ ᠴᠢᠩ ᠽᠢ ᠬᠦᠢᠲᠡᠨ ᠬᠡᠯᠬᠢᠶ᠎ᠡ᠂ ᠤᠯᠤᠰ ᠤᠨ ᠠᠮᠤ ᠪᠤᠳᠠᠭ᠎ᠠ ᠲᠣᠰᠣ ᠨᠥᠭᠡᠴᠡᠯᠡᠬᠦ ᠺᠣᠮᠫᠠᠨᠢ ᠶᠢᠨ ᠠᠮᠢᠳᠤᠷᠠᠯ ᠤᠨ ᠡᠳ᠋ ᠪᠣᠳᠠᠰ ᠤᠨ ᠪᠠᠲᠤᠯᠠᠭ᠎ᠠ ᠶᠢᠨ ᠲᠥᠪ ᠵᠡᠷᠭᠡ ᠲᠥᠷᠥᠯ ᠵᠦᠢᠯ ᠤᠨ ᠪᠠᠶᠢᠭᠤᠯᠤᠯᠲᠠ ᠶᠢ ᠲᠦᠷᠭᠡᠳᠬᠡᠨ᠎ᠡ᠃      ︵ᠳᠥᠷᠪᠡ︶ ᠣᠷᠣᠨ ᠤ ᠲᠥᠪ ᠬᠤᠲᠠ ᠶᠢᠨ ᠣᠨᠴᠠᠯᠢᠭ ᠲᠠᠢ ᠣᠲᠣ ᠦᠶ᠎ᠡ ᠶᠢᠨ ᠲᠠᠷᠢᠶᠠᠯᠠᠩ ᠢ ᠰᠡᠳᠬᠢᠯ ᠲᠠᠯᠪᠢᠨ ᠴᠣᠭᠴᠠᠯᠠᠨ᠎ᠠ      ᠬᠤᠳᠠ ᠶᠢᠨ ᠲᠠᠷᠢᠶᠠᠯᠠᠩ ᠢ ᠭᠤᠣᠯᠳᠠᠯᠭ᠎ᠠ ᠲᠠᠢ ᠬᠥᠭᠵᠢᠭᠦᠯᠦᠨ᠎ᠡ᠃ ︽ᠨᠢᠭᠡ ᠴᠠᠭᠠᠷᠢᠭ ᠨᠢᠭᠡ ᠲᠣᠭᠤᠷᠢᠭ ᠬᠤᠶᠠᠷ ᠵᠢᠭᠦᠷ ᠳᠥᠷᠪᠡᠨ ᠬᠠᠪᠲᠠᠭᠠᠢ︾ ᠶᠢᠨ ᠲᠠᠷᠢᠶᠠᠯᠠᠩ ᠤᠨ ᠶᠡᠷᠦᠩᠬᠡᠢ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠥᠪᠥᠷ ᠮᠣᠩᠭᠤᠯ ᠤᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠵᠢᠱᠢᠶ᠎ᠡ ᠦᠵᠡᠭᠦᠯᠬᠦ ᠣᠷᠣᠨ ᠤ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠠ᠃ ᠬᠤᠩ ᠹᠦ᠋ ᠵᠡᠷᠭᠡ 17 ᠲᠠᠷᠢᠶᠠᠯᠠᠩ ᠤᠨ ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠵᠦ᠂ 2 ᠲᠣᠮᠣ ᠪᠡᠯᠡᠳᠭᠡᠮᠵᠢᠳᠤ ᠲᠠᠷᠢᠶᠠᠯᠠᠩ ᠤᠨ ᠬᠥᠭᠵᠢᠯᠲᠡ ᠶᠢᠨ ᠭᠤᠣᠯ ᠣᠷᠣᠨ᠂ 5 ᠪᠡᠯᠡᠳᠭᠡᠮᠵᠢᠳᠤ ᠲᠠᠷᠢᠶᠠᠯᠠᠩ ᠤᠨ ᠦᠢᠯᠡᠳᠪᠦᠷᠢᠯᠡᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ 10 ᠪᠡᠯᠡᠳᠭᠡᠮᠵᠢᠳᠤ ᠲᠠᠷᠢᠶᠠᠯᠠᠩ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢ ᠪᠠᠶᠢᠭᠤᠯᠵᠤ᠂ 1 ᠲᠦᠮᠡᠨ ᠮᠦ ᠪᠡᠯᠡᠳᠭᠡᠮᠵᠢᠳᠤ ᠲᠠᠷᠢᠶᠠᠯᠠᠩ ᠢ ᠰᠢᠨ᠎ᠡ ᠪᠠᠷ ᠨᠡᠮᠡᠭᠳᠡᠭᠦᠯᠦᠨ᠂ 5000 ᠮᠦ ᠶᠢ ᠥᠭᠡᠷᠡᠴᠢᠯᠡᠨ ᠳᠡᠭᠡᠭᠰᠢᠯᠡᠭᠦᠯᠦᠨ᠎ᠡ᠃ ᠲᠦᠮᠡᠳ ᠵᠡᠭᠦᠨ ᠬᠤᠰᠢᠭᠤ᠂ ᠦᠴᠦᠸᠠᠨ ᠰᠢᠶᠠᠨ ᠤ ᠤᠯᠤᠰ ᠤᠨ ᠲᠠᠰ ᠤᠨ ᠲᠠᠷᠢᠶᠠᠯᠠᠩ ᠠᠵᠤ ᠠᠬᠤᠢ ᠶᠢᠨ ᠬᠦᠷᠢᠶᠡᠯᠡᠩ ᠲᠣᠭᠤᠷᠢᠭ ᠢ ᠡᠭᠦᠳᠦᠨ ᠪᠠᠶᠢᠭᠤᠯᠬᠤ ᠶᠢ ᠠᠬᠢᠭᠤᠯᠤᠨ᠎ᠠ᠃      ᠳᠠᠷᠢᠵᠤ ᠲᠡᠵᠢᠭᠡᠨ ᠦᠷᠡᠵᠢᠭᠦᠯᠬᠦ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠢᠳᠡᠰᠢᠨ ᠨᠣᠭᠤᠭ᠎ᠠ ᠪᠠ ᠠᠮᠤ ᠪᠤᠳᠠᠭᠠᠨ ᠤ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ︽ᠬᠤᠯᠢᠰᠢᠨ ᠨᠣᠭᠤᠭ᠎ᠠ︾ ᠶᠢᠨ ᠢᠨᠵᠧᠨᠧᠷᠢᠩ ᠢ ᠥᠨᠳᠥᠷ ᠪᠠᠷᠢᠮᠵᠢᠶ᠎ᠠ ᠪᠠᠷ ᠬᠡᠷᠡᠭᠵᠢᠭᠦᠯᠵᠦ᠂ ᠵᠠᠳᠠᠭᠠᠢ ᠭᠠᠵᠠᠷ ᠤᠨ ᠢᠳᠡᠰᠢᠨ ᠨᠣᠭᠤᠭ᠎ᠠ ᠳᠠᠷᠢᠬᠤ ᠲᠠᠯᠠᠪᠠᠢ ᠶᠢ 5000 ᠮᠦ ᠰᠢᠨ᠎ᠡ ᠪᠠᠷ ᠨᠡᠮᠡᠭᠳᠡᠭᠦᠯᠦᠨ᠎ᠡ︔ ᠡᠷᠳᠡᠨᠢ ᠰᠢᠰᠢ ᠶᠢᠨ ᠥᠨᠳᠥᠷ ᠤᠨᠠᠯᠲᠠ ᠲᠠᠢ ᠲᠣᠭᠲᠠᠭᠤᠨ ᠤᠨᠠᠯᠲᠠ ᠲᠠᠢ ᠴᠢᠳᠠᠪᠤᠷᠢ ᠶᠢᠨ ᠣᠷᠣᠨ ᠢ 370 ᠲᠦᠮᠡᠨ ᠮᠦ ᠲᠥᠪᠯᠡᠷᠡᠭᠦᠯᠦᠨ ᠪᠦᠲᠦᠭᠡᠨ ᠪᠠᠶᠢᠭᠤᠯᠵᠤ᠂ 14.5 ᠲᠦᠮᠡᠨ ᠮᠦ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠤᠨ᠂ 13 ᠲᠦᠮᠡᠨ ᠮᠦ ᠶᠢ ᠥᠭᠡᠷᠡᠴᠢᠯᠡᠨ‌ᠵᠠᠰᠠᠨ ᠰᠠᠶᠢᠵᠢᠷᠠᠭᠤᠯᠵᠤ᠂ 50 ᠲᠦᠮᠡᠨ ᠮᠦ ᠬᠤᠵᠢᠷᠯᠢᠭ ᠭᠠᠵᠠᠷ ᠢ ᠰᠠᠶᠢᠵᠢᠷᠠᠭᠤᠯᠤᠨ ᠠᠰᠢᠭᠯᠠᠨ᠎ᠠ᠃ ᠡᠪᠡᠰᠦ ᠪᠣᠷᠳᠤᠭ᠎ᠠ ᠶᠢᠨ ᠰᠠᠭᠤᠷᠢᠨ ᠭᠠᠵᠠᠷ ᠪᠠ ᠰᠠᠭᠠᠯᠢ ᠶᠢᠨ ᠦᠨᠢᠶ᠎ᠡ ᠶᠢᠨ ᠮᠠᠯᠵᠢᠯ ᠤᠨ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠪᠠᠲᠤᠯᠠᠵᠤ᠂ ᠬᠡᠪᠴᠢᠶᠡᠵᠢᠭᠦᠯᠦᠭᠰᠡᠨ ᠴᠠᠷᠭᠠᠰᠤ ᠶᠢᠨ ᠲᠠᠷᠢᠮᠠᠯ ᠤᠨ ᠰᠠᠭᠤᠷᠢᠨ ᠭᠠᠵᠠᠷ ᠢ 12᠂ ᠬᠡᠪᠴᠢᠶᠡᠵᠢᠭᠦᠯᠦᠭᠰᠡᠨ ᠨᠣᠬᠠᠢ ᠶᠢᠨ ᠬᠤᠰᠢᠭᠤ ᠳᠠᠷᠢᠬᠤ ᠰᠠᠭᠤᠷᠢᠨ ᠭᠠᠵᠠᠷ ᠢ 10 ᠪᠠᠶᠢᠭᠤᠯᠵᠤ᠂ ᠡᠪᠡᠰᠦ ᠪᠣᠷᠳᠤᠭ᠎ᠠ ᠶᠢᠨ ᠲᠠᠷᠢᠮᠠᠯ ᠤᠨ ᠶᠡᠷᠦᠩᠬᠡᠢ ᠲᠠᠯᠠᠪᠠᠶ ᠶᠢ 160 ᠲᠦᠮᠡᠨ ᠮᠦ ᠠᠴᠠ ᠳᠠᠪᠠᠭᠤᠯᠤᠨ᠎ᠠ︔ ᠵᠧᠩ ᠶᠤᠸᠠᠨ 4 ᠲᠦᠮᠡᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ ᠢ ᠠᠰᠢᠭᠯᠠᠯᠲᠠ ᠳᠤ ᠣᠷᠣᠭᠤᠯᠵᠤ᠂ ᠶᠧᠦ ᠷᠠᠨ ᠮᠠᠯ ᠠᠵᠤ ᠠᠬᠤᠢ ᠶᠢᠨ ᠰᠠᠶᠢᠷᠲᠤ ᠠᠶᠢᠯ ᠤᠨ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ᠂ ᠲᠣᠭᠲᠠᠬᠤ ᠰᠢᠶᠠᠨ ᠤ 18 ᠲᠦᠮᠡᠨ ᠰᠠᠭᠠᠯᠢ ᠶᠢᠨ ᠦᠨᠢᠶ᠎ᠡ ᠶᠢᠨ ᠪᠣᠬᠢᠷᠲᠤᠯ ᠦᠭᠡᠢ ᠣᠶᠤᠨᠴᠢ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠤᠨ ᠪᠠᠶᠢᠭᠤᠯᠤᠯᠲᠠ ᠶᠢ ᠲᠦᠷᠭᠡᠳᠬᠡᠵᠦ᠂ 6 ᠲᠦᠮᠡᠨ ᠰᠠᠭᠠᠯᠢ ᠶᠢᠨ ᠦᠨᠢᠶ᠎ᠡ ᠶᠢ ᠰᠢᠨ᠎ᠡ ᠪᠠᠷ ᠨᠡᠮᠡᠭᠳᠡᠭᠦᠯᠦᠨ᠎ᠡ᠃      ᠬᠥᠳᠡᠭᠡ ᠲᠣᠰᠬᠤᠨ ᠤ ᠳᠦᠷᠰᠦ ᠪᠠᠶᠢᠳᠠᠯ ᠢ ᠪᠦᠬᠦ ᠲᠠᠯ᠎ᠠ ᠪᠠᠷ ᠰᠠᠶᠢᠵᠢᠷᠠᠭᠤᠯᠤᠨ᠎ᠠ᠃ ᠲᠠᠷᠢᠶᠠᠯᠠᠩ ᠠᠵᠤ ᠠᠬᠤᠢ ᠶᠢᠨ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠪᠡᠶᠡᠴᠢ ᠴᠣᠭᠴᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠠᠵᠢᠯᠯᠠᠭ᠎ᠠ ᠶᠢ ᠥᠷᠨᠢᠭᠦᠯᠵᠦ᠂ ᠵᠢᠱᠢᠶ᠎ᠡ ᠦᠵᠡᠭᠦᠯᠬᠦ ᠬᠤᠷᠰᠢᠶ᠎ᠠ ᠶᠢ 40 ᠠᠴᠠ ᠳᠡᠭᠡᠭᠰᠢ᠂ ᠵᠢᠱᠢᠶ᠎ᠡ ᠦᠵᠡᠭᠦᠯᠬᠦ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠶᠢ 30 ᠠᠴᠠ ᠳᠡᠭᠡᠭᠰᠢ ᠡᠭᠦᠳᠦᠨ ᠪᠠᠶᠢᠭᠤᠯᠵᠤ᠂ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ 66 ᠪᠣᠶᠢᠵᠢᠭᠤᠯᠤᠨ᠎ᠠ᠃ ︽ᠮᠢᠩᠭ᠎ᠠ ᠲᠦᠮᠡ ᠶᠢᠨ ᠢᠨᠵᠧᠨᠧᠷᠢᠩ︾ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠤᠯᠤᠰ ᠤᠨ ᠲᠠᠰ ᠤᠨ ︽ᠳᠥᠷᠪᠡᠨ ᠰᠠᠶᠢᠨᠲᠠᠢ ᠬᠥᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠰᠢᠶᠠᠨ ᠢ 2 ᠡᠭᠦᠳᠦᠨ ᠪᠠᠶᠢᠭᠤᠯᠤᠨ᠎ᠠ᠃ ᠬᠤᠪᠢ ᠬᠤᠷᠠᠮᠳᠤᠭᠤᠯᠬᠤ ᠳᠦᠷᠢᠮ᠂ ᠶᠣᠰᠣ ᠰᠤᠷᠲᠠᠬᠤᠨ ᠤ ᠦᠨᠡᠯᠡᠯᠲᠡ ᠶᠢᠨ ᠬᠤᠷᠠᠯ᠂ ᠲᠣᠰᠬᠤᠨ ᠤ ᠳᠦᠷᠢᠮ ᠠᠷᠠᠳ ᠤᠨ ᠭᠡᠷ᠎ᠡ ᠵᠡᠷᠭᠡ ᠶᠢᠨ ᠦᠢᠯᠡᠳᠦᠯ ᠢ ᠪᠠᠳᠠᠷᠠᠭᠤᠯᠵᠤ᠂ ᠬᠥᠳᠡᠭᠡ ᠲᠣᠰᠬᠤᠨ ᠤ ᠵᠠᠩ ᠳᠠᠳᠬᠠᠯ ᠢ ᠥᠭᠡᠷᠡᠴᠢᠯᠡᠬᠦ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠬᠥᠳᠡᠭᠡ ᠲᠣᠰᠬᠤᠨ ᠤ ᠪᠣᠳᠠᠰ ᠤᠨ ᠪᠣᠯᠪᠠᠰᠤᠨ ᠢ ᠰᠠᠶᠢᠲᠤᠷ ᠪᠠᠶᠢᠭᠤᠯᠬᠤ ᠪᠠᠷ ᠪᠠᠷᠠᠬᠤ ᠦᠭᠡᠢ ᠨᠡᠩ ᠴᠤ ᠤᠶᠤᠨ ᠤ ᠪᠣᠯᠪᠠᠰᠤᠨ ᠢ ᠰᠠᠶᠢᠲᠤᠷ ᠪᠠᠶᠢᠭᠤᠯᠤᠨ᠎ᠠ᠃      ︵ᠲᠠᠪᠤ︶ ᠴᠢᠨᠠᠷ ᠰᠠᠶᠢᠲᠠᠢ ᠬᠤᠲᠠ ᠶᠢᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠪᠠᠷ ᠳᠡᠮᠵᠢᠨ᠂ ᠣᠷᠣᠨ ᠤ ᠲᠥᠪ ᠬᠤᠲᠠ ᠶᠢ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠲᠠ ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠨ᠎ᠠ      ᠬᠤᠳᠠ ᠶᠢᠨ ᠵᠠᠮ ᠤᠨ ᠲᠣᠣᠷ ᠢ ᠰᠠᠭᠠᠳ ᠦᠭᠡᠢ ᠨᠡᠪᠲᠡᠷᠡᠭᠦᠯᠦᠨ᠎ᠡ᠃ ᠬᠥᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠵᠢᠴᠢ ᠢᠵᠢ ᠪᠦᠷᠢᠳᠦᠭᠦᠯᠬᠦ ᠪᠠᠷᠢᠯᠭ᠎ᠠ ᠶᠢᠨ ᠪᠠᠷᠢᠯᠭ᠎ᠠ ᠳᠠᠭᠤᠰᠴᠤ ᠰᠢᠯᠭᠠᠨ ᠬᠤᠷᠢᠶᠠᠬᠤ ᠶᠢ ᠠᠬᠢᠭᠤᠯᠵᠤ᠂ ᠯᠣᠸ ᠨᠢᠦ ᠸᠠᠨ ᠤ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠵᠤ᠂ ᠬᠥᠬᠡᠬᠤᠲᠠ ᠠᠴᠠ ᠣᠷᠳᠣᠰ ᠬᠦᠷᠬᠦ ᠲᠦᠷᠭᠡᠨ ᠤ ᠲᠡᠮᠦᠷ ᠵᠠᠮ ᠤᠨ ᠡᠮᠦᠨᠡᠬᠢ ᠬᠤᠭᠤᠴᠠᠭᠠᠨ ᠤ ᠠᠵᠢᠯ ᠢ ᠡᠬᠢᠯᠡᠭᠦᠯᠵᠦ᠂ ᠬᠥᠬᠡᠬᠤᠲᠠ ᠠᠴᠠ ᠪᠤᠭᠤᠲᠤ ᠬᠦᠷᠬᠦ ᠲᠦᠷᠭᠡᠨ ᠤ ᠲᠡᠮᠦᠷ ᠵᠠᠮ ᠵᠢᠴᠢ ᠰᠤᠨᠤᠭᠰᠠᠨ ᠱᠤᠭᠤᠮ ᠢ ᠤᠯᠤᠰ ᠤᠨ ᠲᠥᠯᠦᠪᠵᠢᠭᠦᠯᠭᠡ ᠳᠤ ᠣᠷᠣᠭᠤᠯᠬᠤ ᠪᠠᠷ ᠴᠢᠷᠮᠠᠶᠢᠨ᠎ᠠ᠃ S43 ᠨᠢᠰᠬᠡᠯ ᠤᠨ ᠪᠠᠭᠤᠳᠠᠯ ᠤᠨ ᠲᠦᠷᠭᠡᠨ ᠤ ᠵᠠᠮ᠂ S29 ᠬᠥᠬᠡᠬᠤᠲᠠ ᠠᠴᠠ ᠯᠢᠶᠠᠩᠴᠧᠩ ᠬᠦᠷᠬᠦ ᠲᠦᠷᠭᠡᠨ ᠤ ᠵᠠᠮ᠂ S311 ᠦᠴᠦᠸᠠᠨ ᠠᠴᠠ ᠶᠠᠩ ᠱᠤ᠋ ᠪᠠ ᠬᠦᠷᠬᠦ ᠵᠠᠰᠠᠮᠠᠯ ᠵᠠᠮ ᠢ ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠦᠨ᠂ G59 ᠬᠥᠬᠡᠬᠤᠲᠠ ᠠᠴᠠ ᠪᠧᠢ ᠬᠠᠢ ᠬᠦᠷᠬᠦ ᠲᠦᠷᠭᠡᠨ ᠤ ᠵᠠᠮ ᠬᠢᠭᠡᠳ 209 ᠤᠯᠤᠰ ᠤᠨ ᠵᠠᠮ ᠢ ᠬᠤᠯᠪᠣᠬᠤ ᠱᠤᠭᠤᠮ ᠢ ᠵᠢᠯ ᠤᠨ ᠳᠣᠲᠣᠷ᠎ᠠ ᠲᠡᠷᠭᠡ ᠨᠡᠪᠲᠡᠷᠡᠭᠦᠯᠬᠦ ᠪᠠᠷ ᠴᠢᠷᠮᠠᠶᠢᠵᠤ᠂ S27 ᠬᠥᠬᠡᠬᠤᠲᠠ ᠠᠴᠠ ᠣᠷᠳᠣᠰ ᠬᠦᠷᠬᠦ ᠲᠦᠷᠭᠡᠨ ᠤ ᠵᠠᠮ ᠤᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠬᠡᠨ᠎ᠡ᠃ ᠤᠯᠠᠨ ᠲᠦᠮᠡᠨ ᠤ ᠶᠠᠪᠤᠵᠤ ᠰᠠᠭᠤᠬᠤ ᠶᠢ ᠬᠦᠨᠳᠦ ᠨᠣᠴᠢᠲᠠᠢ ᠨᠥᠯᠥᠭᠡᠯᠡᠭᠰᠡᠨ ᠨᠢᠭᠡ ᠪᠦᠯᠦᠭ ︽ᠮᠤᠬᠤᠷ ᠵᠠᠮ︾ ᠢ ᠨᠠᠪᠲᠠᠷᠡᠭᠦᠯᠵᠦ᠂ ᠨᠢᠭᠡ ᠪᠦᠯᠦᠭ ᠵᠡᠭᠡᠯᠢ ᠶᠢᠨ ᠠᠷᠤ ᠭᠤᠳᠤᠮᠵᠢ ᠶᠢ ᠥᠭᠡᠷᠡᠴᠢᠯᠡᠨ ᠰᠠᠶᠢᠵᠢᠷᠠᠭᠤᠯᠵᠤ᠂ 108 ᠲᠡᠷᠭᠡᠨ ᠵᠣᠭᠰᠣᠭᠠᠯ ᠢ ᠥᠭᠡᠷᠡᠴᠢᠯᠡᠨ ᠥᠷᠭᠡᠳᠬᠡᠨ ᠪᠠᠶᠢᠭᠤᠯᠵᠤ᠂ ᠲᠡᠷᠭᠡ ᠵᠣᠭᠰᠣᠬᠤ ᠪᠠᠶᠢᠷᠢ ᠶᠢ 4.4 ᠲᠦᠮᠡ ᠰᠢᠨ᠎ᠡ ᠪᠠᠷ ᠨᠡᠮᠡᠭᠳᠡᠭᠦᠯᠦᠨ᠎ᠡ᠃      ᠬᠤᠳᠠ ᠶᠢᠨ ᠰᠢᠨᠡᠴᠢᠯᠡᠯᠲᠡ ᠬᠢᠨ᠎ᠡ᠃ ︽ᠪᠠᠴᠢᠮ ᠪᠤᠰᠤ ᠪᠣᠯ ᠬᠡᠷᠡᠭᠵᠢᠭᠦᠯᠬᠦ ᠦᠭᠡᠢ᠂ ᠠᠷᠠᠳ ᠤᠨ ᠠᠮᠢᠳᠤᠷᠠᠯ ᠤᠨ ᠪᠤᠰᠤ ᠪᠣᠯ ᠪᠦᠲᠦᠭᠡᠨ ᠪᠠᠶᠢᠭᠤᠯᠬᠤ ᠦᠭᠡᠢ︾ ᠪᠠᠶᠢᠬᠤ ᠵᠠᠷᠴᠢᠮ ᠢ ᠪᠠᠷᠢᠮᠲᠠᠯᠠᠨ᠂ ᠬᠤᠲᠠ ᠶᠢᠨ ᠵᠡᠭᠦᠨ ᠲᠠᠯ᠎ᠠ ᠶᠢᠨ ᠴᠠᠭᠠᠨ ᠰᠤᠪᠤᠷᠭ᠎ᠠ ᠨᠢᠰᠬᠡᠯ ᠤᠨ ᠪᠠᠭᠤᠳᠠᠯ ᠵᠢᠴᠢ ᠡᠷᠬᠢᠨ ᠲᠣᠭᠤᠷᠢᠨ ᠤ ᠭᠠᠵᠠᠷ ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠭᠤᠣᠯᠳᠠᠯᠭ᠎ᠠ ᠲᠠᠢ ᠥᠷᠨᠢᠭᠦᠯᠵᠦ᠂ ᠠᠵᠤ ᠠᠬᠤᠶᠢᠯᠠᠯ ᠤᠨ ᠶᠡᠷᠦᠩᠬᠡᠢ ᠬᠡᠯᠲᠡᠰ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠳᠡᠭᠡᠳᠦ ᠲᠠᠰ ᠤᠨ ᠠᠵᠤ ᠦᠢᠯᠡᠰ᠂ ᠣᠲᠣ ᠦᠶ᠎ᠡ ᠶᠢᠨ ᠠᠮᠢᠳᠤᠷᠠᠯ ᠤᠨ ᠲᠥᠷᠥᠯ ᠵᠦᠢᠯ ᠢ ᠶᠡᠬᠡᠪᠡᠷ ᠣᠷᠣᠭᠤᠯᠤᠨ ᠠᠪᠴᠢᠷᠠᠵᠤ ᠨᠠᠶᠢᠳᠠᠪᠤᠷᠢᠵᠢᠭᠤᠯᠤᠨ᠎ᠠ᠃ ᠬᠤᠲᠠ ᠶᠢᠨ ᠪᠠᠷᠠᠭᠤᠨ ᠲᠠᠯ᠎ᠠ ᠳᠤ ᠶᠠᠰᠤ ᠴᠢᠨᠠᠷ ᠢ ᠪᠦᠬᠦᠯᠢ ᠴᠣᠭᠴᠠ ᠪᠠᠷ ᠳᠡᠭᠡᠭᠰᠢᠯᠡᠭᠦᠯᠬᠦ ᠠᠵᠢᠯᠯᠠᠭ᠎ᠠ ᠶᠢ ᠭᠤᠣᠯᠳᠠᠯᠭ᠎ᠠ ᠲᠠᠢ ᠬᠡᠷᠡᠭᠵᠢᠭᠦᠯᠵᠦ᠂ ᠰᠠᠭᠤᠷᠢ ᠪᠡᠯᠡᠳᠬᠡᠮᠵᠢ ᠪᠠ ᠣᠯᠠᠨ ᠨᠡᠶᠢᠲᠡ ᠶᠢᠨ ᠦᠢᠯᠡᠴᠢᠯᠡᠭᠡᠨ ᠵᠡᠷᠭᠡ ᠡᠬᠢ ᠪᠠᠶᠠᠯᠢᠭ ᠤᠨ ᠬᠦᠴᠦᠨ ᠵᠦᠢᠯ ᠢ ᠢᠦᠢ ᠴᠢᠤᠸᠠᠨ ᠲᠣᠭᠤᠷᠢᠭ᠂ ᠬᠤᠲᠣᠩ ᠠᠷᠠᠳ ᠤᠨ ᠲᠣᠭᠤᠷᠢᠭ᠂ ᠴᠡᠯᠡᠭᠡᠷ ᠲᠠᠯ᠎ᠠ ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ ᠲᠡᠶᠢᠰᠢ ᠬᠡᠯᠪᠡᠶᠢᠯᠭᠡᠵᠦ᠂ ᠴᠡᠯᠡᠭᠡᠷ ᠲᠠᠯ᠎ᠠ ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ ᠢ ᠬᠤᠲᠠ ᠶᠢᠨ ᠨᠢᠭᠡ ᠴᠣᠭᠴᠠᠵᠢᠭᠤᠯᠤᠭᠰᠠᠨ ᠬᠠᠮᠢᠶᠠᠷᠤᠯᠲᠠ ᠳᠤ ᠣᠷᠣᠭᠤᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠦᠢᠯᠡᠰ ᠪᠣᠰᠬᠠᠬᠤ ᠳᠤ ᠲᠣᠬᠢᠷᠠᠮᠵᠢᠲᠠᠢ᠂ ᠰᠡᠳᠬᠢᠯ ᠰᠠᠨᠠᠭᠠᠨ ᠳᠤ ᠲᠠᠭᠠᠯᠠᠮᠵᠢᠲᠠᠢ ᠰᠢᠨ᠎ᠡ ᠣᠷᠣᠨ ᠲᠣᠭᠤᠷᠢᠭ ᠪᠣᠯᠭᠠᠨ᠎ᠠ᠃ 229 ᠬᠠᠭᠤᠴᠢᠨ ᠬᠤᠷᠢᠶᠠᠯᠠᠯ ᠢ ᠥᠭᠡᠷᠡᠴᠢᠯᠡᠵᠦ᠂ 3000 ᠢᠵᠢ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠴᠤᠭᠯᠠᠭᠤᠯᠵᠤ᠂ 496 ᠬᠤᠷᠢᠶᠠᠯᠠᠯ ᠤᠨ ︽ᠤᠰᠤ ᠢᠳᠡᠬᠦ ᠳᠤ ᠬᠦᠴᠢᠷᠲᠡᠢ︾ ᠠᠰᠠᠭᠤᠳᠠᠯ ᠢ ᠰᠢᠢᠳᠪᠦᠷᠢᠯᠡᠨ᠎ᠡ᠃ ᠤᠯᠤᠰ ᠠᠴᠠ ᠬᠡᠷᠡᠭᠵᠢᠭᠦᠯᠵᠦ ᠪᠠᠶᠢᠭ᠎ᠠ ᠬᠤᠲᠠ ᠶᠢᠨ ᠳᠤᠮᠳᠠᠬᠢ ᠲᠣᠰᠬᠤᠨ ᠢ ᠥᠭᠡᠷᠡᠴᠢᠯᠡᠬᠦ ᠢᠨᠵᠧᠨᠧᠷᠢᠩ ᠤᠨ ᠠᠵᠠ ᠲᠣᠬᠢᠶᠠᠯ ᠢ ᠠᠮᠵᠢᠵᠤ᠂ ᠪᠦᠦ ᠴᠢᠤᠸᠠᠨ ᠵᠤᠸᠠᠩ᠂ ᠱᠤᠸᠠᠢ ᠵᠢᠶᠠ ᠶᠢᠩ᠂ ᠹᠠᠨ ᠵᠢᠶᠠ ᠶᠢᠩ ᠵᠡᠷᠭᠡ ᠣᠷᠣᠨ ᠲᠣᠭᠤᠷᠢᠭ ᠤᠨ ᠥᠭᠡᠷᠡᠴᠢᠯᠡᠯᠲᠡ ᠶᠢ ᠠᠬᠢᠭᠤᠯᠤᠨ᠎ᠠ᠃ ᠬᠤᠳᠠ ᠶᠢᠨ ᠬᠡᠰᠡᠭ ᠪᠤᠰᠠᠭ ᠣᠷᠣᠨ ᠵᠠᠢ ᠶᠢ ᠵᠠᠰᠠᠨ ᠲᠡᠭᠦᠯᠳᠡᠷᠵᠢᠭᠦᠯᠵᠦ᠂ ᠤᠯᠠᠨ ᠲᠦᠮᠡᠨ ᠤ ᠭᠡᠷ ᠤᠨ ᠡᠭᠦᠳᠡᠨ ᠳᠠᠬᠢ ᠴᠡᠴᠡᠷᠯᠢᠭ ᠵᠤᠭᠠᠴᠠᠯ ᠤᠨ ᠬᠦᠷᠢᠶᠡᠯᠡᠩ 200᠂ ᠬᠤᠳᠠ ᠶᠢᠨ ᠨᠣᠭᠤᠭᠠᠨ ᠵᠠᠮ 200 ᠺᠢᠯᠣᠮᠧᠲᠷ᠂ ᠨᠣᠭᠤᠭᠠᠷᠠᠭᠤᠯᠤᠯᠲᠠ ᠶᠢᠨ ᠴᠡᠭ 1000 ᠶᠢ ᠨᠡᠭᠡᠭᠡᠨ ᠶᠠᠰᠤ ᠴᠢᠨᠠᠷ ᠢ ᠳᠡᠭᠡᠭᠰᠢᠯᠡᠭᠦᠯᠵᠦ᠂ ᠠᠷᠠᠳ ᠤᠯᠠᠨ ︽ᠴᠣᠩᠬᠤ ᠪᠠᠨ ᠨᠡᠭᠡᠭᠡᠪᠡᠯ ᠨᠣᠭᠤᠭᠠᠨ ᠢ ᠬᠠᠷᠠᠵᠤ᠂ ᠡᠭᠦᠳᠡ ᠪᠠᠷ ᠭᠠᠷᠪᠠᠯ ᠴᠡᠴᠡᠷᠯᠢᠭ ᠲᠤ ᠣᠷᠣᠬᠤ︾ ᠪᠣᠯᠭᠠᠨ᠎ᠠ᠃      ᠬᠤᠳᠠ ᠶᠢᠨ ᠬᠠᠮᠢᠶᠠᠷᠤᠯᠲᠠ ᠶᠢ ᠨᠠᠷᠢᠯᠢᠭ ᠬᠢᠨ᠎ᠡ᠃ ᠬᠤᠲᠠ ᠶᠢᠨ ᠳᠦᠷᠰᠦ ᠪᠠᠶᠢᠳᠠᠯ᠂ ᠪᠣᠯᠪᠠᠰᠤᠨ ᠵᠠᠮ ᠬᠠᠷᠢᠯᠴᠠᠭ᠎ᠠ᠂ ᠠᠳᠠᠯ ᠠᠬᠤᠢ ᠶᠢᠨ ᠦᠢᠯᠡᠴᠢᠯᠡᠭᠡ ᠵᠡᠷᠭᠡ ᠶᠢ ᠳᠠᠬᠢᠨ ᠴᠡᠭᠴᠡᠯᠡᠨ ᠵᠠᠰᠠᠵᠤ᠂ ᠶᠠᠰᠤ ᠴᠢᠨᠠᠷ ᠢ ᠳᠠᠬᠢᠨ ᠳᠡᠭᠡᠭᠰᠢᠯᠡᠭᠦᠯᠵᠦ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠦᠷᠭᠦᠯᠵᠢᠯᠡᠨ ᠠᠬᠢᠭᠤᠯᠤᠨ᠎ᠠ᠃ ᠬᠤᠳᠠ ᠶᠢᠨ ᠬᠠᠮᠢᠶᠠᠷᠤᠯᠲᠠ ᠶᠢ ᠲᠣᠭᠠᠴᠢᠯᠠᠭᠰᠠᠨ ᠬᠡᠯᠪᠡᠷᠢ ᠵᠦᠭ ᠬᠤᠪᠢᠷᠠᠭᠤᠯᠤᠨ ᠲᠡᠰ ᠳᠡᠪᠰᠢᠭᠦᠯᠬᠦ ᠠᠵᠢᠯ ᠢ ᠲᠦᠯᠬᠢᠨ ᠠᠬᠢᠭᠤᠯᠵᠤ᠂ ᠣᠶᠤᠨᠲᠤ ᠵᠠᠮ ᠬᠠᠷᠢᠯᠴᠠᠭ᠎ᠠ᠂ ᠣᠶᠤᠨᠲᠤ ᠬᠤᠳᠠ ᠶᠢᠨ ᠬᠠᠮᠢᠶᠠᠷᠤᠯᠲᠠ᠂ ᠣᠶᠤᠨᠲᠤ ᠬᠢᠨᠠᠨ ᠵᠥᠪᠰᠢᠶᠡᠷᠡᠯ᠂ ᠨᠡᠶᠢᠲᠡ ᠶᠢᠨ ᠳᠤᠭᠤᠢ ᠲᠡᠷᠭᠡ ᠶᠢᠨ ᠣᠶᠤᠨᠲᠤ ᠬᠢᠨᠠᠯᠲᠠ ᠬᠠᠮᠢᠶᠠᠷᠤᠯᠲᠠ ᠵᠡᠷᠭᠡ ᠲᠠᠪᠴᠠᠩ ᠤᠨ ᠲᠦᠷᠦᠯ ᠵᠦᠢᠯ ᠢ ᠭᠦᠨᠵᠡᠭᠡᠢ ᠬᠡᠷᠡᠭᠵᠢᠭᠦᠯᠵᠦ᠂ 110 ᠰᠠᠯᠠᠭ᠎ᠠ ᠮᠥᠴᠢᠷ ᠤᠨ ᠰᠢᠰᠲ᠋ᠧᠮ ᠤᠨ ᠲᠤᠭ᠎ᠠ ᠪᠠᠷᠢᠮᠲᠠ ᠶᠢ ᠬᠤᠳᠠ ᠶᠢᠨ ᠶᠡᠭᠡ ᠲᠠᠷᠢᠬᠢᠨ ᠳᠤ ︽ᠵᠠᠯᠭᠠᠵᠤ ᠪᠣᠯᠬᠤ ᠶᠢ ᠪᠦᠬᠦᠨ ᠢ ᠵᠠᠯᠭᠠᠵᠤ᠂ ᠬᠤᠷᠢᠶᠠᠩᠭᠤᠶᠢᠯᠠᠵᠤ ᠪᠣᠯᠬᠤ ᠶᠢ ᠪᠦᠬᠦᠨ ᠢ ᠬᠤᠷᠢᠶᠠᠩᠭᠤᠶᠢᠯᠠᠵᠤ᠂ ᠬᠡᠷᠡᠭᠯᠡᠵᠦ ᠪᠣᠯᠬᠤ ᠶᠢ ᠪᠦᠬᠦᠨ ᠢ ᠬᠡᠷᠡᠭᠯᠡᠵᠦ︾᠂ ︽ᠳᠡᠯᠭᠡᠴᠡ ᠠᠴᠠ ᠪᠦᠬᠦ ᠬᠤᠳᠠ ᠶᠢ ᠬᠠᠷᠠᠵᠤ᠂ ᠲᠤᠭ᠎ᠠ ᠪᠠᠷᠢᠮᠲᠠ ᠪᠦᠬᠦ ᠣᠷᠣᠨ ᠪᠦᠰᠡ ᠳᠤ ᠨᠡᠪᠲᠡᠷᠡᠬᠦ︾ ᠶᠢ ᠲᠦᠷᠭᠡᠨ ᠪᠡᠶᠡᠯᠡᠭᠦᠯᠦᠨ᠎ᠡ᠃      ︵ᠵᠢᠷᠭᠤᠭ᠎ᠠ︶ ᠠᠮᠢ ᠠᠬᠤᠢ ᠶᠢᠨ ᠬᠠᠮᠠᠭᠠᠯᠠᠯᠲᠠ ᠶᠢ ᠴᠠᠭ ᠢᠮᠠᠭᠲᠠ ᠡᠮᠦᠨ᠎ᠡ ᠪᠠᠨ ᠪᠠᠷᠢᠵᠤ᠂ ᠪᠣᠬᠢᠷᠲᠤᠯ ᠦᠭᠡᠢ ᠬᠥᠭᠵᠢᠯᠲᠡ ᠶᠢᠨ ᠰᠠᠭᠤᠷᠢ ᠶᠢ ᠪᠠᠲᠤ ᠴᠣᠭᠴᠠᠯᠠᠨ᠎ᠠ      ᠪᠣᠬᠢᠷᠲᠤᠯ ᠢ ᠰᠡᠷᠭᠡᠶᠢᠯᠡᠨ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠪᠦᠬᠦ ᠬᠦᠴᠦ ᠪᠠᠷ ᠢᠶᠠᠨ ᠠᠳᠬᠤᠨ᠎ᠠ᠃ ᠤᠯᠤᠰ ᠤᠨ ᠠᠭᠤᠷ ᠠᠮᠢᠰᠬᠤᠯ ᠵᠣᠬᠢᠴᠠᠬᠤ ᠬᠡᠯᠪᠡᠷᠢ ᠶᠢᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠬᠤᠲᠠ ᠶᠢ ᠭᠤᠶᠤᠴᠢᠯᠠᠨ ᠮᠡᠳᠡᠭᠦᠯᠵᠦ᠂ ᠦᠯᠡᠳᠡᠭᠰᠡᠨ 5.56 ᠲᠦᠮᠡᠨ ᠡᠷᠦᠬᠡ ᠶᠢᠨ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠡᠷᠦᠩᠬᠡᠶᠢᠯᠡᠭᠰᠡᠨ ᠵᠠᠰᠠᠯᠲᠠ ᠶᠢ ᠪᠥᠬᠦ ᠲᠠᠯ᠎ᠠ ᠪᠠᠷ ᠪᠡᠶᠡᠯᠡᠭᠦᠯᠵᠦ᠂ ᠣᠷᠣᠨ ᠤ ᠲᠥᠪ ᠬᠤᠲᠠ ᠶᠢᠨ ᠠᠭᠤᠷ ᠠᠮᠢᠰᠬᠤᠯ ᠢ ᠨᠠᠩ ᠰᠢᠨ᠎ᠡ ᠰᠣᠷᠭᠤᠭ ᠪᠣᠯᠭᠠᠨ᠎ᠠ᠃ ᠣᠷᠣᠨ ᠤ ᠲᠥᠪ ᠬᠤᠲᠠ ᠶᠢᠨ ᠠᠯᠤᠰ ᠢᠷᠡᠭᠡᠳᠦᠢ ᠶᠢᠨ ᠬᠥᠭᠵᠢᠯᠲᠡ ᠶᠢᠨ ᠶᠡᠭᠡ ᠲᠠᠯ᠎ᠠ ᠳᠤ ᠬᠤᠯᠪᠣᠭᠳᠠᠬᠤ ᠬᠠᠲᠤᠨ ᠭᠤᠣᠯ ᠤᠨ ᠤᠰᠤ ᠶᠢ ᠬᠥᠬᠡᠬᠤᠲᠠ ᠳᠤ ᠲᠠᠲᠠᠬᠤ ᠭᠤᠷᠪᠠᠳᠤᠭᠠᠷ ᠬᠤᠭᠤᠴᠠᠭᠠᠨ ᠤ ᠢᠨᠵᠧᠨᠧᠷᠢᠩ ᠢ ᠡᠬᠢᠯᠡᠭᠦᠯᠦᠨ ᠪᠦᠲᠦᠭᠡᠨ ᠪᠠᠶᠢᠭᠤᠯᠤᠨ᠎ᠠ︔ ᠬᠤᠲᠠ ᠶᠢᠨ ᠲᠠᠰ ᠤᠨ ᠤᠰᠤᠨ ᠤ ᠲᠣᠣᠷ ᠢ ᠲᠦᠷᠭᠡᠳᠬᠡᠨ ᠪᠠᠶᠢᠭᠤᠯᠤᠨ ᠲᠡᠭᠦᠯᠳᠡᠷᠵᠢᠭᠦᠯᠵᠦ᠂ ᠨᠠᠩ ᠣᠯᠠᠨ ᠲᠥᠷᠥᠯ ᠵᠦᠢᠯ ᠢ ᠤᠯᠤᠰ᠂ ᠥᠪᠡᠷᠲᠡᠭᠡᠨ ᠵᠠᠰᠠᠬᠤ ᠣᠷᠣᠨ ᠤ ᠲᠥᠯᠦᠪᠵᠢᠭᠦᠯᠭᠡ ᠳᠤ ᠣᠷᠣᠭᠤᠯᠬᠤ ᠪᠠᠷ ᠴᠢᠷᠮᠠᠶᠢᠨ᠎ᠠ︔ ᠲᠣᠭᠲᠠᠬᠤ ᠴᠢᠩ ᠱᠦᠢ ᠾᠧ ᠶᠢᠨ ᠬᠦᠷᠢᠶᠡᠯᠡᠩ ᠲᠣᠭᠤᠷᠢᠭ ᠤᠨ ᠳᠠᠬᠢᠯᠲᠠ ᠤᠰᠤ ᠶᠢ ᠬᠤᠯᠠ ᠳᠠᠮᠵᠢᠭᠤᠯᠬᠤ ᠬᠤᠭᠤᠯᠠᠢ ᠶᠢᠨ ᠲᠣᠣᠷ ᠤᠨ ᠪᠠᠷᠢᠯᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠬᠤᠳᠠ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ ᠰᠢᠰᠢ ᠶᠢᠨ ᠪᠠᠶᠢᠰᠢᠩ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠦᠯᠡᠳᠡᠭᠳᠡᠯ ᠤᠰᠤ ᠶᠢ ᠨᠤᠭᠤ ᠭᠠᠵᠠᠷ ᠢᠶᠠᠷ ᠴᠡᠪᠡᠷᠰᠢᠭᠦᠯᠬᠦ ᠢᠨᠵᠧᠨᠧᠷᠢᠩ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠣᠷᠣᠨ ᠤ ᠲᠥᠪ ᠬᠤᠲᠠ ᠶᠢᠨ ᠬᠡᠷᠡᠭᠯᠡᠬᠦ ᠤᠰᠤ ᠶᠢ ᠨᠡᠩ ᠪᠠᠲᠤᠯᠠᠭ᠎ᠠ ᠲᠠᠢ ᠪᠣᠯᠭᠠᠨ᠎ᠠ᠃ ︽ᠬᠠᠶᠠᠭᠳᠠᠮᠠᠯ ᠪᠣᠳᠠᠰ ᠦᠭᠡᠢ ᠬᠤᠲᠠ︾ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ 15 ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠢ ᠬᠡᠷᠡᠭᠵᠢᠭᠦᠯᠦᠨ᠂ 42 ︽ᠬᠠᠶᠠᠭᠳᠠᠮᠠᠯ ᠦᠭᠡᠢ ᠡᠰ︾ ᠢ ᠡᠭᠦᠳᠦᠨ ᠪᠠᠶᠢᠭᠤᠯᠵᠤ ᠂ 49 ᠬᠦᠳᠡᠷ ᠤᠨ ᠰᠢᠭᠠᠷᠤ ᠶᠢᠨ ᠬᠥᠮᠥᠷᠭᠡ ᠶᠢᠨ ᠵᠠᠰᠠᠯᠲᠠ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ︔ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ᠂ ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠥᠷᠥᠰᠥ ᠰᠢᠷᠣᠢ ᠶᠢᠨ ᠪᠣᠬᠢᠷᠲᠤᠯ ᠤᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠪᠣᠬᠢᠷᠲᠤᠭᠰᠠᠨ ᠭᠠᠵᠠᠷ ᠪᠠ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠠᠮᠤᠷ ᠲᠦᠪᠰᠢᠨ ᠠᠰᠢᠭᠯᠠᠯᠲᠠ ᠶᠢᠨ ᠨᠣᠷᠮ᠎ᠠ ᠶᠢ 100% ᠳᠡᠭᠡᠷ᠎ᠡ ᠪᠠᠲᠤᠯᠠᠨ᠎ᠠ᠃      ᠠᠮᠢ ᠠᠬᠤᠢ ᠶᠢᠨ ᠬᠠᠮᠠᠭᠠᠯᠠᠯᠲᠠ ᠵᠠᠰᠠᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ᠂ ᠦᠵᠡᠰᠬᠦᠯᠡᠩᠲᠦ ᠰᠠᠶᠢᠬᠠᠨ ᠬᠤᠲᠠ ᠪᠠᠯᠭᠠᠰᠤ᠂ ᠦᠵᠡᠰᠬᠦᠯᠡᠩᠲᠦ ᠰᠠᠶᠢᠬᠠᠨ ᠭᠤᠣᠯ ᠮᠥᠷᠡᠨ ᠨᠠᠭᠤᠷ ᠴᠥᠭᠦᠷᠥᠮ ᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠵᠦ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠵᠠᠭᠪᠤᠷ ᠢ ᠪᠤᠢ ᠪᠣᠯᠭᠠᠨ᠎ᠠ︔ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ ᠬᠠᠮᠠᠭᠠᠯᠠᠯᠲᠠ ᠶᠢ ᠭᠦᠨᠵᠡᠭᠡᠶᠢᠷᠡᠭᠦᠯᠵᠦ᠂ ᠤᠳᠤᠮᠰᠢᠯ ᠤᠨ ᠡᠬᠢ ᠪᠠᠶᠠᠯᠢᠭ ᠤᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ︔ ᠴᠢᠩ ᠱᠦᠢ ᠾᠧ ᠰᠢᠶᠠᠨ ᠤ ᠤᠯᠠᠭᠠᠨᠮᠥ᠋ᠷᠡᠨ ᠤᠯᠤᠰ ᠤᠨ ᠨᠤᠭᠤ ᠭᠠᠵᠠᠷ ᠤᠨ ᠴᠡᠴᠡᠷᠯᠢᠭ ᠤᠨ ᠲᠤᠷᠰᠢᠯᠲᠠ ᠶᠢᠨ ᠴᠡᠭ᠂ ᠤᠮᠠᠷᠠᠲᠤ ᠬᠡᠰᠡᠭ ᠤᠨ ᠭᠠᠵᠠᠷ ᠣᠷᠣᠨ ᠤ ᠣᠶ ᠰᠢᠭᠤᠢ ᠶᠢᠨ ᠭᠠᠯ ᠤᠨ ᠭᠠᠮᠰᠢᠭ ᠤᠨ ᠲᠦᠭᠰᠢᠭᠦᠷᠢ ᠶᠡᠬᠡᠲᠡᠢ ᠣᠷᠣᠨ ᠢ ᠶᠡᠷᠦᠩᠬᠡᠶᠢᠯᠡᠨ ᠵᠠᠰᠠᠬᠤ ᠵᠡᠷᠭᠡ ᠲᠥᠷᠥᠯ ᠵᠦᠢᠯ ᠢ ᠪᠠᠶᠢᠭᠤᠯᠤᠨ ᠪᠦᠲᠦᠭᠡᠨ᠎ᠡ︔ ᠬᠠᠷ᠎ᠠ ᠤᠰᠤ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠬᠢᠨᠠᠨ ᠬᠡᠮᠵᠢᠵᠦ ᠬᠠᠮᠠᠭᠠᠯᠠᠬᠤ᠂ ᠮᠤᠨᠠ ᠠᠭᠤᠯᠠ ᠶᠢᠨ ᠠᠷᠤ ᠬᠤᠷᠮᠣᠢ ᠶᠢᠨ ᠠᠮᠢ ᠠᠬᠤᠢ ᠶᠢ ᠶᠡᠷᠦᠩᠬᠡᠶᠢᠯᠡᠨ ᠵᠠᠰᠠᠬᠤ ᠵᠡᠷᠭᠡ ᠢᠨᠵᠧᠨᠧᠷᠢᠩ ᠢ ᠬᠡᠷᠡᠭᠵᠢᠭᠦᠯᠦᠨ᠎ᠡ᠃ ᠣᠶ ᠰᠢᠭᠤᠢ ᠡᠪᠡᠰᠦ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ 48 ᠲᠦᠮᠡᠨ ᠮᠦ ᠠᠴᠠ ᠳᠡᠭᠡᠭᠰᠢ ᠪᠡᠶᠡᠯᠡᠭᠦᠯᠦᠨ᠎ᠡ᠃ ᠳᠠᠯᠠᠨ ᠬᠠᠷ᠎ᠠ ᠠᠭᠤᠯᠠ ᠶᠢᠨ ᠤᠯᠤᠰ ᠤᠨ ᠴᠡᠴᠡᠷᠯᠢᠭ ᠢ ᠡᠭᠦᠳᠦᠨ ᠪᠠᠶᠢᠭᠤᠯᠤᠨ᠎ᠠ᠃      ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠪᠦᠬᠦ ᠣᠷᠣᠨ ᠪᠦᠰᠡ ᠳᠤ ᠲᠦᠯᠬᠢᠨ ᠠᠬᠢᠭᠤᠯᠤᠨ᠎ᠠ᠃ ᠪᠣᠬᠢᠷᠲᠤᠯ ᠦᠭᠡᠢ ᠦᠢᠯᠡᠳᠪᠦᠷᠢ ᠶᠢ 10 ᠣᠷᠴᠢᠮ ᠰᠢᠨ᠎ᠡ ᠪᠠᠷ ᠨᠡᠮᠡᠭᠳᠡᠭᠦᠯᠵᠦ᠂ ᠵᠢᠨᠱᠠᠨ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ ᠢ ᠤᠯᠤᠰ ᠤᠨ ᠲᠠᠰ ᠤᠨ ᠪᠣᠬᠢᠷᠲᠤᠯ ᠦᠭᠡᠢ ᠬᠦᠷᠢᠶᠡᠯᠡᠩ ᠲᠣᠭᠤᠷᠢᠭ ᠪᠣᠯᠭᠠᠨ ᠡᠭᠦᠳᠦᠨ ᠪᠠᠶᠢᠭᠤᠯᠬᠤ ᠶᠢ ᠠᠬᠢᠭᠤᠯᠤᠨ᠎ᠠ᠃ 10000 ᠴᠠᠬᠢᠯᠭᠠᠨ ᠴᠡᠨᠡᠭᠯᠡᠬᠦ ᠪᠠᠭᠠᠨ᠎ᠠ ᠶᠢ ᠰᠢᠨ᠎ᠡ ᠪᠠᠷ ᠪᠠᠶᠢᠭᠤᠯᠵᠤ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠬᠡᠷᠡᠭᠴᠡᠭᠡ ᠶᠢ ᠠᠯᠬᠤᠮ ᠠᠯᠬᠤᠮ ᠢᠶᠠᠷ ᠬᠠᠩᠭᠠᠨ᠎ᠠ᠃ 45 ᠲᠦᠮᠡᠨ ᠮᠦ ᠣᠶ ᠰᠢᠭᠤᠢ ᠶᠢᠨ ᠦᠢᠯᠡᠰ ᠤᠨ ᠨᠡᠭᠦᠷᠡᠰᠦᠲᠥ᠋ᠷᠥᠭᠴᠢ ᠶᠢ ᠰᠢᠩᠭᠡᠭᠡᠨ ᠨᠡᠭᠡᠭᠡᠨ ᠬᠥᠭᠵᠢᠭᠦᠯᠵᠦ ᠨᠥᠭᠡᠴᠡᠯᠡᠬᠦ ᠲᠥᠷᠥᠯ ᠵᠦᠢᠯ ᠢ ᠪᠡᠶᠡᠯᠡᠭᠦᠯᠵᠦ᠂ ᠬᠥᠬᠡᠬᠤᠲᠠ ᠶᠢᠨ ᠣᠶ ᠰᠢᠭᠤᠢ ᠶᠢᠨ ᠦᠢᠯᠡᠰ ᠤᠨ ᠨᠡᠭᠦᠷᠡᠰᠦᠲᠥ᠋ᠷᠥᠭᠴᠢ ᠰᠢᠩᠭᠡᠭᠡᠬᠦ ᠠᠷᠠᠯᠵᠢᠶᠠᠨ ᠤ ᠦᠢᠯᠡᠴᠢᠯᠡᠭᠡᠨ ᠤ ᠲᠥᠪ ᠤᠨ ᠪᠠᠶᠢᠭᠤᠯᠤᠯᠲᠠ ᠶᠢ ᠠᠬᠢᠭᠤᠯᠤᠨ᠎ᠠ᠃      ︵ᠳᠣᠯᠤᠭ᠎ᠠ︶ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠠᠭ᠎ᠠ ᠪᠠᠭ᠎ᠠ ᠪᠠᠷ ᠰᠠᠶᠢᠲᠤᠷ ᠬᠢᠵᠦ᠂ ᠬᠠᠮᠤᠭ ᠤᠨ ᠵᠣᠯ ᠵᠢᠷᠭᠠᠯᠲᠤ ᠲᠥᠷᠥᠭᠳᠡᠯ ᠲᠠᠢ ᠬᠤᠲᠠ ᠶᠢ ᠨᠡᠷ᠎ᠡ ᠨᠢᠳᠡᠷ ᠲᠤᠨᠢ ᠬᠦᠷᠭᠡᠨ᠎ᠡ      ᠬᠠᠯᠠᠭᠤᠨ ᠳᠤᠯᠠᠭᠠᠨ ᠢᠨᠵᠧᠨᠧᠷᠢᠩ ᠢ ᠡᠨᠡ ᠵᠢᠯ ᠤᠨ ᠠᠷᠠᠳ ᠤᠨ ᠠᠮᠢᠳᠤᠷᠠᠯ ᠤᠨ ︽ᠨᠢᠭᠡᠳᠦᠭᠡᠷ ᠢᠨᠵᠧᠨᠧᠷᠢᠩ︾ ᠪᠣᠯᠭᠠᠨ᠎ᠠ᠃ ᠬᠤᠳᠠ ᠶᠢᠨ ᠭᠤᠣᠯ ᠲᠣᠭᠤᠷᠢᠭ ᠲᠤ ︽ᠴᠠᠭᠠᠷᠢᠭ ᠬᠡᠯᠪᠡᠷᠢ ᠶᠢᠨ ᠢᠯᠴᠢ ᠬᠠᠩᠭᠠᠬᠤ ᠲᠣᠣᠷ︾ ᠢ ᠪᠠᠶᠢᠭᠤᠯᠵᠤ᠂ ᠪᠦᠬᠦ ᠬᠤᠳᠠ ᠶᠢᠨ ︽ᠣᠯᠠᠨ ᠡᠬᠢ ᠲᠠᠢ ᠨᠢᠭᠡ ᠲᠣᠣᠷ︾ ᠢᠯᠴᠢ ᠬᠠᠩᠭᠠᠬᠤ ᠰᠢᠰᠲ᠋ᠧᠮᠵᠢ ᠶᠢ ᠪᠦᠷᠢᠯᠳᠦᠭᠦᠯᠦᠨ᠎ᠡ︔ ᠬᠤᠲᠠ ᠶᠢᠨ ᠲᠣᠭᠤᠷᠢᠭ ᠤᠨ ᠦᠯᠡᠳᠡᠭᠰᠡᠨ 36 ᠰᠠᠭᠤᠷᠢ ᠨᠡᠭᠦᠷᠡᠰᠦ ᠲᠦᠯᠡᠵᠦ ᠢᠯᠴᠢ ᠬᠠᠩᠭᠠᠬᠤ ᠭᠦᠸᠧᠯᠦ ᠶᠢ ᠴᠡᠪᠡᠷ ᠡᠨᠧᠷᠭᠢ ᠪᠠᠷ ᠰᠣᠯᠢᠵᠤ᠂ ᠬᠤᠲᠠ ᠶᠢᠨ ᠲᠣᠭᠤᠷᠢᠭ ᠲᠤ 100% ᠪᠠᠷ ᠴᠡᠪᠡᠷ ᠳᠤᠯᠠᠭᠠᠯᠠᠭ᠎ᠠ ᠬᠠᠩᠭᠠᠨ᠎ᠠ︔ 87.7 ᠺᠢᠯᠣᠮᠧᠲᠷ ᠬᠠᠭᠤᠴᠢᠷᠠᠭᠰᠠᠨ ᠰᠢᠲᠠᠮᠠᠬᠠᠢ ᠬᠡᠢ ᠶᠢᠨ ᠬᠤᠭᠤᠯᠠᠢ ᠶᠢᠨ ᠲᠣᠣᠷ᠂ ᠢᠯᠴᠢ ᠬᠠᠩᠭᠠᠬᠤ ᠬᠤᠶᠠᠳᠤᠭᠠᠷ ᠤᠳᠠᠭᠠᠨ ᠤ ᠬᠤᠭᠤᠯᠠᠢ ᠶᠢᠨ ᠲᠣᠣᠷ ᠢ 4554 ᠺᠢᠯᠣᠮᠧᠲᠷ᠂ ᠢᠯᠴᠢ ᠰᠣᠯᠢᠯᠴᠠᠬᠤ ᠦᠷᠳᠡᠭᠡ ᠶᠢ 280᠂ ᠰᠠᠭᠤᠭᠠᠯᠢ ᠠᠷᠠᠳ ᠤᠨ ᠭᠡᠷ ᠳᠣᠲᠣᠷᠠᠬᠢ ᠰᠢᠲᠠᠮᠠᠬᠠᠢ ᠬᠡᠢ ᠶᠢᠨ ᠪᠣᠰᠤᠭ᠎ᠠ ᠬᠤᠭᠤᠯᠠᠢ ᠶᠢ 3 ᠲᠦᠮᠡᠨ ᠡᠷᠦᠬᠡ ᠥᠭᠡᠷᠡᠴᠢᠯᠡᠵᠦ᠂ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ 80 ᠲᠦᠮᠡᠨ ᠲᠡᠭᠰᠢ ᠳᠥᠷᠪᠡᠯᠵᠢᠨ ᠮᠧᠲᠷ ᠪᠡᠶᠡᠯᠡᠭᠦᠯᠦᠨ᠎ᠡ᠃ ᠳᠤᠯᠠᠭᠠᠯᠠᠭ᠎ᠠ ᠶᠢᠨ ᠠᠰᠠᠭᠤᠳᠠᠯ ᠢ ︽ᠲᠤᠶᠢᠯᠪᠤᠷᠢᠲᠠᠢ ᠪᠠᠶᠢᠴᠠᠭᠠᠵᠤ︾᠂ ᠬᠠᠷᠢᠭᠤᠴᠠᠯᠭ᠎ᠠ ᠶᠢ ᠲᠣᠳᠣᠷᠬᠠᠶᠢᠯᠠᠨ᠂ ᠨᠠᠷᠢᠨ ᠬᠠᠭᠤᠳᠠᠰᠤ ᠪᠠᠷ ᠬᠠᠮᠢᠶᠠᠷᠴᠤ᠂ ᠨᠢᠭᠡ ᠨᠢᠭᠡ ᠪᠠᠷ ᠰᠢᠢᠳᠪᠦᠷᠢᠯᠡᠨ᠎ᠡ︔ ᠢᠯᠴᠢ ᠬᠠᠩᠭᠠᠬᠤ ᠠᠵᠤ ᠠᠬᠤᠶᠢᠯᠠᠯ ᠢ ︽ᠶᠡᠬᠡᠪᠡᠷ ᠨᠡᠶᠢᠳᠬᠡᠵᠦ︾ ᠂ ᠪᠥᠬᠦ ᠬᠤᠲᠠ ᠶᠢᠨ ︽ᠨᠢᠭᠡᠳᠦᠯᠲᠡᠢ ᠦᠨ᠎ᠡ ᠬᠠᠩᠰᠢ᠂ ᠨᠢᠭᠡᠳᠦᠯᠲᠡᠢ ᠬᠢᠨᠠᠨ ᠬᠠᠮᠢᠶᠠᠷᠤᠯᠲᠠ᠂ ᠨᠢᠭᠡᠳᠦᠯᠲᠡᠢ ᠦᠢᠯᠡᠴᠢᠯᠡᠭᠡ︾ ᠲᠠᠢ ᠢᠯᠴᠢ ᠬᠠᠩᠭᠠᠬᠤ ᠬᠠᠮᠢᠶᠠᠷᠤᠯᠲᠠ ᠶᠢᠨ ᠰᠢᠰᠲ᠋ᠧᠮᠵᠢ ᠶᠢ ᠪᠣᠶ ᠪᠣᠯᠭᠠᠨ᠎ᠠ︔ ᠨᠠᠷᠢᠯᠢᠭ ᠣᠨᠣᠪᠴᠢᠲᠠᠢ ᠪᠠᠷ ᠢᠯᠴᠢ ᠬᠠᠩᠭᠠᠬᠤ᠂ ᠬᠡᠷᠡᠭᠴᠡᠭᠡ ᠶᠢ ᠦᠨᠳᠦᠰᠦᠯᠡᠨ ᠢᠯᠴᠢ ᠬᠠᠩᠭᠠᠬᠤ ᠰᠢᠨ᠎ᠡ ᠬᠡᠯᠪᠡᠷᠢ ᠶᠢᠨ ᠣᠶᠤᠨᠴᠢ ᠢᠯᠴᠢ ᠬᠠᠩᠭᠠᠵᠤ ᠳᠤᠯᠠᠭᠠᠯᠠᠬᠤ ᠰᠢᠨ᠎ᠡ ᠵᠠᠭᠪᠤᠷ ᠢ ᠰᠦᠪᠡᠭᠴᠢᠯᠡᠨ ᠪᠠᠶᠢᠭᠤᠯᠤᠨ᠎ᠠ︔ ︽ᠠᠷᠠᠳ ᠢ ᠰᠤᠷᠪᠤᠯᠵᠢᠯᠠᠵᠤ ᠢᠯᠴᠢ ᠬᠦᠷᠭᠡᠬᠦ︾ ᠠᠵᠢᠯᠯᠠᠭ᠎ᠠ ᠥᠷᠨᠢᠭᠦᠯᠵᠦ᠂ ︽ᠴᠡᠭ ᠠᠴᠠ ᠴᠡᠭ ᠲᠤ᠂ ᠬᠤᠶᠠᠷ ᠬᠠᠮᠢᠶᠠᠷᠤᠭᠴᠢ ᠲᠠᠢ︾ ᠢᠯᠴᠢ ᠬᠠᠩᠭᠠᠬᠤ ᠦᠢᠯᠡᠴᠢᠯᠡᠭᠡᠨ ᠤ ᠳᠦᠷᠢᠮ ᠪᠠ ᠪᠠᠴᠢᠮ ᠪᠠᠶᠢᠳᠠᠯ ᠢ ᠠᠷᠭᠠᠴᠠᠭᠠᠬᠤ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠪᠡᠯᠡᠳᠬᠡᠯ ᠲᠥᠰᠥᠯ ᠢ ᠪᠠᠶᠢᠭᠤᠯᠵᠤ᠂ ᠡᠨᠡ ᠵᠢᠯ ᠣᠯᠠᠨ ᠲᠦᠮᠡᠨ ᠤ ᠨᠡᠯᠢᠶᠡᠳ ᠶᠡᠭᠡ ᠲᠤᠰᠬᠠᠯ ᠲᠠᠢ ᠢᠯᠴᠢ ᠬᠠᠩᠭᠠᠬᠤ ᠠᠰᠠᠭᠤᠳᠠᠯ ᠢ ᠵᠠᠪᠠᠯ ᠦᠨᠳᠦᠰᠦᠨ ᠠᠴᠠ  ᠨᠢ ᠰᠢᠢᠳᠪᠦᠷᠢᠯᠡᠨ᠎ᠡ᠃      ᠭᠤᠣᠯᠳᠠᠯᠭ᠎ᠠ ᠶᠢ ᠠᠳᠬᠤᠨ᠂ ᠤᠯᠠᠨ ᠵᠦᠢᠯ ᠤᠨ ᠠᠷᠭ᠎ᠠ ᠬᠡᠮᠵᠢᠶ᠎ᠡ ᠬᠡᠷᠡᠭᠯᠡᠵᠦ᠂ ᠤᠯᠠᠨ ᠲᠦᠮᠡᠨ ᠤ ᠠᠵᠢᠯ ᠣᠯᠬᠤ ᠬᠡᠷᠡᠭᠴᠡᠭᠡ ᠶᠢ ᠬᠠᠩᠭᠠᠨ᠎ᠠ᠃ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢ᠂ ᠬᠦᠴᠦ ᠶᠠᠪᠤᠭᠴᠢ ᠮᠠᠯᠴᠢᠨ ᠲᠠᠷᠢᠶᠠᠴᠢᠨ᠂ ᠴᠡᠷᠢᠭ ᠠᠴᠠ ᠬᠠᠯᠠᠭᠳᠠᠭᠰᠠᠳ᠂ ᠬᠦᠴᠢᠷᠳᠡᠯ ᠲᠠᠢ ᠬᠥᠮᠥᠰ ᠵᠡᠷᠭᠡ ᠭᠤᠣᠯᠳᠠᠯᠭ᠎ᠠ ᠲᠠᠢ ᠬᠥᠮᠥᠰ ᠤᠨ ᠠᠵᠢᠯ ᠣᠯᠭᠤᠯᠲᠠ ᠶᠢ ᠬᠠᠪᠰᠤᠷᠤᠨ ᠲᠡᠳᠬᠦᠬᠦ ᠪᠠ ᠠᠳᠠᠯ ᠦᠢᠯᠡᠰ ᠴᠣᠭᠴᠠᠯᠠᠬᠤ ᠶᠢ ᠲᠡᠳᠬᠦᠨ ᠳᠡᠮᠵᠢᠬᠦ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠬᠤᠳᠠ ᠪᠠᠯᠭᠠᠰᠤᠨ ᠤ 6 ᠲᠦᠮᠡ ᠠᠴᠠ ᠳᠡᠭᠡᠭᠰᠢ ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠬᠥᠳᠡᠭᠡ ᠲᠣᠰᠬᠤᠨ ᠤ 33 ᠲᠦᠮᠡᠨ ᠬᠥᠳᠡᠯᠮᠦᠷᠢ ᠶᠢᠨ ᠬᠦᠴᠦᠨ ᠢ ᠰᠢᠯᠵᠢᠭᠦᠯᠦᠨ ᠠᠵᠢᠯ ᠣᠯᠭᠤᠨ᠎ᠠ᠃ ︽ᠠᠵᠢᠯ ᠣᠯᠭᠤᠯᠲᠠ ᠪᠠᠷ ᠠᠵᠤ ᠠᠬᠤᠶᠢᠯᠠᠯ ᠢ ᠲᠤᠰᠠᠯᠠᠬᠤ᠂ ᠠᠵᠤ ᠠᠬᠤᠶᠢᠯᠠᠯ ᠤᠨ ᠲᠥᠯᠥᠭᠡ ᠠᠵᠢᠯ ᠣᠯᠬᠤ ︾ ᠲᠤᠰᠬᠠᠢ ᠠᠵᠢᠯᠯᠠᠭ᠎ᠠ ᠥᠷᠨᠢᠭᠦᠯᠵᠦ᠂ ᠲᠤᠰᠬᠠᠢ ᠠᠵᠢᠯᠲᠠᠨ ᠡᠯᠰᠡᠬᠦ ᠠᠵᠢᠯᠯᠠᠭ᠎ᠠ ᠶᠢ 100 ᠠᠴᠠ ᠳᠡᠭᠡᠭᠰᠢ ᠡᠷᠬᠢᠯᠡᠨ᠎ᠡ᠃ ︽ᠭᠤᠷᠪᠠᠨ ᠵᠢᠯ ᠳᠤ ᠠᠷᠪᠠᠨ ᠲᠦᠮᠡᠨ ᠣᠶᠤᠲᠠᠨ ᠢ ᠬᠥᠬᠡᠬᠤᠲᠠ ᠳᠤ ᠦᠯᠡᠳᠡᠭᠡᠬᠦ ᠢᠨᠵᠧᠨᠧᠷᠢᠩ︾ ᠢ ᠪᠡᠶᠡᠯᠡᠭᠦᠯᠦᠭᠰᠡᠨ ᠤᠷᠢᠲᠠᠯ ᠳᠣᠣᠷ᠎ᠠ᠂ ︽ᠲᠠᠪᠤᠨ ᠲᠦᠮᠡᠨ ᠣᠶᠤᠲᠠᠨ ᠢ ᠬᠥᠬᠡᠬᠤᠲᠠ ᠳᠤ ᠦᠯᠡᠳᠡᠭᠡᠬᠦ ᠲᠤᠰᠬᠠᠢ ᠠᠵᠢᠯᠯᠠᠭ᠎ᠠ︾ ᠶᠢ ᠬᠡᠷᠡᠭᠵᠢᠭᠦᠯᠦᠨ᠂ ᠴᠢᠨᠠᠷ ᠰᠠᠶᠢᠲᠠᠢ ᠠᠵᠢᠯ ᠤᠨ ᠪᠠᠶᠢᠷᠢ ᠬᠠᠩᠭᠠᠵᠤ᠂ ᠠᠳᠠᠯ ᠦᠢᠯᠡᠰ ᠴᠣᠭᠴᠠᠯᠠᠬᠤ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠵᠤ᠂ ᠬᠥᠬᠡᠬᠤᠲᠠ ᠳᠤ ᠢᠷᠡᠬᠦ ᠬᠥᠬᠡᠬᠤᠲᠠ ᠳᠤ ᠦᠯᠡᠳᠡᠬᠦ ᠴᠢᠳᠠᠪᠤᠷᠢᠲᠠᠨ ᠳᠤ ᠪᠡᠶ᠎ᠡ ᠳᠤᠨᠢ ᠲᠣᠬᠢᠷᠠᠭᠤᠯᠤᠨ᠂ ᠦᠨ᠎ᠡ ᠨᠢ ᠬᠢᠮᠳᠠ᠂ ᠶᠠᠰᠤ ᠴᠢᠨᠠᠷ ᠨᠢ ᠥᠨᠳᠥᠷ᠂ ᠣᠷᠴᠢᠨ ᠲᠣᠭᠤᠷᠢᠨ ᠨᠢ ᠰᠠᠶᠢᠨ᠂ ᠢᠵᠢ ᠪᠦᠷᠢᠳᠦᠭᠰᠡᠨ ᠬᠡᠲᠦ ᠲᠣᠮᠣ ᠬᠡᠯᠪᠡᠷᠢ ᠶᠢᠨ ︽ᠵᠠᠯᠠᠭᠤᠴᠤᠳ ᠤᠨ ᠨᠡᠶᠢᠭᠡᠮ ᠲᠣᠭᠤᠷᠢᠭ︾ ᠢ ᠲᠥᠪᠯᠡᠷᠡᠭᠦᠯᠦᠨ ᠪᠠᠶᠢᠭᠤᠯᠵᠤ᠂ ᠬᠥᠬᠡᠬᠤᠲᠠ ᠳᠤ ᠠᠵᠢᠯᠯᠠᠵᠤ ᠠᠮᠢᠳᠤᠷᠠᠵᠤ ᠪᠠᠶᠢᠭ᠎ᠠ ᠵᠠᠯᠠᠭᠤᠴᠤᠳ ᠢ ︽ᠨᠢᠭᠡ ᠪᠣᠭᠴᠣ ᠲᠠᠢ ᠢᠷᠡᠵᠦ᠂ ᠨᠢᠭᠡ ᠭᠡᠷ ᠲᠠᠢ ᠪᠣᠯᠵᠤ᠂ ᠨᠢᠭᠡ ᠬᠤᠲᠠ ᠶᠢ ᠪᠠᠶᠢᠭᠤᠯᠬᠤ︾ ᠪᠣᠯᠭᠠᠨ᠎ᠠ᠃      ᠠᠷᠠᠳ ᠲᠦᠮᠡᠨ ᠤ ᠰᠡᠳᠬᠢᠯ ᠳᠤ ᠬᠠᠨᠤᠮᠵᠢᠲᠠᠢ ᠰᠤᠷᠭᠠᠨ ᠬᠥᠮᠦᠵᠢᠯ ᠢ ᠪᠦᠬᠦ ᠬᠦᠴᠦ ᠪᠦᠬᠦ ᠴᠢᠳᠠᠯ ᠢᠶᠠᠷ ᠢᠶᠠᠨ ᠰᠠᠶᠢᠲᠤᠷ ᠡᠷᠬᠢᠯᠡᠨ᠎ᠡ᠃  ᠨᠢᠭᠡ ᠪᠦᠯᠦᠭ ᠭᠡᠷ ᠤᠨ ᠡᠭᠦᠳᠡᠨ ᠳᠠᠬᠢ ᠰᠠᠶᠢᠨ ᠰᠤᠷᠭᠠᠭᠤᠯᠢ ᠶᠢ ᠡᠭᠦᠳᠦᠨ ᠪᠠᠶᠢᠭᠤᠯᠵᠤ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ ︽ᠳᠥᠷᠪᠡᠨ ᠨᠢᠭᠡ︾ ᠶᠢᠨ ᠢᠨᠵᠧᠨᠧᠷᠢᠩ ᠢ ᠬᠡᠷᠡᠭᠵᠢᠭᠦᠯᠦᠨ᠂ ᠬᠤᠰᠢᠭᠤ ᠰᠢᠶᠠᠨ ᠲᠣᠭᠤᠷᠢᠭ ᠨᠢᠭᠡᠪᠦᠷᠢ ᠳᠤ ᠪᠥᠬᠦ ᠣᠷᠣᠨ ᠤ ᠲᠡᠷᠢᠭᠦᠨ ᠤ ᠴᠢᠨᠠᠷ ᠰᠠᠶᠢᠲᠠᠢ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠪᠠ ᠴᠢᠨᠠᠷ ᠰᠠᠶᠢᠲᠠᠢ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ ᠨᠠᠭᠠᠲᠤ ᠵᠠᠬ᠎ᠠ ᠳᠠᠭᠠᠨ 1 ᠡᠭᠦᠳᠦᠨ ᠪᠠᠶᠢᠭᠤᠯᠵᠤ᠂ ᠣᠷᠣᠨ ᠪᠦᠰᠡ ᠶᠢᠨ ᠰᠤᠷᠭᠠᠨ ᠬᠥᠮᠦᠵᠢᠯ ᠤᠨ ᠬᠥᠭᠵᠢᠯᠲᠡ ᠶᠢᠨ ᠪᠠᠭᠤᠷᠠᠢ ᠶᠢ ᠨᠥᠬᠦᠪᠦᠷᠢᠯᠡᠨ᠎ᠡ︔ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠢ 61 ᠰᠢᠨ᠎ᠡ ᠪᠠᠷ ᠪᠤᠶᠤ ᠦᠷᠭᠦᠯᠵᠢᠯᠡᠨ ᠪᠠᠶᠢᠭᠤᠯᠤᠨ᠎ᠠ︔ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠬᠦᠷᠢᠶᠡᠯᠡᠩ ᠲᠣᠭᠤᠷᠢᠭ ᠢ ᠲᠦᠷᠭᠡᠳᠬᠡᠨ ᠪᠠᠶᠢᠭᠤᠯᠵᠤ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠬᠦᠷᠢᠶᠡᠯᠡᠩ ᠲᠣᠭᠤᠷᠢᠭ ᠢ ᠡᠬᠢᠯᠡᠭᠦᠯᠵᠦ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠬᠦᠷᠢᠶᠡᠯᠡᠩ ᠲᠣᠭᠤᠷᠢᠭ ᠪᠣᠯᠭᠠᠨ ᠳᠡᠪᠰᠢᠭᠦᠯᠦᠨ᠎ᠡ︔ ᠬᠥᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ︽ᠬᠤᠣᠰ ᠳᠡᠭᠡᠳᠦ ᠰᠤᠷᠭᠠᠭᠤᠯᠢ︾ ᠶᠢᠨ ᠠᠵᠢᠯ ᠮᠡᠷᠭᠡᠵᠢᠯ ᠤᠨ ᠵᠢᠩᠬᠢᠨᠢ ᠠᠩᠭᠢ ᠶᠢᠨ ᠪᠦᠲᠦᠭᠡᠨ ᠪᠠᠶᠢᠭᠤᠯᠤᠯᠲᠠ ᠶᠢᠨ ᠭᠤᠶᠤᠴᠢᠯᠠᠯ ᠢ ᠠᠬᠢᠭᠤᠯᠤᠨ᠎ᠠ᠃ ᠨᠢᠭᠡ ᠪᠦᠯᠦᠭ ᠣᠶᠤᠨᠴᠢ ᠰᠤᠷᠭᠠᠨ ᠬᠥᠮᠦᠵᠢᠯ ᠤᠨ ︽ᠲᠣᠭᠠᠴᠢᠯᠠᠬᠤ︾ ᠲᠥᠷᠥᠯ ᠵᠦᠢᠯ ᠢ ᠬᠡᠷᠡᠭᠵᠢᠭᠦᠯᠵᠦ᠂ 9 ︽ᠢᠷᠡᠭᠡᠳᠦᠢ ᠶᠢᠨ ᠰᠤᠷᠭᠠᠨ ᠬᠥᠮᠦᠵᠢᠯ︾ ᠤᠨ ᠲᠤᠷᠰᠢᠯᠲᠠ ᠶᠢᠨ ᠰᠤᠷᠭᠠᠭᠤᠯᠢ ᠶᠢ ᠪᠦᠲᠦᠭᠡᠨ ᠪᠠᠶᠢᠭᠤᠯᠤᠨ᠎ᠠ᠃ ᠨᠢᠭᠡ ᠢᠵᠢ ︽ᠣᠷᠭᠠᠨᠢᠭ ᠰᠢᠨᠡᠴᠢᠯᠡᠯᠲᠡ︾ ᠲᠠᠢ ᠡᠩᠨᠡᠭᠡ ᠶᠢᠨ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠰᠤᠷᠭᠠᠭᠤᠯᠢ ᠶᠢᠨ ᠵᠠᠬᠢᠷᠤᠯ ᠢ ᠬᠢᠨᠠᠨ ᠰᠢᠯᠭᠠᠵᠤ ᠠᠳᠠᠭ ᠢ ᠰᠢᠭᠰᠢᠬᠦ ᠲᠣᠭᠲᠠᠴᠠ ᠶᠢ ᠪᠦᠷᠢᠨᠰᠢᠭᠦᠯᠵᠦ᠂ ᠡᠭᠦᠷᠭᠡᠯᠡᠵᠦ ᠳᠡᠶᠢᠯᠬᠦ ᠦᠭᠡᠢ ᠶᠢ ᠨᠢ ᠤᠭᠴᠤᠷᠠᠭᠤᠯᠤᠨ ᠰᠣᠯᠢᠨ᠎ᠠ︔ ᠬᠢᠴᠢᠶᠡᠯ ᠤᠨ ᠪᠠᠭᠰᠢ ᠪᠠ ᠵᠢᠭᠠᠨ ᠰᠤᠳᠤᠯᠭᠠᠨ ᠤ ᠪᠠᠭᠰᠢ ᠶᠢᠨ ᠲᠤᠰᠢᠶᠠᠯ ᠡᠭᠦᠷᠭᠡᠯᠡᠬᠦ ︽ᠡᠷᠭᠢᠯᠳᠦᠭᠡ ᠡᠭᠦᠳᠡ︾ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠲᠤᠰᠢᠶᠠᠯ ᠳᠠᠭᠠᠨ ᠲᠡᠩᠴᠡᠬᠦ ᠦᠭᠡᠢ ᠶᠢ ᠠᠵᠢᠯ ᠤᠨ ᠪᠠᠶᠢᠷᠢ ᠠᠴᠠ ᠨᠢ ᠰᠠᠯᠭᠠᠨ᠎ᠠ᠃ ︽ᠱᠠᠩᠨᠠᠬᠤ ᠪᠠᠷ ᠰᠢᠯᠢᠳᠡᠭ ᠢ ᠬᠥᠮᠥᠵᠢᠭᠦᠯᠬᠦ︾ ᠦᠨᠡᠯᠡᠨ ᠵᠢᠱᠢᠵᠦ ᠬᠢᠨᠠᠨ ᠬᠡᠮᠵᠢᠬᠦ ᠲᠠᠪᠴᠠᠩ ᠢ ᠪᠠᠶᠢᠭᠤᠯᠵᠤ᠂ ᠰᠤᠷᠭᠠᠨ ᠬᠥᠮᠦᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠶᠢ ᠵᠢᠯ ᠤᠨ ᠡᠴᠦᠰ ᠤᠨ ᠬᠠᠷᠠᠯᠲᠠᠲᠤ ᠬᠢᠨᠠᠨ ᠰᠢᠯᠭᠠᠯᠲᠠ ᠳᠤ ᠣᠷᠣᠭᠤᠯᠵᠤ᠂ ᠦᠨᠡᠯᠡᠭᠰᠡᠨ ᠦᠷ᠎ᠡ ᠳ᠋ᠦᠩ ᠢ ᠰᠤᠷᠭᠠᠭᠤᠯᠢ ᠶᠢᠨ ᠱᠠᠩᠨᠠᠵᠤ ᠲᠣᠷᠭᠠᠬᠤ᠂ ᠡᠬᠢ ᠪᠠᠶᠠᠯᠢᠭ ᠢ ᠲᠣᠬᠢᠷᠠᠭᠤᠯᠬᠤ ᠦᠨᠳᠦᠰᠦᠯᠡᠯ ᠪᠣᠯᠭᠠᠨ᠎ᠠ᠃ ᠰᠤᠷᠭᠠᠨ ᠬᠥᠮᠦᠵᠢᠯ ᠤᠨ ᠠᠵᠢᠯᠲᠠᠳ ᠢ ᠬᠠᠶᠢᠷᠠᠯᠠᠨ ᠬᠠᠯᠠᠮᠵᠢᠯᠠᠬᠤ ᠨᠢᠭᠡ ᠪᠦᠯᠦᠭ ︽ᠰᠡᠳᠬᠢᠯ ᠢ ᠳᠤᠯᠠᠭᠠᠴᠠᠭᠤᠯᠬᠤ ᠠᠷᠭ᠎ᠠ ᠬᠡᠮᠵᠢᠶ᠎ᠡ︾ ᠶᠢ ᠨᠡᠶᠢᠲᠡᠯᠡᠵᠦ᠂ ᠪᠠᠭᠰᠢ ᠶᠢᠨ ᠢᠷᠠᠭᠤ ᠠᠯᠳᠠᠷ ᠤᠨ ᠲᠣᠭᠲᠠᠴᠠ ᠶᠢ ᠲᠡᠭᠦᠯᠳᠡᠷᠵᠢᠭᠦᠯᠦᠨ᠂ ᠲᠡᠷᠢᠭᠦᠨ ᠤ ᠨᠡᠶᠢᠲᠡᠯᠢᠭ ᠵᠢᠱᠢᠶ᠎ᠡ ᠶᠢ ᠰᠣᠩᠭᠤᠵᠤ᠂ ᠶᠡᠭᠡ ᠱᠠᠩᠨᠠᠯ ᠬᠥᠬᠢᠭᠦᠯᠦᠯ ᠣᠯᠭᠤᠵᠤ᠂ ᠪᠠᠭᠰᠢ ᠶᠢ ᠬᠦᠨᠳᠦᠳᠬᠡᠨ ᠰᠤᠷᠭᠠᠨ ᠬᠥᠮᠦᠵᠢᠯ ᠢ ᠴᠢᠬᠤᠯᠠᠴᠢᠯᠠᠬᠤ ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ ᠪᠤᠢ ᠪᠣᠯᠭᠠᠨ᠎ᠠ᠃ ︽ᠶᠣᠰᠣ ᠮᠣᠷᠠᠯ ᠢ ᠪᠤᠶ ᠪᠣᠯᠭᠠᠵᠤ ᠬᠥᠮᠥᠨ ᠢ ᠬᠥᠮᠥᠵᠢᠭᠦᠯᠬᠦ︾ ᠦᠨᠳᠦᠰᠦᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ︽ᠬᠤᠶᠠᠷ ᠢ ᠬᠥᠩᠭᠡᠷᠡᠭᠦᠯᠬᠦ︾ ᠠᠵᠢᠯ ᠢ ᠦᠷᠭᠦᠯᠵᠢᠯᠡᠨ ᠠᠬᠢᠭᠤᠯᠵᠤ᠂ ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢ ᠴᠢᠨᠠᠷ ᠰᠠᠶᠢᠲᠠᠢ ᠥᠷᠨᠢᠭᠦᠯᠵᠦ᠂ ︽ᠰᠤᠷᠤᠭᠴᠢ ᠡᠳᠦᠷ ᠪᠦᠷᠢ ᠨᠢᠭᠡ ᠪᠢᠰᠢᠯᠠᠭ︾ ᠡᠷᠡᠭᠦᠯ ᠮᠡᠨᠳᠦ ᠶᠢᠨ ᠵᠢᠱᠢᠶ᠎ᠡ ᠦᠵᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠬᠡᠦᠬᠡᠳ ᠤᠳ ᠤᠨ ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠤᠳ ᠭᠤᠸ᠎ᠠ ᠬᠥᠳᠡᠯᠮᠦᠷᠢ ᠶᠢ ᠪᠥᠬᠦ ᠲᠠᠯ᠎ᠠ ᠪᠠᠷ ᠬᠥᠭᠵᠢᠭᠦᠯᠦᠨ᠎ᠡ᠃      ᠤᠯᠠᠨ ᠲᠦᠮᠡᠨ ᠤ ᠡᠷᠡᠭᠦᠯ ᠮᠡᠨᠳᠤ ᠶᠢ ᠰᠡᠳᠬᠢᠯ ᠲᠠᠯᠪᠢᠨ ᠰᠠᠶᠢᠲᠤᠷ ᠰᠠᠬᠢᠨ ᠬᠠᠮᠠᠭᠠᠯᠠᠨ᠎ᠠ᠃ ᠬᠤᠲᠠ ᠶᠢᠨ ᠵᠡᠭᠦᠨ ᠬᠡᠰᠡᠭ ᠤᠨ ᠪᠡᠭᠡᠵᠢᠩ ᠤᠨ ᠨᠥᠬᠦᠷᠯᠡᠯ ᠡᠮᠨᠡᠯᠭᠡ ᠶᠢᠨ ᠬᠤᠷᠢᠶ᠎ᠠ ᠶᠢᠨ ᠥᠪᠥᠷ ᠮᠣᠩᠭᠤᠯ ᠳᠠᠬᠢ ᠡᠮᠨᠡᠯᠭᠡ ᠶᠢᠨ ᠬᠤᠷᠢᠶ᠎ᠠ᠂ ᠬᠤᠲᠠ ᠶᠢᠨ ᠪᠠᠷᠠᠭᠤᠨ ᠬᠡᠰᠡᠭ ᠤᠨ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠴᠡᠯᠡᠭᠡᠷ ᠲᠠᠯ᠎ᠠ ᠡᠮᠨᠡᠯᠭᠡ ᠶᠢᠨ ᠬᠤᠷᠢᠶ᠎ᠠ ᠶᠢᠨ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠤᠨ᠎ᠠ︔ ᠬᠤᠲᠠ ᠶᠢᠨ ᠬᠤᠶᠠᠳᠤᠭᠠᠷ ᠡᠮᠨᠡᠯᠭᠡ ᠶᠢᠨ ᠬᠤᠷᠢᠶ᠎ᠠ᠂ ᠣᠶᠤᠨ ᠮᠡᠳᠡᠷᠡᠯ ᠤᠨ ᠡᠷᠡᠭᠦᠯ ᠬᠠᠮᠠᠭᠠᠯᠠᠯ ᠤᠨ ᠲᠥᠪ᠂ ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠡᠮᠨᠡᠯᠭᠡ ᠶᠢᠨ ᠬᠤᠷᠢᠶ᠎ᠠ᠂ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡ ᠰᠤᠪᠢᠯᠠᠯᠲᠠ ᠶᠢᠨ ᠲᠥᠪ ᠵᠡᠷᠭᠡ ᠲᠥᠷᠥᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠬᠤᠲᠠ ᠶᠢᠨ ᠨᠢᠭᠡᠳᠦᠭᠡᠷ ᠡᠮᠨᠡᠯᠭᠡ ᠶᠢᠨ ᠬᠤᠷᠢᠶ᠎ᠠ ᠶᠢᠨ ᠡᠭᠦᠯᠡᠨ ᠬᠥᠨᠳᠡᠢ ᠶᠢᠨ ᠡᠮᠨᠡᠯᠭᠡ ᠶᠢᠨ ᠬᠤᠷᠢᠶ᠎ᠠ ᠶᠢᠨ ᠲᠣᠭᠤᠷᠢᠭ᠂ ᠬᠤᠲᠠ ᠶᠢᠨ ᠡᠬᠡ ᠨᠢᠯᠬᠠᠰ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ ᠶᠢᠨ ᠬᠡᠤᠬᠡᠳ ᠰᠠᠭᠠᠲᠠᠭᠤᠯᠬᠤ ᠠᠵᠢᠯ ᠢ ᠵᠢᠯᠣᠭᠤᠳᠬᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠲᠥᠷᠥᠯ ᠵᠦᠢᠯ ᠢ ᠲᠥᠯᠥᠪᠵᠢᠭᠦᠯᠦᠨ ᠪᠥᠲᠥᠭᠡᠨ ᠪᠠᠶᠢᠭᠤᠯᠤᠨ᠎ᠠ᠃ 2 ᠤᠯᠤᠰ ᠤᠨ ᠣᠷᠣᠨ ᠪᠦᠰᠡ ᠶᠢᠨ ᠡᠮᠴᠢᠯᠡᠭᠡᠨ ᠤ ᠲᠥᠪ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠤᠯᠤᠰ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠲᠤᠰᠬᠠᠶ ᠮᠡᠷᠭᠡᠵᠢᠯ ᠤᠨ ᠰᠠᠯᠠᠭ᠎ᠠ ᠶᠢ 5 ᠪᠠᠶᠢᠭᠤᠯᠤᠨ᠎ᠠ︔ ᠣᠷᠣᠨ ᠤ ᠭᠠᠳᠠᠨᠠᠬᠢ 52 ᠡᠮᠴᠢᠯᠡᠭᠡᠨ ᠤ ᠪᠠᠶᠢᠭᠤᠯᠤᠮᠵᠢ ᠲᠠᠢ ᠬᠠᠮᠲᠤᠷᠠᠯᠴᠠᠭ᠎ᠠ ᠥᠷᠨᠢᠭᠦᠯᠵᠦ᠂ ︽ᠢᠨᠲ᠋ᠧᠷ ᠰᠦᠯᠵᠢᠶ᠎ᠡ + ᠡᠮᠴᠢᠯᠡᠭᠡ︾ ᠶᠢᠨ ᠵᠠᠭᠪᠤᠷ ᠢ ᠶᠡᠭᠡ ᠪᠠᠷ ᠬᠥᠭᠵᠢᠭᠦᠯᠦᠨ᠂ ᠡᠪᠡᠳᠴᠢᠲᠡᠨ ᠤ ᠳᠠᠷᠤᠭᠠᠰᠤ ᠶᠢ ᠬᠥᠩᠭᠡᠷᠡᠭᠦᠯᠵᠦ᠂ ᠡᠮᠴᠢᠯᠡᠭᠡᠨ ᠳᠤ ᠭᠠᠳᠠᠭᠰᠢ ᠶᠠᠪᠤᠬᠤ ᠶᠢ ᠪᠠᠭᠠᠰᠬᠠᠵᠤ᠂ ᠠᠷᠠᠳ ᠣᠯᠠᠨ ᠳᠤ ᠬᠡᠷ ᠤᠨ ᠡᠭᠦᠳᠡᠨ ᠳᠡᠭᠡᠷ᠎ᠡ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠤᠨ ᠦᠢᠯᠡᠴᠢᠯᠡᠭᠡ ᠬᠦᠷᠲᠡᠭᠡᠨ᠎ᠡ᠃      ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠤᠷᠢᠭ᠎ᠠ ᠱᠤᠭᠤᠮ ᠢ ᠦᠨᠡᠨᠬᠦ ᠪᠠᠲᠤ ᠰᠠᠬᠢᠨ᠎ᠠ᠃ ᠠᠷᠠᠳ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠪᠠᠷᠢᠮᠵᠢᠶ᠎ᠠ ᠳᠤ ᠬᠦᠷᠭᠡᠬᠦ ᠠᠵᠢᠯᠯᠠᠭ᠎ᠠ ᠶᠢ ᠬᠡᠷᠡᠭᠵᠢᠭᠦᠯᠵᠦ᠂ ᠤᠯᠤᠰ ᠤᠨ ᠪᠠᠷᠢᠮᠵᠢᠶ᠎ᠠ ᠠᠴᠠ ᠳᠣᠣᠷᠠᠬᠢ ᠶᠢ ᠳᠡᠭᠡᠭᠰᠢᠯᠡᠭᠦᠯᠵᠦ᠂ ᠤᠯᠤᠰ ᠤᠨ ᠪᠠᠷᠢᠮᠵᠢᠶ᠎ᠠ ᠪᠠᠷ ᠥᠨᠳᠥᠷ ᠢ ᠦᠷᠭᠦᠯᠵᠢᠯᠡᠨ ᠰᠠᠶᠢᠲᠤᠷ ᠪᠠᠲᠤᠯᠠᠨ᠎ᠠ᠃ ᠤᠯᠤᠰ ᠤᠨ ᠠᠮᠤᠷ ᠲᠠᠶᠢᠪᠤᠩ ᠡᠮᠨᠡᠨ ᠰᠤᠪᠢᠯᠠᠬᠤ ᠲᠤᠷᠰᠢᠯᠲᠠ ᠶᠢᠨ ᠬᠤᠲᠠ ᠶᠢᠨ ᠪᠦᠲᠦᠭᠡᠨ ᠪᠠᠶᠢᠭᠤᠯᠤᠯᠲᠠ ᠶᠢ ᠥᠷᠨᠢᠭᠦᠯᠦᠨ᠎ᠡ᠃ ᠪᠦᠬᠦ ᠣᠷᠣᠨ ᠤ ᠬᠤᠲᠠ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ︽ᠦᠯᠢᠭᠡᠷ ᠳᠠᠭᠤᠷᠢᠶᠠᠯ ᠣᠷᠣᠨ︾ ᠪᠠ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ︽ᠵᠢᠱᠢᠶ᠎ᠡ ᠦᠵᠡᠭᠦᠯᠬᠦ ᠣᠷᠣᠨ︾ ᠢ ᠡᠭᠦᠳᠦᠨ᠎ᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠤᠨ ᠳᠤᠮᠳᠠ ᠪᠠ ᠤᠷᠲᠤ ᠬᠤᠭᠤᠴᠠᠭᠠᠨ ᠤ ᠬᠥᠭᠵᠢᠯᠲᠡ ᠶᠢᠨ ᠲᠥᠯᠥᠪᠵᠢᠭᠦᠯᠭᠡ︾ ᠶᠢ ᠭᠦᠨᠵᠡᠭᠡᠶ ᠨᠠᠶᠢᠳᠠᠪᠤᠷᠢᠵᠢᠭᠤᠯᠵᠤ᠂ ᠵᠠᠯᠠᠭᠤᠴᠤᠳ ᠤᠨ ᠬᠥᠭᠵᠢᠯᠲᠡ ᠶᠢᠨ ᠬᠡᠯᠪᠡᠷᠢ ᠶᠢᠨ ᠬᠤᠲᠠ ᠶᠢᠨ ᠲᠤᠷᠰᠢᠯᠲᠠ ᠶᠢᠨ ᠴᠡᠭ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠤᠯᠤᠰ ᠤᠨ ᠬᠡᠦᠬᠡᠳ ᠤᠨ ᠨᠥᠬᠦᠷᠰᠡᠭ ᠬᠤᠲᠠ᠂ ᠪᠦᠬᠦ ᠤᠯᠤᠰ ᠤᠨ ᠨᠢᠯᠬ᠎ᠠ ᠬᠡᠦᠬᠡᠳ ᠢ ᠠᠰᠠᠷᠠᠨ ᠬᠠᠷᠠᠭᠠᠯᠵᠠᠬᠤ ᠦᠢᠯᠡᠴᠢᠯᠡᠭᠡᠨ ᠤ ᠵᠢᠱᠢᠶ᠎ᠡ ᠦᠵᠡᠭᠦᠯᠬᠦ ᠬᠤᠲᠠ ᠶᠢ ᠢᠳᠡᠪᠬᠢᠲᠡᠶ ᠡᠭᠦᠳᠦᠨ ᠪᠠᠶᠢᠭᠤᠯᠤᠨ᠎ᠠ᠃ ︽ᠨᠢᠭᠡ ᠴᠣᠮᠣ ᠰᠦ︾ ᠶᠢᠨ ᠦᠷᠡᠵᠢᠯ ᠤᠨ ᠬᠠᠯᠠᠮᠵᠢᠯᠠᠯ ᠤᠨ ᠠᠵᠢᠯᠯᠠᠭ᠎ᠠ ᠶᠢ ᠠᠬᠢᠭᠤᠯᠵᠤ᠂ ᠡᠯ᠎ᠡ ᠬᠠᠮᠲᠤ ᠣᠯᠠᠨ ᠳᠤ ᠴᠥᠮ ᠬᠠᠶᠢᠷ᠎ᠠ ᠬᠠᠯᠠᠮᠵᠢ ᠶᠢ ᠬᠦᠷᠲᠡᠭᠡᠵᠦ᠂ ᠬᠠᠯᠠᠭᠤᠨ ᠳᠤᠯᠠᠭᠠᠨ ᠢ ᠮᠡᠳᠡᠷᠡᠭᠦᠯᠦᠨ᠎ᠡ᠃      ︵ᠨᠠᠢᠮᠠ︶ ᠬᠦᠨᠳᠦ ᠶᠡᠭᠡ ᠠᠶᠤᠯ ᠲᠦᠭᠰᠢᠭᠦᠷᠢ ᠶᠢ ᠦᠷᠭᠦᠯᠵᠢᠯᠡᠨ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠦᠨᠡᠨᠬᠦ ᠪᠠᠬᠢᠵᠢᠭᠦᠯᠦᠨ᠎ᠡ      ᠠᠶᠤᠯᠭᠦᠢ ᠦᠢᠯᠡᠳᠪᠦᠷᠢᠯᠡᠯ ᠤᠨ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠢᠳᠡᠭᠡᠨ ᠪᠠ ᠡᠮ ᠤᠨ ᠵᠦᠢᠯ ᠤᠨ ᠠᠶᠤᠯᠭᠦᠢ ᠶᠢ ᠪᠠᠬᠢᠵᠢᠭᠦᠯᠦᠨ ᠳᠡᠭᠡᠭᠰᠢᠯᠡᠭᠦᠯᠬᠦ ᠠᠵᠢᠯᠯᠠᠭ᠎ᠠ ᠥᠷᠨᠢᠭᠦᠯᠵᠦ᠂ ᠬᠦᠨᠳᠦ ᠣᠨᠴᠠ ᠶᠡᠭᠡ ᠠᠶᠤᠯᠭᠦᠢ ᠦᠢᠯᠡᠳᠪᠦᠷᠢᠯᠡᠯ ᠤᠨ ᠠᠳᠡᠯ  ᠭᠠᠷᠬᠤ ᠶᠢ ᠴᠢᠩᠭ᠎ᠠ ᠬᠤᠷᠢᠭᠯᠠᠨ᠎ᠠ᠃ ︽ᠲᠠᠪᠤ ᠶᠢ ᠲᠦᠢᠯᠪᠤᠷᠢᠲᠠᠢ ᠪᠠᠶᠢᠴᠠᠭᠠᠬᠤ︾ ᠠᠵᠢᠯᠯᠠᠭ᠎ᠠ ᠶᠢ ᠭᠦᠨᠵᠡᠭᠡᠶᠢᠷᠡᠭᠦᠯᠦᠨ ᠥᠷᠭᠡᠳᠬᠡᠵᠦ᠂ ᠵᠥᠪᠰᠢᠶᠡᠷᠡᠭᠡᠳ ᠬᠠᠩᠭᠠᠭᠰᠠᠨ ᠦᠭᠡᠢ ᠭᠠᠵᠠᠷ ᠰᠢᠷᠣᠢ ᠶᠢ 2.7 ᠲᠦᠮᠡᠨ ᠮᠦ ᠰᠢᠢᠳᠪᠦᠷᠢᠯᠡᠨ᠎ᠡ᠃ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠲᠦᠷᠢᠮ ᠢ ᠭᠦᠨᠵᠡᠭᠡᠶ ᠬᠡᠷᠡᠭᠵᠢᠭᠦᠯᠦᠨ᠎ᠡ᠃ 17068 ︽ᠠᠰᠠᠷ ᠲᠤᠰᠢᠶᠠᠬᠤ ᠶᠢ ᠪᠠᠲᠤᠯᠠᠬᠤ︾ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠦᠨ᠎ᠡ᠃ ︽ᠭᠤᠷᠪᠠ ᠶᠢ ᠪᠠᠲᠤᠯᠠᠬᠤ︾ ᠶᠢ ᠪᠠᠷᠢᠮᠲᠠᠯᠠᠵᠤ᠂ ︽ᠠᠷᠪᠢᠴᠢ ᠭᠠᠮᠲᠠᠢ ᠠᠮᠢᠳᠤᠷᠠᠬᠤ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠦᠷᠦᠯ ᠵᠦᠢᠯ ᠤᠨ ᠬᠠᠮᠢᠶᠠᠷᠤᠯᠲᠠ ᠶᠢ ᠴᠢᠩᠭ᠎ᠠ ᠵᠢᠷᠤᠮᠵᠢᠭᠤᠯᠵᠤ᠂ ᠵᠠᠰᠠᠭ ᠤᠨ ᠣᠷᠳᠣᠨ ᠤ ᠡᠳᠦᠷ ᠲᠤᠳᠤᠮ ᠤᠨ ᠵᠠᠷᠤᠯᠭ᠎ᠠ ᠶᠢ ᠪᠠᠭᠠᠰᠬᠠᠨ᠎ᠠ᠃ ᠥᠨᠳᠥᠷ ᠲᠦᠭᠰᠢᠭᠦᠷᠢᠲᠡᠶ ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ᠂ ᠲᠣᠰᠬᠤᠨ ᠪᠠᠯᠭᠠᠰᠤ ᠶᠢᠨ ᠪᠠᠩᠬᠢ ᠶᠢᠨ ᠮᠠᠯᠠᠭᠠᠢ ᠪᠠᠨ ᠠᠪᠴᠤ ᠬᠠᠶᠠᠬᠤ ᠶᠢ ᠲᠦᠷᠭᠡᠳᠬᠡᠨ ᠠᠬᠢᠭᠤᠯᠤᠨ᠎ᠠ᠃ ᠣᠨ ᠤ ᠥᠷᠢ ᠥᠭᠴᠡᠭᠡ ᠶᠢ ᠠᠷᠢᠯᠭᠠᠬᠤ ᠡᠭᠦᠷᠭᠡ ᠪᠠᠨ ᠦᠨᠡᠨᠬᠦ ᠪᠡᠶᠡᠯᠡᠭᠦᠯᠦᠨ᠎ᠡ᠃ ᠤᠷᠢᠳᠴᠢᠯᠠᠨ ᠲᠥᠯᠥᠬᠦ ᠬᠡᠷᠡᠭᠯᠡᠭᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ︽ᠥᠲᠥᠭᠡᠵᠦ ᠺᠠᠷᠲ ᠬᠢᠯᠭᠡᠬᠦ︾᠂ ︽ᠵᠣᠭᠤᠰ ᠬᠠᠳᠠᠭᠠᠯᠠᠭᠤᠯᠤᠭᠠᠳ ᠳᠤᠲᠠᠭᠠᠬᠤ︾ ︽ᠡᠵᠡᠷᠬᠡᠭ ᠲᠣᠭᠲᠠᠭᠠᠯ ︾ ᠵᠡᠷᠭᠡ ᠬᠡᠷᠡᠭᠯᠡᠭᠴᠢᠳ ᠤᠨ ᠡᠷᠬᠡ ᠠᠰᠢᠭ ᠲᠤ ᠬᠠᠯᠳᠠᠭᠰᠠᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠡᠷᠡᠰ ᠴᠣᠬᠢᠯᠲᠠ ᠥᠭᠭᠦᠨ᠎ᠡ᠃ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠠᠶᠢᠭᠤᠯᠤᠯᠲᠠ ᠶᠢ ᠶᠡᠬᠡᠪᠡᠷ ᠳᠠᠮᠵᠢᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠢ ᠰᠠᠶᠢᠲᠤᠷ ᠬᠢᠵᠦ᠂ ᠪᠦᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ᠶᠢᠨ ︽ᠠᠷᠪᠠᠨ ᠵᠢᠯ ᠳᠠᠷᠠᠭᠠᠯᠠᠨ ᠮᠠᠩᠯᠠᠶᠢᠯᠠᠬᠤ︾ ᠶᠢ ᠴᠢᠷᠮᠠᠶᠢᠨ ᠴᠣᠭᠴᠠᠯᠠᠨ᠎ᠠ᠃      ᠲᠥᠯᠥᠭᠡᠯᠡᠭᠴᠢᠳ ᠠ᠋︕ ᠣᠳᠣᠬᠠᠨ ᠤ ᠬᠥᠬᠡᠬᠤᠲᠠ ᠨᠢᠭᠡᠨᠲᠡ ᠴᠣ ᠰᠢᠨ᠎ᠡ ᠬᠥᠭᠵᠢᠯᠲᠡ ᠶᠢᠨ ᠱᠠᠲᠤᠨ ᠳᠤ ᠣᠷᠣᠯ᠎ᠠ᠃ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ  ᠶᠢ ᠭᠦᠨᠵᠡᠭᠡᠢ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠴᠠᠭ ᠢᠮᠠᠭᠲᠠ ᠣᠷᠣᠨ ᠤ ᠲᠥᠪ ᠬᠤᠲᠠ ᠶᠢᠨ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠵᠤ᠂ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠢᠱᠢᠶ᠎ᠡ ᠦᠵᠡᠭᠦᠯᠬᠦ ᠬᠤᠳᠠ ᠶᠢ ᠪᠦᠬᠦ ᠬᠦᠴᠦᠨ ᠢᠶᠠᠷ ᠢᠶᠠᠨ ᠡᠭᠦᠳᠦᠨ ᠪᠠᠶᠢᠭᠤᠯᠬᠤ ᠪᠠᠷ ᠴᠢᠬᠤᠯᠠ ᠭᠠᠷᠳᠠᠴᠠ ᠪᠣᠯᠭᠠᠵᠤ᠂ ︽ᠲᠤᠯᠤᠭᠠᠨ ᠵᠢᠱᠢᠶᠡᠴᠢ ᠪᠣᠯᠬᠤ︾ ᠳᠡᠭᠡᠷ᠎ᠡ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠪᠠᠨ ᠬᠠᠷᠠᠭᠤᠯᠵᠤ᠂ ︽ᠵᠢᠷᠭᠤᠭᠠᠨ ᠥᠭᠦᠯᠡᠪᠦᠷᠢ︾ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠬᠥᠮᠥᠰ ᠤᠨ ᠰᠡᠳᠬᠢᠯ ᠳᠤ ᠬᠠᠳᠠᠩᠰᠢᠭᠤᠯᠬᠤ ᠬᠡᠷᠡᠭᠲᠡᠢ᠃ ᠨᠢᠭᠡ ᠳᠤ᠂ ᠦᠢᠯᠡ ᠠᠵᠢᠯᠯᠠᠭ᠎ᠠ ᠪᠠᠷ ᠢᠶᠠᠨ ᠦᠨᠡᠨᠴᠢ ᠰᠢᠳᠤᠷᠭᠤ ᠪᠠᠨ ᠬᠠᠷᠠᠭᠤᠯᠵᠤ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠴᠠᠭ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠬᠡᠷᠡᠭᠵᠢᠭᠦᠯᠵᠦ᠂ ᠨᠥᠬᠦᠴᠡᠯ ᠳᠤᠷᠠᠳᠬᠤ ᠦᠭᠡᠢ᠂ ᠨᠤᠭᠤᠯᠬᠤ ᠦᠭᠡᠢ᠂ ᠬᠤᠪᠢᠷᠠᠭᠤᠯᠬᠤ ᠦᠭᠡᠢ᠂ ︽ᠬᠤᠶᠠᠷ ᠢ ᠲᠣᠭᠲᠠᠭᠠᠭᠰᠠᠨ︾ ᠤ ᠦᠨᠡᠨᠴᠢ ᠰᠢᠳᠤᠷᠭᠤ ᠬᠦᠷᠢᠶᠡᠯᠡᠭᠴᠢ᠂ ︽ᠬᠤᠶᠠᠷ ᠢ ᠬᠠᠮᠠᠭᠠᠯᠠᠬᠤ︾ ᠶᠢᠨ ᠦᠨᠡᠨᠴᠢ ᠰᠢᠳᠤᠷᠭᠤ ᠦᠢᠯᠡᠳᠦᠯᠭᠡᠵᠢᠭᠦᠯᠦᠭᠴᠢ ᠪᠣᠯᠬᠤ ᠬᠡᠷᠡᠭᠲᠡᠢ᠃ ᠬᠤᠶᠠᠷ ᠲᠤ᠂ ᠪᠣᠳᠠᠲᠠᠢ ᠠᠵᠢᠯᠯᠠᠬᠤ ᠪᠠᠷ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠣᠰᠣᠭᠠᠷ᠂ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠵᠠᠰᠠᠭ ᠤᠨ ᠣᠷᠳᠣᠨ ᠤ ᠭᠤᠣᠯ ᠡᠭᠦᠷᠭᠡ ᠲᠤᠰᠢᠶᠠᠯ ᠢᠶᠠᠨ ᠪᠣᠯᠭᠠᠵᠤ᠂ ᠲᠣᠭᠲᠠᠭᠠᠭᠰᠠᠨ ᠢᠶᠠᠨ ᠬᠢᠵᠦ᠂ ᠬᠡᠯᠡᠭᠰᠡᠨ ᠢᠶᠠᠨ ᠭᠦᠢᠴᠡᠳᠬᠡᠵᠦ᠂ ᠨᠢᠭᠡ ᠶᠢ ᠬᠢᠪᠡᠯ ᠨᠢᠭᠡ ᠶᠢ ᠪᠦᠲᠦᠭᠡᠵᠦ᠂ ᠨᠢᠭᠡ ᠶᠢ ᠪᠦᠲᠦᠭᠡᠪᠡᠯ ᠨᠢᠭᠡ ᠶᠢ ᠲᠤᠰᠢᠶᠠᠵᠤ᠂ ︽ᠬᠤᠭᠤᠰᠤᠨ ᠤᠷᠢᠶ᠎ᠠ ᠬᠠᠰᠬᠢᠷᠤᠭᠠᠳ᠂ ᠠᠵᠢᠯᠯᠠᠭ᠎ᠠ ᠠᠪᠬᠤ ᠦᠭᠡᠢ︾ ᠪᠠᠶᠢᠬᠤ ᠶᠢ ᠡᠷᠡᠰ ᠲᠠᠰᠤ ᠬᠤᠷᠢᠭᠯᠠᠵᠤ᠂ ᠣᠪᠣᠷ ᠤᠨ ᠲᠠᠯ᠎ᠠ ᠪᠠᠷ ᠬᠢ ︽ᠬᠤᠳᠬᠤᠬᠤ︾ ᠪᠠ ᠶᠠᠪᠤᠴᠠ ᠶᠢᠨ ᠲᠠᠯ᠎ᠠ ᠪᠠᠷ ᠬᠢ ︽ᠳᠥᠩᠭᠡᠬᠦ︾ ᠢ ᠡᠷᠡᠰ ᠲᠠᠰᠤ ᠬᠤᠷᠢᠭᠯᠠᠵᠤ᠂ ᠬᠥᠭᠵᠢᠯᠲᠡ ᠶᠢ ᠠᠬᠢᠭᠤᠯᠬᠤ᠂ ᠠᠷᠠᠳ ᠲᠤ ᠪᠤᠶᠠᠨ ᠦᠢᠯᠡᠳᠬᠦ ᠶᠢᠨ ᠬᠡᠷᠡᠭᠵᠢᠭᠦᠯᠦᠭᠴᠢ᠂ ᠠᠵᠢᠯᠯᠠᠭᠠᠨ ᠤ ᠪᠦᠯᠦᠭᠲᠡᠨ᠂ ᠪᠣᠳᠠᠲᠠᠢ ᠠᠵᠢᠯᠯᠠᠭᠴᠢ ᠪᠣᠯᠬᠤ ᠬᠡᠷᠡᠭᠲᠡᠢ᠃ ᠭᠤᠷᠪᠠ ᠳᠤ᠂ ᠳᠦᠷᠢᠮ ᠢᠶᠠᠷ ᠬᠠᠤᠯᠢ ᠪᠠᠷ ᠵᠠᠰᠠᠬᠤ ᠶᠢ ᠪᠠᠲᠤᠯᠠᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠶᠡᠭᠡ ᠪᠠᠷ ᠲᠦᠯᠬᠢᠨ ᠠᠬᠢᠭᠤᠯᠵᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠢᠷᠤᠮ ᠢ ᠴᠢᠩᠭ᠎ᠠ ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠠᠵᠢᠯ ᠤᠨ ᠬᠢᠨᠠᠯᠲᠠ ᠪᠠ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠬᠠᠤᠯᠢ ᠴᠠᠭᠠᠵᠠ᠂ ᠤᠯᠠᠨ ᠲᠦᠮᠡᠨ᠂ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠠ ᠨᠠᠮ ᠪᠦᠯᠦᠭ ᠤᠨ ᠪᠤᠰᠤ ᠬᠥᠮᠥᠰ ᠤᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠵᠠᠰᠠᠭ ᠵᠠᠬᠢᠷᠭᠠᠨ ᠤ ᠦᠢᠯᠡᠳᠦᠯ ᠴᠢᠳᠠᠪᠤᠷᠢ ᠪᠠ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠳᠥᠷᠪᠡ ᠳᠤ᠂ ᠰᠠᠬᠢᠯᠭ᠎ᠠ ᠪᠠᠲᠤ ᠪᠠᠷ ᠬᠤᠷᠢᠭ᠎ᠠ ᠱᠤᠭᠤᠮ ᠢ ᠪᠠᠲᠤ ᠰᠠᠬᠢᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠲᠡᠮᠡᠴᠡᠯ ᠢ ᠦᠷᠭᠦᠯᠵᠢᠯᠡᠨ ᠰᠠᠶᠢᠲᠤᠷ ᠠᠳᠬᠤᠵᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠢ ᠴᠢᠩᠭ᠎ᠠ ᠬᠡᠷᠡᠭᠵᠢᠭᠦᠯᠵᠦ᠂ ︽ᠰᠢᠨ᠎ᠡ ᠳᠦᠷᠢ ᠲᠥᠷᠬᠦ ᠶᠢᠨ ᠢᠨᠵᠧᠨᠧᠷᠢᠩ︾ ᠢ ᠡᠷᠡᠰ ᠬᠤᠷᠢᠭᠯᠠᠵᠤ᠂ ᠪᠦᠬᠦ ᠰᠡᠳᠬᠢᠯ ᠰᠠᠨᠠᠭ᠎ᠠ ᠪᠠᠨ ᠠᠷᠠᠳ ᠲᠦᠮᠡᠨ ᠳᠤ ᠦᠢᠯᠡᠴᠢᠯᠡᠬᠦ ᠳᠡᠭᠡᠷ᠎ᠡ ᠲᠠᠯᠪᠢᠵᠤ᠂ ᠠᠷᠢᠭᠤᠨ ᠴᠢᠬᠡᠴᠢ ᠪᠠᠷ ᠬᠥᠮᠥᠨ ᠪᠣᠯᠵᠤ᠂ ᠠᠷᠢᠭᠤᠨ ᠴᠢᠬᠡᠴᠢ ᠪᠠᠷ ᠠᠵᠢᠯᠯᠠᠵᠤ᠂ ᠠᠷᠢᠭᠤᠨ ᠴᠢᠬᠡᠴᠢ ᠤᠯᠤᠰ ᠲᠦᠷᠦ ᠶᠢᠨ ᠣᠣᠷ ᠴᠢᠨᠠᠷ ᠢᠶᠠᠨ ᠡᠭᠦᠷᠢᠳᠡ ᠬᠠᠳᠠᠭᠠᠯᠠᠬᠤ ᠬᠡᠷᠡᠭᠲᠡᠢ᠃      ᠲᠥᠯᠥᠭᠡᠯᠡᠭᠴᠢᠳ ᠡ︕ ᠬᠦᠴᠦᠨ ᠴᠢᠳᠠᠯ ᠪᠦᠯᠬᠦᠮᠳᠡᠯ ᠠᠴᠠ ᠢᠷᠡᠳᠡᠭ᠂ ᠠᠵᠢᠯ ᠦᠢᠯᠡᠰ ᠵᠢᠳᠬᠦᠯ ᠠᠴᠠ ᠪᠦᠲᠦᠳᠡᠭ᠂ ᠬᠡᠷᠡᠭ ᠶᠠᠪᠤᠳᠠᠯ ᠬᠢᠬᠦ ᠪᠠᠷ ᠪᠣᠯᠳᠠᠭ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠬᠤᠳᠠ ᠶᠢᠨ ᠨᠠᠮ ᠤᠨ ᠬᠤᠷᠢᠶ᠎ᠠ ᠶᠢᠨ ᠲᠥᠪ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠬᠤᠳᠠ ᠶᠢᠨ 360 ᠲᠦᠮᠡᠨ ᠠᠷᠠᠳ ᠲᠦᠮᠡᠨ ᠢ ᠴᠢᠩᠭ᠎ᠠ ᠲᠦᠰᠢᠭᠯᠡᠨ ᠪᠦᠯᠬᠦᠮᠳᠡᠵᠦ᠂ ᠬᠠᠷᠠᠯᠲᠠ ᠪᠠᠨ ᠠᠯᠳᠠᠯ ᠦᠭᠡᠢ ᠳᠠᠭᠠᠵᠤ᠂ ᠡᠷᠴᠢ ᠵᠣᠷᠢᠭ ᠢᠶᠠᠨ ᠬᠥᠪᠴᠢᠯᠡᠵᠦ᠂ ᠱᠠᠯᠠᠮᠠᠭᠠᠶᠢᠯᠠᠵᠤ ᠭᠠᠷᠮᠠᠭᠠᠶᠢᠯᠠᠵᠤ᠂ ᠦᠨᠡᠨ ᠪᠣᠳᠠᠲᠠᠢ ᠠᠵᠢᠯᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠣᠷᠣᠨ ᠤ ᠲᠥᠪ ᠬᠤᠲᠠ ᠶᠢᠨ ᠴᠣ ᠰᠢᠨ᠎ᠡ ᠬᠠᠭᠤᠳᠠᠰᠤ ᠶᠢ ᠪᠢᠴᠢᠭᠯᠡᠬᠦ ᠶᠢᠨ ᠲᠥᠯᠥᠭᠡ ᠴᠥᠬᠦᠷᠡᠰᠢ ᠦᠭᠡᠢ ᠴᠢᠷᠮᠠᠶᠢᠵᠤ᠂ ᠰᠢᠯᠢᠳᠡᠭ ᠠᠮᠵᠢᠯᠲᠠ ᠪᠠᠷ ᠢᠶᠠᠨ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠶᠢ ᠤᠭᠲᠤᠶ᠎ᠠ︕
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ