︵ᠰᠤᠷᠪᠤᠯᠵᠢᠯᠠᠭᠴᠢ ᠶᠠᠩ ᠼᠠᠢ ᠰᠢᠶᠠ︶ ᠣᠶᠢᠷ᠎ᠠ ᠶᠢᠨ ᠵᠢᠯ ᠤᠨ ᠲᠤᠷᠰᠢ᠂ ᠮᠠᠨ ᠤ ᠬᠤᠳᠠ ᠥᠪᠡᠷᠲᠡᠭᠡᠨ ᠵᠠᠰᠠᠬᠤ ᠣᠷᠣᠨ ᠤ ᠰᠢᠨ᠎ᠡ ᠡᠨᠧᠷᠭᠢ ᠶᠢᠨ | ᠠᠵᠤ ᠦᠢᠯᠡᠰ ᠤᠨ ᠥᠨᠳᠦᠷᠯᠢᠭ ᠭᠠᠵᠠᠷ ᠢ ᠪᠠᠶᠢᠭᠤᠯᠬᠤ ᠶᠢᠨ ᠲᠣᠭᠤᠷᠢᠨ ᠳᠤ᠂ ᠪᠣᠬᠢᠷᠲᠤᠯ ᠦᠭᠡᠢ ᠬᠥᠭᠵᠢᠯᠲᠡ ᠶᠢᠨ ᠮᠡᠷᠭᠡᠵᠢᠯ ᠤᠨ ᠠᠷᠭ᠎ᠠ ᠵᠠᠮ᠂ | ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ᠂ ᠬᠠᠮᠢᠶᠠᠷᠤᠯᠲᠠ ᠶᠢᠨ ᠲᠣᠭᠲᠠᠴᠠ ᠶᠢ ᠢᠳᠡᠪᠬᠢᠲᠡᠢ ᠰᠦᠪᠡᠭᠴᠢᠯᠡᠵᠦ᠂ ᠰᠢᠨ᠎ᠡ ᠡᠨᠧᠷᠭᠢ ᠶᠢᠨ ᠬᠡᠯᠬᠢᠶ᠎ᠡ ᠶᠢ | ᠤᠷᠲᠤᠳᠬᠠᠨ ᠬᠡᠯᠬᠢᠶ᠎ᠡ ᠶᠢ ᠨᠥᠬᠦᠪᠦᠷᠢᠯᠡᠵᠦ ᠬᠡᠯᠬᠢᠶ᠎ᠡ ᠶᠢ ᠴᠢᠩᠭᠠᠳᠬᠠᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠨᠢᠭᠡ ᠪᠦᠯᠦᠭ ᠭᠤᠣᠯᠳᠠᠯᠭ᠎ᠠ ᠲᠠᠢ | ᠲᠦᠷᠦᠯ ᠵᠦᠢᠯ ᠢ ᠤᠷᠢᠳ ᠬᠤᠵᠢᠳ ᠡᠬᠢᠯᠡᠭᠦᠯᠵᠡᠢ᠃ ᠣᠶᠢᠷ᠎ᠠ ᠳᠤ᠂ ᠰᠢᠨ᠎ᠡ ᠬᠡᠯᠪᠡᠷᠢ ᠶᠢᠨ ᠤᠰᠤᠲᠥ᠋ᠷᠥᠭᠴᠢ ᠠᠯᠺᠣᠣᠯ ᠤᠨ ᠴᠠᠬᠢᠯᠭᠠᠨ ᠬᠥᠳᠡᠯᠭᠡᠭᠦᠷᠲᠦ | ᠬᠦᠨᠳᠦ ᠮᠠᠰᠢᠨ ᠤ ᠠᠵᠤ ᠦᠢᠯᠡᠰ ᠤᠨ ᠰᠠᠭᠤᠷᠢᠨ ᠭᠠᠵᠠᠷ ᠤᠨ ᠲᠥᠷᠥᠯ ᠵᠦᠢᠯ ᠢ ᠴᠡᠯᠡᠭᠡᠷ ᠲᠠᠯ᠎ᠠ ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ ᠲᠤ | ᠨᠠᠶᠢᠳᠠᠪᠤᠷᠢᠵᠢᠭᠤᠯᠪᠠ᠃ | ᠰᠢᠨ᠎ᠡ ᠬᠡᠯᠪᠡᠷᠢ ᠶᠢᠨ ᠤᠰᠤᠲᠥ᠋ᠷᠥᠭᠴᠢ ᠠᠯᠺᠣᠣᠯ ᠤᠨ ᠴᠠᠬᠢᠯᠭᠠᠨ ᠬᠥᠳᠡᠯᠭᠡᠭᠦᠷᠲᠦ ᠬᠦᠨᠳᠦ ᠮᠠᠰᠢᠨ ᠤ ᠠᠵᠤ ᠦᠢᠯᠡᠰ ᠤᠨ ᠰᠠᠭᠤᠷᠢᠨ ᠤ ᠲᠦᠷᠦᠯ ᠵᠦᠢᠯ | ᠪᠣᠯ 2023 ᠣᠨ ᠤ ᠳᠤᠮᠳᠠᠳᠤ ᠤᠯᠤᠰ ᠤᠨ ᠠᠵᠤ ᠦᠢᠯᠡᠰ ᠤᠨ ᠰᠢᠯᠵᠢᠯᠲᠡ ᠶᠢᠨ ᠬᠥᠭᠵᠢᠯᠲᠡ ᠶᠢ ᠵᠣᠯᠭᠠᠭᠤᠯᠬᠤ ᠠᠵᠢᠯᠯᠠᠭ᠎ᠠ ᠳᠤ ᠭᠡᠷ᠎ᠡ ᠲᠣᠭᠲᠠᠭᠰᠠᠨ | ᠴᠢᠬᠤᠯᠠ ᠶᠡᠭᠡ ᠲᠦᠷᠦᠯ ᠵᠦᠢᠯ ᠤᠨ ᠨᠢᠭᠡ ᠪᠣᠯᠣᠨ᠎ᠠ᠃ ᠮᠠᠨ ᠤ ᠬᠤᠲᠠ ᠶᠢᠨ ᠣᠷᠣᠨ ᠪᠠᠶᠢᠷᠢ ᠶᠢᠨ ᠳᠠᠪᠠᠭᠤᠯᠢᠭ ᠪᠠ ᠠᠵᠤ ᠦᠢᠯᠡᠰ ᠤᠨ ᠰᠠᠭᠤᠷᠢ ᠳᠤ | ᠲᠦᠰᠢᠭᠯᠡᠨ᠂ ᠲᠣᠰ ᠲᠥᠷᠥᠯ ᠵᠦᠢᠯ ᠳᠤ ᠨᠣᠭᠤᠭᠠᠨ ᠴᠠᠬᠢᠯᠭᠠᠨ ᠤ ᠮᠧᠲ᠋ᠢᠯ ᠠᠯᠺᠣᠣᠯ ᠤᠨ ᠠᠵᠤ ᠦᠢᠯᠡᠰ ᠤᠨ ᠪᠠᠶᠢᠷᠢᠰᠢᠭᠤᠯᠤᠯᠲᠠ ᠶᠢ ᠲᠦᠷᠭᠡᠳᠬᠡᠵᠦ᠂ ᠪᠡᠯᠡ | ᠣᠷᠣᠭᠤᠯᠤᠯᠲᠠ ᠶᠢᠨ ᠶᠡᠷᠦᠩᠬᠡᠢ ᠬᠡᠮᠵᠢᠶ᠎ᠡ ᠵᠢᠱᠢᠯᠲᠡ ᠪᠠᠷ 100 ᠳ᠋ᠦᠩᠰᠢᠭᠤᠷ ᠲᠥᠭᠦᠷᠢᠭ ᠬᠦᠷᠦᠨ᠎ᠡ᠃ ᠨᠢᠭᠡᠳᠦᠭᠡᠷ ᠬᠤᠭᠤᠴᠠᠭᠠᠨ ᠤ ᠲᠦᠷᠦᠯ ᠵᠦᠢᠯ ᠨᠢ | ᠵᠢᠯ ᠳᠤ 1 ᠲᠦᠮᠡᠨ ᠰᠠᠤᠷᠢ ᠤᠰᠤᠲᠥ᠋ᠷᠥᠭᠴᠢ ᠠᠯᠺᠣᠣᠯ ᠤᠨ ᠴᠠᠬᠢᠯᠭᠠᠨ ᠬᠥᠳᠡᠯᠭᠡᠭᠦᠷᠲᠦ ᠬᠦᠨᠳᠦ ᠮᠠᠰᠢᠨ ᠤ ᠬᠥᠳᠡᠯᠭᠡᠬᠦ ᠬᠦᠴᠦᠨ ᠤ ᠶᠡᠷᠦᠩᠬᠡᠢ ᠪᠦᠲᠦᠴᠡ ᠶᠢ | ᠦᠢᠯᠡᠳᠪᠦᠷᠢᠯᠡᠵᠦ᠂ ᠬᠤᠶᠠᠳᠤᠭᠠᠷ ᠬᠤᠭᠤᠴᠠᠭᠠᠨ ᠤ ᠲᠦᠷᠦᠯ ᠵᠦᠢᠯ ᠨᠢ ᠵᠢᠯ ᠳᠤ 3 ᠲᠦᠮᠡᠨ ᠰᠠᠤᠷᠢ ᠤᠰᠤᠲᠥ᠋ᠷᠥᠭᠴᠢ ᠠᠯᠺᠣᠣᠯ ᠤᠨ ᠳᠣᠲᠣᠭᠠᠳᠤ | ᠰᠢᠲᠠᠯᠲᠠ ᠶᠢᠨ ᠮᠠᠰᠢᠨ᠂ 10 ᠲᠦᠮᠡᠨ ᠰᠠᠤᠷᠢ ᠴᠠᠬᠢᠯᠭᠠᠨ ᠮᠠᠰᠢᠨ ᠵᠢᠴᠢ ᠴᠠᠬᠢᠯᠭᠠᠨ ᠡᠵᠡᠮᠰᠢᠯ ᠤᠨ ᠰᠢᠰᠲ᠋ᠧᠮ ᠢ ᠦᠢᠯᠡᠳᠪᠦᠷᠢᠯᠡᠨ᠎ᠡ᠃ | ᠰᠠᠨᠰᠠᠷ ᠤᠨ ᠠᠶᠠᠯᠠᠯ ᠤᠨ ᠠᠨ ᠬᠤᠸᠠ ︵ᠱᠧᠨᠵᠧᠨ︶ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢ ᠯᠢᠶᠠᠨ | ᠪᠥᠸᠧ ᠰᠤᠷᠪᠤᠯᠵᠢᠯᠠᠭᠴᠢ ᠳᠤ ᠲᠠᠨᠢᠯᠴᠠᠭᠤᠯᠬᠤ ᠳᠠᠭᠠᠨ᠄ ︽ᠤᠰᠤᠲᠥ᠋ᠷᠥᠭᠴᠢ ᠠᠯᠺᠣᠣᠯ ᠤᠨ ᠴᠠᠬᠢᠯᠭᠠᠨ ᠬᠥᠳᠡᠯᠭᠡᠭᠦᠷᠲᠦ ᠬᠦᠨᠳᠦ ᠮᠠᠰᠢᠨ ᠨᠢ ᠮᠠᠰᠢ ᠶᠡᠭᠡ | ᠡᠨᠧᠷᠭᠢ ᠠᠷᠪᠢᠯᠠᠳᠠᠭ᠂ ᠴᠠᠶᠢᠶ᠋ᠢᠦ ᠲᠣᠰᠣ ᠠᠴᠠ ᠬᠠᠭᠠᠰ ᠢᠯᠡᠭᠦᠦ ᠰᠢᠲᠠᠭᠠᠯᠭ᠎ᠠ ᠶᠢᠨ ᠵᠠᠷᠤᠳᠠᠯ ᠠᠷᠪᠢᠯᠠᠳᠠᠭ ᠪᠥᠭᠡᠳ ᠴᠠᠬᠢᠯᠭᠠᠨ ᠴᠡᠨᠡᠭᠯᠡᠬᠦ ᠱᠣᠩ ᠬᠡᠷᠡᠭᠰᠡᠬᠦ | ᠦᠭᠡᠢ᠂ ᠤᠰᠤᠲᠥ᠋ᠷᠥᠭᠴᠢ ᠨᠡᠮᠡᠬᠦ ᠥᠷᠲᠡᠭᠡ ᠴᠦ ᠬᠡᠷᠡᠭᠰᠡᠬᠦ ᠦᠭᠡᠢ᠂ ᠤᠯᠠᠮᠵᠢᠯᠠᠯᠲᠤ ᠲᠣᠰᠣ ᠨᠡᠮᠡᠬᠦ ᠥᠷᠲᠡᠭᠡ ᠪᠠᠷ ᠴᠠᠬᠢᠯᠭᠠᠨ ᠬᠥᠳᠡᠯᠭᠡᠭᠦᠷᠲᠦ ᠮᠠᠰᠢᠨ | ᠲᠡᠷᠭᠡᠨ ᠤ ᠴᠡᠪᠡᠷ ᠲᠦᠯᠡᠰᠢ ᠶᠢ ᠴᠠᠬᠢᠯᠭᠠᠨ ᠬᠥᠳᠡᠯᠭᠡᠭᠦᠷᠲᠦ ᠬᠦᠨᠳᠦ ᠮᠠᠰᠢᠨ ᠳᠡᠭᠡᠷ᠎ᠡ ᠰᠢᠭᠤᠳ ᠬᠡᠷᠡᠭᠯᠡᠵᠦ ᠪᠣᠯᠣᠨ᠎ᠠ᠃ ᠤᠰᠤᠲᠥ᠋ᠷᠥᠭᠴᠢ ᠠᠯᠺᠣᠣᠯ ᠤᠨ | ᠴᠠᠬᠢᠯᠭᠠᠨ ᠬᠥᠳᠡᠯᠭᠡᠭᠦᠷᠲᠦ ᠬᠦᠨᠳᠦ ᠮᠠᠰᠢᠨ ᠤ ᠪᠦᠬᠦᠯᠢ ᠲᠡᠷᠭᠡᠨ ᠤ ᠦᠨ᠎ᠡ ᠨᠢ ᠲᠦᠭᠦᠬᠡᠢ ᠴᠢᠯᠠᠭᠤᠨ ᠲᠣᠰᠣᠨ ᠤ ᠬᠦᠨᠳᠦ ᠮᠠᠰᠢᠨ ᠲᠠᠢ ᠪᠠᠷᠤᠭ ᠠᠳᠠᠯᠢ | ᠪᠠᠶᠢᠵᠤ᠂ ᠲᠦᠭᠡᠮᠡᠯᠵᠢᠭᠦᠯᠬᠦ ᠶᠠᠪᠤᠴᠠ ᠳᠤ ᠤᠯᠤᠰ ᠤᠨ ᠵᠠᠰᠠᠭ ᠤᠨ ᠣᠷᠳᠣᠨ ᠤ ᠨᠥᠬᠦᠪᠦᠷᠢ ᠶᠢ ᠬᠡᠷᠡᠭᠰᠡᠬᠦ ᠦᠭᠡᠢ᠂ ᠪᠦᠷᠢᠮᠦᠰᠦᠨ ᠵᠠᠬ᠎ᠠ ᠳᠡᠯᠭᠡᠭᠦᠷᠴᠢᠯᠡᠨ | ᠠᠵᠢᠯᠯᠠᠭᠤᠯᠤᠨ᠎ᠠ᠃ ᠡᠭᠦᠨ ᠠᠴᠠ ᠭᠠᠳᠠᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠯᠪᠡᠭ ᠪᠠᠶᠠᠯᠢᠭ ᠰᠠᠯᠬᠢ ᠭᠡᠷᠡᠯ ᠴᠠᠬᠢᠯᠭᠠᠨ ᠢᠶᠠᠷ | ᠰᠢᠭᠤᠳ ᠤᠰᠤᠲᠥ᠋ᠷᠥᠭᠴᠢ ᠶᠢ ᠦᠢᠯᠡᠳᠴᠦ ᠪᠣᠯᠣᠨ᠎ᠠ᠂ ᠤᠰᠤᠲᠥ᠋ᠷᠥᠭᠴᠢ ᠶᠢ ᠦᠢᠯᠡᠳᠦᠭᠰᠡᠨ ᠤ ᠳᠠᠷᠠᠭ᠎ᠠ ᠰᠢᠭᠤᠳ ᠪᠣᠬᠢᠷᠲᠤᠯ ᠦᠭᠡᠢ ᠲᠣᠭᠲᠠᠭᠤᠨ | ᠲᠥᠯᠥᠪ ᠲᠠᠢ ᠮᠧᠲ᠋ᠢᠯ ᠠᠯᠺᠤᠤᠯ ᠳᠤ ᠪᠤᠴᠠᠨ ᠢᠷᠡᠵᠦ᠂ ᠤᠰᠤᠲᠥ᠋ᠷᠥᠭᠴᠢ ᠬᠡᠷᠡᠭᠯᠡᠪᠡᠴᠦ ᠤᠰᠤᠲᠥ᠋ᠷᠥᠭᠴᠢ ᠶᠢ ᠣᠯᠵᠤ ᠦᠵᠡᠬᠦ ᠦᠭᠡᠢ᠂ | ᠨᠡᠭᠦᠷᠡᠰᠦᠲᠥ᠋ᠷᠥᠭᠴᠢ ᠬᠡᠷᠡᠭᠯᠡᠪᠡᠴᠦ ᠨᠡᠭᠦᠷᠡᠰᠦᠲᠥ᠋ᠷᠥᠭᠴᠢ ᠶᠢ ᠨᠡᠮᠡᠭᠳᠡᠭᠦᠯᠬᠦ ᠦᠭᠡᠢ᠂ ᠡᠩ ᠤᠨ ᠳᠤᠯᠠᠭᠠᠨ ᠡᠩ ᠤᠨ ᠳᠠᠷᠤᠯᠲᠠ ᠲᠠᠢ ᠡᠩ ᠤᠨ | ᠲᠥᠬᠦᠭᠡᠷᠦᠮᠵᠢ ᠲᠠᠢ᠂ ᠲᠣᠭᠲᠠᠭᠤᠨ ᠪᠠᠶᠢᠳᠠᠯ ᠲᠠᠢ ᠴᠡᠪᠡᠷ ᠰᠢᠨ᠎ᠡ ᠲᠦᠯᠡᠰᠢ ᠪᠣᠯᠣᠨ᠎ᠠ︾ ᠭᠡᠵᠡᠢ᠃ ᠯᠢᠶᠠᠨ ᠪᠥᠸᠧ ᠤᠰᠤᠲᠥ᠋ᠷᠥᠭᠴᠢ ᠠᠯᠺᠣᠣᠯ ᠤᠨ ᠴᠠᠬᠢᠯᠭᠠᠨ | ᠬᠥᠳᠡᠯᠭᠡᠭᠦᠷᠲᠦ ᠬᠦᠨᠳᠦ ᠮᠠᠰᠢᠨ ᠤ ᠠᠷᠤ ᠳᠠᠬᠢ ᠨᠣᠭᠤᠭᠠᠨ ᠥᠩᠭᠡ ᠶᠢᠨ ᠨᠢᠭᠤᠴᠠ ᠶᠢ ᠲᠠᠨᠢᠯᠴᠠᠭᠤᠯᠬᠤ ᠳᠠᠭᠠᠨ᠂ ᠬᠦᠨᠳᠦ ᠮᠠᠰᠢᠨ ᠲᠤ ᠴᠡᠪᠡᠷ | ᠤᠰᠤᠲᠥ᠋ᠷᠥᠭᠴᠢ ᠠᠯᠺᠣᠣᠯ ᠢ ︽ᠢᠳᠡᠵᠦ︾᠂ ᠤᠰᠤ ᠶᠢ ︽ᠭᠠᠳᠠᠭᠰᠢᠯᠠᠭᠤᠯᠵᠤ︾᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠦᠭᠡᠢ᠂ ᠤᠯᠠᠮᠵᠢᠯᠠᠯᠲᠤ | ᠬᠦᠨᠳᠦ ᠮᠠᠰᠢᠨ ᠲᠠᠢ ᠬᠠᠷᠢᠴᠠᠭᠤᠯᠪᠠᠯ᠂ ᠤᠰᠤᠲᠥ᠋ᠷᠥᠭᠴᠢ ᠠᠯᠺᠣᠣᠯ ᠤᠨ ᠬᠦᠨᠳᠦ ᠮᠠᠰᠢᠨ ᠬᠦᠬᠦᠷ ᠵᠢᠴᠢ ᠮᠥᠬᠦᠯᠢᠭᠲᠦ ᠪᠣᠳᠠᠰ ᠡᠭᠦᠰᠬᠡᠬᠦ ᠦᠭᠡᠢ ᠪᠠᠶᠢᠵᠤ᠂ | ᠭᠠᠳᠠᠭᠰᠢᠯᠠᠭᠤᠯᠬᠤ ᠦᠭᠡᠢ᠂ ᠪᠣᠬᠢᠷᠲᠤᠭᠤᠯᠬᠤ ᠦᠭᠡᠢ ᠪᠠᠶᠢᠬᠤ ᠶᠢ ᠪᠡᠶᠡᠯᠡᠭᠦᠯᠦᠭᠰᠡᠨ ᠪᠠᠶᠢᠨ᠎ᠠ ᠭᠡᠵᠡᠢ᠃ | ᠣᠶᠢᠯᠠᠭᠠᠭᠰᠠᠨ ᠢᠶᠠᠷ᠂ ᠰᠠᠨᠰᠠᠷ ᠤᠨ ᠠᠶᠠᠯᠠᠯ ᠤᠨ ᠠᠨ ᠬᠤᠸᠠ ︵ᠱᠧᠨᠵᠧᠨ︶ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠪᠣᠯ | ᠱᠧᠨᠵᠧᠨ ᠤ ᠠᠭᠠᠷ ᠤᠨ ᠠᠶᠠᠯᠠᠯ ᠤᠨ ᠡᠨᠧᠷᠭᠢ ᠶᠢᠨ ᠤᠰᠤᠲᠥ᠋ᠷᠥᠭᠴᠢ ᠠᠯᠺᠣᠣᠯ ᠤᠨ ᠡᠨᠧᠷᠭᠢ ᠶᠢᠨ ᠰᠢᠨ᠎ᠡ ᠶᠢ ᠡᠭᠦᠳᠬᠦ ᠰᠤᠳᠤᠯᠭᠠᠨ ᠤ ᠬᠦᠷᠢᠶᠡᠯᠡᠩ ᠤᠨ ᠬᠡᠷᠡᠭ | ᠡᠷᠬᠢᠯᠡᠭᠴᠢᠳ ᠤᠨ ᠨᠢᠭᠡᠴᠢ ᠵᠢᠴᠢ ᠠᠵᠤ ᠦᠢᠯᠡᠰ ᠤᠨ ᠰᠠᠭᠤᠷᠢᠰᠢᠯ ᠤᠨ ᠺᠣᠮᠫᠠᠨᠢ ᠪᠤᠯᠤᠨ᠎ᠠ᠂ ᠠᠵᠤ ᠦᠢᠯᠡᠰ ᠤᠨ ᠰᠤᠳᠤᠯᠭᠠᠨ ᠤ ᠬᠦᠷᠢᠶᠡᠯᠡᠩ ᠤᠨ | ᠤᠰᠤᠲᠥ᠋ᠷᠥᠭᠴᠢ ᠠᠯᠺᠣᠣᠯ ᠤᠨ ᠴᠠᠬᠢᠯᠭᠠᠨ ᠬᠥᠳᠡᠯᠭᠡᠭᠦᠷᠲᠦ ᠬᠦᠨᠳᠦ ᠮᠠᠰᠢᠨ ᠤ ᠠᠵᠤ ᠦᠢᠯᠡᠰ ᠢ ᠨᠠᠶᠢᠳᠠᠪᠤᠷᠢᠵᠢᠭᠤᠯᠬᠤ ᠠᠵᠢᠯ ᠢ ᠡᠭᠦᠷᠭᠡᠯᠡᠵᠦ᠂ ᠤᠯᠤᠰ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠤ ︽973︾ ᠲᠤᠰᠬᠠᠢ ᠲᠥᠷᠥᠯ ᠤᠨ ᠵᠣᠬᠢᠶᠠᠮᠠᠯ ᠨᠡᠶᠢᠯᠡᠯᠭᠡ ᠨᠡᠷᠡᠨ ᠤ ᠲᠦᠯᠡᠰᠢ᠂ ︽ᠰᠢᠩᠭᠡᠨ ᠲᠥᠯᠥᠪᠲᠦ | ᠨᠡᠷᠡᠨ ᠤ ᠭᠡᠷᠡᠯ︾ ᠤᠨ ᠭᠤᠣᠯ ᠢᠵᠢ ᠪᠦᠷᠢᠳᠦᠭᠦᠯᠬᠦ ᠰᠢᠩᠭᠡᠭᠡᠬᠦ ᠮᠡᠷᠭᠡᠵᠢᠯ ᠤᠨ ᠰᠤᠳᠤᠯᠤᠨ ᠨᠡᠭᠡᠭᠡᠬᠦ ᠠᠵᠤ ᠠᠬᠤᠶᠢᠯᠠᠯ ᠪᠣᠯᠣᠨ᠎ᠠ᠃ ᠲᠤᠰ ᠰᠢᠩᠭᠡᠭᠡᠬᠦ | ᠮᠡᠷᠭᠡᠵᠢᠯ ᠢ ᠭᠤᠣᠯᠳᠠᠭᠤ ᠬᠦᠨᠳᠦ ᠮᠠᠰᠢᠨ᠂ ᠬᠦᠨᠳᠦ ᠲᠤᠨᠤᠭ᠂ ᠬᠦᠨᠳᠦ ᠠᠵᠤ ᠦᠢᠯᠡᠳᠪᠦᠷᠢ᠂ ᠬᠦᠨᠳᠦ ᠣᠩᠭᠤᠴᠠᠨ ᠤ ᠴᠡᠪᠡᠷ ᠲᠦᠯᠡᠰᠢ ᠶᠢᠨ ᠴᠠᠬᠢᠯᠭᠠᠨ | ᠬᠥᠳᠡᠯᠭᠡᠭᠦᠷᠲᠦ ᠬᠥᠳᠡᠯᠭᠡᠬᠦ ᠬᠦᠴᠦᠨ ᠤ ᠰᠢᠰᠲ᠋ᠧᠮ ᠳᠤ ᠬᠡᠷᠡᠭᠯᠡᠵᠦ᠂ ᠥᠨᠳᠥᠷ ᠦᠷ᠎ᠡ ᠠᠰᠢᠭ ᠲᠠᠢ ᠤᠰᠤᠲᠥ᠋ᠷᠥᠭᠴᠢ ᠠᠯᠺᠣᠣᠯ ᠤᠨ ᠳᠣᠲᠣᠭᠠᠳᠤ | ᠰᠢᠲᠠᠯᠲᠠ ᠶᠢᠨ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠪᠠᠷ ᠭᠤᠣᠯ ᠪᠣᠯᠭᠠᠭᠰᠠᠨ ᠤᠰᠤᠲᠥ᠋ᠷᠥᠭᠴᠢ ᠠᠯᠺᠣᠣᠯ ᠤᠨ ᠴᠠᠬᠢᠯᠭᠠᠨ ᠬᠥᠳᠡᠯᠭᠡᠭᠦᠷᠲᠦ ᠬᠥᠳᠡᠯᠭᠡᠬᠦ | ᠬᠦᠴᠦᠨ ᠤ ᠶᠡᠷᠦᠩᠬᠡᠢ ᠪᠦᠲᠦᠴᠡ ᠶᠢ ᠪᠦᠷᠢᠯᠳᠦᠭᠦᠯᠵᠦ᠂ ᠤᠰᠤᠲᠥ᠋ᠷᠥᠭᠴᠢ ᠠᠯᠺᠣᠣᠯ ᠤᠨ ᠴᠠᠬᠢᠯᠭᠠᠨ ᠬᠥᠳᠡᠯᠭᠡᠭᠦᠷᠲᠦ ᠬᠦᠨᠳᠦ ᠮᠠᠰᠢᠨ ᠤ ᠬᠥᠳᠡᠯᠭᠡᠬᠦ | ᠬᠦᠴᠦᠨ ᠢ ᠰᠢᠢᠳᠪᠦᠷᠢᠯᠡᠬᠦ ᠲᠥᠰᠥᠯ ᠢ ᠬᠠᠩᠭᠠᠳᠠᠭ᠃ | ︽ᠬᠥᠬᠡᠬᠤᠲᠠ ᠪᠣᠯ ᠨᠢᠭᠡᠨ ᠰᠢᠨ᠎ᠡ ᠡᠨᠧᠷᠭᠢ ᠶᠢᠨ ᠰᠤᠷᠪᠤᠯᠵᠢ ᠶᠢᠨ ᠡᠷᠳᠡᠨᠢ ᠶᠢᠨ ᠣᠷᠣᠨ ᠮᠥᠨ᠂ ᠲᠠᠩ ᠲᠠᠯᠠᠰᠲᠤ ᠴᠠᠬᠢᠭᠤᠷ᠂ ᠬᠡᠷᠡᠯ ᠸᠣᠯᠲ ᠵᠡᠷᠭᠡ | ᠮᠠᠲ᠋ᠧᠷᠢᠶᠠᠯ ᠤᠨ ᠠᠵᠤ ᠦᠢᠯᠡᠰ ᠤᠨ ᠬᠥᠭᠵᠢᠯᠲᠡ ᠲᠦᠷᠭᠡᠨ ᠪᠠᠶᠢᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠠᠯᠬᠤᠮ | ᠠᠯᠬᠤᠮ ᠢᠶᠠᠷ ᠳᠡᠭᠡᠭᠰᠢᠯᠡᠵᠦ᠂ ᠠᠵᠤ ᠦᠢᠯᠡᠰ ᠤᠨ ᠢᠵᠢ ᠪᠦᠷᠢᠳᠦᠭᠦᠯᠬᠦ ᠴᠢᠳᠠᠪᠤᠷᠢ ᠴᠤ ᠶᠠᠪᠤᠬᠤ ᠲᠤᠲᠤᠮ ᠪᠣᠯᠪᠠᠰᠤᠷᠠᠩᠭᠤᠢ ᠪᠣᠯᠵᠤ᠂ ᠰᠠᠶᠢᠨ ᠰᠠᠶᠢᠬᠠᠨ | ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠲᠠᠢ ᠪᠣᠯᠤᠭᠰᠠᠨ ᠢᠶᠠᠷ ᠪᠠᠷᠠᠬᠤ ᠦᠭᠡᠢ ᠪᠠᠰᠠ ᠮᠠᠰᠢ ᠰᠠᠶᠢᠨ ᠤᠰᠤᠲᠥ᠋ᠷᠥᠭᠴᠢ ᠠᠯᠺᠣᠣᠯ ᠤᠨ ᠠᠵᠤ ᠦᠢᠯᠡᠰ ᠤᠨ | ᠬᠥᠭᠵᠢᠯᠲᠡ ᠶᠢᠨ ᠰᠠᠭᠤᠷᠢ ᠲᠠᠢ ᠪᠣᠯᠵᠤ᠂ ᠠᠳᠡᠬᠢ ᠵᠠᠬ᠎ᠠ ᠳᠡᠯᠭᠡᠭᠦᠷ ᠤᠨ ᠳᠠᠯᠳᠠ ᠬᠦᠴᠦᠨ ᠯᠤᠲᠤ ᠶᠡᠭᠡ ᠪᠠᠶᠢᠨ᠎ᠠ᠃ ᠪᠢᠳᠡ ᠡᠨᠡ ᠵᠢᠯ ᠤᠨ 5 ᠰᠠᠷ᠎ᠠ ᠳᠤ | ᠨᠢᠭᠡᠳᠦᠭᠡᠷ ᠪᠦᠯᠦᠭ ᠤᠨ ᠦᠢᠯᠡᠳᠬᠦᠨ ᠢ ᠦᠢᠯᠡᠳᠪᠦᠷᠢᠯᠡᠵᠦ ᠭᠠᠷᠭᠠᠬᠤ ᠪᠠᠷ ᠲᠥᠯᠥᠪᠯᠡᠵᠦ ᠪᠠᠶᠢᠨ᠎ᠠ︾ ᠭᠡᠵᠡᠢ᠃ ᠯᠢᠶᠠᠨ ᠪᠥᠸᠧ ᠲᠠᠨᠢᠯᠴᠠᠭᠤᠯᠬᠤ ᠳᠠᠭᠠᠨ᠂ | ᠳᠤᠮᠳᠠᠳᠤ ᠤᠯᠤᠰ ᠤᠨ ᠰᠢᠨ᠎ᠡ ᠬᠡᠯᠪᠡᠷᠢ ᠶᠢᠨ ᠤᠰᠤᠲᠥ᠋ᠷᠥᠭᠴᠢ ᠠᠯᠺᠣᠣᠯ ᠤᠨ ᠴᠠᠬᠢᠯᠭᠠᠨ ᠬᠥᠳᠡᠯᠭᠡᠭᠦᠷᠲᠦ ᠬᠦᠨᠳᠦ ᠮᠠᠰᠢᠨ ᠤ ᠠᠵᠤ ᠦᠢᠯᠡᠰ ᠤᠨ ᠰᠠᠭᠤᠷᠢᠨ | ᠭᠠᠵᠠᠷ ᠢ ᠪᠠᠶᠢᠭᠤᠯᠬᠤ ᠪᠠᠷ ᠳᠡᠮᠵᠢᠨ᠂ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠬᠡᠪᠴᠢᠶᠡᠵᠢᠭᠰᠡᠨ ᠬᠡᠷᠡᠭᠯᠡᠯᠲᠡ ᠶᠢ ᠲᠦᠷᠭᠡᠳᠬᠡᠨ ᠠᠬᠢᠭᠤᠯᠵᠤ᠂ | ᠬᠥᠬᠡᠬᠤᠲᠠ ᠶᠢᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢᠨ ᠬᠤᠪᠢᠷᠠᠭᠤᠯᠤᠯᠲᠠ ᠵᠢᠴᠢ ᠴᠡᠪᠡᠷ ᠡᠨᠧᠷᠭᠢ ᠶᠢᠨ ᠴᠢᠨᠠᠷ | ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠨ᠎ᠡ ᠭᠡᠵᠡᠢ᠃ | |