2024 ᠣᠨ ᠤ 1 ᠳ᠋ᠦ᠋ᠭᠡᠷ ᠰᠠᠷ᠎ᠠ ᠶᠢᠨ ᠮᠠᠨ ᠤ ᠬᠤᠲᠠ ᠶᠢᠨ ᠬᠤᠯᠢᠰᠢᠨ ᠢᠳᠡᠭᠡᠨ ᠤ ᠦᠨ᠎ᠡ ᠶᠢᠨ ᠪᠠᠶᠢᠳᠠᠯ
ᠨᠡᠶᠢᠲᠡᠯᠡᠭᠰᠡᠨ ᠴᠠᠭ᠄
2024/2/7
      ᠬᠥᠬᠡᠬᠤᠲᠠ ᠶᠢᠨ ᠦᠨ᠎ᠡ ᠬᠠᠩᠰᠢ ᠶᠢᠨ ᠭᠡᠷᠡᠴᠢᠯᠡᠯ ᠤᠨ ᠬᠢᠨᠠᠨ ᠬᠡᠮᠵᠢᠯᠲᠡ ᠶᠢᠨ ᠲᠥᠪ ᠤᠨ ᠵᠠᠬ᠎ᠠ ᠳᠡᠯᠭᠡᠭᠦᠷ ᠲᠠᠬᠢ ᠬᠢᠨᠠᠨ ᠬᠡᠮᠵᠢᠯᠲᠡ ᠶᠢᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 1 ᠳ᠋ᠦ᠋ᠭᠡᠷ ᠰᠠᠷ᠎ᠠ ᠳᠤ ᠮᠠᠨ ᠤ ᠬᠤᠲᠠ ᠶᠢᠨ ᠢᠳᠡᠰᠢᠨ ᠨᠣᠭᠤᠭ᠎ᠠ ᠶᠢᠨ ᠦᠨ᠎ᠡ ᠥᠰᠬᠦ ᠬᠠᠨᠳᠤᠰᠢ ᠲᠠᠢ ᠪᠣᠯᠵᠤ᠂ ᠭᠠᠭ᠋ᠠᠢ ᠶᠢᠨ ᠮᠢᠬ᠎ᠠ᠂ ᠦᠬᠡᠷ ᠤᠨ ᠮᠢᠬ᠎ᠠ᠂ ᠲᠠᠬᠢᠶᠠᠨ ᠮᠢᠬ᠎ᠠ᠂ ᠲᠠᠬᠢᠶᠠᠨ ᠥᠨᠳᠡᠭᠡ᠂ ᠡᠷᠳᠡᠨᠢ ᠰᠢᠰᠢ ᠶᠢᠨ ᠲᠠᠯᠬ᠎ᠠ ᠶᠢᠨ ᠦᠨ᠎ᠡ ᠪᠠᠭ᠎ᠠ ᠬᠡᠮᠵᠢᠶ᠎ᠡ ᠪᠠᠷ ᠪᠠᠭᠤᠷᠠᠵᠤ᠂ ᠪᠤᠰᠤᠳ ᠬᠤᠯᠢᠰᠢᠨ ᠢᠳᠡᠭᠡᠨ ᠤ ᠦᠨ᠎ᠡ ᠪᠠᠭ᠎ᠠ ᠬᠡᠮᠵᠢᠶ᠎ᠡ ᠪᠠᠷ ᠬᠡᠯᠪᠡᠯᠵᠡᠪᠡ᠃       ᠨᠢᠭᠡ᠂ ᠢᠳᠡᠰᠢᠨ ᠨᠣᠭᠤᠭ᠎ᠠ ᠶᠢᠨ ᠦᠨ᠎ᠡ       1 ᠳ᠋ᠦ᠋ᠭᠡᠷ ᠰᠠᠷ᠎ᠠ ᠳᠤ᠂ ᠬᠢᠨᠠᠨ ᠬᠡᠮᠵᠢᠭᠰᠡᠨ 15 ᠵᠦᠢᠯ ᠤᠨ ᠢᠳᠡᠰᠢᠨ ᠨᠣᠭᠤᠭ᠎ᠠ ᠶᠢᠨ ᠵᠢᠵᠢᠭᠯᠡᠨ ᠬᠤᠳᠠᠯᠳᠤᠬᠤ ᠳᠤᠮᠳᠠᠴᠢ ᠦᠨ᠎ᠡ ᠨᠢ ᠵᠢᠩ ᠪᠦᠷᠢ ᠳᠡᠭᠡᠨ 3.75 ᠲᠥᠭᠦᠷᠢᠭ ᠪᠠᠶᠢᠵᠤ᠂ ᠲᠦᠷᠦᠭᠦᠸ ᠰᠠᠷ᠎ᠠ ᠶᠢᠨ ᠬᠢ ᠠᠴᠠ 6.23% ᠪᠠᠷ ᠥᠰᠴᠡᠢ᠃ 15 ᠵᠦᠢᠯ ᠤᠨ ᠢᠳᠡᠰᠢᠨ ᠨᠣᠭᠤᠭ᠎ᠠ ᠶᠢᠨ ᠳᠣᠲᠣᠷᠠᠬᠢ 12 ᠵᠦᠢᠯ ᠤᠨ ᠬᠢᠨᠢ ᠦᠨ᠎ᠡ ᠥᠰᠴᠦ᠂ 3 ᠵᠦᠢᠯ ᠤᠨ ᠬᠢᠨᠢ ᠦᠨ᠎ᠡ ᠪᠠᠭᠤᠷᠠᠵᠠᠢ᠃ ᠡᠭᠦᠨ ᠳᠤ ᠴᠠᠭᠠᠨ ᠨᠣᠭᠤᠭ᠎ᠠ᠂ ᠴᠢᠨᠵᠦᠦ᠂ ᠱᠣᠤᠵᠤᠤ᠂ ᠬᠠᠰᠢ᠂ ᠴᠤᠭᠤᠷ ᠨᠣᠭᠤᠭ᠎ᠠ᠂ ᠪᠥᠭᠡᠷᠡᠩᠬᠡᠢ ᠴᠠᠭᠠᠨ ᠨᠣᠭᠤᠭ᠎ᠠ᠂ ᠲᠥᠪᠡᠳ ᠬᠠᠰᠢ ᠶᠢᠨ ᠦᠨ᠎ᠡ ᠲᠦᠷᠦᠭᠦᠸ ᠰᠠᠷ᠎ᠠ ᠶᠢᠨ ᠬᠢ ᠠᠴᠠ ᠥᠰᠦᠭᠰᠡᠨ ᠬᠡᠮᠵᠢᠶ᠎ᠡ ᠨᠢ ᠨᠡᠯᠢᠶᠡᠳ ᠢᠯᠡᠷᠬᠡᠢ ᠪᠠᠶᠢᠵᠤ᠂ ᠥᠰᠦᠭᠰᠡᠨ ᠬᠡᠮᠵᠢᠶ᠎ᠡ ᠨᠢ ᠲᠣᠰ ᠲᠣᠰ 25.93%᠂ 20.61%᠂ 20.05%᠂ 19.36%᠂ 18.29%᠂ 14.60%᠂ 13.18% ᠪᠠᠶᠢᠵᠤ᠂ ᠪᠤᠰᠤᠳ ᠢᠳᠡᠰᠢᠨ ᠨᠣᠭᠤᠭ᠎ᠠ ᠶᠢᠨ ᠵᠢᠵᠢᠭᠯᠡᠨ ᠬᠤᠳᠠᠯᠳᠤᠬᠤ ᠳᠤᠮᠳᠠᠴᠢ ᠦᠨ᠎ᠡ ᠪᠠᠭ᠎ᠠ ᠬᠡᠮᠵᠢᠶ᠎ᠡ ᠪᠠᠷ ᠬᠡᠯᠪᠡᠯᠵᠡᠪᠡ᠃       ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ᠂ 15 ᠵᠦᠢᠯ ᠤᠨ ᠢᠳᠡᠰᠢᠨ ᠨᠣᠭᠤᠭ᠎ᠠ ᠶᠢᠨ ᠵᠢᠵᠢᠭᠯᠡᠨ ᠬᠤᠳᠠᠯᠳᠤᠬᠤ ᠳᠤᠮᠳᠠᠴᠢ ᠦᠨ᠎ᠡ 19.01% ᠪᠠᠷ ᠪᠠᠭᠤᠷᠠᠵᠠᠢ᠃ ᠬᠢᠨᠠᠨ ᠬᠡᠮᠵᠢᠭᠰᠡᠨ 15 ᠵᠦᠢᠯ ᠤᠨ ᠢᠳᠡᠰᠢᠨ ᠨᠣᠭᠤᠭ᠎ᠠ  ᠶᠢᠨ ᠦᠨ᠎ᠡ ᠬᠠᠩᠰᠢ  ᠶᠢᠨ ᠳᠣᠲᠣᠷ᠎ᠠ 14 ᠵᠦᠢᠯ ᠤᠨ ᠦᠨ᠎ᠡ ᠬᠠᠩᠰᠢ ᠪᠠᠭᠤᠷᠠᠵᠤ᠂ 1 ᠵᠦᠢᠯ ᠤᠨ ᠦᠨ᠎ᠡ ᠬᠠᠩᠰᠢ ᠥᠰᠴᠡᠢ᠃ ᠡᠭᠦᠨ ᠳᠤ ᠪᠤᠷᠴᠠᠭ᠂ ᠥᠷᠭᠡᠰᠦᠲᠦ ᠬᠡᠮᠬᠡ᠂ ᠬᠤᠯᠤᠤᠪᠠᠩ᠂ ᠰᠢᠯᠢᠮᠳᠡᠭ᠂ ᠴᠢᠨᠵᠦᠦ᠂ ᠱᠣᠤᠵᠤᠤ᠂ ᠬᠠᠰᠢ᠂ ᠯᠤᠤᠪᠠᠩ᠂ ᠲᠥᠮᠥᠰᠥ᠂ ᠪᠥᠭᠡᠷᠡᠩᠬᠡᠢ ᠴᠠᠭᠠᠨ ᠨᠣᠭᠤᠭ᠎ᠠ ᠶᠢᠨ ᠦᠨ᠎ᠡ ᠨᠡᠯᠢᠶᠡᠳ ᠢᠯᠡᠷᠬᠡᠢ ᠪᠠᠭᠤᠷᠠᠵᠤ᠂ ᠲᠣᠰ ᠲᠣᠰ 38.99%᠂ 30.93%᠂ 30.60%᠂ 28.90%᠂ 26.36%᠂ 24.92%᠂ 18.38%᠂ 16.39%᠂ 12.94%᠂ 11.80% ᠪᠠᠷ ᠪᠠᠭᠤᠷᠠᠵᠤ᠂ ᠲᠥᠪᠡᠳ ᠬᠠᠰᠢ ᠶᠢᠨ ᠦᠨ᠎ᠡ 14.61% ᠪᠠᠷ ᠥᠰᠴᠦ᠂ ᠪᠤᠰᠤᠳ ᠢᠳᠡᠰᠢᠨ ᠨᠣᠭᠤᠭ᠎ᠠ ᠶᠢᠨ ᠵᠢᠵᠢᠭᠯᠡᠨ ᠬᠤᠳᠠᠯᠳᠤᠬᠤ ᠳᠤᠮᠳᠠᠴᠢ ᠦᠨ᠎ᠡ ᠪᠠᠭ᠎ᠠ ᠬᠡᠮᠵᠢᠶ᠎ᠡ ᠪᠠᠷ ᠪᠠᠭᠤᠷᠠᠪᠠ᠃
数据020701.jpg
      ᠬᠤᠶᠠᠷ᠂ ᠮᠢᠬ᠎ᠠ ᠵᠢᠭᠦᠷᠲᠡᠨ ᠥᠨᠳᠡᠭᠡ ᠶᠢᠨ ᠦᠨ᠎ᠡ       1 ᠳ᠋ᠦ᠋ᠭᠡᠷ ᠰᠠᠷ᠎ᠠ ᠳᠤ᠂ ᠮᠠᠨ ᠤ ᠬᠤᠲᠠ ᠶᠢᠨ ᠭᠠᠭ᠋ᠠᠢ ᠶᠢᠨ ᠮᠢᠬᠠᠨ ᠤ ᠵᠢᠵᠢᠭᠯᠡᠨ ᠬᠤᠳᠠᠯᠳᠤᠬᠤ ᠦᠨ᠎ᠡ ᠰᠠᠷ᠎ᠠ ᠶᠢᠨ ᠲᠦᠷᠦᠭᠦᠸ ᠰᠠᠷ᠎ᠠ ᠶᠢᠨ ᠬᠢ ᠠᠴᠠ ᠪᠠᠭᠤᠷᠠᠬᠤ ᠬᠠᠨᠳᠤᠰᠢ ᠲᠠᠢ ᠪᠣᠯᠵᠤ᠂ ᠭᠠᠭ᠋ᠠᠢ ᠶᠢᠨ ᠮᠢᠬᠠᠨ ᠤ ᠨᠠᠷᠢᠯᠢᠭ ᠬᠠᠷ᠎ᠠ ᠮᠢᠬ᠎ᠠ᠂ ᠬᠠᠪᠢᠷᠭᠠᠨ ᠮᠢᠬ᠎ᠠ᠂ ᠬᠤᠶᠢᠲᠤ ᠬᠥᠯ ᠤᠨ ᠮᠢᠬ᠎ᠠ᠂ ᠬᠠᠪᠢᠷᠭᠠᠨ ᠶᠠᠰᠤ ᠶᠢᠨ ᠵᠢᠵᠢᠭᠯᠡᠨ ᠬᠤᠳᠠᠯᠳᠤᠬᠤ ᠳᠤᠮᠳᠠᠴᠢ ᠦᠨ᠎ᠡ ᠨᠢ ᠵᠢᠩ ᠪᠦᠷᠢ ᠳᠡᠭᠡᠨ ᠲᠣᠰ ᠲᠣᠰ 15.82 ᠲᠥᠭᠦᠷᠢᠭ᠂12.70 ᠲᠥᠭᠦᠷᠢᠭ᠂ 12.88 ᠲᠥᠭᠦᠷᠢᠭ᠂ 18.73 ᠲᠥᠭᠦᠷᠢᠭ ᠪᠠᠶᠢᠵᠤ᠂ ᠲᠦᠷᠦᠭᠦᠸ ᠰᠠᠷ᠎ᠠ ᠶᠢᠨ ᠬᠢ ᠠᠴᠠ ᠲᠣᠰ ᠲᠣᠰ 1.06%᠂ 1.09%᠂ 1.68%᠂ 0.90% ᠪᠠᠭᠤᠷᠠᠵᠠᠢ᠃       ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ᠂ ᠭᠠᠭ᠋ᠠᠢ ᠶᠢᠨ ᠮᠢᠬᠠᠨ ᠤ ᠨᠠᠷᠢᠯᠢᠭ ᠬᠠᠷ᠎ᠠ ᠮᠢᠬ᠎ᠠ᠂ ᠬᠠᠪᠢᠷᠭᠠᠨ ᠮᠢᠬ᠎ᠠ᠂ ᠬᠠᠪᠢᠷᠭᠠᠨ ᠶᠠᠰᠤ ᠶᠢᠨ ᠵᠢᠵᠢᠭᠯᠡᠨ ᠬᠤᠳᠠᠯᠳᠤᠬᠤ ᠳᠤᠮᠳᠠᠴᠢ ᠦᠨ᠎ᠡ ᠲᠣᠰ ᠲᠣᠰ 17.56%᠂ 18.64%᠂ 17.44%᠂ 5.64% ᠪᠠᠭᠤᠷᠠᠪᠠ ︵2023 ᠣᠨ ᠤ 1 ᠰᠠᠷ᠎ᠠ ᠶᠢᠨ ᠨᠠᠷᠢᠯᠢᠭ ᠬᠠᠷ᠎ᠠ ᠮᠢᠬ᠎ᠠ᠂ ᠬᠠᠪᠢᠷᠭᠠᠨ ᠮᠢᠬ᠎ᠠ᠂ ᠬᠠᠪᠢᠷᠭᠠᠨ ᠶᠠᠰᠤ ᠶᠢᠨ ᠵᠢᠵᠢᠭᠯᠡᠨ ᠬᠤᠳᠠᠯᠳᠤᠬᠤ ᠳᠤᠮᠳᠠᠴᠢ ᠦᠨ᠎ᠡ  ᠵᠢᠩ ᠪᠦᠷᠢ ᠳ᠋ᠡᠭᠡᠨ‌‍ᠲ᠋ᠣᠰ ᠲᠣᠰ 19.49 ᠲᠥᠭᠦᠷᠢᠭ᠂ 16.05 ᠲᠥᠭᠦᠷᠢᠭ᠂ 15.96 ᠲᠥᠭᠦᠷᠢᠭ᠂ 20.26 ᠲᠥᠭᠦᠷᠢᠭ︶᠃ 
数据020702.jpg
      ᠭᠠᠭ᠋ᠠᠢ ᠶᠢᠨ ᠲᠠᠯᠠᠪᠠᠶ ᠳᠤ ᠭᠠᠷᠬᠤ ᠦᠨ᠎ᠡ ᠨᠢ ᠵᠢᠩ ᠪᠦᠷᠢ ᠳᠡᠭᠡᠨ 7.19 ᠲᠥᠭᠦᠷᠢᠭ ᠪᠠᠶᠢᠵᠤ᠂ ᠲᠦᠷᠦᠭᠦᠸ ᠰᠠᠷ᠎ᠠ ᠶᠢᠨ ᠬᠢ ᠠᠴᠠ 1.73% ᠪᠠᠷ ᠪᠠᠭᠤᠷᠠᠵᠤ᠂ ᠠᠳᠠᠯᠢ ᠬᠤᠭᠤᠴᠠᠭᠠᠨ ᠤ ᠬᠢ ᠠᠴᠠ 5.53% ᠪᠠᠷ ᠪᠠᠭᠤᠷᠠᠵᠤ᠂ ᠭᠠᠭ᠋ᠠᠢ ᠪᠤᠳᠠᠭ᠎ᠠ ᠶᠢᠨ ᠬᠠᠷᠢᠴᠠᠯ 5.68᠄ 1᠃
数据020703.jpg
      ᠦᠬᠡᠷ ᠤᠨ ᠮᠢᠬ᠎ᠠ᠂ ᠲᠠᠬᠢᠶᠠᠨ ᠥᠨᠳᠡᠭᠡ᠂ ᠲᠠᠬᠢᠶᠠᠨ ᠮᠢᠬ᠎ᠠ ᠶᠢᠨ ᠵᠢᠵᠢᠭᠯᠡᠨ ᠬᠤᠳᠠᠯᠳᠤᠬᠤ ᠳᠤᠮᠳᠠᠴᠢ ᠦᠨ᠎ᠡ ᠨᠢ ᠵᠢᠩ ᠪᠦᠷᠢ ᠳᠡᠭᠡᠨ ᠲᠣᠰ ᠲᠣᠰ 40.90 ᠲᠥᠭᠦᠷᠢᠭ᠂ 5.21 ᠲᠥᠭᠦᠷᠢᠭ᠂ 12.41 ᠲᠥᠭᠦᠷᠢᠭ ᠪᠠᠶᠢᠵᠤ᠂ ᠲᠦᠷᠦᠭᠦᠸ ᠰᠠᠷ᠎ᠠ ᠶᠢᠨ ᠬᠢ ᠠᠴᠠ ᠲᠣᠰ ᠲᠣᠰ 0.56%᠂ 1.14%᠂ 0.48% ᠪᠠᠷ ᠪᠠᠭᠤᠷᠠᠵᠤ᠂ ᠬᠤᠨᠢᠨ ᠮᠢᠬ᠎ᠠ ︵ᠶᠠᠰᠤ ᠦᠭᠡᠢ︶᠂ ᠬᠤᠨᠢᠨ ᠮᠢᠬ᠎ᠠ ︵ᠶᠠᠰᠤ  ᠲᠠᠢ︶ ᠶᠢᠨ ᠵᠢᠵᠢᠭᠯᠡᠨ ᠬᠤᠳᠠᠯᠳᠤᠬᠤ ᠳᠤᠮᠳᠠᠴᠢ ᠦᠨ᠎ᠡ ᠨᠢ ᠵᠢᠩ ᠪᠦᠷᠢ ᠳᠡᠭᠡᠨ ᠲᠣᠰ ᠲᠣᠰ 39.87 ᠲᠥᠭᠦᠷᠢᠭ᠂ 32.29 ᠲᠥᠭᠦᠷᠢᠭ ᠪᠠᠶᠢᠵᠤ᠂ ᠲᠦᠷᠦᠭᠦᠸ ᠰᠠᠷ᠎ᠠ ᠶᠢᠨ ᠬᠢ ᠲᠠᠢ ᠲᠡᠩᠴᠡᠨ᠎ᠡ᠃       ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ᠂ ᠲᠠᠬᠢᠶᠠᠨ ᠮᠢᠬᠠᠨ ᠤ ᠵᠢᠵᠢᠭᠯᠡᠨ ᠬᠤᠳᠠᠯᠳᠤᠬᠤ ᠳᠤᠮᠳᠠᠴᠢ ᠦᠨ᠎ᠡ 3.76% ᠪᠠᠷ ᠥᠰᠴᠦ᠂ ᠦᠬᠡᠷ ᠤᠨ ᠮᠢᠬ᠎ᠠ᠂ ᠬᠤᠨᠢᠨ ᠮᠢᠬ᠎ᠠ᠂ ᠲᠠᠬᠢᠶᠠᠨ ᠥᠨᠳᠡᠭᠡ ᠶᠢᠨ ᠵᠢᠵᠢᠭᠯᠡᠨ ᠬᠤᠳᠠᠯᠳᠤᠬᠤ ᠳᠤᠮᠳᠠᠴᠢ ᠦᠨ᠎ᠡ ᠲᠣᠰ ᠲᠣᠰ 4.97%᠂ 1.89%᠂ 2.86%᠂ 10.63% ᠪᠠᠷ ᠪᠠᠭᠤᠷᠠᠵᠠᠢ᠃
数据020704.jpg
      ᠭᠤᠷᠪᠠ᠂ ᠤᠰᠤᠨ ᠭᠠᠷᠤᠯᠲᠠ ᠶᠢᠨ ᠦᠨ᠎ᠡ       1 ᠳ᠋ᠦ᠋ᠭᠡᠷ ᠰᠠᠷ᠎ᠠ ᠳᠤ᠂ ᠠᠮᠤᠷ ᠵᠢᠭᠠᠰᠤ᠂ ᠮᠥᠷᠭᠦ ᠵᠢᠭᠠᠰᠤᠨ ᠤ ᠵᠢᠵᠢᠭᠯᠡᠨ ᠬᠤᠳᠠᠯᠳᠤᠬᠤ ᠳᠤᠮᠳᠠᠴᠢ ᠦᠨ᠎ᠡ ᠵᠢᠩ ᠪᠦᠷᠢ ᠳᠡᠭᠡᠨ ᠲᠣᠰ ᠲᠣᠰ 10.78 ᠲᠥᠭᠦᠷᠢᠭ᠂ 9.76 ᠲᠥᠭᠦᠷᠢᠭ ᠪᠠᠶᠢᠵᠤ᠂ ᠲᠦᠷᠦᠭᠦᠸ ᠰᠠᠷ᠎ᠠ ᠶᠢᠨ ᠬᠢ ᠠᠴᠠ ᠲᠣᠰ ᠲᠣᠰ 0.09%᠂ 0.81% ᠪᠠᠷ ᠪᠠᠭᠤᠷᠠᠵᠤ᠂ ᠭᠢᠶᠡᠯᠲᠤ ᠵᠢᠭᠠᠰᠤᠨ ᠤ ᠵᠢᠵᠢᠭᠯᠡᠨ ᠬᠤᠳᠠᠯᠳᠤᠬᠤ ᠳᠤᠮᠳᠠᠴᠢ ᠦᠨ᠎ᠡ ᠵᠢᠩ ᠪᠦᠷᠢ ᠳᠡᠭᠡᠨ 26.64 ᠲᠥᠭᠦᠷᠢᠭ ᠪᠠᠶᠢᠵᠤ᠂ ᠲᠦᠷᠦᠭᠦᠸ ᠰᠠᠷ᠎ᠠ ᠶᠢᠨ ᠬᠢ ᠠᠴᠠ 0.19%  ᠪᠠᠷ ᠥᠰᠴᠡᠢ᠃       ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ᠂ ᠭᠢᠶᠡᠯᠲᠤ ᠵᠢᠭᠠᠰᠤ᠂ ᠮᠥᠷᠭᠦ ᠵᠢᠭᠠᠰᠤᠨ ᠤ ᠵᠢᠵᠢᠭᠯᠡᠨ ᠬᠤᠳᠠᠯᠳᠤᠬᠤ ᠳᠤᠮᠳᠠᠴᠢ ᠦᠨ᠎ᠡ ᠲᠣᠰ ᠲᠣᠰ 1.02%᠂ 3.28% ᠪᠠᠷ ᠥᠰᠴᠦ᠂ ᠠᠮᠤᠷ ᠵᠢᠭᠠᠰᠤᠨ ᠤ ᠵᠢᠵᠢᠭᠯᠡᠨ ᠬᠤᠳᠠᠯᠳᠤᠬᠤ ᠳᠤᠮᠳᠠᠴᠢ ᠦᠨ᠎ᠡ 0.83% ᠪᠠᠷ ᠪᠠᠭᠤᠷᠠᠪᠠ᠃
数据020705.jpg
      ᠳᠥᠷᠪᠡ᠂ ᠢᠳᠡᠰᠢᠨ ᠲᠣᠰᠣᠨ ᠤ ᠦᠨ᠎ᠡ       1 ᠳ᠋ᠦ᠋ᠭᠡᠷ ᠰᠠᠷ᠎ᠠ ᠳᠤ᠂ ᠰᠠᠭᠤᠯᠠᠭ᠎ᠠ ᠳᠤ ᠰᠠᠪᠠᠯᠠᠭᠰᠠᠨ ᠰᠢᠷ᠎ᠠ ᠪᠤᠷᠴᠠᠭ ᠤᠨ ᠲᠣᠰᠣ᠂ ᠰᠠᠭᠤᠯᠠᠭ᠎ᠠ ᠳᠤ ᠰᠠᠪᠠᠯᠠᠭᠰᠠᠨ ᠯᠣᠬᠠᠱᠧᠩ ᠤᠨ ᠲᠣᠰᠣ᠂ ᠰᠠᠭᠤᠯᠠᠭ᠎ᠠ ᠳᠤ ᠰᠠᠪᠠᠯᠠᠭᠰᠠᠨ ᠨᠠᠶᠢᠷᠠᠯᠭ᠎ᠠ ᠶᠢᠨ ᠲᠣᠰᠣᠨ ᠤ ᠵᠢᠵᠢᠭᠯᠡᠨ ᠬᠤᠳᠠᠯᠳᠤᠬᠤ ᠳᠤᠮᠳᠠᠴᠢ ᠦᠨ᠎ᠡ ᠨᠢ ᠲᠣᠰ ᠲᠣᠰ 70.54 ᠲᠥᠭᠦᠷᠢᠭ\ ᠰᠠᠭᠤᠯᠠᠭ᠎ᠠ ︵5L︶᠂ 160.79 ᠲᠥᠭᠦᠷᠢᠭ\ ᠰᠠᠭᠤᠯᠠᠭ᠎ᠠ ︵5L︶᠂ 74.92 ᠲᠥᠭᠦᠷᠢᠭ\ ᠰᠠᠭᠤᠯᠠᠭ᠎ᠠ ︵5L︶ ᠪᠠᠶᠢᠵᠤ᠂ ᠰᠠᠷ᠎ᠠ ᠶᠢᠨ ᠠᠳᠠᠯᠢ ᠬᠤᠭᠤᠴᠠᠭᠠᠨ ᠤ  ᠬᠢ ᠲᠠᠢ ᠲᠡᠩᠴᠡᠨ᠎ᠡ᠃       ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ᠂ ᠰᠠᠭᠤᠯᠠᠭ᠎ᠠ ᠳᠤ ᠰᠠᠪᠠᠯᠠᠭᠰᠠᠨ ᠰᠢᠷ᠎ᠠ ᠪᠤᠷᠴᠠᠭ ᠤᠨ ᠲᠣᠰᠣ᠂ ᠰᠠᠭᠤᠯᠠᠭ᠎ᠠ ᠳᠤ ᠰᠠᠪᠠᠯᠠᠭᠰᠠᠨ ᠯᠣᠬᠠᠱᠧᠩ ᠤᠨ ᠲᠣᠰᠣᠨ ᠤ ᠵᠢᠵᠢᠭᠯᠡᠨ ᠬᠤᠳᠠᠯᠳᠤᠬᠤ ᠳᠤᠮᠳᠠᠴᠢ ᠦᠨ᠎ᠡ ᠲᠣᠰ ᠲᠣᠰ 2.97%᠂ 0.86% ᠪᠠᠷ ᠪᠠᠭᠤᠷᠠᠵᠤ᠂ ᠰᠠᠭᠤᠯᠠᠭ᠎ᠠ ᠳᠤ ᠰᠠᠪᠠᠯᠠᠭᠰᠠᠨ ᠨᠠᠶᠢᠷᠠᠯᠭ᠎ᠠ ᠶᠢᠨ ᠲᠣᠰᠣᠨ ᠤ ᠵᠢᠵᠢᠭᠯᠡᠨ ᠬᠤᠳᠠᠯᠳᠤᠬᠤ ᠳᠤᠮᠳᠠᠴᠢ ᠦᠨ᠎ᠡ 0.67% ᠪᠠᠷ ᠥᠰᠴᠡᠢ᠃
数据020706.jpg
      ᠲᠠᠪᠤ᠂ ᠠᠮᠤ ᠪᠤᠳᠠᠭᠠᠨ ᠤ ᠦᠨ᠎ᠡ       1 ᠳ᠋ᠦ᠋ᠭᠡᠷ ᠰᠠᠷ᠎ᠠ ᠳᠤ᠂ ᠡᠷᠳᠡᠨᠢ ᠰᠢᠰᠢ ᠶᠢᠨ ᠭᠤᠯᠢᠷ ᠤᠨ ᠵᠢᠵᠢᠭᠯᠡᠨ ᠬᠤᠳᠠᠯᠳᠤᠬᠤ ᠳᠤᠮᠳᠠᠴᠢ ᠦᠨ᠎ᠡ ᠨᠢ ᠵᠢᠩ ᠪᠦᠷᠢ ᠳᠡᠭᠡᠨ 2.32 ᠲᠥᠭᠦᠷᠢᠭ ᠪᠠᠶᠢᠵᠤ᠂ ᠲᠦᠷᠦᠭᠦᠸ ᠰᠠᠷ᠎ᠠ ᠶᠢᠨ ᠬᠢ ᠠᠴᠠ 0.43% ᠪᠠᠷ ᠪᠠᠭᠤᠷᠠᠪᠠ᠂ ᠲᠤᠲᠤᠷᠭ᠎ᠠ᠂ ᠹᠦ᠋ ᠴᠢᠶᠠᠩ ᠭᠤᠯᠢᠷ᠂ ᠲᠧ ᠢ ᠭᠤᠯᠢᠷ ᠤᠨ ᠵᠢᠵᠢᠭᠯᠡᠨ ᠬᠤᠳᠠᠯᠳᠤᠬᠤ ᠳᠤᠮᠳᠠᠴᠢ ᠦᠨ᠎ᠡ ᠨᠢ ᠵᠢᠩ ᠪᠦᠷᠢ ᠳᠡᠭᠡᠨ ᠲᠣᠰ ᠲᠣᠰ 3.18 ᠲᠥᠭᠦᠷᠢᠭ᠂ 2.40 ᠲᠥᠭᠦᠷᠢᠭ᠂ 2.20 ᠲᠥᠭᠦᠷᠢᠭ ᠪᠠᠶᠢᠵᠤ᠂ ᠲᠦᠷᠦᠭᠦᠸ ᠰᠠᠷ᠎ᠠ ᠶᠢᠨ ᠬᠢ ᠲᠠᠢ ᠲᠡᠩᠴᠡᠨ᠎ᠡ᠃       ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ᠂ ᠲᠤᠲᠤᠷᠭ᠎ᠠ᠂ ᠹᠦ᠋ ᠴᠢᠶᠠᠩ ᠭᠤᠯᠢᠷ᠂ ᠲᠧ ᠢ ᠭᠤᠯᠢᠷ ᠤᠨ ᠵᠢᠵᠢᠭᠯᠡᠨ ᠬᠤᠳᠠᠯᠳᠤᠬᠤ ᠳᠤᠮᠳᠠᠴᠢ ᠦᠨ᠎ᠡ ᠲᠣᠰ ᠲᠣᠰ 0.63%᠂ 0.42%᠂ 0.92% ᠥᠰᠴᠦ᠂ ᠡᠷᠳᠡᠨᠢ ᠰᠢᠰᠢ ᠶᠢᠨ ᠭᠤᠯᠢᠷ  ᠤᠨ ᠵᠢᠵᠢᠭᠯᠡᠨ ᠬᠤᠳᠠᠯᠳᠤᠬᠤ ᠳᠤᠮᠳᠠᠴᠢ ᠦᠨ᠎ᠡ 1.68% ᠪᠠᠭᠤᠷᠠᠵᠠᠢ᠃
数据020707.jpg
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ