ᠮᠠᠨ ᠤ ᠬᠤᠲᠠ ᠶᠢᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠠᠩᠬ᠎ᠠ ᠮᠣᠷᠳᠠᠪᠠ
ᠨᠡᠶᠢᠲᠡᠯᠡᠭᠰᠡᠨ ᠴᠠᠭ᠄
2024/2/6
      ︵ᠰᠤᠷᠪᠤᠯᠵᠢᠯᠠᠭᠴᠢ ᠶᠦᠨ ᠶᠠᠨ ᠹᠠᠩ︶ ᠣᠶᠢᠷ᠎ᠠ ᠳᠤ᠂ ᠭᠡᠷ ᠤᠨ ᠡᠳ᠋ᠯᠡᠯ ᠬᠡᠷᠡᠭᠰᠡᠯ᠂ ᠸᠠᠭᠠᠷ ᠱᠠᠭᠠᠵᠠᠩ ᠭᠠᠯ ᠲᠣᠭᠤᠭᠠᠨ ᠤ ᠬᠡᠷᠡᠭᠰᠡᠯ᠂ ᠮᠠᠰᠢᠨ ᠲᠡᠷᠭᠡᠨ ᠤ ᠰᠡᠯᠪᠢᠭ ᠲᠤᠨᠤᠭ ᠵᠡᠷᠭᠡ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠪᠠᠷᠠᠭ᠎ᠠ ᠶᠢ ᠳᠦᠭᠦᠷᠲᠡᠯ᠎ᠡ ᠲᠡᠭᠡᠭᠡᠭᠰᠡᠨ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠬᠥᠬᠡᠬᠤᠲᠠ ᠶᠢᠨ ᠡᠯᠡᠰᠦᠨ ᠳᠠᠪᠠᠭ᠎ᠠ ᠪᠠᠷᠠᠭᠠᠨ ᠤ ᠭᠦᠢᠯᠭᠡᠭᠡᠨ ᠤ ᠬᠦᠷᠢᠶᠡᠯᠡᠩ ᠠᠴᠠ ᠬᠥᠳᠡᠯᠵᠦ᠂ ᠡᠷᠢᠶᠡᠨ ᠬᠤᠳᠠ ᠶᠢᠨ ᠪᠣᠭᠤᠮᠲᠠ ᠪᠠᠷ ᠬᠢᠯᠢ ᠠᠴᠠ ᠭᠠᠷᠴᠤ᠂ 7960 ᠺᠢᠯᠣᠮᠧᠲᠷ ᠢ ᠰᠤᠨᠳᠠᠯᠠᠨ ᠪᠧᠯᠤᠷᠦ᠋ᠰᠢᠶ᠎ᠠ ᠶᠢᠨ ᠨᠡᠶᠢᠰᠯᠡᠯ ᠮᠢᠨᠰᠺ ᠬᠤᠳᠠ ᠳᠤ ᠬᠦᠷᠦᠨ᠎ᠡ᠃ ᠡᠨᠡ ᠪᠣᠯ ᠬᠥᠬᠡᠬᠤᠲᠠ ᠶᠢᠨ ᠣᠯᠠᠨ ᠤᠯᠤᠰ ᠤᠨ ᠡᠬᠡ ᠬᠠᠭᠤᠷᠠᠢ ᠶᠢᠨ ᠭᠠᠷᠠᠮ ᠡᠯᠡᠰᠦᠨ ᠳᠠᠪᠠᠭ᠎ᠠ ᠶᠢᠨ ᠪᠣᠭᠤᠮᠲᠠ ᠶᠢᠨ ᠬᠢᠨᠠᠨ ᠬᠠᠮᠢᠶᠠᠷᠤᠯᠲᠠ ᠶᠢᠨ ᠠᠵᠢᠯᠯᠠᠭᠠᠨ ᠤ ᠲᠠᠯᠠᠪᠤᠷ ᠭᠠᠵᠠᠷ ᠵᠢᠩᠬᠢᠨᠢ ᠪᠠᠷ ᠡᠬᠢᠯᠡᠭᠰᠡᠨ ᠠᠴᠠ ᠨᠠᠭᠠᠰᠢ᠂ ︽ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ + ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ︾ ᠶᠢᠨ ᠵᠠᠭᠪᠤᠷ ᠢ ᠠᠩᠬ᠎ᠠ ᠤᠳᠠᠭ᠎ᠠ ᠠᠮᠵᠢᠯᠲᠠᠲᠠᠢ ᠬᠠᠶᠢᠨ ᠰᠦᠪᠡᠭᠴᠢᠯᠡᠵᠦ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠣᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠰᠢᠨ᠎ᠡ ᠵᠠᠮ ᠢ ᠤᠯᠠᠮ ᠨᠢᠭᠡ ᠠᠯᠬᠤᠮ ᠥᠷᠭᠡᠳᠬᠡᠭᠰᠡᠨ ᠶᠠᠪᠤᠳᠠᠯ ᠪᠣᠯᠣᠨ᠎ᠠ᠃      ᠲᠤᠰ ᠵᠢᠰᠢᠶᠠᠨ ᠤ ᠭᠠᠯᠲᠤ ᠲᠡᠷᠭᠡ 55 ᠠᠪᠳᠠᠷ᠎ᠠ 40 ᠲᠣᠬᠤᠢ ᠶᠢᠨ ᠴᠢᠩᠭᠡᠯᠢᠭ ᠢ ᠲᠡᠭᠡᠭᠡᠪᠦᠷᠢᠯᠡᠵᠦ᠂ ᠪᠦᠬᠦ ᠪᠠᠷᠠᠭᠠᠨ ᠤ ᠦᠷᠳᠡᠭ ᠨᠢ ᠪᠠᠷᠤᠭ 638 ᠲᠦᠮᠡᠨ ᠳ᠋ᠣᠯᠯᠠᠷ ᠬᠦᠷᠴᠦ᠂ ᠡᠭᠦᠨ ᠳᠤ ︽9610︾ ᠶᠢᠨ ᠵᠠᠭᠪᠤᠷ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠪᠠᠷᠠᠭ᠎ᠠ 13 ᠠᠪᠳᠠᠷ᠎ᠠ ᠪᠠᠶᠢᠵᠤ᠂ ᠪᠠᠷᠠᠭᠠᠨ ᠤ ᠦᠷᠳᠡᠭ ᠨᠢ ᠪᠠᠷᠤᠭ 543 ᠲᠦᠮᠡᠨ ᠳ᠋ᠣᠯᠯᠠᠷ ᠬᠦᠷᠴᠡᠢ᠃      ᠳᠠᠷᠠᠭᠠᠴᠢ ᠶᠢᠨ ᠠᠯᠬᠤᠮ ᠳᠤ᠂ ᠬᠤᠳᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ︽ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ +︾ ᠶᠢᠨ ᠵᠠᠭᠪᠤᠷ ᠢ ᠶᠡᠬᠡᠪᠡᠷ ᠬᠥᠭᠵᠢᠭᠦᠯᠵᠦ᠂ ᠬᠥᠬᠡᠬᠤᠲᠠ ᠶᠢᠨ ᠤᠯᠠᠨ ᠤᠯᠤᠰ ᠤᠨ ᠡᠬᠡ ᠬᠠᠭᠤᠷᠠᠢ ᠶᠢᠨ ᠭᠠᠷᠠᠮ ᠢᠶᠠᠷ ᠲᠤᠯᠬᠤ ᠴᠡᠭ ᠪᠣᠯᠭᠠᠵᠤ᠂ ᠨᠡᠩ ᠤᠯᠠᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠤᠨ ᠭᠠᠳᠠᠭᠠᠳᠤ ᠳᠠᠬᠢ ᠵᠠᠬ᠎ᠠ ᠳᠡᠯᠭᠡᠭᠦᠷ ᠢᠶᠠᠨ ᠢᠳᠡᠪᠬᠢᠲᠡᠢ ᠥᠷᠭᠡᠳᠬᠡᠬᠦ ᠶᠢ ᠬᠥᠲᠥᠯᠥᠨ ᠵᠢᠯᠤᠭᠤᠳᠬᠤ ᠪᠠ ᠵᠣᠷᠢᠭᠵᠢᠭᠤᠯᠵᠤ᠂ ᠪᠦᠬᠦ ᠬᠤᠳᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠤᠨ ᠦᠷᠭᠦᠯᠵᠢᠯᠡᠨ ᠬᠥᠭᠵᠢᠬᠦ ᠶᠢ ᠠᠬᠢᠭᠤᠯᠤᠨ᠎ᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ