︵ᠰᠤᠷᠪᠤᠯᠵᠢᠯᠠᠭᠴᠢ ᠮᠢᠶᠣᠣ ᠴᠢᠩ︶ 2 ᠳ᠋ᠤᠭᠠᠷ ᠰᠠᠷ᠎ᠠ ᠶᠢᠨ 29 ᠤ ᠡᠳᠦᠷ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠠᠴᠠ | ᠣᠶᠢᠯᠠᠭᠠᠭᠰᠠᠨ ᠨᠢ᠂ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠪᠠᠶᠢᠷᠢᠰᠢᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠰᠢᠯᠢᠳᠡᠭ | ᠰᠤᠷᠤᠭᠴᠢ ᠶᠢᠨ ᠣᠷᠣᠨ ᠲᠤᠭ᠎ᠠ ᠶᠢᠨ ᠬᠠᠩᠭᠠᠯᠭ᠎ᠠ ᠶᠢ ᠦᠷᠭᠦᠯᠵᠢᠯᠡᠨ ᠥᠷᠭᠡᠳᠬᠡᠵᠦ᠂ ᠬᠤᠲᠠ ᠶᠢᠨ ᠭᠤᠣᠯ ᠲᠣᠭᠤᠷᠢᠭ ᠤᠨ ᠰᠤᠷᠤᠭᠴᠢ ᠶᠢᠨ ᠣᠷᠣᠨ | ᠲᠤᠭ᠎ᠠ ᠶᠢᠨ ᠳᠤᠲᠠᠭᠳᠠᠵᠤ ᠪᠠᠶᠢᠭ᠎ᠠ ᠳᠠᠷᠤᠯᠲᠠ ᠶᠢ ᠪᠦᠲᠦᠮᠵᠢᠲᠡᠶ ᠨᠠᠮᠳᠠᠭᠤᠯᠬᠤ ᠶᠢᠨ ᠲᠥᠯᠥᠭᠡ᠂ ᠮᠠᠨ ᠤ ᠬᠤᠲᠠ ᠡᠨᠡ ᠵᠢᠯ 61 ᠰᠤᠷᠭᠠᠨ ᠬᠥᠮᠦᠵᠢᠯ ᠤᠨ | ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠬᠦ ᠪᠠᠷ ᠪᠣᠯᠵᠤ᠂ ᠲᠣᠰ ᠵᠢᠯ ᠳᠤ 20 ᠲᠥᠷᠥᠯ ᠵᠦᠢᠯ ᠢ ᠠᠰᠢᠭᠯᠠᠯᠲᠠ ᠳᠤ | ᠣᠷᠣᠭᠤᠯᠵᠤ᠂ 2.2 ᠲᠦᠮᠡᠨ ᠰᠤᠷᠤᠭᠴᠢ ᠶᠢᠨ ᠣᠷᠣᠨ ᠲᠤᠭ᠎ᠠ ᠶᠢ ᠰᠢᠨ᠎ᠡ ᠪᠠᠷ ᠨᠡᠮᠡᠭᠳᠡᠭᠦᠯᠬᠦ ᠪᠠᠷ ᠲᠥᠯᠥᠪᠯᠡᠵᠦ ᠪᠠᠶᠢᠨ᠎ᠠ᠃ | ᠣᠶᠢᠯᠠᠭᠠᠭᠰᠠᠨ ᠢᠶᠠᠷ᠂ ᠡᠨᠡ ᠵᠢᠯ ᠤᠨ 9 ᠳ᠋ᠦ᠋ᠭᠡᠷ ᠰᠠᠷ᠎ᠠ ᠳᠤ ᠠᠰᠢᠭᠯᠠᠯᠲᠠ ᠳᠤ ᠣᠷᠣᠭᠤᠯᠬᠤ ᠪᠠᠷ ᠲᠥᠯᠥᠪᠯᠡᠵᠦ ᠪᠠᠶᠢᠭ᠎ᠠ ᠲᠥᠷᠥᠯ ᠵᠦᠢᠯ ᠤᠨ | ᠳᠣᠲᠣᠷ᠎ᠠ᠂ ᠨᠡᠯᠢᠶᠡᠳ ᠲᠥᠯᠥᠭᠡᠯᠡᠬᠦ ᠴᠢᠨᠠᠷᠲᠠᠢ 4 ᠲᠥᠷᠥᠯ ᠵᠦᠢᠯ ᠨᠢ ᠲᠣᠰ ᠲᠣᠰ ᠲᠤᠷᠰᠢᠯᠲᠠ ᠶᠢᠨ ᠳᠤᠮᠳᠠᠳᠤ ᠰᠤᠷᠭᠠᠭᠤᠯᠢ ᠶᠢᠨ ᠳ᠋ᠦᠩ ᠾᠧ | ᠰᠤᠷᠭᠠᠭᠤᠯᠢ ᠶᠢᠨ ᠲᠣᠭᠤᠷᠢᠭ ᠤᠨ ᠪᠠᠭ᠎ᠠ ᠰᠤᠷᠭᠠᠭᠤᠯᠢ ᠶᠢᠨ ᠬᠡᠯᠲᠡᠰ ᠤᠨ ᠥᠷᠭᠡᠳᠬᠡᠨ ᠪᠠᠶᠢᠭᠤᠯᠬᠤ ᠲᠥᠷᠥᠯ ᠵᠦᠢᠯ᠂ ᠢᠦᠢ ᠴᠢᠤᠸᠠᠨ ᠲᠣᠭᠤᠷᠢᠭ ᠤᠨ | ᠬᠤᠲᠠ ᠶᠢᠨ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠡᠮᠦᠨ᠎ᠡ ᠰᠤᠷᠭᠠᠭᠤᠯᠢ ᠶᠢᠨ ᠲᠣᠭᠤᠷᠢᠭ ᠢ ᠰᠢᠨ᠎ᠡ ᠪᠠᠷ ᠪᠠᠶᠢᠭᠤᠯᠬᠤ ᠲᠥᠷᠥᠯ ᠵᠦᠢᠯ᠂ ᠰᠠᠶᠢᠬᠠᠨ | ᠲᠣᠭᠤᠷᠢᠭ ᠤᠨ ᠱᠤᠸᠠᠩ ᠲᠠᠢ ᠱᠢ ᠰᠤᠷᠭᠠᠭᠤᠯᠢ ᠶᠢᠨ ᠲᠥᠷᠥᠯ ᠵᠦᠢᠯ᠂ ᠰᠠᠶᠢᠬᠠᠨ ᠲᠣᠭᠤᠷᠢᠭ ᠤᠨ ᠵᠢᠶᠠᠩ ᠱᠠᠨ ᠹᠧᠩ ᠬᠤᠸᠠ ᠬᠡᠦᠬᠡᠳ ᠤᠨ ᠴᠡᠴᠡᠷᠯᠢᠭ ᠤᠨ | ᠲᠥᠷᠥᠯ ᠵᠦᠢᠯ ᠪᠣᠯᠣᠨ᠎ᠠ᠃ ᠲᠤᠷᠰᠢᠯᠲᠠ ᠶᠢᠨ ᠳᠤᠮᠳᠠᠳᠤ ᠰᠤᠷᠭᠠᠭᠤᠯᠢ ᠶᠢᠨ ᠳ᠋ᠦᠩ ᠾᠧ ᠰᠤᠷᠭᠠᠭᠤᠯᠢ ᠶᠢᠨ ᠲᠣᠭᠤᠷᠢᠭ ᠤᠨ ᠪᠠᠭ᠎ᠠ ᠰᠤᠷᠭᠠᠭᠤᠯᠢ ᠶᠢᠨ | ᠬᠡᠯᠲᠡᠰ ᠤᠨ ᠥᠷᠭᠡᠳᠬᠡᠨ ᠪᠠᠶᠢᠭᠤᠯᠬᠤ ᠲᠦᠷᠦᠯ ᠵᠦᠢᠯ᠄ ᠳ᠋ᠦᠩ ᠾᠧ ᠪᠠᠭ᠎ᠠ ᠰᠤᠷᠭᠠᠭᠤᠯᠢ ᠶᠢᠨ ᠬᠡᠯᠲᠡᠰ ᠢ ᠨᠠᠨ ᠳ᠋ᠢᠶᠠᠨ ᠲᠣᠰᠬᠤᠨ ᠤ ᠸᠠᠨ ᠲᠦᠩ | ᠵᠠᠮ ᠠᠴᠠ ᠪᠠᠷᠠᠭᠤᠨᠰᠢ᠂ 24 ᠮᠧᠲᠷ ᠲᠥᠯᠦᠪᠵᠢᠭᠦᠯᠭᠡ ᠵᠠᠮ ᠤᠨ ᠡᠮᠦᠨ᠎ᠡ ᠪᠠᠶᠢᠷᠢᠯᠠᠵᠤ᠂ ᠳ᠋ᠦᠩ ᠾᠧ ᠪᠠᠭ᠎ᠠ ᠰᠤᠷᠭᠠᠭᠤᠯᠢ ᠶᠢᠨ ᠬᠡᠯᠲᠡᠰ ᠤᠨ ᠵᠡᠭᠦᠨ | ᠲᠠᠯ᠎ᠠ ᠳᠤ ᠨᠢᠭᠡ ᠵᠢᠭᠠᠨ ᠰᠤᠷᠭᠠᠬᠤ ᠠᠰᠠᠷ ᠢ ᠥᠷᠭᠡᠳᠬᠡᠨ ᠪᠠᠶᠢᠭᠤᠯᠵᠤ᠂ 15 ᠵᠢᠭᠠᠨ ᠰᠤᠷᠭᠠᠬᠤ ᠠᠩᠭᠢ ᠶᠢ ᠰᠢᠨ᠎ᠡ ᠪᠠᠷ ᠨᠡᠮᠡᠵᠦ᠂ 675 ᠰᠤᠷᠤᠭᠴᠢ ᠶᠢᠨ | ᠣᠷᠣᠨ ᠲᠤᠭ᠎ᠠ ᠶᠢ ᠰᠢᠨ᠎ᠡ ᠪᠠᠷ ᠨᠡᠮᠡᠭᠳᠡᠭᠦᠯᠬᠦ ᠪᠠᠷ ᠲᠥᠯᠥᠪᠯᠡᠵᠦ ᠪᠤᠢ᠃ ᠢᠦᠢ ᠴᠢᠤᠸᠠᠨ ᠲᠣᠭᠤᠷᠢᠭ ᠤᠨ ᠬᠤᠲᠠ ᠶᠢᠨ ᠳᠥᠷᠪᠡᠳᠦᠭᠡᠷ ᠳᠤᠮᠳᠠᠳᠤ | ᠰᠤᠷᠭᠠᠭᠤᠯᠢ ᠶᠢᠨ ᠡᠮᠦᠨ᠎ᠡ ᠰᠤᠷᠭᠠᠭᠤᠯᠢ ᠶᠢᠨ ᠲᠣᠭᠤᠷᠢᠭ ᠢ ᠰᠢᠨ᠎ᠡ ᠪᠠᠷ ᠪᠠᠶᠢᠭᠤᠯᠬᠤ ᠲᠥᠷᠥᠯ ᠵᠦᠢᠯ᠄ ᠵᠠᠰᠠᠭ ᠵᠠᠬᠢᠷᠭᠠᠨ ᠤ ᠠᠰᠠᠷ᠂ ᠪᠠᠭ᠎ᠠ ᠰᠤᠷᠭᠠᠭᠤᠯᠢ ᠶᠢᠨ | ᠬᠡᠯᠲᠡᠰ ᠤᠨ ᠵᠢᠭᠠᠨ ᠰᠤᠷᠭᠠᠯᠲᠠ ᠶᠢᠨ ᠠᠰᠠᠷ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠡᠯᠲᠡᠰ ᠤᠨ ᠵᠢᠭᠠᠨ ᠰᠤᠷᠭᠠᠯᠲᠠ ᠶᠢᠨ ᠠᠰᠠᠷ᠂ | ᠶᠡᠷᠦᠩᠬᠡᠶᠢᠯᠡᠭᠰᠡᠨ ᠠᠰᠠᠷ᠂ ᠮᠡᠳᠡᠭᠦᠯᠦᠯᠲᠡ ᠶᠢᠨ ᠲᠢᠩᠬᠢᠮ᠂ ᠨᠣᠮ ᠤᠨ ᠰᠠᠩ᠂ ᠬᠤᠭᠤᠯᠠᠨ ᠭᠡᠷ᠂ ᠰᠠᠯᠬᠢ ᠪᠣᠷᠣᠭᠠᠨ ᠢ ᠬᠠᠯᠬᠠᠯᠠᠬᠤ ᠲᠠᠮᠢᠷ ᠤᠨ ᠲᠠᠯᠠᠪᠠᠶ᠂ | 400 ᠮᠧᠲᠷ ᠪᠠ 300 ᠮᠧᠲᠷ ᠤᠨ ᠰᠦᠵᠢᠶᠥᠥ ᠳᠡᠪᠢᠰᠦᠭᠰᠡᠨ ᠲᠠᠮᠢᠷ ᠤᠨ ᠲᠠᠯᠠᠪᠠᠶ ᠵᠢᠴᠢ ᠪᠤᠰᠤᠳ ᠢᠵᠢ ᠪᠦᠷᠢᠳᠦᠭᠦᠯᠬᠦ ᠪᠡᠯᠡᠳᠬᠡᠮᠵᠢ ᠶᠢ ᠪᠦᠲᠦᠭᠡᠨ | ᠪᠠᠶᠢᠭᠤᠯᠤᠨ᠎ᠠ᠃ 72 ᠵᠢᠭᠠᠨ ᠰᠤᠷᠭᠠᠬᠤ ᠠᠩᠭᠢ ︵ᠪᠠᠭ᠎ᠠ ᠰᠤᠷᠭᠠᠭᠤᠯᠢ ᠶᠢᠨ ᠬᠡᠯᠲᠡᠰ ᠲᠤ 48 ᠵᠢᠭᠠᠨ ᠰᠤᠷᠭᠠᠬᠤ ᠠᠩᠭᠢ᠂ ᠠᠩᠬ᠎ᠠ ᠵᠡᠷᠭᠡ ᠶᠢᠨ ᠳᠤᠮᠳᠠᠳᠤ | ᠰᠤᠷᠭᠠᠭᠤᠯᠢ ᠳᠤ 24 ᠵᠢᠭᠠᠨ ᠰᠤᠷᠭᠠᠬᠤ ᠠᠩᠭᠢ︶ ᠲᠣᠬᠢᠷᠠᠭᠤᠯᠵᠤ᠂ ᠰᠤᠷᠤᠭᠴᠢ ᠶᠢᠨ ᠣᠷᠣᠨ ᠲᠤᠭ᠎ᠠ ᠶᠢ ᠰᠢᠨ᠎ᠡ ᠪᠠᠷ 3600 ᠨᠡᠮᠡᠭᠳᠡᠭᠦᠯᠦᠨ᠎ᠡ᠃ | ᠰᠠᠶᠢᠬᠠᠨ ᠲᠣᠭᠤᠷᠢᠭ ᠤᠨ ᠱᠤᠸᠠᠩ ᠲᠠᠢ ᠱᠢ ᠰᠤᠷᠭᠠᠭᠤᠯᠢ ᠶᠢᠨ ᠲᠦᠷᠦᠯ ᠵᠦᠢᠯ᠄ ᠳ᠋ᠦᠩ ᠶᠢᠩ ᠡᠮᠦᠨ᠎ᠡ ᠵᠠᠮ ᠤᠨ ᠪᠠᠭ᠎ᠠ ᠰᠤᠷᠭᠠᠭᠤᠯᠢ ᠪᠣᠯᠣᠨ ᠱᠤᠸᠠᠩ ᠲᠠᠢ | ᠱᠢ ᠳᠤᠮᠳᠠᠳᠤ ᠰᠤᠷᠭᠠᠭᠤᠯᠢ ᠶᠢ ᠨᠡᠶᠢᠯᠡᠭᠦᠯᠵᠦ ᠶᠢᠰᠦᠨ ᠵᠢᠯ ᠤᠨ ᠳᠦᠷᠢᠮᠲᠦ ᠰᠤᠷᠭᠠᠭᠤᠯᠢ ᠪᠣᠯᠭᠠᠨ᠎ᠠ᠃ 60 ᠵᠢᠭᠠᠨ ᠰᠤᠷᠭᠠᠬᠤ ᠠᠩᠭᠢ 60 ᠲᠣᠬᠢᠷᠠᠭᠤᠯᠵᠤ᠂ | ᠰᠤᠷᠤᠭᠴᠢ ᠶᠢᠨ ᠣᠷᠣᠨ ᠲᠤᠭ᠎ᠠ ᠶᠢ ᠰᠢᠨ᠎ᠡ ᠪᠠᠷ 2700 ᠨᠡᠮᠡᠭᠳᠡᠭᠦᠯᠦᠨ᠎ᠡ᠃ ᠰᠠᠶᠢᠬᠠᠨ ᠲᠣᠭᠤᠷᠢᠭ ᠤᠨ ᠵᠢᠶᠠᠩ ᠱᠠᠨ ᠹᠧᠩ ᠬᠤᠸᠠ ᠬᠡᠦᠬᠡᠳ ᠤᠨ | ᠴᠡᠴᠡᠷᠯᠢᠭ ᠤᠨ ᠲᠥᠷᠥᠯ ᠵᠦᠢᠯ᠄ ᠲᠣᠰ ᠲᠥᠷᠥᠯ ᠵᠦᠢᠯ ᠪᠣᠯ ᠬᠤᠷᠢᠶᠠᠯᠠᠯ ᠤᠨ ᠢᠵᠢ ᠪᠦᠷᠢᠳᠦᠭᠦᠯᠬᠦ ᠴᠡᠴᠡᠷᠯᠢᠭ ᠪᠣᠯᠣᠨ᠎ᠠ᠂ 18 ᠵᠢᠭᠠᠨ ᠰᠤᠷᠭᠠᠯᠲᠠ ᠶᠢᠨ | ᠠᠩᠭᠢ ᠲᠣᠬᠢᠷᠠᠭᠤᠯᠬᠤ ᠪᠠᠷ ᠲᠥᠯᠥᠪᠯᠡᠵᠦ᠂ 540 ᠰᠤᠷᠤᠭᠴᠢ ᠶᠢᠨ ᠣᠷᠣᠨ ᠲᠤᠭ᠎ᠠ ᠶᠢ ᠰᠢᠨ᠎ᠡ ᠪᠠᠷ ᠨᠡᠮᠡᠭᠳᠡᠭᠦᠯᠦᠨ᠎ᠡ᠃ | ᠣᠶᠢᠯᠠᠭᠠᠭᠰᠠᠨ ᠢᠶᠠᠷ᠂ ᠡᠲᠡᠭᠡᠷ ᠰᠤᠷᠭᠠᠨ ᠬᠥᠮᠦᠵᠢᠯ ᠤᠨ ᠭᠤᠣᠯᠳᠠᠯᠭ᠎ᠠ ᠲᠠᠢ ᠲᠥᠷᠥᠯ ᠵᠦᠢᠯ ᠤᠨ ᠤᠷᠤᠭᠰᠢᠲᠠᠢ ᠶᠠᠪᠤᠭᠳᠠᠬᠤ ᠶᠢ ᠦᠨᠡᠨ ᠬᠦ | ᠪᠠᠲᠤᠯᠠᠬᠤ ᠶᠢᠨ ᠲᠥᠯᠥᠭᠡ᠂ ᠮᠠᠨ ᠤ ᠬᠤᠲᠠ ᠪᠦᠲᠦᠭᠡᠨ ᠪᠠᠶᠢᠭᠤᠯᠤᠯᠲᠠ ᠶᠢᠨ ᠠᠬᠢᠴᠠ ᠪᠠᠨ ᠲᠦᠷᠭᠡᠳᠬᠡᠵᠦ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ | ᠬᠠᠮᠵᠢᠯᠴᠠᠨ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠨᠢᠭᠡ ᠥᠷᠲᠡᠭᠡ ᠬᠡᠯᠪᠡᠷᠢ ᠪᠠᠷ ᠬᠢᠨᠠᠨ ᠵᠥᠪᠰᠢᠶᠡᠷᠡᠬᠦ ︽ᠰᠠᠭᠠᠳ ᠦᠭᠡᠢ | ᠨᠡᠪᠲᠡᠷᠡᠬᠦ ᠵᠠᠮ︾ ᠢ ᠰᠢᠯᠢᠳᠡᠭᠵᠢᠭᠦᠯᠵᠦ᠂ ᠡᠯ᠎ᠡ ᠬᠤᠰᠢᠭᠤ ᠰᠢᠶᠠᠨ ᠲᠣᠭᠤᠷᠢᠭ ᠤᠨ ᠣᠯᠠᠨ ᠲᠠᠯ᠎ᠠ ᠪᠠᠷ ᠪᠡᠯᠡ ᠮᠥᠩᠭᠦ ᠴᠤᠭᠯᠠᠭᠤᠯᠤᠨ ᠰᠤᠷᠭᠠᠨ ᠬᠥᠮᠦᠵᠢᠯ ᠤᠨ | ᠲᠥᠷᠥᠯ ᠵᠦᠢᠯ ᠢ ᠤᠷᠢᠳᠠᠪᠠᠷ ᠪᠠᠲᠤᠯᠠᠬᠤ ᠶᠢ ᠰᠢᠮᠳᠠᠭᠤᠯᠤᠨ᠎ᠠ᠃ ᠨᠥᠬᠦᠴᠡᠯ ᠲᠠᠢ᠂ ᠰᠤᠷᠭᠠᠭᠤᠯᠢ ᠡᠷᠭᠢᠯᠡᠬᠦ ᠬᠢᠷᠢ ᠬᠡᠮᠵᠢᠶ᠎ᠡ ᠲᠠᠢ ᠪᠠ ᠣᠯᠠᠨ ᠲᠦᠮᠡᠨ ᠤ | ᠮᠡᠳᠡᠷᠡᠮᠵᠢ ᠪᠠᠷ ᠨᠡᠯᠢᠶᠡᠳ ᠥᠨᠳᠥᠷ ᠰᠤᠷᠭᠠᠭᠤᠯᠢ ᠳᠤ ︽ᠳᠠᠯᠳᠠ ᠬᠦᠴᠦᠨ ᠢ ᠠᠭᠤᠳᠠᠯᠤᠨ ᠪᠠᠭᠲᠠᠭᠠᠮᠵᠢ ᠶᠢ ᠥᠷᠭᠡᠳᠬᠡᠵᠦ︾᠂ ᠰᠢᠯᠢᠳᠡᠭ ᠰᠤᠷᠤᠭᠴᠢ ᠶᠢᠨ | ᠣᠷᠣᠨ ᠲᠤᠭ᠎ᠠ ᠶᠢᠨ ᠬᠠᠩᠭᠠᠯᠭ᠎ᠠ ᠶᠢ ᠤᠯᠠᠮ ᠨᠢᠭᠡ ᠠᠯᠬᠤᠮ ᠥᠷᠭᠡᠳᠬᠡᠨ᠎ᠡ᠃ ᠰᠤᠷᠤᠭᠴᠢ ᠶᠢᠨ ᠣᠷᠣᠨ ᠲᠤᠭ᠎ᠠ ᠦᠯᠡᠳᠡᠵᠦ ᠪᠠᠶᠢᠭ᠎ᠠ ᠰᠤᠷᠭᠠᠭᠤᠯᠢ ᠳᠤ | ᠬᠤᠪᠢᠶᠠᠨ ᠲᠣᠬᠢᠷᠠᠭᠤᠯᠬᠤ᠂ ᠰᠤᠯᠠ ᠲᠠᠯᠪᠢᠵᠤ ᠪᠠᠶᠢᠭ᠎ᠠ ᠰᠤᠷᠭᠠᠭᠤᠯᠢ ᠶᠢᠨ ᠭᠡᠷ ᠪᠠᠶᠢᠰᠢᠩ ᠢ ᠠᠰᠢᠭᠯᠠᠨ ᠳᠤᠮᠳᠠᠳᠤ ᠪᠠᠭ᠎ᠠ ᠰᠤᠷᠭᠠᠭᠤᠯᠢ ᠡᠷᠭᠢᠯᠡᠬᠦ ᠵᠡᠷᠭᠡ | ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠰᠤᠷᠤᠭᠴᠢ ᠲᠠᠢ ᠶᠡᠭᠡ ᠠᠩᠭᠢ ᠭᠠᠷᠭᠠᠬᠤ ᠦᠭᠡᠢ ᠪᠠᠶᠢᠳᠠᠯ ᠳᠣᠣᠷ᠎ᠠ ᠰᠤᠷᠤᠭᠴᠢ ᠶᠢᠨ ᠣᠷᠣᠨ ᠲᠤᠭ᠎ᠠ ᠶᠢᠨ | ᠬᠠᠩᠭᠠᠯᠭ᠎ᠠ ᠶᠢ ᠥᠷᠭᠡᠳᠬᠡᠨ᠎ᠡ᠃ | ᠰᠤᠷᠭᠠᠨ ᠬᠥᠮᠦᠵᠢᠯ ᠤᠨ ᠡᠬᠢ ᠪᠠᠶᠠᠯᠢᠭ ᠢ ᠦᠷᠭᠦᠯᠵᠢᠯᠡᠨ ᠰᠢᠯᠢᠳᠡᠭᠵᠢᠭᠦᠯᠦᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ ᠮᠠᠨ ᠤ ᠬᠤᠲᠠ | ᠣᠯᠠᠨ ᠰᠤᠷᠭᠠᠭᠤᠯᠢ ᠶᠢ ᠬᠡᠰᠡᠭ ᠬᠤᠪᠢᠶᠠᠬᠤ᠂ ︽ᠨᠠᠷᠠᠲᠤ ᠰᠤᠷᠭᠠᠭᠤᠯᠢ +︾ ᠢᠨᠵᠧᠨᠧᠷᠢᠩ ᠂ ᠰᠤᠷᠭᠠᠭᠤᠯᠢ ᠶᠢᠨ ᠵᠠᠬᠢᠷᠤᠯ ᠪᠠ ᠪᠠᠭᠰᠢ ᠶᠢ ᠰᠣᠯᠢᠯᠴᠠᠨ | ᠠᠵᠢᠯ ᠤᠨ ᠪᠠᠶᠢᠷᠢ ᠡᠭᠡᠯᠵᠢᠯᠡᠭᠦᠯᠬᠦ ᠵᠡᠷᠭᠡ ᠠᠷᠭ᠎ᠠ ᠬᠡᠮᠵᠢᠶ᠎ᠡ ᠠᠪᠴᠤ᠂ ᠪᠦᠯᠦᠭᠯᠡᠯ ᠮᠠᠶ᠋ᠢᠭ ᠢᠶᠠᠷ ᠰᠤᠷᠭᠠᠭᠤᠯᠢ ᠡᠷᠭᠢᠯᠡᠬᠦ ᠠᠵᠢᠯᠯᠠᠭᠠᠨ ᠤ ᠲᠣᠭᠲᠠᠴᠠ ᠶᠢ | ᠪᠦᠷᠢᠨᠰᠢᠭᠦᠯᠦᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠲᠡᠩᠴᠡᠭᠦᠷᠢᠲᠡᠢ ᠪᠣᠯᠭᠠᠬᠤ ᠶᠢ ᠠᠬᠢᠭᠤᠯᠵᠤ᠂ ᠰᠤᠷᠤᠭᠴᠢ ᠶᠢᠨ ᠣᠷᠣᠨ | ᠲᠤᠭ᠎ᠠ ᠶᠢᠨ ᠬᠠᠩᠭᠠᠯᠭ᠎ᠠ ᠬᠡᠷᠡᠭᠴᠡᠭᠡ ᠶᠢᠨ ᠪᠦᠲᠦᠴᠡ ᠶᠢᠨ ᠵᠥᠷᠢᠴᠡᠯ ᠢ ᠨᠠᠮᠳᠠᠭᠤᠯᠤᠨ᠎ᠠ ᠭᠡᠵᠦ ᠲᠣᠳᠣᠷᠬᠠᠢ ᠲᠣᠭᠲᠠᠭᠠᠪᠠ᠃ ᠲᠤᠰᠬᠠᠢ ᠵᠦᠢᠯ ᠤᠨ ᠪᠡᠯᠡ | ᠮᠥᠩᠭᠦ ᠲᠣᠬᠢᠷᠠᠭᠤᠯᠬᠤ᠂ ᠣᠷᠣᠨ ᠤ ᠳᠣᠲᠣᠷ᠎ᠠ ᠭᠠᠳᠠᠨᠠᠬᠢ ᠳᠡᠭᠡᠳᠦ ᠵᠡᠷᠭᠡ ᠶᠢᠨ ᠰᠤᠷᠭᠠᠭᠤᠯᠢ ᠠᠴᠠ ᠮᠠᠨ ᠤ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠲᠠᠢ | ᠬᠠᠮᠲᠤᠷᠠᠨ ᠰᠤᠷᠭᠠᠭᠤᠯᠢ ᠡᠷᠭᠢᠯᠡᠬᠦ ᠪᠤᠶᠤ ᠬᠠᠷᠢᠶᠠᠲᠤ ᠰᠤᠷᠭᠠᠭᠤᠯᠢ ᠪᠠᠶᠢᠭᠤᠯᠬᠤ ᠶᠢ ᠢᠳᠡᠪᠬᠢᠲᠡᠢ ᠴᠢᠷᠮᠠᠶᠢᠵᠤ᠂ 10 ᠴᠢᠨᠠᠷ ᠰᠠᠶᠢᠲᠠᠢ ᠬᠠᠮᠲᠤ ᠪᠠᠷ | ᠪᠠᠶᠢᠭᠤᠯᠤᠭᠰᠠᠨ ᠰᠤᠷᠭᠠᠭᠤᠯᠢ ᠶᠢ ᠪᠠᠶᠢᠭᠤᠯᠤᠨ᠎ᠠ᠃ ︽ᠳᠥᠷᠪᠡᠨ ᠨᠢᠭᠡ︾ ᠶᠢ ᠳᠡᠭᠡᠭᠰᠢᠯᠡᠭᠦᠯᠬᠦ ᠢᠨᠵᠧᠨᠧᠷᠢᠩ ᠢ ᠥᠷᠨᠢᠭᠦᠯᠵᠦ᠂ ᠰᠢᠶᠠᠩ ᠪᠠᠯᠭᠠᠰᠤ | ᠨᠢᠭᠡᠪᠦᠷᠢ ᠳᠤ ᠠᠳᠠᠭ ᠲᠠᠭᠠᠨ ᠨᠢᠭᠡ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠢ ᠰᠠᠶᠢᠲᠤᠷ ᠡᠷᠭᠢᠯᠡᠵᠦ᠂ ᠬᠤᠰᠢᠭᠤ ᠰᠢᠶᠠᠨ ᠲᠣᠭᠤᠷᠢᠭ | ᠨᠢᠭᠡᠪᠦᠷᠢ ᠳᠤ ᠠᠳᠠᠭ ᠲᠠᠭᠠᠨ ᠨᠢᠭᠡ ᠰᠢᠯᠢᠳᠡᠭ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠪᠠᠭ᠎ᠠ | ᠰᠤᠷᠭᠠᠭᠤᠯᠢ ᠶᠢ ᠰᠠᠶᠢᠲᠤᠷ ᠡᠷᠭᠢᠯᠡᠨ᠎ᠡ᠃ ᠰᠤᠷᠭᠠᠨ ᠬᠥᠮᠦᠵᠢᠯ ᠤᠨ ᠲᠥᠯᠦᠪᠵᠢᠭᠦᠯᠭᠡ ᠶᠢᠨ ᠪᠠᠶᠢᠷᠢᠰᠢᠭᠤᠯᠤᠯᠲᠠ ᠶᠢ ᠬᠥᠳᠡᠯᠦᠩᠭᠦᠢ ᠪᠠᠷ ᠲᠣᠬᠢᠷᠠᠭᠤᠯᠬᠤ | ᠲᠣᠭᠲᠠᠴᠠ ᠶᠢ ᠪᠦᠷᠢᠨᠰᠢᠭᠦᠯᠵᠦ᠂ ᠰᠤᠷᠭᠠᠨ ᠬᠥᠮᠦᠵᠢᠯ ᠤᠨ ᠪᠡᠯᠡᠳᠬᠡᠮᠵᠢ ᠶᠢᠨ ᠪᠠᠶᠢᠷᠢᠰᠢᠭᠤᠯᠤᠯᠲᠠ ᠶᠢᠨ ᠲᠥᠯᠦᠪᠵᠢᠭᠦᠯᠭᠡ ᠵᠢᠴᠢ ᠪᠦᠲᠦᠭᠡᠨ ᠪᠠᠶᠢᠭᠤᠯᠬᠤ | ᠪᠠᠷᠢᠮᠵᠢᠶ᠎ᠠ ᠶᠢ ᠴᠠᠭ ᠲᠤᠬᠠᠢ ᠳᠤᠨᠢ ᠲᠣᠬᠢᠷᠠᠭᠤᠯᠤᠨ ᠰᠢᠯᠢᠳᠡᠭᠵᠢᠭᠦᠯᠵᠦ᠂ ᠰᠤᠷᠭᠠᠨ ᠬᠥᠮᠦᠵᠢᠯ ᠤᠨ ᠣᠷᠣᠨ ᠵᠠᠢ ᠶᠢᠨ ᠲᠥᠯᠦᠪᠵᠢᠭᠦᠯᠭᠡ ᠶᠢ ᠴᠠᠭ | ᠬᠤᠭᠤᠴᠠᠭᠠᠨ ᠤ ᠰᠢᠯᠭᠠᠯᠲᠠ ᠶᠢ ᠳᠠᠭᠠᠭᠠᠵᠤ ᠴᠢᠳᠠᠬᠤ ᠪᠣᠯᠭᠠᠨ᠎ᠠ᠃ ᠳᠣᠲᠣᠭᠠᠳᠤ ᠶᠢ ᠬᠠᠮᠠᠭᠠᠯᠠᠬᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠵᠡᠷᠭᠡ ᠰᠠᠯᠠᠭ᠎ᠠ | ᠮᠥᠴᠢᠷ ᠯᠦᠭᠡ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠰᠤᠷᠤᠭᠴᠢ ᠶᠢᠨ ᠣᠷᠣᠨ ᠲᠤᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠤᠷᠢᠳᠴᠢᠯᠠᠨ ᠵᠢᠱᠢᠬᠦ | ᠪᠠ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠂ ᠭᠡᠷ ᠤᠨ ᠠᠬᠠᠮᠠᠳ ᠢ ᠬᠥᠲᠥᠯᠥᠨ ᠵᠢᠯᠤᠭᠤᠳᠴᠤ ᠵᠦᠢ ᠵᠣᠬᠢᠰᠲᠠᠢ ᠵᠢᠱᠢᠯᠲᠡ ᠲᠠᠢ | ᠪᠣᠯᠭᠠᠨ᠎ᠠ᠃ |