ᠰᠠᠶᠢᠨ ᠢᠷᠡᠪᠡᠤ
ᠨᠡᠶᠢᠲᠡᠯᠡᠭᠰᠡᠨ ᠴᠠᠭ᠄
2024/2/5
20240205.jpg
      ᠣᠶᠢᠷ᠎ᠠ ᠳᠤ᠂ ︽ᠰᠠᠶᠢᠨ ᠢᠷᠡᠪᠡᠤ︾ ᠬᠤᠲᠠ ᠶᠢᠨ ᠭᠤᠣᠯ ᠰᠡᠳᠦᠪᠲᠦ ᠭᠢᠯᠪᠠᠭᠠᠨ ᠲᠣᠭᠯᠠᠯᠲᠠ ᠬᠥᠬᠡᠬᠤᠲᠠ ᠶᠢᠨ ᠭᠠᠯᠲᠤ ᠲᠡᠷᠭᠡᠨ ᠤ ᠵᠡᠭᠦᠨ ᠥᠷᠲᠡᠭᠡ ᠳᠤ ᠶᠠᠪᠤᠭᠳᠠᠪᠠ᠃ ᠲᠣᠰ ᠤᠳᠠᠭᠠᠨ ᠤ ᠠᠵᠢᠯᠯᠠᠭ᠎ᠠ ᠶᠢ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠭᠤᠣᠯᠯᠠᠨ ᠡᠷᠭᠢᠯᠡᠵᠦ᠂ ᠨᠤᠲᠤᠭ ᠲᠠᠭᠠᠨ ᠬᠠᠷᠢᠵᠤ ᠰᠢᠨᠡᠯᠡᠬᠦ ᠬᠥᠮᠥᠰ ᠢ ᠭᠢᠯᠪᠠᠭᠠᠨ ᠲᠣᠭᠯᠠᠯᠲᠠ ᠶᠢᠨ ᠬᠡᠯᠪᠡᠷᠢ ᠪᠠᠷ ᠤᠭᠲᠤᠵᠤ᠂ ᠣᠯᠠᠨ ᠳᠤ ᠭᠡᠷ ᠪᠦᠯᠢ ᠶᠢᠨ ᠬᠠᠯᠠᠭᠤᠨ ᠳᠤᠯᠠᠭᠠᠨ ᠢ ᠮᠡᠳᠡᠷᠡᠭᠦᠯᠵᠡᠢ᠃      ᠠᠵᠢᠯᠯᠠᠭ᠎ᠠ ᠶᠢᠨ ᠠᠬᠤᠢ ᠲᠠᠯᠠᠪᠠᠢ ᠳᠤ᠂ ᠬᠤᠳᠠ ᠶᠢᠨ ᠤᠯᠠᠭᠠᠨᠮᠥ᠋ᠴᠢᠷ ᠤᠨ ᠲᠣᠭᠯᠠᠭᠴᠢᠳ ᠭᠤᠶᠢᠳᠠ ᠰᠠᠶᠢᠬᠠᠨ ᠲᠣᠭᠯᠠᠯᠲᠠ ᠲᠠᠢ ᠢᠷᠡᠯ᠎ᠡ᠃ ᠲᠤᠰ ᠤᠳᠠᠭ᠎ᠠ ᠶᠢᠨ ᠭᠢᠯᠪᠠᠭᠠᠨ ᠲᠣᠭᠯᠠᠯᠲᠠ ᠶᠢ ᠴᠠᠭᠠᠨ ᠰᠠᠷ᠎ᠠ ᠠᠴᠠ ᠡᠮᠦᠨ᠎ᠡ ᠲᠤᠰ ᠲᠤᠰ ᠬᠥᠬᠡᠬᠤᠲᠠ ᠶᠢᠨ ᠴᠠᠭᠠᠨ ᠰᠤᠪᠤᠷᠭ᠎ᠠ ᠶᠢᠨ ᠨᠢᠰᠬᠡᠯ ᠤᠨ ᠪᠠᠭᠤᠳᠠᠯ᠂ ᠵᠧᠨ ᠬᠤᠸᠠ ᠲᠠᠯᠠᠪᠠᠢ᠂ ᠸᠠᠨ ᠳ᠋ᠠ ᠺᠢᠨᠣ᠋ ᠶᠢᠨ ᠬᠤᠳᠠ᠂ ᠬᠥᠬᠡᠬᠤᠲᠠ ᠶᠢᠨ ᠭᠠᠯᠲᠤ ᠲᠡᠷᠭᠡᠨ ᠦᠷᠳᠡᠭᠡ ᠳᠤ ᠲᠣᠭᠯᠠᠨ᠎ᠠ᠃ ᠳᠠᠳᠤᠯᠭ᠎ᠠ ᠶᠢᠨ ᠰᠤᠷᠪᠤᠯᠵᠢᠯᠠᠭᠴᠢ ᠷᠥᠸᠧ ᠬᠦ᠋ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ