| | | | 2 ᠳ᠋ᠤᠭᠠᠷ ᠰᠠᠷ᠎ᠠ ᠶᠢᠨ 27 ᠤ ᠡᠳᠦᠷ ᠥᠪᠥᠷ ᠮᠣᠩᠭᠤᠯ ᠤᠨ ᠮᠥᠰᠥᠨ ᠳᠡᠭᠡᠷᠡᠬᠢ ᠪᠡᠶ᠎ᠡ ᠶᠢᠨ ᠲᠠᠮᠢᠷ ᠤᠨ | ᠪᠣᠯᠪᠠᠰᠤᠷᠠᠯ ᠤᠨ ᠲᠥᠪ ᠲᠤ ᠰᠡᠭᠦᠳᠡᠷᠯᠡᠭᠰᠡᠨ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ | ᠤᠯᠠᠷᠢᠯ ᠤᠨ ᠲᠠᠮᠢᠷ ᠤᠨ ᠴᠤᠭᠯᠠᠭᠠᠨ ᠤ ᠭᠤᠣᠯ ᠭᠠᠯ ᠪᠠᠮᠪᠠᠷ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠳ᠋ᠧᠩ | ᠬᠤᠸᠠ ᠰᠡᠭᠦᠳᠡᠷᠯᠡᠪᠡ | | | | | | ᠲᠣᠭᠯᠠᠭᠴᠢᠳ ᠦᠨᠳᠦᠷᠯᠡᠬᠦ ᠶᠣᠰᠣᠯᠠᠯ ᠤᠨ ᠠᠬᠤᠢ ᠲᠠᠯᠠᠪᠠᠢ ᠳᠤ ᠲᠣᠭᠯᠠᠯᠲᠠ ᠭᠠᠷᠭᠠᠵᠤ ᠪᠠᠶᠢᠭ᠎ᠠ ᠨᠢ ᠰᠢᠨᠬᠤᠸᠠ | ᠬᠤᠷᠢᠶᠠᠨ ᠤ ᠰᠤᠷᠪᠤᠯᠵᠢᠯᠠᠭᠴᠢ ᠰᠢᠦᠢ ᠪᠢᠩ ᠵᠢᠶᠧ ᠰᠡᠭᠦᠳᠡᠷᠯᠡᠪᠡ | | | 27 ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ | ᠴᠤᠭᠯᠠᠭᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠯᠥᠨ ᠪᠤᠶᠢᠷ ᠬᠤᠲᠠ ᠳᠤ ᠦᠨᠳᠦᠷᠯᠡᠪᠡ᠃ | ᠲᠣᠰ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠳᠤ ᠠᠩᠬ᠎ᠠ ᠤᠳᠠᠭ᠎ᠠ ᠮᠤᠵᠢ ᠣᠷᠣᠨ | ᠬᠤᠲᠠ ᠪᠠᠷ ᠨᠢᠭᠡᠴᠢ ᠪᠣᠯᠭᠠᠨ ᠪᠦᠯᠬᠦᠮ ᠪᠠᠶᠢᠭᠤᠯᠤᠨ ᠣᠷᠣᠯᠴᠠᠵᠤ᠂ ᠨᠡᠶᠢᠲᠡ 35 ᠲᠥᠯᠥᠭᠡᠯᠡᠭᠴᠢᠳ ᠤᠨ ᠪᠦᠯᠬᠦᠮ ᠤᠨ | 3000 ᠭᠠᠷᠤᠢ ᠲᠠᠮᠢᠷᠴᠢᠨ ᠤᠷᠤᠯᠳᠤᠭᠠᠨ ᠤ ᠪᠡᠶ᠎ᠡ ᠶᠢᠨ ᠲᠠᠮᠢᠷ ᠪᠠ ᠪᠦᠯᠬᠦᠮ ᠤᠨ ᠲᠦᠷᠦᠯ ᠵᠦᠢᠯ ᠤᠨ ᠤᠷᠤᠯᠳᠤᠭᠠᠨ ᠳᠤ | ᠣᠷᠣᠯᠴᠠᠵᠠᠢ᠃ 35 ᠲᠥᠯᠥᠭᠡᠯᠡᠭᠴᠢᠳ ᠤᠨ ᠪᠦᠯᠬᠦᠮ ᠤᠨ ᠳᠣᠲᠣᠷ᠎ᠠ ᠠᠴᠠ 26 ᠲᠥᠯᠥᠭᠡᠯᠡᠭᠴᠢᠳ ᠤᠨ ᠪᠦᠯᠬᠦᠮ ᠠᠯᠲᠠᠨ | ᠮᠧᠳᠠᠯ ᠣᠯᠵᠤ᠂ 30 ᠲᠥᠯᠥᠭᠡᠯᠡᠭᠴᠢᠳ ᠤᠨ ᠪᠦᠯᠬᠦᠮ ᠱᠠᠩᠨᠠᠯ ᠤᠨ ᠮᠧᠳᠠᠯ ᠣᠯᠵᠤ᠂ ︽ᠠᠷᠪᠠᠨ ᠳᠥᠷᠪᠡᠳᠦᠭᠡᠷ | ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ︾ ᠤ ᠤᠷᠤᠯᠳᠤᠭᠠᠨ ᠳᠤ | ᠤᠷᠤᠯᠴᠠᠭᠰᠠᠨ ᠲᠥᠯᠥᠭᠡᠯᠡᠭᠴᠢᠳ ᠤᠨ ᠪᠦᠯᠬᠦᠮ ᠤᠨ ᠲᠤᠭ᠎ᠠ᠂ ᠠᠯᠲᠠᠨ ᠮᠧᠳᠠᠯ ᠱᠠᠩᠨᠠᠯ ᠤᠨ ᠮᠧᠳᠠᠯ ᠤᠨ ᠬᠠᠮᠤᠷᠬᠤ | ᠬᠡᠪᠴᠢᠶ᠎ᠡ ᠶᠡᠭᠡ ᠪᠠᠷ ᠳᠡᠭᠡᠭᠰᠢᠯᠡᠵᠦ᠂ ᠪᠡᠭᠡᠵᠢᠩ ᠤᠨ ᠡᠪᠦᠯ ᠤᠯᠠᠷᠢᠯ ᠤᠨ ᠣᠯᠧᠮᠫᠢᠺ ᠴᠤᠭᠯᠠᠭᠠᠨ ᠤ ᠳᠠᠷᠠᠭᠠᠬᠢ ᠮᠠᠨ ᠤ | ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠥᠭᠵᠢᠯᠲᠡ ᠶᠢᠨ ᠰᠢᠨ᠎ᠡ ᠪᠠᠶᠢᠷᠢᠰᠢᠯ᠂ ᠰᠢᠨ᠎ᠡ | ᠳᠦᠷᠰᠦ ᠪᠠᠶᠢᠳᠠᠯ ᠢ ᠭᠦᠢᠴᠡᠳ ᠬᠠᠷᠠᠭᠤᠯᠤᠭᠰᠠᠨ ᠪᠠᠶᠢᠨ᠎ᠠ᠃ | |