| | | 2 ᠳ᠋ᠤᠭᠠᠷ ᠰᠠᠷ᠎ᠠ ᠶᠢᠨ 22 ᠤᠨ ᠡᠳᠦᠷ᠂ ᠬᠥᠬᠡᠬᠤᠲᠠ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ | ᠵᠢᠯᠤᠭᠤᠳᠬᠤ ᠲᠥᠪ ᠪᠠᠶᠢᠭᠤᠯᠤᠭᠳᠠᠵᠤ ᠠᠰᠢᠭᠯᠠᠯᠲᠠ ᠳᠤ ᠣᠷᠣᠪᠠ᠃ ᠵᠢᠯᠤᠭᠤᠳᠬᠤ ᠲᠥᠪ ᠨᠢ 38 ᠮᠦ ᠭᠠᠵᠠᠷ ᠡᠵᠡᠯᠡᠵᠦ᠂ | ᠶᠡᠷᠦᠩᠬᠡᠢ ᠪᠠᠷᠢᠯᠭ᠎ᠠ ᠶᠢᠨ ᠲᠠᠯᠠᠪᠠᠢ ᠨᠢ 18220 ᠲᠡᠭᠰᠢ ᠳᠥᠷᠪᠡᠯᠵᠢᠨ ᠮᠧᠲᠷ᠂ ᠶᠡᠷᠦᠩᠬᠡᠢ ᠪᠡᠯᠡ ᠣᠷᠣᠭᠤᠯᠤᠯᠲᠠ ᠨᠢ 1 | ᠳ᠋ᠦᠩᠰᠢᠭᠤᠷ ᠭᠠᠷᠤᠢ ᠲᠥᠭᠦᠷᠢᠭ ᠬᠦᠷᠴᠦ᠂ ᠲᠣᠬᠢᠷᠠᠭᠤᠯᠬᠤ᠂ ᠵᠢᠵᠢᠭᠦᠷᠯᠡᠬᠦ᠂ ᠵᠥᠪᠳᠡᠯᠴᠡᠬᠦ᠂ ᠪᠤᠯᠪᠠᠰᠤᠷᠠᠬᠤ᠂ | ᠠᠯᠪᠠᠯᠠᠬᠤ ᠵᠡᠷᠭᠡ ᠤᠯᠠᠨ ᠴᠢᠳᠠᠮᠵᠢᠲᠤ ᠣᠷᠣᠨ ᠬᠤᠪᠢᠶᠠᠵᠤ᠂ ︽ᠤᠯᠠᠨ ᠲᠠᠯ᠎ᠠ ᠠᠴᠠ ᠬᠢᠨᠠᠨ ᠬᠡᠮᠵᠢᠵᠦ ᠤᠷᠢᠳᠴᠢᠯᠠᠨ | ᠰᠡᠷᠡᠮᠵᠢᠯᠡᠭᠦᠯᠬᠦ᠂ ᠤᠯᠠᠨ ᠡᠭᠦᠷᠭᠡ ᠳᠤ ᠰᠢᠢᠳᠪᠦᠷᠢᠲᠦ ᠪᠣᠳᠣᠯᠭ᠎ᠠ ᠲᠣᠭᠲᠠᠭᠠᠨ ᠵᠠᠳᠠᠯᠬᠤ᠂ ᠤᠯᠠᠨ ᠠᠬᠤᠢ ᠪᠠᠶᠢᠳᠠᠯ ᠢᠶᠠᠷ | ᠵᠢᠯᠣᠭᠤᠳᠤᠨ ᠪᠠᠲᠤᠯᠠᠭ᠎ᠠ ᠬᠠᠩᠭᠠᠬᠤ︾ ᠶᠢ ᠨᠢᠭᠡ ᠴᠣᠭᠴᠠᠵᠢᠭᠤᠯᠤᠭᠰᠠᠨ ᠣᠳᠣᠬᠢᠴᠢᠯᠠᠭᠰᠠᠨ᠂ ᠣᠶᠤᠨᠴᠢᠯᠠᠭᠰᠠᠨ ᠭᠠᠯ | ᠤᠨᠲᠠᠷᠠᠭᠠᠬᠤ ᠵᠢᠯᠤᠭᠤᠳᠬᠤ ︽ᠲᠥᠪ︾ ᠪᠣᠯᠣᠨ᠎ᠠ᠃ | ᠬᠥᠬᠡᠬᠤᠲᠠ ᠶᠢᠨ ᠡᠳᠦᠷ ᠤᠨ ᠰᠣᠨᠢᠨ ᠤ ᠰᠤᠷᠪᠤᠯᠵᠢᠯᠠᠭᠴᠢ ᠰᠦᠨ ᠶᠤᠸᠠᠢ ᠯᠦᠩ ᠰᠡᠭᠦᠳᠡᠷᠯᠡᠪᠡ |