ᠬᠤᠲᠠ ᠶᠢᠨ ᠨᠠᠮ ᠤᠨ ᠬᠤᠷᠢᠶᠠᠨ ᠤ ᠬᠥᠳᠡᠭᠡ ᠲᠣᠰᠬᠤᠨ ᠤ ᠠᠵᠢᠯ ᠤᠨ ᠬᠤᠷᠠᠯ ᠵᠢᠴᠢ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/2/7
ᠹᠠᠩ ᠢᠦᠢ ᠳ᠋ᠦᠩ ᠶᠠᠷᠢᠶ᠎ᠠ ᠲᠠᠯᠪᠢᠵᠠᠢ      2 ᠳ᠋ᠤᠭᠠᠷ ᠰᠠᠷ᠎ᠠ ᠶᠢᠨ 6 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠬᠥᠳᠡᠭᠡ ᠲᠣᠰᠬᠤᠨ ᠤ ᠠᠵᠢᠯ ᠤᠨ ᠬᠤᠷᠠᠯ ᠵᠢᠴᠢ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠬᠤᠷᠠᠯᠳᠤᠪᠠ᠃      ᠬᠤᠷᠠᠯ ᠤᠨ ᠭᠤᠤᠯ ᠡᠭᠦᠷᠭᠡ ᠪᠣᠯ ᠶᠡᠷᠦᠩᠬᠡᠶ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠶ ᠬᠥᠳᠡᠭᠡ ᠲᠣᠰᠬᠤᠨ ᠮᠠᠯᠴᠢᠨ ᠲᠠᠷᠢᠶᠠᠴᠢᠨ︾ ᠤ ᠠᠵᠢᠯ ᠤᠨ ᠲᠤᠬᠠᠶ ᠴᠢᠬᠤᠯᠠ ᠥᠭᠦᠯᠡᠯᠲᠡ ᠪᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠵᠢᠴᠢ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ 2024 ᠣᠨ ᠤ ᠪᠥᠬᠦ ᠬᠤᠲᠠ ᠶᠢᠨ ︽ᠬᠥᠳᠡᠭᠡ ᠠᠵᠤ ᠠᠬᠤᠶ ᠬᠥᠳᠡᠭᠡ ᠲᠣᠰᠬᠤᠨ ᠮᠠᠯᠴᠢᠨ ᠲᠠᠷᠢᠶᠠᠴᠢᠨ︾ ᠤ ᠬᠦᠷᠢᠶᠡᠨ ᠳᠠᠬᠢ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃      ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠹᠠᠩ ᠢᠦᠶ ᠳ᠋ᠦᠩ ᠮᠠᠨ ᠤ ᠬᠤᠲᠠ ᠶᠢᠨ ︽ᠬᠥᠳᠡᠭᠡ ᠠᠵᠤ ᠠᠬᠤᠶ ᠬᠥᠳᠡᠭᠡ ᠲᠣᠰᠬᠤᠨ ᠮᠠᠯᠴᠢᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠲᠤᠬᠠᠶ ᠪᠣᠳᠠᠲᠠᠶ ᠱᠠᠭᠠᠷᠳᠠᠯᠭ᠎ᠠ ᠳᠤᠷᠠᠳᠪᠠ᠃ ᠬᠤᠳᠠ ᠶᠢᠨ ᠤᠳᠤᠷᠢᠳᠤᠯᠭ᠎ᠠ ᠸᠧᠢ ᠬᠤᠩ ᠵᠢᠶᠦ᠋ᠨ᠂ ᠶᠦᠨ ᠰᠢᠨ ᠮᠢᠩ᠂ ᠭᠤᠤ ᠷᠦᠢ ᠵᠢᠶᠦ᠋ᠨ ᠬᠤᠷᠠᠯ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ