ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭ᠎ᠠ ᠶᠢᠨ ᠬᠤᠷᠠᠯ ᠳᠡᠭᠡᠷ᠎ᠡ  ᠬᠥᠬᠡᠬᠤᠲᠠ ᠶᠢᠨ ᠲᠥᠯᠥᠭᠡᠯᠡᠭᠴᠢᠳ ᠤᠨ ᠪᠦᠯᠬᠦᠮ ᠬᠠᠤᠯᠢ ᠶᠣᠰᠣᠭᠠᠷ ᠶᠡᠭᠡ ᠬᠤᠷᠠᠯ ᠳᠤ 4 ᠬᠤᠪᠢ ᠵᠥᠪᠯᠡᠯᠭᠡ 47 ᠬᠤᠪᠢ ᠰᠠᠨᠠᠭᠤᠯᠭ᠎ᠠ ᠳᠡᠪᠰᠢᠭᠦᠯᠵᠡᠢ
ᠨᠡᠶᠢᠲᠡᠯᠡᠭᠰᠡᠨ ᠴᠠᠭ᠄
2024/2/4
      ︵ᠰᠤᠷᠪᠤᠯᠵᠢᠯᠠᠭᠴᠢ ᠭᠧᠩ ᠰᠢᠨ︶ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭ᠎ᠠ ᠶᠢᠨ ᠬᠤᠷᠠᠯ 2 ᠳ᠋ᠤᠭᠠᠷ ᠰᠠᠷ᠎ᠠ ᠶᠢᠨ 2 ᠤᠨ ᠡᠳᠦᠷ ᠲᠡᠭᠦᠰᠪᠡ᠃ ᠬᠤᠷᠠᠯ ᠤᠨ ᠬᠤᠭᠤᠴᠠᠭᠠᠨ ᠳᠤ᠂ ᠬᠥᠬᠡᠬᠤᠲᠠ ᠶᠢᠨ ᠲᠥᠯᠥᠭᠡᠯᠡᠭᠴᠢᠳ ᠤᠨ ᠪᠦᠯᠬᠦᠮ ᠬᠠᠤᠯᠢ ᠶᠣᠰᠣᠭᠠᠷ ᠶᠡᠭᠡ ᠬᠤᠷᠠᠯ ᠳᠤ 4 ᠬᠤᠪᠢ ᠵᠥᠪᠯᠡᠯᠭᠡ᠂ 47 ᠬᠤᠪᠢ ᠰᠠᠨᠠᠭᠤᠯᠭ᠎ᠠ ᠳᠡᠪᠰᠢᠭᠦᠯᠵᠡᠢ᠃      ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭ᠎ᠠ ᠶᠢᠨ ᠬᠤᠷᠠᠯ ᠤᠨ ᠬᠤᠭᠤᠴᠠᠭᠠᠨ ᠳᠤ᠂ ᠬᠥᠬᠡᠬᠤᠲᠠ ᠶᠢᠨ ᠲᠥᠯᠥᠭᠡᠯᠡᠭᠴᠢᠳ ᠤᠨ ᠪᠦᠯᠬᠦᠮ ᠤᠨ ᠪᠥᠬᠦ ᠲᠥᠯᠥᠭᠡᠯᠡᠭᠴᠢᠳ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠ ᠲᠡᠭᠦᠰ ᠲᠡᠭᠦᠯᠳᠡᠷ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠡᠭᠦᠷᠭᠡ ᠲᠤᠰᠢᠶᠠᠯ ᠢᠶᠠᠨ ᠬᠠᠤᠯᠢ ᠶᠣᠰᠣᠭᠠᠷ ᠭᠦᠢᠴᠡᠳᠬᠡᠵᠦ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠶᠢᠨ ᠶᠡᠭᠡ ᠲᠠᠯ᠎ᠠ ᠪᠠ ᠠᠷᠠᠳ ᠣᠯᠠᠨ ᠤ ᠪᠣᠳᠣᠵᠤ ᠬᠦᠰᠡᠵᠦ ᠰᠠᠨᠠᠭᠰᠠᠨ ᠲᠠᠢ ᠨᠢᠭᠲᠠ ᠤᠶᠠᠯᠳᠤᠭᠤᠯᠤᠨ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠪᠠ᠃ ᠲᠤᠰ ᠤᠳᠠᠭ᠎ᠠ ᠶᠢᠨ ᠬᠥᠬᠡᠬᠤᠲᠠ ᠶᠢᠨ ᠲᠥᠯᠥᠭᠡᠯᠡᠭᠴᠢᠳ ᠤᠨ ᠪᠦᠯᠬᠦᠮ ᠤᠨ ᠳᠡᠪᠰᠢᠭᠦᠯᠦᠭᠰᠡᠨ ᠵᠥᠪᠯᠡᠯᠭᠡ ᠰᠠᠨᠠᠭᠤᠯᠭ᠎ᠠ ᠨᠢ ᠠᠵᠤ ᠠᠬᠤᠢ ᠶᠢᠨ ᠪᠦᠲᠦᠭᠡᠨ ᠪᠠᠶᠢᠭᠤᠯᠤᠯᠲᠠ᠂ ᠤᠯᠤᠰ ᠲᠦᠷᠦ ᠶᠢᠨ ᠪᠠᠶᠢᠭᠤᠯᠤᠯᠲᠠ᠂ ᠰᠣᠶᠣᠯ ᠤᠨ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠵᠡᠷᠭᠡ ᠬᠦᠷᠢᠶ᠎ᠡ ᠶᠢ ᠬᠠᠮᠤᠷᠴᠤ᠂ ᠮᠠᠰᠢ ᠴᠢᠩᠭ᠎ᠠ ᠬᠠᠨᠳᠤᠯᠭᠠᠲᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠶᠤᠮ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ