ᠰᠢᠨᠵᠢᠯᠡᠬᠦ ᠤᠬᠠᠭᠠᠨ ᠮᠡᠷᠭᠡᠵᠢᠯ ᠤᠨ ᠷᠢᠳᠢ ᠰᠢᠳᠢ ᠶᠢ ᠪᠡᠶᠡᠴᠢᠯᠡᠨ ᠤᠶᠢᠯᠠᠭᠠᠶ᠎ᠠ
ᠨᠡᠶᠢᠲᠡᠯᠡᠭᠰᠡᠨ ᠴᠠᠭ᠄
2024/2/29
6226e0db-eaaf-4787-bada-9844816710bb.jpg
      2 ᠳ᠋ᠤᠭᠠᠷ ᠰᠠᠷ᠎ᠠ ᠶᠢᠨ 26 ᠤ ᠡᠳᠦᠷ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠠᠮ ᠲᠡᠷᠭᠡ ᠵᠢᠦᠢ ᠬᠤᠸᠠ ᠪᠦᠯᠦᠭᠯᠡᠯ ᠤᠨ ᠬᠤᠶᠠᠳᠤᠭᠠᠷ ᠪᠠᠭ᠎ᠠ ᠰᠤᠷᠭᠠᠭᠤᠯᠢ ᠳᠤ  ᠬᠦᠷᠴᠦ᠂ ᠰᠤᠷᠤᠭᠴᠢᠳ ᠲᠤ ᠠᠮᠢᠳᠤᠯᠢᠭ ᠰᠣᠨᠢᠷᠬᠠᠯᠲᠠᠢ ︽ᠰᠤᠷᠭᠠᠭᠤᠯᠢ ᠡᠬᠢᠯᠡᠬᠦ ᠠᠩᠬᠠᠨ ᠤ ᠬᠢᠴᠢᠶᠡᠯ︾ ᠢ ᠠᠪᠴᠢᠷᠠᠵᠤ ᠥᠭᠪᠡ᠃ ᠠᠬᠤᠢ ᠲᠠᠯᠠᠪᠠᠢ ᠳᠤ᠂ ᠰᠤᠷᠤᠭᠴᠢᠳ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠠᠮ ᠲᠡᠷᠭᠡ ᠶᠢᠨ ᠬᠠᠷᠢᠯᠴᠠᠨ ᠦᠢᠯᠡᠳᠦᠯᠴᠡᠬᠦ ᠦᠵᠡᠭᠦᠯᠦᠯᠭᠡ ᠶᠢᠨ ᠵᠦᠢᠯᠡᠰ ᠢ ᠪᠡᠶᠡᠴᠢᠯᠡᠨ ᠣᠶᠢᠯᠠᠭᠠᠬᠤ ᠳᠤ ᠣᠷᠣᠯᠴᠠᠭᠰᠠᠨ ᠢᠶᠠᠷ ᠪᠠᠷᠠᠬᠤ ᠦᠭᠡᠢ ᠪᠠᠰᠠ ᠭᠤᠶᠢᠳᠠ ᠰᠠᠶᠢᠬᠠᠨ ︽ᠲᠦᠷᠪᠡᠨ ᠬᠥᠯᠲᠦ ᠮᠠᠰᠢᠨ ᠬᠥᠮᠥᠨ︾ ᠤ ᠲᠣᠭᠯᠠᠯᠲᠠ ᠶᠢ ᠰᠣᠨᠢᠷᠬᠠᠪᠠ᠃       ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠠᠮ ᠲᠡᠷᠭᠡ  ᠶᠢ ᠰᠤᠷᠭᠠᠭᠤᠯᠢ  ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ  ᠶᠢᠨ ᠵᠣᠷᠢᠯᠭ᠎ᠠ ᠨᠢ ᠰᠢᠭᠤᠳ ᠦᠵᠡᠭᠦᠯᠬᠦ᠂ ᠳᠦᠷᠰᠦᠯᠢᠭ ᠬᠡᠯᠪᠡᠷᠢ ᠪᠠᠷ ᠰᠤᠷᠤᠭᠴᠢᠳ ᠲᠤ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠵᠦ᠂ ᠲᠡᠳᠡᠨ ᠤ ᠰᠢᠨᠵᠢᠯᠡᠬᠦ ᠤᠬᠠᠭᠠᠨ ᠳᠤ ᠬᠠᠶᠢᠷᠠᠲᠠᠢ ᠪᠣᠯᠭᠠᠵᠤ᠂ ᠬᠠᠶᠢᠨ ᠰᠦᠪᠡᠭᠴᠢᠯᠡᠬᠦ ᠵᠣᠷᠢᠭ ᠰᠠᠨᠠᠭ᠎ᠠ ᠶᠢ ᠬᠥᠭᠵᠢᠭᠡᠬᠦ  ᠶᠢᠨ ᠲᠥᠯᠥᠭᠡ ᠶᠤᠮ᠃        ᠬᠥᠬᠡᠬᠤᠲᠠ ᠶᠢᠨ ᠡᠳᠦᠷ ᠤᠨ ᠰᠣᠨᠢᠨ ᠤ ᠰᠤᠷᠪᠤᠯᠵᠢᠯᠠᠭᠴᠢ ᠸᠠᠩ ᠵᠥᠩ ᠵᠸᠦ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ