2024 ᠣᠨ ᠪᠣᠯ ︽ᠠᠷᠪᠠᠨ ᠲᠦᠮᠡᠨ ᠤᠶᠤᠲᠠᠨ ᠢ ᠬᠥᠬᠡᠬᠤᠲᠠ ᠳᠤ ᠦᠯᠡᠳᠡᠬᠦ ᠢᠨᠵᠧᠨᠧᠷᠢᠩ︾ ᠢ ᠨᠠᠶᠢᠳᠠᠪᠤᠷᠢᠵᠢᠭᠤᠯᠬᠤ ᠡᠴᠦᠰ ᠤᠨ ᠵᠢᠯ ᠪᠣᠯᠤᠨ᠎ᠠ᠂ | ᠬᠤᠲᠠ ᠶᠢᠨ ᠲᠣᠰ ᠱᠠᠲᠤᠨ ᠠᠴᠠ ᠠᠵᠢᠯ ᠣᠯᠭᠤᠯᠲᠠ ᠶᠢᠨ ᠪᠠᠯᠠ ᠮᠥᠩᠭᠦ ᠶᠢᠨ ᠲᠥᠰᠦᠪ 2.47 ᠳ᠋ᠦᠩᠰᠢᠭᠤᠷ ᠲᠥᠭᠦᠷᠢᠭ ᠳᠣᠭᠢᠷᠠᠭᠤᠯᠵᠤ᠂ | ᠤᠶᠤᠲᠠᠳ ᠤᠨ ᠠᠵᠢᠯ ᠤᠨ ᠪᠠᠶᠢᠷᠢ᠂ ᠮᠡᠷᠭᠡᠵᠢᠯ ᠴᠢᠳᠠᠪᠤᠷᠢ ᠶᠢᠨ ᠳᠡᠭᠡᠭᠰᠢᠯᠡᠯᠲᠡ᠂ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠵᠡᠷᠭᠡ ᠲᠠᠯ᠎ᠠ ᠶᠢᠨ | ᠠᠵᠢᠯ ᠳᠤ ᠭᠤᠤᠯᠳᠠᠯᠭ᠎ᠠ ᠲᠠᠢ ᠳᠡᠮᠵᠢᠯᠭᠡ ᠦᠵᠡᠭᠦᠯᠦᠨ᠎ᠡ᠃ | ᠣᠶᠤᠲᠠᠨ ᠪᠣᠯ ᠡᠷᠬᠢᠮ ᠨᠠᠨᠳᠢᠨ ᠴᠢᠳᠠᠪᠤᠷᠢᠲᠠᠨ ᠤ ᠡᠬᠢ ᠪᠠᠶᠠᠯᠢᠭ ᠮᠥᠨ᠃ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ | ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠭᠤᠷᠪᠠᠨ ᠵᠢᠯ ᠤᠨ ︽ᠠᠷᠪᠠᠨ ᠲᠦᠮᠡᠨ ᠣᠶᠤᠲᠠᠨ ᠢ ᠬᠥᠬᠡᠬᠤᠲᠠ ᠳᠤ ᠦᠯᠡᠳᠡᠭᠡᠬᠦ ᠢᠨᠵᠧᠨᠧᠷᠢᠩ︾ ᠢ ᠭᠦᠨᠵᠡᠭᠡᠶ ᠬᠡᠷᠡᠭᠵᠢᠭᠦᠯᠵᠦ᠂ | ︽ᠴᠢᠳᠠᠪᠤᠷᠢᠲᠠᠨ ᠲᠠᠲᠠᠬᠤ 10 ᠵᠤᠷᠪᠤᠰ ᠰᠢᠨ᠎ᠡ ᠲᠥᠷᠥ ᠶᠢᠨ ᠪᠣᠳᠣᠯᠭ᠎ᠠ︾᠂ ︽ᠬᠥᠮᠦᠨ ᠢ ᠲᠠᠲᠠᠵᠤ ᠬᠥᠮᠦᠨ ᠢ ᠦᠯᠡᠳᠡᠭᠡᠬᠦ 18 ᠵᠤᠷᠪᠤᠰ︾ ᠵᠡᠷᠭᠡ | ᠬᠠᠲᠠᠭᠤ ᠠᠷᠭ᠎ᠠ ᠬᠡᠮᠵᠢᠶ᠎ᠡ ᠶᠢ ᠢᠵᠢ ᠪᠦᠷᠢᠳᠦᠭᠦᠯᠦᠨ ᠲᠣᠭᠲᠠᠭᠠᠵᠤ᠂ 2022 ᠣᠨ ᠠᠴᠠ 2023 ᠣᠨ ᠪᠣᠯᠲᠠᠯ᠎ᠠ ᠬᠤᠶᠠᠷ ᠵᠢᠯ ᠳᠤ ᠨᠡᠶᠢᠲᠡ 8.37 | ᠲᠦᠮᠡᠨ ᠣᠶᠤᠲᠠᠨ ᠢ ᠬᠥᠬᠡᠬᠤᠲᠠ ᠳᠤ ᠦᠯᠡᠳᠡᠭᠡᠨ ᠠᠵᠢᠯ ᠣᠯᠭᠤᠵᠤ ᠠᠳᠠᠯ ᠦᠢᠯᠡᠰ ᠴᠣᠭᠴᠠᠯᠠᠭᠤᠯᠵᠤ᠂ ᠤᠶᠤᠲᠠᠳ ᠲᠤ ᠠᠵᠢᠯ ᠣᠯᠭᠤᠬᠤ ᠠᠵᠢᠯ ᠱᠠᠲᠤ | ᠦᠶ᠎ᠡ ᠶᠢᠨ ᠴᠢᠨᠠᠷᠲᠠᠶ ᠦᠷ᠎ᠡ ᠪᠦᠲᠦᠮᠵᠢ ᠤᠯᠪᠠ᠃ | ︽ᠠᠷᠪᠠᠨ ᠲᠦᠮᠡᠨ ᠤᠶᠤᠲᠠᠳ ᠤᠨ ᠬᠥᠬᠡᠬᠤᠲᠠ ᠳᠤ ᠦᠯᠡᠳᠡᠬᠦ ᠢᠨᠵᠧᠨᠧᠷᠢᠩ︾ ᠢ ᠢᠳᠡᠪᠬᠢᠲᠡᠶ ᠳᠡᠮᠵᠢᠬᠦ ᠶᠢᠨ ᠲᠥᠯᠥᠭᠡ᠂ ᠬᠤᠲᠠ ᠶᠢᠨ | ᠡᠳ᠋ ᠤᠨ ᠵᠠᠰᠠᠭ ᠤᠨ ᠲᠣᠪᠴᠢᠶ᠎ᠠ 2022 ᠣᠨ ᠳᠤ ᠠᠵᠢᠯ ᠣᠯᠭᠤᠯᠲᠠ ᠶᠢᠨ ᠨᠥᠬᠦᠪᠥᠷᠢ ᠪᠠᠯᠠ ᠮᠥᠩᠭᠦ ᠶᠢ 4.01 ᠳ᠋ᠦᠩᠰᠢᠭᠤᠷ ᠲᠥᠭᠦᠷᠢᠭ ᠪᠠᠭᠤᠯᠭᠠᠵᠤ᠂ | 2023 ᠣᠨ ᠳᠤ ᠠᠵᠢᠯ ᠣᠯᠭᠤᠯᠲᠠ ᠶᠢᠨ ᠨᠥᠬᠦᠪᠥᠷᠢ ᠪᠠᠯᠠ ᠮᠥᠩᠭᠦ ᠶᠢ 5.04 ᠳ᠋ᠦᠩᠰᠢᠭᠤᠷ ᠲᠥᠭᠦᠷᠢᠭ ᠪᠠᠭᠤᠯᠭᠠᠵᠣ᠂ ︽ᠠᠩᠬᠠᠨ ᠤ ᠡᠭᠦᠳᠦᠯᠲᠡ ᠶᠢ | ᠲᠤᠰᠠᠯᠠᠬᠤ︾ ᠠᠵᠢᠯᠯᠠᠭ᠎ᠠ ᠪᠠ ︽ᠤᠷ᠎ᠠ ᠴᠢᠳᠠᠪᠤᠷᠢ ᠲᠠᠢ ᠬᠥᠬᠡᠬᠤᠲᠠ︾ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ︽ᠠᠷᠪᠠᠨ ᠲᠦᠮᠡᠨ ᠣᠶᠣᠲᠠᠨ ᠢ | ᠬᠥᠬᠡᠬᠤᠲᠠ ᠳᠤ ᠦᠯᠡᠳᠡᠬᠦ ᠢᠨᠵᠧᠨᠧᠷᠢᠩ︾ ᠵᠢᠴᠢ ︽ᠭᠤᠣᠯᠲᠤ ᠪᠣᠷᠣ ᠶᠢ ᠦᠨᠳᠦᠰᠦᠯᠡᠭᠦᠯᠬᠦ ᠲᠥᠯᠥᠪᠯᠡᠭᠡ︾ ᠶᠢ ᠵᠣᠬᠢᠶᠠᠨ ᠪᠠᠶᠢᠭᠤᠯᠤᠨ ᠬᠡᠷᠡᠭᠵᠢᠭᠦᠯᠪᠡ᠃ | ᠤᠯᠤᠰ ᠤᠨ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠵᠢᠱᠢᠶ᠎ᠡ ᠦᠵᠡᠭᠦᠯᠬᠦ ᠲᠥᠷᠥᠯ ᠵᠦᠢᠯ ᠢ | ᠠᠮᠵᠢᠯᠲᠠ ᠲᠠᠢ ᠪᠠᠷ ᠲᠡᠮᠡᠴᠡᠨ ᠣᠯᠵᠤ᠂ 19 ᠬᠤᠪᠢᠶᠠᠷᠢ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠶᠡᠷᠦᠩᠬᠡᠢ ᠲᠤᠭ᠎ᠠ 3.07 ᠳ᠋ᠦᠩᠰᠢᠭᠤᠷ | ᠲᠥᠭᠦᠷᠢᠭ ᠬᠦᠷᠴᠦ᠂ ᠲᠥᠷᠥᠯ ᠵᠦᠢᠯ ᠢ ᠪᠠᠶᠢᠭᠤᠯᠵᠤ ᠳᠠᠭᠤᠰᠤᠭᠰᠠᠨ ᠤ ᠳᠠᠷᠠᠭ᠎ᠠ᠂ ᠪᠦᠬᠦ ᠠᠷᠠᠳ ᠢ ᠬᠠᠮᠤᠷᠤᠭᠰᠠᠨ᠂ ᠪᠦᠬᠦ ᠶᠠᠪᠤᠴᠠ ᠳᠤ ᠬᠤᠯᠪᠣᠭᠳᠠᠭᠰᠠᠨ᠂ | ᠪᠦᠬᠦ ᠣᠷᠣᠨ ᠪᠦᠰᠡ ᠶᠢ ᠨᠥᠯᠥᠭᠡᠯᠡᠭᠰᠡᠨ᠂ ᠳᠥᠭᠦᠮ ᠳᠥᠲᠡ ᠥᠨᠳᠥᠷ ᠪᠦᠲᠦᠮᠵᠢᠲᠡᠶ ᠪᠦᠬᠦ ᠲᠠᠯ᠎ᠠ ᠶᠢᠨ ᠤᠯᠠᠨ ᠨᠡᠶᠢᠲᠡ ᠶᠢᠨ ᠠᠵᠢᠯ ᠣᠯᠭᠤᠯᠲᠠ ᠶᠢᠨ | ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠣᠷᠣᠨ ᠤ ᠲᠥᠪ ᠬᠤᠲᠠ ᠶᠢᠨ ᠵᠠᠰᠠᠭ ᠤᠨ ᠣᠷᠳᠣᠨ ᠤ ᠤᠯᠠᠨ ᠨᠡᠶᠢᠲᠡ ᠶᠢᠨ ᠠᠵᠢᠯ ᠣᠯᠭᠤᠯᠲᠠ ᠶᠢᠨ | ᠦᠢᠯᠡᠴᠢᠯᠡᠭᠡᠨ ᠤ ᠴᠢᠳᠠᠪᠤᠷᠢ ᠶᠢ ᠲᠦᠷᠭᠡᠨ ᠳᠡᠭᠡᠭᠰᠢᠯᠡᠭᠦᠯᠵᠦ᠂ ︽ᠦᠵᠡᠰᠬᠦᠯᠡᠩᠲᠦ ᠰᠠᠶᠢᠬᠠᠨ ᠬᠥᠬᠡᠬᠤᠲᠠ᠂ ᠥᠨᠢᠷ ᠪᠠᠶᠠᠯᠢᠭ ᠲᠠᠯ᠎ᠠ ᠶᠢᠨ ᠬᠤᠳᠠ︾ ᠶᠢ | ᠪᠦᠳᠦᠭᠡᠨ ᠪᠠᠶᠢᠭᠤᠯᠬᠤ ᠳᠤ ᠪᠠᠲᠤ ᠪᠠᠬᠢ ᠠᠵᠢᠯ ᠣᠯᠭᠤᠯᠲᠠ ᠶᠢᠨ ᠪᠠᠲᠤᠯᠠᠭ᠎ᠠ ᠬᠠᠩᠭᠠᠬᠤ ᠪᠣᠯᠣᠨ᠎ᠠ᠃ |