ᠣᠷᠣᠨ ᠤ ᠲᠥᠪ ᠤᠨ 7 ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢ ᠤᠯᠤᠰ ᠠᠴᠠ ᠵᠠᠷᠯᠠᠨ ᠰᠠᠶᠢᠰᠢᠶᠠᠪᠠ
ᠨᠡᠶᠢᠲᠡᠯᠡᠭᠰᠡᠨ ᠴᠠᠭ᠄
2024/2/9
      ︵ᠰᠤᠷᠪᠤᠯᠵᠢᠯᠠᠭᠴᠢ ᠯᠢᠶᠠᠩ ᠵᠢᠩ  ᠱᠤ᠋︶  ᠲᠦᠷᠦᠭᠦᠬᠡᠨ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠤᠯᠤᠰ ᠤᠨ ᠬᠢᠲᠠᠳ ᠡᠮ ᠡᠮᠨᠡᠯᠭᠡ ᠶᠢᠨ ᠲᠣᠪᠴᠢᠶ᠎ᠠ ᠬᠠᠮᠲᠤᠷᠠᠨ ︽2023 ᠣᠨ ᠤ ︿ᠦᠨᠳᠦᠰᠦᠨ ᠱᠠᠲᠤᠨ ᠤ ᠰᠢᠯᠢᠳᠡᠭ ᠦᠢᠯᠡᠴᠢᠯᠡᠭᠡᠨ ᠤ ᠠᠶᠠᠯᠠᠯ﹀ ᠤᠨ ᠠᠵᠢᠯᠯᠠᠭ᠎ᠠ ᠶᠢᠨ ᠢᠯᠡᠷᠡᠯ ᠲᠣᠪᠣᠶᠢᠮ᠎ᠠ᠂ ᠦᠢᠯᠡᠴᠢᠯᠡᠭᠡ ᠰᠢᠯᠢᠳᠡᠭ ᠪᠠᠶᠢᠭᠤᠯᠤᠮᠵᠢ ᠶᠢ ᠵᠠᠷᠯᠠᠨ ᠰᠠᠶᠢᠰᠢᠶᠠᠬᠤ ᠲᠤᠬᠠᠢ ᠮᠡᠳᠡᠭᠳᠡᠯ︾ ︵ᠳᠣᠷᠣᠭᠰᠢ ︽ᠰᠠᠶᠢᠰᠢᠶᠠᠬᠤ ᠮᠡᠳᠡᠭᠳᠡᠯ︾ ᠭᠡᠵᠦ ᠲᠣᠪᠴᠢᠯᠠᠨ᠎ᠠ︶ ᠢ ᠪᠠᠭᠤᠯᠭᠠᠵᠤ᠂ ᠪᠥᠬᠦ ᠤᠯᠤᠰ ᠲᠤ ᠨᠡᠶᠢᠲᠡ 2427 ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠠ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠨᠡᠷᠡᠰ ᠤᠨ ᠵᠢᠭᠰᠠᠭᠠᠯᠲᠠ ᠳᠤ ᠣᠷᠣᠵᠤ᠂ ᠮᠠᠨ ᠤ ᠬᠤᠲᠠ ᠶᠢᠨ 7 ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠡᠭᠦᠨ ᠳᠤ ᠵᠢᠭᠰᠠᠭᠠᠭᠳᠠᠵᠠᠢ᠃       ᠮᠠᠨ ᠤ ᠬᠤᠲᠠ ᠶᠢᠨ 7 ᠰᠠᠭᠤᠷᠢ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠢ ᠲᠤᠰ ᠲᠤᠰ᠄ ᠰᠢᠨ᠎ᠡ ᠬᠤᠲᠠ ᠲᠣᠭᠤᠷᠢᠭ ᠤᠨ ᠪᠦᠦ ᠾᠧ ᠱᠣᠸ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ᠂ ᠬᠤᠣ ᠴᠢᠨ ᠶᠢᠩ ᠰᠢᠶᠠᠩ ᠤᠨ ᠡᠷᠡᠭᠦᠯ ᠬᠠᠮᠠᠭᠠᠯᠠᠯ ᠤᠨ ᠬᠤᠷᠢᠶ᠎ᠠ᠂ ᠬᠤᠲᠣᠩ ᠠᠷᠠᠳ ᠤᠨ ᠲᠣᠭᠤᠷᠢᠭ ᠤᠨ ᠭᠤᠸᠠᠩ ᠮᠢᠩ ᠵᠠᠮ ᠤᠨ ᠵᠡᠭᠡᠯᠢ ᠭᠤᠳᠤᠮᠵᠢ ᠶᠢᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠬᠠᠢ ᠰᠢ ᠵᠠᠮ ᠤᠨ ᠬᠡᠷᠡᠭ ᠡᠷᠬᠢᠯᠡᠬᠦ ᠭᠠᠵᠠᠷ ᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠢᠦᠢ ᠴᠢᠤᠸᠠᠨ ᠲᠣᠭᠤᠷᠢᠭ ᠤᠨ ᠽᠤᠩ ᠷᠥᠩ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠰᠠᠶᠢᠬᠠᠨ ᠲᠣᠭᠤᠷᠢᠭ ᠤᠨ ᠠᠷᠠᠳ ᠤᠨ ᠵᠠᠮ ᠤᠨ ᠬᠡᠷᠡᠭ ᠡᠷᠬᠢᠯᠡᠬᠦ ᠭᠠᠵᠠᠷ ᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠵᠢᠨᠴᠢᠶᠣᠣ ᠨᠡᠭᠡᠭᠡᠯᠲᠡ ᠶᠢᠨ ᠲᠣᠭᠤᠷᠢᠭ ᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ  ᠵᠡᠷᠭᠡ ᠪᠤᠯᠤᠨ᠎ᠠ᠃       ᠣᠶᠢᠯᠠᠭᠠᠭᠰᠠᠨ ᠢᠶᠠᠷ᠂ ᠤᠯᠤᠰ  ᠠᠴᠠ ︽ᠦᠨᠳᠦᠰᠦᠨ ᠱᠠᠲᠤᠨ ᠤ ᠰᠢᠯᠢᠳᠡᠭ ᠦᠢᠯᠡᠴᠢᠯᠡᠭᠡᠨ ᠤ ᠠᠶᠠᠯᠠᠯ︾ ᠠᠵᠢᠯᠯᠠᠭ᠎ᠠ ᠶᠢ ᠲᠦᠯᠬᠢᠨ ᠠᠬᠢᠭᠤᠯᠵᠤ ᠪᠠᠶᠢᠭ᠎ᠠ ᠨᠢ ᠦᠨᠳᠦᠰᠦᠨ ᠱᠠᠲᠤᠨ ᠤ ᠡᠪᠡᠳᠴᠢᠨ ᠢ ᠰᠡᠷᠭᠡᠶᠢᠯᠡᠵᠦ ᠵᠠᠰᠠᠬᠤ ᠪᠠ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠴᠢᠨᠠᠷ ᠰᠠᠶᠢᠨ ᠥᠨᠳᠥᠷ ᠪᠦᠲᠦᠮᠵᠢᠲᠡᠶ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠲᠦᠷᠭᠡᠪᠴᠢᠯᠡᠨ ᠪᠠᠶᠢᠭᠤᠯᠬᠤ ᠶᠢᠨ ᠲᠥᠯᠥᠭᠡ ᠶᠤᠮ᠃ ᠡᠭᠦᠨ ᠤ ᠲᠤᠯᠠᠳᠠ᠂ ᠤᠯᠤᠰ  ᠠᠴᠠ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠨᠡᠶᠢᠲᠡᠯᠡᠵᠦ᠂ ᠡᠯ᠎ᠡ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠪᠠᠷᠢᠮᠵᠢᠶ᠎ᠠ ᠱᠠᠭᠠᠷᠳᠠᠯᠭ᠎ᠠ ᠲᠠᠢ ᠬᠠᠷᠢᠴᠠᠭᠤᠯᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠲᠣᠰ ᠪᠡᠶ᠎ᠡ ᠶᠢᠨ ᠦᠢᠯᠡᠴᠢᠯᠡᠭᠡᠨ ᠤ ᠴᠢᠳᠠᠪᠤᠷᠢ ᠪᠠᠨ ᠳᠡᠭᠡᠭᠰᠢᠯᠡᠭᠦᠯᠬᠦ ᠳᠤ ᠲᠥᠬᠦᠮ ᠦᠵᠡᠭᠦᠯᠵᠡᠢ᠃  
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ