ᠡᠷᠴᠢ ᠵᠣᠷᠢᠭ ᠢᠶᠠᠨ ᠬᠥᠪᠴᠢᠯᠡᠨ ᠬᠦᠴᠢᠷ ᠪᠡᠷᠬᠡ ᠶᠢ ᠢᠯᠠᠵᠤ ᠬᠥᠮᠥᠨ ᠪᠠᠶᠢᠭᠠᠯᠢ ᠵᠣᠬᠢᠴᠠᠭᠰᠠᠨ ᠣᠳᠣᠬᠢᠴᠢᠯᠠᠭᠰᠠᠨ ᠣᠷᠣᠨ ᠤ ᠲᠥᠪ ᠬᠤᠲᠠ ᠶᠢᠨ ᠰᠢᠨ᠎ᠡ ᠬᠠᠭᠤᠳᠠᠰᠤ ᠶᠢ ᠪᠢᠴᠢᠭᠯᠡᠶ᠎ᠡ
ᠨᠡᠶᠢᠲᠡᠯᠡᠭᠰᠡᠨ ᠴᠠᠭ᠄
2024/2/29
      ᠵᠣᠴᠢᠨ᠄ ᠬᠥᠬᠡᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠯᠢ ᠶᠦᠩ ᠱᠧᠩ᠂ ᠠᠯᠪᠠᠨ ᠭᠡᠷ ᠤᠨ ᠡᠷᠬᠢᠯᠡᠭᠴᠢ ᠼᠣᠣ ᠬᠤᠢ᠂ ᠶᠡᠷᠦᠩᠬᠡᠢ ᠪᠠᠲᠤᠯᠠᠭ᠎ᠠ ᠶᠢᠨ ᠲᠥᠪ ᠤᠨ ᠡᠷᠬᠢᠯᠡᠭᠴᠢ ᠮᠠ ᠹᠠ ᠺᠦᠨ       1. ᠬᠠᠮᠢᠶᠠᠷᠤᠭᠴᠢ      ᠲᠣᠰ ᠤᠳᠠᠭᠠᠨ ᠤ ᠰᠤᠷᠪᠤᠯᠵᠢᠯᠠᠭ᠎ᠠ ᠪᠣᠯ ᠬᠥᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠬᠥᠬᠡᠬᠤᠲᠠ ᠶᠢᠨ ᠷᠠᠳᠢᠣ᠋ ᠲᠧᠯᠸᠢᠰ ᠬᠤᠷᠢᠶ᠎ᠠ ᠶᠢᠨ ᠤᠳᠬ᠎ᠠ ᠤᠷᠠᠯᠢᠭ ᠤᠨ ᠷᠠᠳᠢᠣ᠋ ᠶᠢᠨ ᠬᠠᠮᠲᠤᠷᠠᠭᠰᠠᠨ ᠲᠤᠰᠬᠠᠶ ᠰᠤᠷᠪᠤᠯᠵᠢᠯᠠᠭ᠎ᠠ ᠪᠣᠯᠤᠨ᠎ᠠ᠂ ᠰᠦᠯᠵᠢᠶᠡᠨ ᠨᠠᠶᠢᠵᠠ ᠨᠠᠷ ᠰᠦᠯᠵᠢᠶᠡᠨ ᠳᠡᠭᠡᠷ᠎ᠡ ᠦᠭᠡ ᠦᠯᠡᠳᠡᠭᠡᠵᠦ ᠵᠣᠴᠢᠳ ᠲᠠᠢ ᠦᠵᠡᠯ ᠪᠣᠳᠤᠯ ᠢᠶᠠᠨ ᠰᠣᠯᠢᠯᠴᠠᠵᠤ ᠪᠣᠯᠤᠨ᠎ᠠ᠂ ᠰᠦᠯᠵᠢᠶᠡᠨ ᠨᠠᠶᠢᠵᠠ ᠨᠠᠷ ᠤᠨ ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃      2. ᠬᠥᠲᠥᠯᠥᠭᠴᠢ      ᠬᠥᠬᠡᠬᠤᠲᠠ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ ᠪᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠬᠤᠯᠠ ᠶᠡᠭᠡ ᠡᠭᠦᠷᠭᠡ ᠪᠣᠯᠭᠠᠨ ᠲᠥᠯᠥᠪᠵᠢᠭᠦᠯᠵᠦ ᠪᠠᠶᠢᠷᠢᠯᠠᠭᠤᠯᠤᠭᠰᠠᠭᠠᠷ ᠢᠷᠡᠵᠠᠢ᠂ 2023 ᠣᠨ ᠳᠤ ᠮᠠᠨ ᠤ ᠬᠤᠳᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠤᠭᠰᠠᠨ ᠶᠡᠷᠦᠩᠬᠡᠢ ᠪᠠᠶᠢᠳᠠᠯ ᠬᠢᠷᠢ ᠵᠡᠷᠭᠡ ᠪᠤᠢ︖ ᠶᠠᠮᠠᠷ ᠶᠠᠮᠠᠷ ᠪᠦᠲᠦᠮᠵᠢᠲᠡᠶ ᠠᠷᠭ᠎ᠠ ᠬᠡᠮᠵᠢᠶ᠎ᠡ ᠠᠪᠤᠭᠰᠠᠨ ᠪᠣᠶ︖      3. ᠯᠢ ᠶᠦᠩ ᠱᠧᠩ      2023 ᠣᠨ ᠳᠤ ᠪᠢᠳᠡ ᠬᠤᠳᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠭᠤᠣᠯ ᠠᠵᠢᠯ ᠤᠨ ᠲᠣᠭᠤᠷᠢᠨ ᠳᠤ᠂ ᠠᠮᠢ ᠠᠬᠤᠢ ᠶᠢ ᠤᠷᠢᠳᠠᠪᠠᠷ ᠪᠣᠳᠣᠯᠬᠢᠯᠠᠭᠰᠠᠨ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢ ᠭᠦᠨᠵᠡᠭᠡᠢ ᠰᠠᠶᠢᠲᠤᠷ ᠬᠢᠵᠦ᠂ ᠲᠥᠪ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠪᠠᠷ ᠢᠯᠡᠷᠡᠭᠦᠯᠦᠭᠰᠡᠨ ᠠᠰᠠᠭᠤᠳᠠᠯ ᠢ ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ᠂ ᠬᠢᠨᠠᠨ ᠬᠡᠮᠵᠢᠵᠦ ᠬᠢᠨᠠᠨ ᠬᠠᠮᠢᠶᠠᠷᠬᠤ ᠠᠷᠭ᠎ᠠ ᠬᠡᠯᠪᠡᠷᠢ ᠪᠠᠨ ᠬᠦᠴᠦᠯᠡᠨ ᠰᠢᠯᠢᠳᠡᠭᠵᠢᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠪᠠ᠃      ᠠᠭᠠᠷ ᠤᠨ ᠴᠢᠨᠠᠷ ᠤᠨ ᠲᠠᠯ᠎ᠠ ᠪᠠᠷ᠃ ᠪᠥᠬᠦ ᠵᠢᠯ ᠤᠨ ᠰᠢᠯᠢᠳᠡᠭ ᠡᠳᠦᠷ ᠤᠨ ᠲᠤᠭ᠎ᠠ ᠨᠡᠶᠢᠲᠡ 292 ᠬᠦᠷᠴᠦ᠂ ᠪᠠᠷᠢᠮᠵᠢᠶ᠎ᠠ ᠳᠤ ᠬᠦᠷᠦᠭᠰᠡᠨ ᠨᠣᠷᠮ᠎ᠠ  ᠨᠢ 87.0% ︵ᠡᠯᠡᠰᠦ ᠲᠣᠭᠤᠰᠣᠨ ᠤ ᠨᠥᠯᠥᠭᠡ ᠶᠢ ᠬᠠᠰᠤᠨ᠎ᠠ︶ ᠬᠦᠷᠴᠦ᠂ ᠬᠢᠨᠠᠨ ᠰᠢᠯᠭᠠᠬᠤ ᠭᠦᠢᠴᠡᠳᠬᠡᠯ ᠲᠤᠭ᠎ᠠ ᠠᠴᠠ 7.7 ᠵᠠᠭᠤᠨ ᠤ ᠨᠢᠭᠡᠴᠢ ᠳᠡᠭᠡᠭᠰᠢᠯᠡᠪᠡ᠃      ᠤᠰᠤᠨ ᠤ ᠣᠷᠴᠢᠨ ᠲᠣᠭᠤᠷᠢᠨ ᠤ ᠴᠢᠨᠠᠷ ᠤᠨ ᠲᠠᠯ᠎ᠠ ᠪᠠᠷ᠃ ᠭᠠᠵᠠᠷ ᠤᠨ ᠭᠠᠳᠠᠷᠭᠤ ᠶᠢᠨ ᠤᠰᠤᠨ ᠤ ᠤᠯᠤᠰ ᠤᠨ ᠡᠵᠡᠮᠰᠢᠯ ᠤᠨ ᠣᠭᠲᠣᠯᠣᠭᠠᠰᠤ ᠶᠢᠨ ᠤᠰᠤᠨ ᠤ ᠴᠢᠨᠠᠷ ︵ᠳᠤᠮᠳᠠᠴᠢ ᠬᠡᠮᠵᠢᠭᠳᠡᠯ︶ ᠤᠨ ᠪᠠᠷᠢᠮᠵᠢᠶ᠎ᠠ ᠳᠤ ᠬᠦᠷᠦᠭᠰᠡᠨ ᠨᠣᠷᠮ᠎ᠠ 100% ᠬᠦᠷᠴᠦ᠂ Ⅲ ᠲᠥᠷᠥᠯ ᠤᠨ ᠤᠰᠤᠨ ᠴᠣᠭᠴᠠ ᠳᠤ ᠭᠦᠷᠦᠭᠰᠡᠨ ᠪᠤᠶᠤ ᠲᠡᠭᠦᠨ ᠠᠴᠠ ᠰᠠᠶᠢᠨ ᠪᠣᠯᠤᠭᠰᠠᠨ ᠬᠠᠷᠢᠴᠠᠯ ᠨᠢ 60% ᠬᠦᠷᠴᠦ᠂ ᠮᠠᠭᠤ V ᠲᠥᠷᠥᠯ ᠤᠨ ᠤᠰᠤᠨ ᠴᠣᠭᠴᠠ ᠶᠢ ᠠᠷᠢᠯᠭᠠᠵᠤ᠂ ᠣᠭᠲᠣᠯᠣᠭᠠᠰᠤ ᠶᠢᠨ ᠤᠰᠤᠨ ᠤ ᠴᠢᠨᠠᠷ ᠨᠢ ᠠᠳᠠᠯᠢ ᠬᠤᠭᠤᠴᠠᠭᠠᠨ ᠤ ᠬᠢ ᠠᠴᠠ ︽ᠳᠥᠷᠪᠡ ᠨᠢ ᠲᠡᠭᠰᠢ ᠨᠢᠭᠡ ᠨᠢ ᠳᠡᠭᠡᠭᠰᠢᠯᠡᠪᠡ︾᠂ ᠡᠭᠦᠨ ᠳᠤ ᠤᠯᠠᠭᠠᠨᠮᠥ᠋ᠷᠡᠨ ᠭᠤᠣᠯ ᠤᠨ ᠬᠠᠲᠤᠨ ᠭᠤᠣᠯ ᠳᠤ ᠴᠢᠳᠬᠤᠬᠤ ᠣᠭᠲᠣᠯᠣᠭᠠᠰᠤ ᠶᠢᠨ ᠤᠰᠤᠨ ᠤ ᠴᠢᠨᠠᠷ ᠨᠢ Ⅲ ᠲᠥᠷᠥᠯ ᠠᠴᠠ Ⅱ ᠲᠥᠷᠥᠯ ᠳᠤ ᠭᠦᠷᠦᠭᠰᠡᠨ ᠪᠠᠶᠢᠨ᠎ᠠ᠃ ᠬᠤᠲᠠ ᠶᠢᠨ ᠲᠥᠪᠯᠡᠷᠡᠩᠭᠦᠢ ᠮᠠᠶ᠋ᠢᠭ ᠤᠨ ᠢᠳᠡᠬᠦ ᠤᠰᠤᠨ ᠤ ᠰᠤᠷᠪᠤᠯᠵᠢ ᠶᠢᠨ ᠭᠠᠵᠠᠷ ᠤᠨ ᠤᠰᠤᠨ ᠤ ᠴᠢᠨᠠᠷ ᠢ Ⅲ ᠲᠥᠷᠥᠯ ᠤᠨ ᠪᠠᠷᠢᠮᠵᠢᠶ᠎ᠠ ᠶᠢᠨ ᠬᠢᠵᠠᠭᠠᠷᠯᠠᠭᠰᠠᠨ ᠬᠡᠮᠵᠢᠭᠳᠡᠯ ᠳᠤ ᠬᠦᠷᠪᠡ᠃      ᠬᠥᠷᠥᠰᠥ ᠰᠢᠷᠣᠢ ᠶᠢᠨ ᠣᠷᠴᠢᠨ ᠲᠣᠭᠤᠷᠢᠨ ᠤ ᠶᠠᠰᠤ ᠴᠢᠨᠠᠷ ᠤᠨ ᠲᠠᠯ᠎ᠠ ᠪᠠᠷ᠃ ᠪᠥᠬᠦ ᠬᠤᠲᠠ ᠶᠢᠨ ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠥᠷᠥᠰᠥ ᠰᠢᠷᠣᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠬᠠᠮᠢᠶᠠᠷᠤᠨ ᠡᠵᠡᠮᠳᠡᠬᠦ ᠨᠣᠷᠮ᠎ᠠ᠂ ᠪᠣᠬᠢᠷᠲᠤᠭᠰᠠᠨ ᠭᠠᠵᠠᠷ ᠤᠨ ᠠᠮᠤᠷ ᠲᠦᠪᠰᠢᠨ ᠤ ᠠᠰᠢᠭᠯᠠᠯᠲᠠ ᠶᠢᠨ ᠨᠣᠷᠮ᠎ᠠ 100% ᠬᠥᠷᠪᠡ᠃      ᠡᠭᠦᠨ ᠤ ᠲᠤᠯᠠᠳᠠ ᠪᠢᠳᠠᠨ ᠳᠣᠣᠷᠠᠬᠢ ᠮᠡᠲᠦ ᠳᠥᠷᠪᠡᠨ ᠵᠦᠢᠯ ᠤᠨ ᠠᠷᠭ᠎ᠠ ᠬᠡᠮᠵᠢᠶ᠎ᠡ ᠠᠪᠤᠭᠰᠠᠨ ᠪᠠᠶᠢᠨ᠎ᠠ᠄      ᠨᠢᠭᠡ ᠳᠤ᠂ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠦᠬᠦ ᠲᠠᠯ᠎ᠠ ᠪᠠᠷ ᠪᠠᠬᠢᠵᠢᠭᠦᠯᠦᠨ ᠳᠡᠭᠡᠭᠰᠢᠯᠡᠭᠦᠯᠪᠡ᠃ ︽ᠬᠥᠬᠡᠬᠤᠲᠠ ᠶᠢᠨ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠪᠠᠬᠢᠵᠢᠭᠦᠯᠦᠨ ᠳᠡᠭᠡᠭᠰᠢᠯᠡᠭᠦᠯᠬᠦ ᠬᠡᠷᠡᠭᠵᠢᠭᠦᠯᠬᠦ ᠲᠥᠰᠥᠯ ︵2023 ︱ 2025 ᠣᠨ︶︾ ᠢ ᠳᠠᠷᠤᠮᠠᠯᠯᠠᠨ ᠲᠠᠷᠬᠠᠭᠠᠵᠤ᠂ 36 ᠵᠦᠢᠯ ᠤᠨ ᠭᠦᠢᠴᠡᠳᠬᠡᠯ ᠲᠤᠭ᠎ᠠ ᠶᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠪᠡ᠃ ᠬᠤᠰᠢᠭᠤ ᠰᠢᠶᠠᠨ ᠲᠣᠭᠤᠷᠢᠭ ᠤᠨ ᠤᠯᠤᠰ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ ᠪᠠ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠᠨ ᠠᠭᠤᠯᠠ ᠮᠥᠩᠭᠦᠨ ᠠᠭᠤᠯᠠ︾ ᠶᠢᠨ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠢ ᠡᠭᠦᠳᠦᠨ ᠪᠠᠶᠢᠭᠤᠯᠬᠤ ᠠᠵᠢᠯ ᠢ ᠦᠷᠭᠦᠯᠵᠢᠯᠡᠨ ᠥᠷᠨᠢᠭᠦᠯᠵᠦ᠂ ᠪᠥᠬᠦ ᠣᠷᠣᠨ ᠪᠦᠰᠡ ᠳᠤ ᠡᠭᠦᠳᠦᠨ ᠪᠠᠶᠢᠭᠤᠯᠬᠤ ᠶᠡᠭᠡ ᠪᠠᠶᠢᠷᠢᠰᠢᠯ ᠢ ᠪᠣᠶ ᠪᠣᠯᠭᠠᠪᠠ᠃ ᠰᠢᠨ᠎ᠡ ᠬᠤᠲᠠ ᠲᠣᠭᠤᠷᠢᠭ᠂ ᠬᠤᠲᠣᠩ ᠠᠷᠠᠳ ᠤᠨ ᠲᠣᠭᠤᠷᠢᠭ ᠲᠣᠰ ᠲᠣᠰ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠᠨ ᠠᠭᠤᠯᠠ ᠮᠥᠩᠭᠦᠨ ᠠᠭᠤᠯᠠ︾ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠢᠶᠠᠷ ᠨᠡᠷᠡᠶᠢᠳᠴᠦ᠂ ᠲᠦᠮᠡᠳ ᠵᠡᠭᠦᠨ ᠬᠤᠰᠢᠭᠤ᠂ ᠰᠠᠶᠢᠬᠠᠨ ᠲᠣᠭᠤᠷᠢᠭ ᠥᠪᠡᠷᠲᠡᠭᠡᠨ ᠵᠠᠰᠠᠬᠤ ᠣᠷᠣᠨ ᠤ ᠲᠠᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠲᠣᠭᠤᠷᠢᠭ ᠢᠶᠠᠷ ᠨᠡᠷᠡᠶᠢᠳᠴᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠠᠬᠢᠨᠲᠠ ᠦᠷ᠎ᠡ ᠪᠦᠲᠦᠭᠡᠯ ᠣᠯᠪᠠ᠃      ᠬᠤᠶᠠᠷ ᠲᠤ᠂ ︽ᠭᠤᠷᠪᠠᠨ ᠶᠡᠭᠡ ᠬᠠᠮᠠᠭᠠᠯᠠᠯᠲᠠ ᠶᠢᠨ ᠳᠠᠶᠢᠯᠠᠯᠳᠤᠭᠠᠨ︾ ᠢ ᠥᠨᠳᠥᠷ ᠪᠠᠷᠢᠮᠵᠢᠶ᠎ᠠ ᠪᠠᠷ ᠰᠠᠶᠢᠲᠤᠷ ᠬᠢᠪᠡ᠃ ① ᠠᠭᠠᠷ ᠮᠠᠨᠳᠠᠯ ᠤᠨ ᠪᠣᠬᠢᠷᠲᠤᠯ ᠢ ᠬᠠᠮᠵᠢᠯᠴᠠᠨ ᠵᠠᠰᠠᠬᠤ ᠶᠢ ᠢᠳᠡᠪᠬᠢᠲᠡᠢ ᠲᠦᠯᠬᠢᠨ ᠠᠬᠢᠭᠤᠯᠪᠠ᠃ ② ᠤᠰᠤᠨ ᠤ ᠣᠷᠴᠢᠨ ᠲᠣᠭᠤᠷᠢᠨ ᠢ ᠶᠡᠬᠡᠪᠡᠷ ᠶᠡᠷᠦᠩᠬᠡᠶᠢᠯᠡᠨ ᠵᠠᠰᠠᠪᠠ᠃       ③ ᠬᠥᠷᠥᠰᠥ ᠰᠢᠷᠣᠢ ᠶᠢᠨ ᠣᠷᠴᠢᠨ ᠲᠣᠭᠤᠷᠢᠨ ᠤ ᠠᠮᠤᠷ ᠲᠦᠪᠰᠢᠨ ᠢ ᠴᠢᠩᠭ᠎ᠠ ᠬᠠᠮᠠᠭᠠᠯᠠᠪᠠ᠃       ᠭᠤᠷᠪᠠ ᠳᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠢ ᠪᠦᠬᠦ ᠬᠦᠴᠦᠨ ᠢᠶᠠᠷ ᠴᠡᠭᠴᠡᠯᠡᠨ ᠰᠠᠶᠢᠵᠢᠷᠠᠭᠤᠯᠪᠠ᠃       ᠳᠥᠷᠪᠡ ᠳᠤ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠣᠷᠴᠢᠨ ᠲᠣᠭᠤᠷᠢᠨ ᠳᠠᠬᠢ ᠨᠥᠯᠥᠭᠡ ᠶᠢ ᠦᠨᠡᠯᠡᠬᠦ ᠪᠠ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠪᠡ᠃      4. ᠬᠥᠲᠥᠯᠥᠭᠴᠢ       ᠪᠠᠭᠲᠠᠭᠠᠮᠵᠢᠲᠠᠢ ᠪᠣᠯᠭᠤᠮᠵᠢᠲᠠᠢ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠬᠦ ᠪᠣᠯ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠡᠵᠡᠩᠨᠡᠯᠲᠡ ᠶᠢᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠮᠠᠨ ᠤ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠰᠢᠰᠲ᠋ᠧᠮ ᠤᠨ ᠬᠢᠨ ᠡᠨᠡ ᠲᠠᠯ᠎ᠠ ᠪᠠᠷ ᠶᠠᠮᠠᠷ ᠶᠠᠮᠠᠷ ᠪᠣᠳᠠᠲᠠᠢ ᠠᠷᠭ᠎ᠠ ᠬᠡᠮᠵᠢᠶ᠎ᠡ ᠠᠪᠤᠭᠰᠠᠨ ᠪᠣᠢ︖ ᠦᠷ᠎ᠡ ᠳ᠋ᠦᠩ ᠨᠢ ᠬᠢᠷᠢ ᠵᠡᠷᠭᠡ ᠪᠤᠢ︖      5. ᠯᠢ ᠶᠦᠩ ᠱᠧᠩ      ᠪᠢᠳᠡ ᠴᠠᠭ ᠢᠮᠠᠭᠲᠠ ︽ᠰᠤᠯᠠ ᠴᠢᠩᠭ᠎ᠠ ᠶᠢ ᠤᠶᠠᠯᠳᠤᠭᠤᠯᠵᠤ᠂ ᠴᠢᠩᠭ᠎ᠠ ᠬᠠᠮᠢᠶᠠᠷᠴᠤ ᠵᠤᠵᠠᠭᠠᠨ ᠬᠠᠶᠢᠷᠠᠯᠠᠬᠤ︾ ᠬᠠᠪᠰᠤᠷᠤᠨ ᠲᠡᠳᠬᠦᠬᠦ ᠬᠠᠤᠯᠢ ᠬᠡᠷᠡᠭᠵᠢᠭᠦᠯᠬᠦ ᠣᠶᠢᠯᠠᠭᠠᠭᠳᠠᠬᠤᠨ ᠢ ᠪᠠᠷᠢᠮᠲᠠᠯᠠᠵᠤ᠂ ᠬᠠᠤᠯᠢ ᠬᠡᠷᠡᠭᠵᠢᠭᠦᠯᠬᠦ ᠶᠢ ᠨᠡᠩ ︽ᠬᠠᠯᠠᠭᠤᠨ ᠳᠤᠯᠠᠭᠠᠨ︾ ᠪᠣᠯᠭᠠᠪᠠ᠃ ① ᠠᠶᠤᠯᠲᠠᠢ ᠬᠠᠶᠠᠭᠳᠠᠮᠠᠯ ᠪᠣᠳᠠᠰ ᠤᠨ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠂ ᠬᠢᠨᠠᠨ ᠬᠡᠮᠵᠢᠯᠲᠡ ᠶᠢᠨ ᠲᠤᠭ᠎ᠠ ᠪᠠᠷᠢᠮᠲᠠ ᠶᠢ ᠬᠠᠭᠤᠷᠮᠠᠭ ᠵᠣᠬᠢᠶᠠᠬᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠵᠡᠷᠭᠡ 8 ᠤᠳᠠᠭ᠎ᠠ ᠶᠢᠨ ᠬᠠᠤᠯᠢ ᠬᠡᠷᠡᠭᠵᠢᠭᠦᠯᠬᠦ ᠲᠤᠰᠬᠠᠢ ᠪᠠᠶᠢᠴᠠᠭᠠᠯᠲᠠ ᠥᠷᠨᠢᠭᠦᠯᠪᠡ᠃ ② ᠪᠠᠭᠲᠠᠭᠠᠮᠵᠢᠲᠠᠢ ᠪᠣᠯᠭᠤᠮᠵᠢᠲᠠᠢ ᠬᠢᠨᠠᠯᠲᠠ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠠᠵᠤ ᠠᠬᠤᠶᠢᠯᠠᠯ ᠤᠨ ᠬᠥᠭᠵᠢᠯᠲᠡ ᠳᠤ ᠦᠢᠯᠡᠴᠢᠯᠡᠵᠦ᠂ ᠣᠷᠴᠢᠨ ᠠᠬᠤᠢ ᠶᠢᠨ ᠪᠠᠭ᠎ᠠ ᠠᠰᠠᠭᠤᠳᠠᠯ ᠣᠷᠣᠰᠢᠵᠤ ᠪᠠᠶᠢᠭ᠎ᠠ 13 ᠬᠡᠷᠡᠭ ᠢ ᠰᠢᠢᠳᠬᠡᠯ ᠠᠴᠠ ᠬᠡᠯᠲᠦᠷᠢᠭᠦᠯᠵᠦ᠂ ᠬᠤᠯᠪᠣᠭᠳᠠᠬᠤ ᠲᠣᠷᠭᠠᠭᠤᠯᠢ ᠶᠢᠨ ᠮᠥᠩᠭᠦ 210.13 ᠲᠦᠮᠡᠨ ᠲᠥᠭᠦᠷᠢᠭ ᠬᠦᠷᠴᠡᠢ᠃      6. ᠬᠥᠲᠥᠯᠥᠭᠴᠢ      ᠣᠳᠣᠬᠠᠨ ᠳᠤ᠂ ︽ᠬᠠᠶᠠᠭᠳᠠᠮᠠᠯ ᠪᠣᠳᠠᠰ ᠦᠭᠡᠢ ᠬᠤᠲᠠ︾ ᠨᠢ ᠨᠢᠭᠡᠨᠲᠡ ᠨᠢᠭᠡ ᠵᠦᠢᠯ ᠤᠨ ᠬᠤᠲᠠ ᠶᠢᠨ ᠰᠢᠯᠢᠳᠡᠭ ᠬᠠᠮᠢᠶᠠᠷᠤᠯᠲᠠ ᠶᠢᠨ ᠣᠶᠢᠯᠠᠭᠠᠭᠳᠠᠬᠤᠨ ᠪᠣᠯᠵᠤ᠂ ᠬᠥᠮᠥᠰ ᠤᠨ ᠠᠩᠬᠠᠷᠤᠯ ᠢ ᠤᠯᠠᠮ ᠠᠴᠠ ᠤᠯᠠᠮ ᠲᠠᠲᠠᠵᠤ ᠪᠠᠶᠢᠨ᠎ᠠ᠂ ᠮᠠᠨ ᠤ ᠬᠤᠲᠠ ︽ᠬᠠᠶᠠᠭᠳᠠᠮᠠᠯ ᠪᠣᠳᠠᠰ ᠦᠭᠡᠢ ᠬᠤᠲᠠ︾ ᠶᠢᠨ ᠪᠦᠲᠦᠭᠡᠨ ᠪᠠᠶᠢᠭᠤᠯᠤᠯᠲᠠ ᠶᠢ ᠬᠡᠷᠬᠢᠨ ᠠᠬᠢᠭᠤᠯᠵᠤ ᠪᠠᠶᠢᠬᠤ ᠪᠣᠶ︖      7. ᠯᠢ ᠶᠦᠩ ᠱᠧᠩ       ᠪᠥᠬᠦ ᠬᠤᠲᠠ ᠶᠢᠨ ᠬᠠᠮᠲᠤ ᠶᠢᠨ ᠴᠢᠷᠮᠠᠶᠢᠯᠭ᠎ᠠ ᠪᠠᠷ ᠮᠠᠨ ᠤ ᠬᠤᠲᠠ ᠠᠮᠢ ᠠᠬᠤᠢ ᠶᠢᠨ ᠣᠷᠴᠢᠨ ᠲᠣᠭᠤᠷᠢᠨ ᠤ ᠶᠠᠮᠤᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ︽ᠬᠠᠶᠠᠭᠳᠠᠮᠠᠯ ᠪᠣᠳᠠᠰ ᠦᠭᠡᠢ ᠬᠤᠲᠠ︾ ᠶᠢᠨ ᠪᠦᠲᠦᠭᠡᠨ ᠪᠠᠶᠢᠭᠤᠯᠤᠯᠲᠠ ᠶᠢᠨ ᠨᠡᠷᠡᠰ ᠲᠤ ᠠᠮᠵᠢᠯᠲᠠ ᠲᠠᠢ ᠪᠠᠷ ᠰᠣᠩᠭᠤᠭᠳᠠᠪᠠ᠃ ᠡᠭᠦᠨ ᠢᠶᠠᠷ ᠠᠵᠠ ᠲᠣᠬᠢᠶᠠᠯ ᠪᠣᠯᠭᠠᠵᠤ᠂ ᠪᠢᠳᠡ ︽ᠬᠠᠶᠠᠭᠳᠠᠮᠠᠯ ᠪᠣᠳᠠᠰ ᠦᠭᠡᠢ ᠬᠤᠲᠠ︾ ᠶᠢᠨ ᠪᠦᠲᠦᠭᠡᠨ ᠪᠠᠶᠢᠭᠤᠯᠤᠯᠲᠠ ᠶᠢ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠬᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠦᠷᠭᠦᠯᠵᠢᠯᠡᠨ ᠠᠬᠢᠭᠤᠯᠬᠤ ᠶᠡᠷᠦᠩᠬᠡᠢ ᠭᠠᠷᠳᠠᠴᠠ ᠪᠣᠯᠭᠠᠵᠤ᠂ ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠨ ᠵᠠᠰᠠᠬᠤ᠂ ᠲᠣᠪᠣᠶᠢᠮ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠵᠡᠷᠭᠡ ᠡᠯ᠎ᠡ ᠵᠦᠢᠯ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠨᠢᠭᠡ ᠴᠣᠭᠴᠠᠵᠢᠭᠤᠯᠤᠨ ᠠᠬᠢᠭᠤᠯᠪᠠ᠃ ᠭᠤᠣᠯᠳᠠᠭᠤ ᠭᠤᠷᠪᠠᠨ ᠲᠠᠯ᠎ᠠ ᠪᠠᠷ ᠬᠦᠴᠦᠯᠡᠪᠡ᠄ ① ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠪᠠ᠃ ᠨᠢᠭᠡᠨᠲᠡ ᠪᠣᠯᠪᠠᠰᠤᠷᠠᠩᠭᠤᠢ ᠠᠵᠢᠯᠯᠠᠭᠰᠠᠨ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠶᠢᠨ ᠤᠳᠤᠷᠢᠳᠬᠤ ᠳᠤᠭᠤᠶᠢᠯᠠᠩ ᠳᠤ ᠲᠦᠰᠢᠭᠯᠡᠨ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠵᠡᠷᠭᠡ ᠬᠤᠲᠠ ᠶᠢᠨ ᠱᠠᠲᠤᠨ ᠤ 10 ᠰᠠᠯᠠᠭ᠎ᠠ ᠮᠥᠴᠢᠷ ᠢᠶᠠᠷ ᠭᠤᠣᠯᠳᠠᠯᠭ᠎ᠠ ᠪᠣᠯᠭᠠᠵᠤ᠂ ᠠᠵᠢᠯ ᠤᠨ ᠲᠤᠰᠬᠠᠢ ᠠᠩᠭᠢ ᠶᠢ ᠪᠠᠶᠢᠭᠤᠯᠤᠨ ᠬᠦᠴᠦᠷᠬᠡᠭᠵᠢᠭᠦᠯᠪᠡ᠃       ︽ᠬᠥᠬᠡᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠬᠤᠭᠤᠴᠠᠭᠠᠨ ᠤ ︿ᠬᠠᠶᠠᠭᠳᠠᠮᠠᠯ ᠪᠣᠳᠠᠰ ᠦᠭᠡᠢ ᠬᠤᠲᠠ﹀ ᠶᠢᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠨ ᠬᠡᠷᠡᠭᠵᠢᠭᠦᠯᠵᠦ᠂ ︽ᠬᠠᠶᠠᠭᠳᠠᠮᠠᠯ ᠪᠣᠳᠠᠰ ᠦᠭᠡᠢ ᠬᠤᠲᠠ︾ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠲᠤᠰᠬᠠᠢ ᠠᠩᠭᠢ ᠶᠢ ᠵᠣᠬᠢᠶᠠᠨ ᠪᠠᠶᠢᠭᠤᠯᠵᠤ᠂ ︽ᠭᠠᠷᠠᠭ ᠢᠶᠠᠷ ᠲᠣᠬᠢᠷᠠᠭᠤᠯᠬᠤ᠂ ᠰᠠᠷ᠎ᠠ ᠪᠠᠷ ᠬᠤᠷᠢᠶᠠᠩᠭᠤᠶᠢᠯᠠᠬᠤ᠂ ᠤᠯᠠᠷᠢᠯ ᠢᠶᠠᠷ ᠮᠡᠳᠡᠭᠡᠯᠡᠬᠦ︾ ᠠᠵᠢᠯ ᠤᠨ ᠲᠣᠭᠲᠠᠴᠠ ᠶᠢ ᠬᠡᠷᠡᠭᠵᠢᠭᠦᠯᠦᠨ᠂ ᠨᠠᠶᠢᠳᠠᠪᠤᠷᠢᠵᠢᠭᠤᠯᠤᠨ ᠬᠡᠷᠡᠭᠵᠢᠭᠦᠯᠬᠦ ᠬᠦᠴᠦᠨ ᠢ ᠴᠢᠩᠭᠠᠷᠠᠭᠤᠯᠪᠠ᠃ ② ᠲᠥᠷᠥᠯ ᠵᠦᠢᠯ ᠢᠶᠠᠷ ᠳᠠᠶᠢᠴᠢᠯᠠᠬᠤ ᠶᠢ ᠳᠣᠪᠣᠶᠢᠯᠭᠠᠪᠠ᠃ ᠠᠵᠤ ᠦᠢᠯᠡᠳᠪᠦᠷᠢ ᠶᠢᠨ ᠡᠩ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ᠂ ᠡᠮᠴᠢᠯᠡᠭᠡᠨ ᠤ ᠬᠤᠭ ᠨᠣᠪᠰᠢ ᠶᠢ ᠰᠢᠢᠳᠪᠦᠷᠢᠯᠡᠬᠦ᠂ ᠪᠠᠷᠢᠯᠭ᠎ᠠ ᠶᠢᠨ ᠬᠤᠭ ᠨᠣᠪᠰᠢ ᠶᠢ ᠬᠤᠷᠢᠶᠠᠨ ᠠᠪᠴᠤ ᠶᠡᠷᠦᠩᠬᠡᠶᠢᠯᠡᠨ ᠠᠰᠢᠭᠯᠠᠬᠤ ᠵᠡᠷᠭᠡ ᠪᠠᠭᠤᠷᠠᠢ ᠲᠠᠯ᠎ᠠ ᠳᠤ ᠬᠠᠨᠳᠤᠭᠤᠯᠤᠨ᠂ 42 ᠭᠤᠣᠯᠳᠠᠯᠭ᠎ᠠ ᠲᠠᠢ ᠲᠥᠷᠥᠯ ᠵᠦᠢᠯ ᠢ ᠪᠠᠶᠢᠷᠢᠯᠠᠭᠤᠯᠤᠨ ᠬᠡᠷᠡᠭᠵᠢᠭᠦᠯᠵᠦ᠂ 32 ᠲᠥᠷᠥᠯ ᠵᠦᠢᠯ ᠢ ᠳᠠᠭᠤᠰᠬᠠᠵᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠵᠦ ᠠᠰᠢᠭᠯᠠᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ ③ ᠪᠦᠬᠦ ᠠᠷᠠᠳ ᠢ ᠳᠠᠶᠢᠴᠢᠯᠠᠨ ᠣᠷᠣᠯᠴᠠᠭᠤᠯᠪᠠ᠃ ︽ᠬᠠᠶᠠᠭᠳᠠᠮᠠᠯ ᠦᠭᠡᠢ ᠡᠰ︾ ᠤᠨ ᠪᠠᠶᠢᠭᠤᠯᠤᠯᠲᠠ ᠶᠢ ᠡᠬᠢᠯᠡᠭᠦᠯᠵᠦ᠂ ᠬᠤᠶᠠᠷ ᠪᠦᠯᠦᠭ 58 ︽ᠬᠠᠶᠠᠭᠳᠠᠮᠠᠯ ᠦᠭᠡᠢ ᠡᠰ︾ ᠢ ᠡᠭᠦᠳᠦᠨ ᠪᠠᠶᠢᠭᠤᠯᠬᠤ ᠨᠡᠷᠡᠰ ᠢ ᠨᠡᠶᠢᠲᠡᠯᠡᠪᠡ᠃ 2023 ᠣᠨ ᠳᠤ᠂ ᠠᠵᠤ ᠦᠢᠯᠡᠳᠪᠦᠷᠢ ᠶᠢᠨ ᠡᠩ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠭᠰᠠᠨ ᠨᠤᠷᠮ᠎ᠠ 57% ᠬᠦᠷᠪᠡ᠃      8. ᠬᠥᠲᠥᠯᠥᠭᠴᠢ      ᠣᠳᠣᠬᠠᠨ ᠳᠤ ᠮᠠᠨ ᠤ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠠᠯ᠎ᠠ ᠳᠤ ᠪᠠᠰᠠ ᠶᠠᠮᠠᠷ ᠶᠠᠮᠠᠷ ᠳᠣᠪᠣᠶᠢᠮ᠎ᠠ ᠠᠰᠠᠭᠤᠳᠠᠯ ᠣᠷᠣᠰᠢᠵᠤ ᠪᠠᠶᠢᠨ᠎ᠠ︖ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ ᠰᠢᠢᠳᠪᠦᠷᠢᠯᠡᠬᠦ ᠪᠠᠷ ᠪᠠᠶᠢᠨ᠎ᠠ︖      9. ᠯᠢ ᠶᠦᠩ ᠱᠧᠩ      ᠠᠮᠵᠢᠯᠲᠠ ᠪᠠᠨ ᠳ᠋ᠦᠩᠨᠡᠬᠦ ᠶᠢᠨ ᠬᠠᠮᠲᠤ ᠪᠢᠳᠡ ᠪᠠᠰᠠ ᠠᠵᠢᠯ ᠤᠨ ᠲᠠᠯ᠎ᠠ ᠪᠠᠷ ᠮᠥᠨ ᠬᠦ ᠵᠥᠷᠢᠶ᠎ᠡ ᠲᠠᠢ ᠪᠠᠶᠢᠬᠤ ᠪᠠ ᠬᠦᠷᠦᠯᠴᠡᠬᠦ ᠦᠭᠡᠢ ᠲᠠᠯ᠎ᠠ ᠣᠷᠣᠰᠢᠵᠤ ᠪᠠᠶᠢᠬᠤ ᠶᠢ ᠲᠠᠨᠢᠵᠤ ᠣᠯᠣᠭᠰᠠᠨ ᠪᠠᠶᠢᠨ᠎ᠠ᠄ ᠨᠢᠭᠡ ᠳᠤ ᠠᠭᠠᠷ ᠮᠠᠨᠳᠠᠯ ᠤᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠳᠤ ᠬᠦᠴᠢᠷᠳᠡᠯ ᠶᠡᠬᠡᠰᠴᠦ᠂ ᠣᠽᠣᠨ ᠪᠠᠷᠢᠮᠵᠢᠶ᠎ᠠ ᠠᠴᠠ ᠬᠡᠲᠦᠷᠡᠭᠰᠡᠨ ᠠᠴᠠ ᠪᠣᠯᠤᠭᠰᠠᠨ ᠪᠣᠬᠢᠷᠲᠤᠯ ᠲᠠᠢ ᠴᠠᠭ ᠠᠭᠤᠷ ᠤᠨ ᠪᠥᠬᠦ ᠵᠢᠯ ᠤᠨ ᠪᠣᠬᠢᠷᠲᠤᠯ ᠲᠠᠢ ᠡᠳᠦᠷ ᠤᠨ ᠲᠤᠭ᠎ᠠ ᠳᠠᠬᠢ ᠡᠵᠡᠯᠡᠬᠦ ᠬᠠᠷᠢᠴᠠᠯ ᠵᠢᠯ ᠳᠠᠷᠠᠭᠠᠯᠠᠨ ᠨᠡᠮᠡᠭᠳᠡᠵᠦ᠂ ᠣᠽᠣᠨ ᠨᠢ ᠮᠠᠨ ᠤ ᠬᠤᠲᠠ ᠶᠢᠨ ᠵᠣᠨ ᠤ ᠤᠯᠠᠷᠢᠯ ᠤᠨ ᠥᠨᠳᠥᠷ ᠬᠠᠯᠠᠭᠤᠨ ᠴᠠᠭ ᠠᠭᠤᠷ ᠤᠨ ᠠᠭᠠᠷ ᠤᠨ ᠶᠠᠰᠤ ᠴᠢᠨᠠᠷ ᠢ ᠬᠢᠵᠠᠭᠠᠷᠯᠠᠬᠤ ᠭᠤᠣᠯ ᠬᠦᠴᠦᠨ ᠵᠦᠢᠯ ᠪᠣᠯᠵᠤ ᠪᠠᠶᠢᠨ᠎ᠠ᠃ ᠬᠤᠶᠠᠷ ᠲᠤ ᠦᠶᠡᠷ ᠤᠨ ᠬᠤᠭᠤᠴᠠᠭᠠᠨ ᠤ ᠣᠭᠲᠣᠯᠣᠭᠠᠰᠤ ᠶᠢᠨ ᠤᠰᠤᠨ ᠤ ᠴᠢᠨᠠᠷ ᠤᠨ ᠪᠠᠷᠢᠮᠵᠢᠶ᠎ᠠ ᠳᠤ ᠬᠦᠷᠬᠦ ᠰᠠᠭᠤᠷᠢ ᠮᠥᠨ ᠯᠡ ᠪᠠᠲᠤ ᠪᠠᠬᠢ ᠪᠢᠰᠢ ᠪᠠᠶᠢᠨ᠎ᠠ᠃ ᠭᠤᠷᠪᠠ ᠳᠤ ᠲᠠᠷᠢᠶᠠᠯᠠᠩ ᠤᠨ ᠤᠯᠠᠨ ᠡᠬᠢᠲᠦ ᠪᠣᠬᠢᠷᠲᠤᠯ ᠢ ᠰᠡᠷᠭᠡᠶᠢᠯᠡᠨ ᠵᠠᠰᠠᠬᠤ ᠡᠭᠦᠷᠭᠡ ᠬᠠᠲᠠᠭᠤ ᠪᠡᠷᠬᠡ ᠪᠠᠶᠢᠨ᠎ᠠ᠃ ᠲᠠᠷᠢᠶᠠᠯᠠᠩ ᠤᠨ ᠤᠯᠠᠨ ᠡᠬᠢᠲᠦ ᠪᠣᠬᠢᠷᠲᠤᠯ ᠢ ᠪᠠᠶᠢᠴᠠᠭᠠᠬᠤ᠂ ᠦᠨᠡᠯᠡᠨ ᠵᠢᠱᠢᠬᠦ ᠪᠠ ᠬᠢᠨᠠᠨ ᠬᠡᠮᠵᠢᠬᠦ ᠰᠢᠰᠲ᠋ᠧᠮ ᠲᠡᠭᠦᠯᠳᠡᠷᠵᠢᠭᠡᠳᠦᠢ᠂ ᠡᠰᠢ ᠰᠦᠷᠡᠯ ᠵᠡᠷᠭᠡ ᠲᠠᠷᠢᠶᠠᠯᠠᠩ ᠤᠨ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠴᠢᠬᠤᠯᠠᠲᠠᠢ ᠪᠠᠶᠢᠵᠤ᠂ ᠮᠠᠯ ᠵᠢᠭᠦᠷᠲᠡᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠮᠥᠨ ᠯᠡ ᠬᠦᠴᠦᠯᠡᠬᠦ ᠴᠢᠬᠤᠯᠠᠲᠠᠢ ᠪᠠᠶᠢᠨ᠎ᠠ᠃       ᠳᠠᠷᠠᠭᠠᠴᠢ ᠶᠢᠨ ᠠᠯᠬᠤᠮ ᠳᠤ ᠳᠣᠣᠷᠠᠬᠢ ᠭᠤᠷᠪᠠᠨ ᠲᠠᠯ᠎ᠠ ᠪᠠᠷ ᠠᠰᠠᠭᠤᠳᠠᠯ ᠢ ᠰᠢᠢᠳᠪᠦᠷᠢᠯᠡᠨ᠎ᠡ᠃      ᠨᠢᠭᠡ ᠳᠤ ᠬᠤᠯᠠ ᠣᠶᠢᠷ᠎ᠠ ᠶᠢ ᠤᠶᠠᠯᠳᠤᠭᠤᠯᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠷᠭ᠎ᠠ ᠵᠠᠮ ᠢ ᠰᠦᠪᠡᠭᠴᠢᠯᠡᠨ᠎ᠡ᠃       ︽ᠠᠭᠠᠷ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠠᠵᠢᠯᠯᠠᠭᠠᠨ ᠤ ᠲᠥᠯᠥᠪᠯᠡᠭᠡ︾ ᠶᠢ ᠨᠠᠶᠢᠳᠠᠪᠤᠷᠢᠵᠢᠭᠤᠯᠵᠤ᠂ ᠬᠦᠨᠳᠦ ᠪᠣᠬᠢᠷᠲᠤᠯ ᠲᠠᠢ ᠴᠠᠭ ᠠᠭᠤᠷ ᠢ ᠪᠠᠭᠠᠰᠬᠠᠬᠤ ᠪᠠ ᠠᠷᠠᠳ ᠣᠯᠠᠨ ᠤ ᠳᠡᠷᠭᠡᠳᠡᠬᠢ ᠠᠭᠠᠷ ᠮᠠᠨᠳᠠᠯ ᠤᠨ ᠣᠷᠴᠢᠨ ᠲᠣᠭᠤᠷᠢᠨ ᠤ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠬᠦ ᠪᠠᠷ ᠭᠤᠣᠯᠳᠠᠯᠭ᠎ᠠ ᠪᠣᠯᠭᠠᠵᠤ᠂ ᠨᠠᠷᠢᠨ ᠮᠥᠬᠦᠯᠢᠭᠲᠦ ᠪᠣᠳᠠᠰ ︵PM2.5︶ ᠤᠨ ᠥᠳᠬᠡᠴᠡ ᠶᠢ ᠪᠠᠭᠤᠷᠠᠭᠤᠯᠬᠤ ᠪᠠᠷ ᠭᠤᠣᠯ ᠰᠢᠵᠢᠮ ᠪᠣᠯᠭᠠᠨ᠂ ᠠᠽᠣᠲ ᠤᠨ ᠢᠰᠦᠯ ᠪᠣᠯᠣᠨ ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ︵VOCs︶ ᠤᠨ ᠭᠠᠳᠠᠭᠰᠢᠯᠠᠭᠤᠯᠤᠯᠲᠠ ᠶᠢ ᠶᠡᠬᠡᠪᠡᠷ ᠪᠠᠭᠠᠰᠬᠠᠵᠤ᠂ ᠠᠵᠤ ᠦᠢᠯᠡᠰ᠂ ᠡᠨᠧᠷᠭᠢ᠂ ᠵᠠᠮ ᠬᠠᠷᠢᠯᠴᠠᠭᠠᠨ ᠤ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢᠨ ᠬᠤᠪᠢᠷᠠᠭᠤᠯᠤᠯᠲᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠤᠯᠠᠨ ᠡᠬᠢᠲᠦ ᠪᠣᠬᠢᠷᠲᠤᠯ ᠢ ᠵᠠᠰᠠᠬᠤ ᠶᠢ ᠴᠢᠩᠭᠠᠳᠬᠠᠵᠤ᠂ ᠡᠬᠢ ᠡᠭᠦᠰᠦᠯ ᠠᠴᠠ ᠨᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠢ ᠲᠦᠷᠭᠡᠨ ᠪᠤᠢ ᠪᠣᠯᠭᠠᠨ᠎ᠠ᠃      ᠬᠤᠶᠠᠷ ᠲᠤ ᠭᠤᠣᠯᠳᠠᠯᠭ᠎ᠠ ᠲᠠᠢ ᠣᠭᠲᠣᠯᠣᠭᠠᠰᠤ ᠶᠢᠨ ᠤᠰᠤᠨ ᠤ ᠴᠢᠨᠠᠷ ᠢ ᠲᠣᠭᠲᠠᠪᠤᠷᠢᠵᠢᠭᠤᠯᠤᠨ ᠪᠠᠷᠢᠮᠵᠢᠶ᠎ᠠ ᠳᠤ ᠬᠦᠷᠭᠡᠬᠦ ᠪᠠᠲᠤᠯᠠᠭ᠎ᠠ ᠶᠢ ᠴᠢᠩᠭᠠᠳᠬᠠᠨ᠎ᠠ᠃ ︽ᠬᠥᠬᠡᠬᠤᠲᠠ ᠶᠢᠨ ᠭᠤᠣᠯᠳᠠᠯᠭ᠎ᠠ ᠲᠠᠢ ᠣᠭᠲᠣᠯᠣᠭᠠᠰᠤ ᠶᠢᠨ ᠤᠰᠤᠨ ᠤ ᠴᠢᠨᠠᠷ ᠢ ᠲᠣᠭᠲᠠᠪᠤᠷᠢᠵᠢᠭᠤᠯᠤᠨ ᠪᠠᠷᠢᠮᠵᠢᠶ᠎ᠠ ᠳᠤ ᠬᠦᠷᠭᠡᠬᠦ ᠶᠢ ᠪᠠᠲᠤᠯᠠᠬᠤ ᠲᠥᠰᠥᠯ ︵2023 ︱ 2025︶︾ ᠢ ᠴᠢᠩᠭ᠎ᠠ ᠨᠠᠶᠢᠳᠠᠪᠤᠷᠢᠵᠢᠭᠤᠯᠵᠤ᠂ ᠣᠭᠲᠣᠯᠣᠭᠠᠰᠤ ᠶᠢᠨ ᠤᠰᠤᠨ ᠤ ᠴᠢᠨᠠᠷ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠦᠶᠡᠷ ᠤᠨ ᠬᠤᠭᠤᠴᠠᠭᠠᠨ ᠤ ᠪᠣᠬᠢᠷᠲᠤᠯ ᠤᠨ ᠬᠦᠴᠦᠯᠡᠴᠡ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠂ ᠣᠭᠲᠣᠯᠣᠭᠠᠰᠤ ᠶᠢᠨ ᠤᠰᠤᠨ ᠤ ᠴᠢᠨᠠᠷ ᠢ ᠲᠣᠭᠲᠠᠪᠤᠷᠢᠵᠢᠭᠤᠯᠤᠨ ᠪᠠᠷᠢᠮᠵᠢᠶ᠎ᠠ ᠳᠤ ᠬᠦᠷᠭᠡᠨ᠎ᠡ᠃      ᠭᠤᠷᠪᠠ ᠳᠤ ᠲᠠᠷᠢᠶᠠᠯᠠᠩ ᠤᠨ ᠤᠯᠠᠨ ᠡᠬᠢᠲᠦ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠭᠦᠨᠵᠡᠭᠡᠢ ᠲᠦᠯᠬᠢᠨ ᠠᠬᠢᠭᠤᠯᠤᠨ᠎ᠠ᠃ ᠬᠤᠷᠢᠨᠭᠡᠷ ᠰᠢᠶᠠᠨ ᠤ ᠲᠠᠷᠢᠶᠠᠯᠠᠩ ᠤᠨ ᠤᠯᠠᠨ ᠡᠬᠢᠲᠦ ᠪᠣᠬᠢᠷᠲᠤᠯ ᠢ ᠬᠢᠨᠠᠨ ᠬᠡᠮᠵᠢᠵᠦ ᠦᠨᠡᠯᠡᠨ ᠵᠢᠱᠢᠬᠦ ᠠᠵᠢᠯ ᠢ ᠰᠠᠶᠢᠲᠤᠷ ᠬᠢᠵᠦ᠂ ᠲᠠᠷᠢᠶᠠᠯᠠᠩ ᠤᠨ ᠤᠯᠠᠨ ᠡᠬᠢᠲᠦ ᠪᠣᠬᠢᠷᠲᠤᠯ ᠢ ᠬᠢᠨᠠᠨ ᠬᠡᠮᠵᠢᠬᠦ ᠲᠣᠣᠷ ᠰᠦᠯᠵᠢᠶ᠎ᠡ ᠪᠠ ᠪᠣᠬᠢᠷᠲᠤᠯ ᠢ ᠬᠢᠨᠠᠨ ᠬᠡᠮᠵᠢᠵᠦ ᠦᠨᠡᠯᠡᠨ ᠵᠢᠱᠢᠬᠦ ᠰᠢᠰᠲ᠋ᠧᠮ ᠢ ᠲᠦᠷᠭᠡᠨ ᠪᠠᠶᠢᠭᠤᠯᠤᠨ᠎ᠠ᠃ ᠬᠢᠮᠢ ᠶᠢᠨ ᠪᠣᠷᠳᠣᠭᠤᠷ ᠬᠡᠷᠡᠭᠯᠡᠬᠦ ᠬᠡᠮᠵᠢᠶ᠎ᠡ ᠶᠢ ᠪᠠᠭᠠᠰᠬᠠᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠨ ᠡᠮ ᠬᠡᠷᠡᠭᠯᠡᠬᠦ ᠬᠡᠮᠵᠢᠶ᠎ᠡ ᠶᠢ ᠪᠠᠭᠠᠰᠬᠠᠨ ᠬᠥᠨᠥᠭᠡᠯ ᠢ ᠬᠢᠵᠠᠭᠠᠷᠯᠠᠬᠤ᠂ ᠮᠠᠯ ᠵᠢᠭᠦᠷᠲᠡᠨ ᠤ ᠢᠯᠭᠠᠳᠠᠰᠤ ᠶᠢᠨ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠲᠦᠯᠬᠢᠨ ᠠᠬᠢᠭᠤᠯᠵᠤ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ᠂ ᠲᠠᠷᠢᠶᠠᠯᠠᠩ ᠤᠨ ᠵᠤᠯᠤᠮ᠎ᠠ ᠪᠦᠷᠬᠦᠪᠴᠢ ᠵᠢᠴᠢ ᠬᠢᠮᠢ ᠶᠢᠨ ᠪᠣᠷᠳᠣᠭᠤᠷ᠂ ᠲᠠᠷᠢᠶᠠᠨ ᠡᠮ ᠤᠨ ᠪᠣᠭᠤᠳᠠᠯ ᠤᠨ ᠬᠠᠶᠠᠭᠳᠠᠮᠠᠯ ᠪᠣᠳᠠᠰ ᠢ ᠬᠤᠷᠢᠶᠠᠨ ᠠᠪᠴᠤ ᠠᠰᠢᠭᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃      10. ᠬᠥᠲᠥᠯᠥᠭᠴᠢ      ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ᠄ ︽ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠪᠣᠯ ᠥᠪᠥᠷ ᠮᠣᠩᠭᠤᠯ ᠤᠨ ᠡᠷᠬᠡᠪᠰᠢ ᠪᠠᠲᠤ ᠴᠡᠭᠡᠵᠢᠯᠡᠬᠦ ᠬᠡᠷᠡᠭᠲᠡᠢ ︿ᠤᠯᠤᠰ ᠤᠨ ᠶᠡᠭᠡ ᠶᠠᠪᠤᠳᠠᠯ﹀ ᠮᠥᠨ︾᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠲᠦᠯᠬᠢᠨ ᠠᠬᠢᠭᠤᠯᠬᠤ ᠲᠠᠯ᠎ᠠ ᠪᠠᠷ ᠪᠢᠳᠡᠨ ᠳᠤ ᠶᠠᠮᠠᠷ ᠶᠠᠮᠠᠷ ᠰᠢᠨ᠎ᠡ ᠰᠡᠳᠬᠢᠴᠡ ᠪᠠ ᠠᠷᠭ᠎ᠠ ᠬᠡᠮᠵᠢᠶ᠎ᠡ ᠪᠠᠶᠢᠬᠤ ᠪᠣᠶ︖      11. ᠯᠢ ᠶᠦᠩ ᠱᠧᠩ      ᠲᠦᠷᠦᠭᠦᠬᠡᠨ ᠬᠤᠷᠠᠯᠳᠤᠭᠰᠠᠨ ᠪᠦᠬᠦ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠢᠴᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠬᠤᠷᠠᠯ ᠠᠴᠠ ᠰᠢᠨ᠎ᠡ ᠴᠠᠭ ᠦᠶ᠎ᠡ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ︽ᠶᠡᠭᠡ ᠠᠮᠢ ᠠᠬᠤᠢ︾ ᠲᠡᠶᠢᠰᠢ ᠲᠦᠷᠭᠡᠨ ᠬᠤᠪᠢᠷᠠᠭᠤᠯᠤᠨ ᠲᠡᠰ ᠳᠡᠪᠰᠢᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠰᠠᠯᠠᠭ᠎ᠠ ᠮᠥᠴᠢᠷ ᠤᠨ ᠬᠢᠨ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠲᠦᠷᠦᠭᠦᠯᠡᠨ ᠶᠡᠷᠦᠩᠬᠡᠶᠢᠯᠡᠨ ᠠᠳᠬᠤᠬᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠵᠠᠯᠭᠠᠭᠠᠳ ᠪᠢᠳᠡ ︽ᠵᠢᠷᠭᠤᠭ᠎ᠠ ᠶᠢ ᠨᠢᠭᠡᠳᠦᠯᠲᠡᠢ ᠲᠥᠯᠥᠪᠵᠢᠭᠦᠯᠬᠦ︾ ᠪᠠᠷ ᠭᠠᠷᠳᠠᠴᠠ ᠪᠣᠯᠭᠠᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠤᠨ᠎ᠠ᠃      ᠨᠢᠭᠡ ᠳᠤ ᠵᠣᠬᠢᠶᠠᠨ ᠪᠠᠶᠢᠭᠤᠯᠵᠤ ᠵᠣᠬᠢᠴᠠᠭᠤᠯᠬᠤ ᠶᠢ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠨ᠎ᠠ᠃ ᠲᠤᠰᠬᠠᠢ ᠠᠵᠢᠯ ᠤᠨ ᠳᠤᠭᠤᠶᠢᠯᠠᠩ ᠢᠶᠠᠷ ᠠᠵᠢᠯ ᠢ ᠠᠬᠢᠭᠤᠯᠬᠤ ᠲᠣᠭᠲᠠᠴᠠ ᠪᠠ ᠠᠯᠪᠠᠨ ᠭᠡᠷ ᠤᠨ ᠬᠡᠷᠡᠭ ᠵᠥᠪᠯᠡᠬᠦ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠣᠨ ᠤ ᠭᠤᠣᠯᠳᠠᠯᠭ᠎ᠠ ᠲᠠᠢ ᠠᠵᠢᠯ ᠤᠨ ᠡᠭᠦᠷᠭᠡ ᠶᠢᠨ ᠨᠠᠷᠢᠨ ᠬᠠᠭᠤᠳᠠᠰᠤ ᠶᠢ ᠲᠣᠭᠲᠠᠭᠠᠨ᠂ ᠰᠠᠷ᠎ᠠ ᠪᠠᠷ ᠲᠣᠬᠢᠷᠠᠭᠤᠯᠵᠤ᠂ ᠤᠯᠠᠷᠢᠯ ᠢᠶᠠᠷ ᠮᠡᠳᠡᠭᠡᠯᠡᠵᠦ᠂ ᠣᠨ ᠢᠶᠠᠷ ᠳ᠋ᠦᠩᠨᠡᠵᠦ᠂ ᠬᠤᠰᠢᠭᠤ ᠰᠢᠶᠠᠨ ᠲᠣᠭᠤᠷᠢᠭ ᠤᠨ ᠠᠵᠢᠯ ᠤᠨ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠲᠣᠭᠲᠠᠭᠰᠠᠨ ᠬᠤᠭᠤᠴᠠᠭ᠎ᠠ ᠲᠠᠢ ᠡᠮᠬᠢᠯᠡᠨ ᠳᠢᠭᠯᠡᠵᠦ᠂ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠭᠦᠢᠴᠡᠳᠬᠡᠬᠦ ᠶᠢ ᠴᠢᠩᠭᠠᠳᠬᠠᠨ᠂ ᠴᠠᠭ ᠲᠤᠬᠠᠢ ᠳᠤᠨᠢ ᠬᠤᠷᠠᠯ ᠬᠤᠷᠠᠯᠳᠤᠭᠤᠯᠤᠨ ᠲᠣᠪᠣᠶᠢᠮ᠎ᠠ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠠᠵᠢᠯ ᠢ ᠣᠷᠭᠠᠨᠢᠭ ᠢᠶᠠᠷ ᠵᠣᠯᠭᠠᠭᠤᠯᠤᠨ᠂ ᠡᠭᠦᠷᠭᠡ ᠶᠢ ᠪᠦᠲᠦᠮᠵᠢᠲᠡᠶ ᠨᠠᠶᠢᠳᠠᠪᠤᠷᠢᠵᠢᠭᠤᠯᠤᠨ᠎ᠠ᠃ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠣᠷᠣᠨ ᠤ ᠲᠥᠪ ᠢ ᠪᠦᠲᠦᠭᠡᠨ ᠪᠠᠶᠢᠭᠤᠯᠬᠤ ᠠᠵᠢᠯᠯᠠᠭ᠎ᠠ ᠶᠢᠨ ᠲᠥᠰᠥᠯ ᠢ ᠨᠠᠶᠢᠷᠠᠭᠤᠯᠤᠨ ᠵᠣᠬᠢᠶᠠᠵᠤ᠂ ᠱᠠᠲᠤ ᠦᠶ᠎ᠡ ᠶᠢᠨ ᠬᠠᠷᠠᠯᠲᠠ ᠶᠢ ᠲᠣᠭᠲᠠᠭᠠᠵᠤ᠂ ᠭᠤᠣᠯᠳᠠᠯᠭ᠎ᠠ ᠲᠠᠢ ᠡᠭᠦᠷᠭᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠣᠳᠣᠷᠬᠠᠢ ᠪᠣᠯᠭᠠᠨ᠎ᠠ᠃      ᠬᠤᠶᠠᠷ ᠲᠤ ᠬᠠᠤᠯᠢ ᠲᠣᠭᠲᠠᠭᠠᠯ ᠤᠨ ᠪᠠᠷᠢᠮᠵᠢᠶ᠎ᠠ ᠶᠢ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠨ᠎ᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠠᠵᠢᠯ ᠤᠨ ᠵᠥᠪᠯᠡᠯ᠂ ᠬᠠᠤᠯᠢ ᠴᠠᠭᠠᠵᠠ ᠶᠢᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠬᠠᠷᠢᠯᠴᠠᠨ ᠵᠣᠯᠭᠠᠭᠤᠯᠬᠤ ᠶᠢ ᠴᠢᠩᠭᠠᠳᠬᠠᠵᠤ᠂ ︽ᠬᠥᠬᠡᠬᠤᠲᠠ ᠶᠢᠨ ᠬᠠᠶᠠᠭᠳᠠᠮᠠᠯ ᠢᠳᠡᠭᠡᠨ ᠤ ᠲᠣᠰᠣᠨ ᠤ ᠬᠠᠮᠢᠶᠠᠷᠤᠯᠲᠠ ᠶᠢᠨ ᠳᠦᠷᠢᠮ︾ ᠢ ᠬᠦᠴᠦᠨ ᠦᠭᠡᠢ ᠪᠣᠯᠭᠠᠵᠤ᠂ ︽ᠬᠥᠬᠡᠬᠤᠲᠠ ᠶᠢᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠳᠦᠷᠢᠮ︾ ᠳᠤ ᠵᠠᠰᠠᠪᠤᠷᠢ ᠣᠷᠣᠭᠤᠯᠵᠤ᠂ ᠨᠡᠭᠦᠷᠡᠰᠦᠨ ᠤ ᠨᠤᠨᠳᠠᠭ ᠦᠨᠡᠰᠦ ᠶᠢ ᠠᠰᠢᠭᠯᠠᠨ ᠬᠥᠷᠥᠰᠥ ᠰᠢᠷᠣᠢ ᠢᠳᠡᠭᠳᠡᠭᠰᠡᠨ ᠭᠤᠸ ᠭᠠᠩᠭ᠎ᠠ ᠶᠢᠨ ᠠᠮᠢ ᠠᠬᠤᠢ ᠶᠢ ᠰᠡᠷᠭᠦᠭᠡᠬᠦ ᠮᠡᠷᠭᠡᠵᠢᠯ ᠤᠨ ᠵᠢᠷᠤᠮᠵᠢᠯ ᠢ ᠲᠣᠭᠲᠠᠭᠠᠨ ᠬᠡᠷᠡᠭᠵᠢᠭᠦᠯᠵᠦ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠪᠦᠲᠦᠭᠡᠨ ᠪᠠᠶᠢᠭᠤᠯᠤᠯᠲᠠ ᠶᠢᠨ ᠬᠠᠤᠯᠢ ᠪᠠᠷ ᠵᠠᠰᠠᠬᠤ ᠰᠢᠰᠲ᠋ᠧᠮᠵᠢ ᠶᠢ ᠪᠦᠷᠢᠨᠰᠢᠭᠦᠯᠦᠨ᠎ᠡ᠃      ᠭᠤᠷᠪᠠ ᠳᠤ ᠬᠢᠨᠠᠨ ᠬᠡᠮᠵᠢᠵᠦ ᠦᠨᠡᠯᠡᠨ ᠵᠢᠱᠢᠬᠦ ᠶᠢ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠨ᠎ᠠ᠃ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠬᠢᠨᠠᠨ ᠬᠡᠮᠵᠢᠬᠦ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠠᠮᠢ ᠠᠬᠤᠢ ᠶᠢᠨ ᠶᠠᠰᠤ ᠴᠢᠨᠠᠷ ᠲᠤ ᠬᠢᠨᠠᠯᠲᠠ ᠲᠠᠯᠪᠢᠵᠤ ᠬᠢᠨᠠᠨ ᠬᠡᠮᠵᠢᠬᠦ ᠶᠢ ᠴᠢᠩᠭᠠᠳᠬᠠᠵᠤ᠂ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠵᠣᠯᠭᠠᠭᠤᠯᠬᠤ ᠶᠢ ᠴᠢᠩᠭᠠᠳᠬᠠᠨ᠂ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠲᠥᠪᠯᠡᠷᠡᠭᠦᠯᠦᠨ ᠬᠠᠮᠲᠤᠪᠠᠷ ᠭᠥᠷᠳᠡᠬᠦ ᠪᠠ ᠶᠡᠷᠦᠩᠬᠡᠶᠢᠯᠡᠨ ᠨᠡᠭᠡᠭᠡᠨ ᠠᠰᠢᠭᠯᠠᠬᠤ ᠶᠢ ᠲᠦᠷᠭᠡᠳᠬᠡᠵᠦ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠬᠢᠨᠠᠨ ᠬᠡᠮᠵᠢᠬᠦ ᠲᠥᠰᠥᠯ ᠢ ᠲᠣᠭᠲᠠᠭᠠᠵᠤ᠂ ᠣᠷᠴᠢᠨ ᠲᠣᠭᠤᠷᠢᠨ ᠤ ᠶᠠᠰᠤ ᠴᠢᠨᠠᠷ᠂ ᠪᠣᠬᠢᠷᠲᠤᠯ ᠤᠨ ᠡᠬᠢ᠂ ᠪᠠᠶᠢᠭᠠᠯᠢ ᠶᠢᠨ ᠠᠮᠢ ᠠᠬᠤᠢ ᠶᠢᠨ ᠪᠠᠶᠢᠳᠠᠯ ᠵᠡᠷᠭᠡ ᠬᠦᠴᠦᠨ ᠵᠦᠢᠯ ᠢ ᠬᠠᠮᠤᠷᠤᠭᠰᠠᠨ ︽ᠣᠭᠲᠠᠷᠭᠤᠢ ᠭᠠᠵᠠᠷ︾ ᠢ ᠨᠢᠭᠡ ᠴᠣᠭᠴᠠᠵᠢᠭᠤᠯᠬᠤ᠂ ᠠᠮᠢ ᠠᠬᠤᠢ ᠶᠢᠨ ᠣᠷᠴᠢᠨ ᠲᠣᠭᠤᠷᠢᠨ ᠤ ᠬᠢᠨᠠᠨ ᠬᠡᠮᠵᠢᠬᠦ ᠲᠣᠣᠷ ᠰᠦᠯᠵᠢᠶ᠎ᠡ ᠶᠢ ᠨᠠᠷᠢᠯᠢᠭᠵᠢᠭᠤᠯᠤᠨ᠎ᠠ᠃      ᠳᠥᠷᠪᠡ ᠳᠤ ᠬᠢᠨᠠᠯᠲᠠ ᠲᠠᠯᠪᠢᠬᠤ ᠰᠢᠰᠲ᠋ᠧᠮ ᠢ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠨ᠎ᠠ᠃ ᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠲᠠᠢ ᠵᠣᠯᠭᠠᠭᠤᠯᠬᠤ ᠶᠢ ᠴᠢᠩᠭᠠᠳᠬᠠᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠬᠢᠨᠠᠯᠲᠠ ᠬᠡᠷᠡᠭᠵᠢᠭᠦᠯᠦᠯᠲᠡ ᠶᠢᠨ ᠲᠠᠪᠴᠠᠩ ᠪᠠ ᠬᠤᠳᠠ ᠶᠢᠨ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠭᠤᠯᠭ᠎ᠠ ᠳᠤ ᠣᠷᠣᠭᠤᠯᠤᠨ᠎ᠠ᠃ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠳᠤ ᠰᠠᠨᠠᠭᠠᠴᠢᠯᠠᠭ᠎ᠠ ᠠᠴᠠ ᠪᠠᠨ ᠬᠠᠷᠢᠭᠤ ᠮᠡᠳᠡᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠬᠦᠷᠢᠶᠡᠨ ᠳᠠᠬᠢ ᠬᠠᠤᠯᠢ ᠲᠣᠭᠲᠠᠭᠠᠬᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠪᠠ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢ ᠬᠢᠨᠠᠯᠲᠠ ᠶᠢ ᠴᠢᠩᠭᠠᠳᠬᠠᠨ᠎ᠠ᠃ ᠬᠤᠳᠠ ᠶᠢᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠡᠷᠭᠡ ᠰᠠᠯᠠᠭ᠎ᠠ ᠮᠥᠴᠢᠷ ᠯᠦᠭᠡ ᠶᠢᠨ ᠬᠠᠷᠢᠯᠴᠠᠭ᠎ᠠ ᠪᠠᠨ ᠴᠢᠩᠭᠠᠳᠬᠠᠵᠤ᠂ ᠠᠮᠢ ᠠᠬᠤᠢ ᠶᠢᠨ ᠣᠷᠴᠢᠨ ᠨᠥᠬᠦᠴᠡᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠬᠢᠭᠡᠳ ᠡᠷᠡᠭᠦᠦ ᠶᠢᠨ ᠬᠡᠷᠡᠭ ᠤᠨ ᠬᠠᠤᠯᠢ ᠪᠠᠷᠢᠬᠤ ᠨᠢᠭᠲᠠ ᠠᠪᠴᠠᠯᠳᠤᠨ ᠬᠠᠮᠵᠢᠯᠴᠠᠬᠤ ᠶᠢ ᠲᠦᠯᠬᠢᠨ ᠠᠬᠢᠭᠤᠯᠵᠤ᠂ ᠪᠠᠶᠢᠴᠠᠭᠠᠬᠤ ᠰᠠᠯᠠᠭ᠎ᠠ ᠮᠥᠴᠢᠷ ᠲᠠᠢ ᠬᠠᠮᠵᠢᠯᠴᠠᠨ ᠠᠮᠢ ᠠᠬᠤᠢ ᠶᠢᠨ ᠣᠷᠴᠢᠨ ᠨᠥᠬᠦᠴᠡᠯ ᠤᠨ ᠬᠡᠷᠡᠭ ᠤᠨ ᠨᠡᠶᠢᠲᠡ ᠶᠢᠨ ᠠᠰᠠᠷᠠᠮᠵᠢ ᠶᠢᠨ ᠵᠠᠷᠭᠤ ᠶᠢ ᠰᠠᠶᠢᠲᠤᠷ ᠬᠢᠨ᠎ᠡ᠃ ᠡᠯ᠎ᠡ ᠲᠥᠷᠥᠯ ᠤᠨ ᠬᠢᠨᠠᠯᠲᠠ ᠶᠢ ᠠᠭᠤᠰᠤᠯᠴᠠᠭᠤᠯᠤᠭᠰᠠᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠪᠦᠲᠦᠭᠡᠨ ᠪᠠᠶᠢᠭᠤᠯᠤᠯᠲᠠ ᠶᠢᠨ ᠬᠢᠨᠠᠯᠲᠠ ᠲᠠᠯᠪᠢᠬᠤ ᠰᠢᠰᠲ᠋ᠧᠮᠵᠢ ᠶᠢ ᠲᠦᠷᠭᠡᠨ ᠪᠠᠶᠢᠭᠤᠯᠵᠤ᠂ ᠡᠯ᠎ᠡ ᠲᠥᠷᠥᠯ ᠤᠨ ᠬᠢᠨᠠᠯᠲᠠ ᠠᠪᠴᠠᠯᠳᠤᠨ ᠵᠣᠬᠢᠴᠠᠯᠳᠤᠵᠤ᠂ ᠨᠡᠶᠢᠯᠡᠯ ᠬᠦᠴᠦᠨ ᠪᠣᠯᠬᠤ ᠶᠢ ᠠᠬᠢᠭᠤᠯᠤᠨ᠎ᠠ᠃      ᠲᠠᠪᠤ ᠳᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠨ᠎ᠠ᠃ ᠠᠮᠢ ᠠᠬᠤᠢ ᠶᠢᠨ ᠣᠷᠴᠢᠨ ᠲᠣᠭᠤᠷᠢᠨ ᠤ ᠮᠡᠷᠭᠡᠵᠢᠯ ᠢ ᠰᠤᠳᠤᠯᠤᠨ ᠨᠡᠭᠡᠭᠡᠬᠦ᠂ ᠦᠷ᠎ᠡ ᠪᠦᠲᠦᠭᠡᠯ ᠢ ᠤᠯᠠᠷᠢᠭᠤᠯᠬᠤ ᠪᠠ ᠬᠡᠷᠡᠭᠯᠡᠯᠲᠡ ᠶᠢᠨ ᠵᠢᠱᠢᠶ᠎ᠡ ᠦᠵᠡᠭᠦᠯᠬᠦ ᠵᠡᠷᠭᠡ ᠠᠵᠢᠯ ᠢ ᠢᠳᠡᠪᠬᠢᠲᠡᠢ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠪᠲᠤᠯᠤᠯᠲᠠ ᠶᠢᠨ ᠢᠨᠵᠧᠨᠧᠷᠢᠩ ᠢ ᠭᠦᠨᠵᠡᠭᠡᠢ ᠨᠠᠶᠢᠳᠠᠪᠤᠷᠢᠵᠢᠭᠤᠯᠤᠨ᠂ ᠠᠰᠠᠭᠤᠳᠠᠯ ᠪᠠ ᠬᠡᠷᠡᠭᠴᠡᠭᠡ ᠱᠠᠭᠠᠷᠳᠠᠯᠭ᠎ᠠ ᠶᠢᠨ ᠤᠳᠤᠷᠢᠳᠤᠮᠵᠢ ᠶᠢ ᠪᠠᠷᠢᠮᠲᠠᠯᠠᠵᠤ᠂ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠦᠨ᠂ ᠰᠠᠯᠠᠭ᠎ᠠ ᠮᠥᠴᠢᠷ ᠢ ᠵᠣᠬᠢᠴᠠᠭᠤᠯᠵᠤ᠂ ᠬᠦᠴᠦᠨ ᠢ ᠨᠡᠶᠢᠳᠬᠡᠵᠦ᠂ ᠲᠠᠪᠴᠠᠩ ᠪᠠᠶᠢᠭᠤᠯᠤᠨ᠂ ᠲᠤᠰᠬᠠᠢ ᠪᠡᠯᠡ ᠮᠥᠩᠭᠦ ᠶᠢᠨ ᠲᠥᠷᠥᠯ ᠵᠦᠢᠯ ᠤᠨ ᠬᠥᠮᠥᠷᠭᠡ ᠶᠢ ᠬᠢᠨᠠᠮᠠᠭᠠᠢ ᠲᠥᠰᠥᠪᠯᠡᠵᠦ᠂ ᠨᠢᠭᠡ ᠪᠦᠯᠦᠭ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠢ ᠬᠡᠷᠡᠭᠵᠢᠭᠦᠯᠦᠨ᠂ ᠠᠮᠢ ᠠᠬᠤᠢ ᠶᠢᠨ ᠣᠷᠴᠢᠨ ᠲᠣᠭᠤᠷᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠪᠠᠲᠤᠯᠠᠭ᠎ᠠ ᠶᠢᠨ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠦᠨ᠎ᠡ᠃      ᠵᠢᠷᠭᠤᠭ᠎ᠠ ᠳᠤ ᠭᠠᠳᠠᠷ ᠣᠷᠣᠨ ᠲᠠᠢ ᠬᠠᠮᠲᠤᠷᠠᠯᠴᠠᠬᠤ ᠶᠢ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠨ᠎ᠠ᠃ ᠬᠥᠷᠰᠢ ᠵᠡᠷᠭᠡᠯᠡᠳᠡᠭᠡ ᠠᠶᠢᠮᠠᠭ ᠬᠤᠲᠠ᠂ ᠮᠤᠵᠢ ᠣᠷᠣᠨ ᠯᠤᠭ᠎ᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠵᠠᠰᠠᠬᠤ ᠶᠢ ᠴᠢᠩᠭᠠᠳᠬᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠦᠷᠢᠶ᠎ᠡ ᠴᠠᠷᠠᠭ᠎ᠠ ᠶᠢᠨ ᠮᠡᠷᠭᠡᠵᠢᠯ ᠪᠠ ᠲᠥᠷᠥᠯ ᠵᠦᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠥᠷᠭᠡᠳᠬᠡᠨ᠂ ᠬᠠᠮᠲᠤᠷᠠᠯᠴᠠᠬᠤ ᠲᠥᠰᠥᠯ᠂ ᠭᠠᠳᠠᠭᠰᠢ ᠰᠤᠷᠪᠤᠯᠵᠢᠯᠠᠬᠤ ᠲᠥᠯᠥᠪᠯᠡᠭᠡ ᠶᠢ ᠬᠤᠷᠳᠤᠨ ᠲᠣᠭᠲᠠᠭᠠᠨ᠎ᠠ᠃      12. ᠬᠠᠮᠢᠶᠠᠷᠤᠭᠴᠢ      ᠬᠥᠬᠡᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠯᠢ ᠶᠦᠩ ᠱᠧᠩ᠂ ᠠᠯᠪᠠᠨ ᠭᠡᠷ ᠤᠨ ᠡᠷᠬᠢᠯᠡᠭᠴᠢ ᠼᠣᠣ ᠬᠤᠢ᠂ ᠶᠡᠷᠦᠩᠬᠡᠢ ᠪᠠᠲᠤᠯᠠᠭ᠎ᠠ ᠶᠢᠨ ᠲᠥᠪ ᠤᠨ ᠡᠷᠬᠢᠯᠡᠭᠴᠢ ᠮᠠ ᠹᠠ ᠺᠦᠨ ᠳᠤ ᠪᠠᠶᠠᠷᠯᠠᠯ᠎ᠠ᠂ ᠰᠦᠯᠵᠢᠶᠡᠨ ᠨᠠᠶᠢᠵᠠ ᠨᠠᠷ ᠤᠨ ᠠᠩᠬᠠᠷᠤᠯ ᠢᠶᠠᠨ ᠬᠠᠨᠳᠤᠭᠤᠯᠵᠤ ᠣᠷᠤᠯᠴᠠᠭᠰᠠᠨ ᠳᠤ ᠪᠠᠶᠠᠷᠯᠠᠯ᠎ᠠ᠂ ᠲᠣᠰ ᠤᠳᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠥᠨᠳᠦᠷᠯᠡᠯ᠎ᠡ᠂ ᠪᠠᠶᠠᠷᠯᠠᠯ᠎ᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ