ᠯᠢ ᠳ᠋ᠡ ᠭᠤᠸᠠᠩ ︵1909-1946︶᠂ ᠤᠤᠯ ᠨᠡᠷ᠎ᠡ ᠯᠢ ᠱᠧᠩ ᠸᠠᠩ᠂ ᠡᠷᠭᠦᠭᠰᠡᠨ ᠨᠡᠷ᠎ᠡ ᠯᠢᠶᠠᠩ ᠮᠢᠩ᠂ ᠪᠠᠭ᠎ᠠ ᠶᠢᠨ ᠨᠡᠷ᠎ᠡ ᠰᠠᠨ ᠯᠠᠮᠠ᠂ | ᠡᠷᠡᠭᠲᠡᠢ᠂ ᠬᠢᠲᠠᠳ ᠦᠨᠳᠦᠰᠦᠲᠡᠨ᠂ ᠥᠪᠥᠷ ᠮᠣᠩᠭᠤᠯ ᠤᠨ ᠲᠣᠭᠲᠠᠬᠤ ᠰᠢᠶᠠᠨ ᠤ ᠵᠦᠩ ᠲᠠᠨ ᠰᠢᠶᠠᠩ ᠤᠨ ᠯᠢᠦ ᠯᠢᠨ ᠲᠠᠨ ᠤ ᠬᠥᠮᠥᠨ᠃ | ᠯᠢ ᠳ᠋ᠡ ᠭᠤᠸᠠᠩ ᠪᠠᠭ᠎ᠠ ᠳᠠᠭᠠᠨ ᠲᠣᠭᠲᠠᠬᠤ ᠰᠢᠶᠠᠨ ᠤ ᠾᠧᠺᠸᠤ ᠪᠠᠯᠭᠠᠰᠤᠨ ᠤ ᠪᠠᠭ᠎ᠠ ᠰᠤᠷᠭᠠᠭᠤᠯᠢ ᠳᠤ ᠪᠢᠴᠢᠭ ᠦᠵᠡᠵᠦ᠂ 1926 ᠣᠨ ᠤ | ᠡᠬᠢ ᠪᠠᠷ ᠬᠦᠢᠰᠦ᠋ᠢ ᠳᠤᠮᠳᠠᠳᠤ ᠰᠤᠷᠭᠠᠭᠤᠯᠢ ᠳᠤ ᠰᠢᠯᠭᠠᠨ ᠣᠷᠣᠵᠠᠢ᠃ 1927 ᠣᠨ ᠳᠤ ᠰᠦᠢᠶᠤᠸᠠᠨ ᠤ ᠪᠠᠭᠰᠢ ᠶᠢᠨ ᠰᠤᠷᠭᠠᠭᠤᠯᠢ ᠳᠤ ᠰᠢᠯᠵᠢᠵᠦ᠂ | ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠪᠠ᠃ 10 ᠰᠠᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠦᠢᠶᠤᠸᠠᠨ ᠤ ᠣᠨᠴᠠᠭᠠᠢ | ᠡᠭᠦᠷ ᠤᠨ ᠤᠳᠤᠷᠢᠳᠤᠯᠭ᠎ᠠ ᠳᠣᠣᠷ᠎ᠠ ᠬᠤᠪᠢᠰᠬᠠᠯ ᠤᠨ ᠠᠵᠢᠯᠯᠠᠭ᠎ᠠ ᠪᠠᠨ ᠦᠷᠭᠦᠯᠵᠢᠯᠡᠨ ᠪᠠᠷᠢᠮᠲᠠᠯᠠᠪᠠ᠃ | 1930 ᠣᠨ ᠤ ᠵᠤᠨ᠂ ᠯᠢ ᠳ᠋ᠡ ᠭᠤᠸᠠᠩ ᠪᠸᠢᠢᠫᠢᠩ ᠤᠨ ᠬᠤᠩ ᠳ᠋ᠠ ᠰᠤᠷᠭᠠᠭᠤᠯᠢ ᠳᠤ ᠰᠢᠯᠭᠠᠭᠤᠯᠤᠨ ᠣᠷᠣᠵᠤ ᠪᠢᠴᠢᠭ ᠦᠵᠡᠵᠦ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠾᠧᠪᠧᠢ ᠮᠤᠵᠢ ᠶᠢᠨ ᠬᠤᠷᠢᠶ᠎ᠠ ᠲᠠᠢ ᠬᠤᠯᠪᠣᠭ᠎ᠠ ᠠᠪᠤᠪᠠ᠃ 1932 ᠣᠨ ᠤ 5 ᠰᠠᠷ᠎ᠠ ᠳᠤ᠂ ᠳᠤᠮᠳᠠᠳᠤ ᠤᠯᠤᠰ ᠤᠨ ᠡᠪ | ᠬᠠᠮᠲᠤ ᠨᠠᠮ ᠤᠨ ᠾᠥ᠋ᠪᠸᠢ ᠮᠤᠵᠢ ᠶᠢᠨ ᠬᠤᠷᠢᠶᠠᠨ ᠤ ᠲᠣᠮᠢᠯᠠᠯᠲᠠ ᠪᠠᠷ ᠯᠢ ᠳ᠋ᠡ ᠭᠤᠸᠠᠩ ᠢ ᠰᠦᠢᠶᠤᠸᠠᠨ ᠳᠤ ᠪᠤᠴᠠᠭᠠᠨ ᠠᠵᠢᠯᠯᠠᠭᠤᠯᠪᠠ᠃ 1933 ᠣᠨ ᠤ | 4 ᠰᠠᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠦᠢᠰᠦ᠋ᠢ ᠲᠦᠪ ᠰᠢᠶᠠᠨ ᠤ ᠨᠠᠮ ᠤᠨ ᠬᠤᠷᠢᠶ᠎ᠠ ᠡᠪᠳᠡᠭᠳᠡᠪᠡ᠃ ᠨᠠᠮᠤᠷ ᠨᠢ᠂ ᠯᠢ ᠳ᠋ᠡ ᠭᠤᠸᠠᠩ | ᠬᠥᠬᠡᠬᠤᠲᠠ ᠳᠤ ᠪᠠᠷᠢᠪᠴᠢᠯᠠᠭᠳᠠᠪᠠ᠃ ᠭᠢᠨᠳᠠᠨ ᠠᠴᠠ ᠣᠷᠭᠤᠭᠠᠳ ᠠᠮᠵᠢᠯᠲᠠ ᠣᠯᠣᠭᠰᠠᠨ ᠤ ᠲᠠᠷᠠᠭ᠎ᠠ᠂ ᠡᠮᠴᠢᠯᠡᠬᠦ ᠨᠡᠷ᠎ᠡ ᠪᠠᠷ ᠲᠦᠮᠡᠳ ᠤᠨ ᠬᠥᠳᠡᠭᠡ | ᠲᠣᠰᠬᠤᠨ᠂ ᠪᠤᠭᠤᠲᠤ ᠪᠣᠯᠣᠨ ᠲᠠᠯᠠᠨ ᠬᠠᠷ᠎ᠠ ᠠᠭᠤᠯᠠ ᠶᠢᠨ ᠠᠷᠤ ᠳᠤ ᠠᠵᠢᠯᠯᠠᠭ᠎ᠠ ᠬᠢᠪᠡ᠃ | 1938 ᠣᠨ ᠤ 9 ᠰᠠᠷ᠎ᠠ ᠳᠤ᠂ ᠨᠠᠢᠮᠠᠳᠤᠭᠠᠷ ᠵᠠᠮ ᠤᠨ ᠴᠡᠷᠢᠭ ᠳᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ ᠫᠠᠷᠲ᠋ᠢᠽᠠᠨ ᠤ ᠰᠠᠭᠤᠷᠢᠨ | ᠭᠠᠵᠠᠷ ᠢ ᠨᠡᠭᠡᠭᠡᠭᠰᠡᠨ ᠤ ᠳᠠᠷᠠᠭ᠎ᠠ᠂ ᠯᠢ ᠳ᠋ᠡ ᠭᠤᠸᠠᠩ ᠨᠠᠮ ᠤᠨ ᠵᠣᠬᠢᠶᠠᠨ ᠪᠠᠶᠢᠭᠤᠯᠤᠯᠲᠠ ᠲᠠᠢ ᠬᠤᠯᠪᠣᠭ᠎ᠠ ᠠᠪᠴᠤ᠂ ᠲᠣᠭᠲᠠᠬᠤ ᠰᠢᠶᠡᠨ ᠳᠤ ᠪᠠᠨ ᠪᠤᠴᠠᠨ | ᠢᠷᠡᠵᠦ ᠤᠯᠠᠨ ᠲᠦᠮᠡᠨ ᠤ ᠶᠠᠫᠤᠨ ᠢ ᠡᠰᠡᠷᠭᠦᠴᠡᠬᠦ ᠠᠵᠢᠯ ᠢ ᠥᠷᠨᠢᠭᠦᠯᠪᠡ᠃ | 1940 ᠣᠨ ᠤ ᠵᠢᠷᠭᠤᠭ᠎ᠠ᠂ ᠳᠣᠯᠣᠳᠤᠭᠠᠷ ᠰᠠᠷ᠎ᠠ ᠶᠢᠨ ᠬᠤᠭᠤᠷᠣᠨᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠦᠢᠶᠤᠸᠠᠨ ᠣᠷᠣᠨ ᠤ | ᠬᠤᠷᠢᠶ᠎ᠠ ᠠᠴᠠ ᠳᠠᠯᠠᠨ ᠬᠠᠷ᠎ᠠ ᠣᠷᠣᠨ ᠤ ᠶᠠᠫᠤᠨ ᠢ ᠡᠰᠡᠷᠭᠦᠴᠡᠬᠦ ᠫᠠᠷᠲ᠋ᠢᠽᠠᠨ ᠠᠩᠭᠢ ᠶᠢ ᠨᠢᠭᠡᠳᠦᠯᠲᠡᠢ ᠤᠳᠤᠷᠢᠳᠬᠤ ᠶᠢᠨ ᠲᠥᠯᠥᠭᠡ᠂ ᠰᠦᠢᠶᠤᠸᠠᠨ | ᠴᠠᠬᠠᠷ ᠤᠨ ᠲᠤᠰᠠᠭᠠᠷ ᠬᠤᠶᠠᠳᠤᠭᠠᠷ ᠰᠠᠯᠪᠤᠷᠢ ᠠᠩᠭᠢ ᠶᠢ ᠪᠠᠶᠢᠭᠤᠯᠵᠤ᠂ ᠯᠢ ᠳ᠋ᠡ ᠭᠤᠸᠠᠩ ᠱᠲ᠋ᠠᠪ ᠤᠨ ᠳᠠᠷᠤᠭ᠎ᠠ ᠶᠢᠨ ᠲᠤᠰᠢᠶᠠᠯ ᠢ ᠬᠠᠷᠢᠭᠤᠴᠠᠪᠠ᠃ ᠨᠠᠮᠤᠷ | ᠠᠴᠠ᠂ ᠯᠢ ᠳ᠋ᠡ ᠭᠤᠸᠠᠩ ᠨᠢᠭᠡᠨ ᠰᠠᠯᠠᠭ᠎ᠠ ᠫᠠᠷᠲ᠋ᠢᠽᠠᠨ ᠠᠩᠭᠢ ᠶᠢ ᠳᠠᠭᠠᠭᠤᠯᠤᠨ ᠬᠥᠬᠡᠬᠤᠲᠠ᠂ ᠲᠣᠭᠲᠠᠬᠤ᠂ ᠬᠤᠷᠢᠨᠭᠡᠷ ᠭᠤᠷᠪᠠᠯᠵᠢᠨ ᠣᠷᠣᠨ ᠢᠶᠠᠷ ᠫᠠᠷᠲ᠋ᠢᠽᠠᠨ | ᠳᠠᠶᠢᠨ ᠥᠷᠨᠢᠭᠦᠯᠵᠦ᠂ ᠲᠦᠸᠧ ᠾᠧ ᠴᠢᠩ ᠰᠢᠶᠠᠨ ︵ᠶᠠᠫᠤᠨ ᠢ ᠡᠰᠡᠷᠭᠦᠴᠡᠬᠦ ᠲᠠᠶᠢᠨ ᠤ ᠦᠶ᠎ᠡ ᠳᠤ ᠰᠦᠢᠶᠤᠸᠠᠨ ᠤ ᠡᠮᠦᠨᠡᠲᠦ ᠬᠡᠰᠡᠭ ᠤᠨ ᠲᠤᠰᠬᠠᠢ | ᠣᠷᠣᠨ ᠤ ᠨᠠᠮ ᠤᠨ ᠤ ᠠᠵᠢᠯᠯᠠᠬᠤ ᠬᠤᠷᠢᠶ᠎ᠠ ᠶᠢᠨ ᠬᠠᠷᠢᠶᠠᠨ ᠳᠠᠬᠢ ᠳᠦᠷᠪᠡᠨ ᠰᠢᠶᠠᠨ ᠤ ᠨᠢᠭᠡ︶ ᠱᠦᠵᠢ ᠯᠢ ᠶᠦᠨ ᠯᠦᠩ᠂ ᠰᠢᠶᠠᠨ ᠤ ᠳᠠᠷᠤᠭ᠎ᠠ ᠶᠠᠩ ᠴᠢ | ᠱᠠᠨ ᠲᠠᠢ ᠬᠠᠮᠵᠢᠯᠴᠠᠨ ᠣᠷᠣᠨ ᠨᠤᠲᠤᠭ ᠤᠨ ᠠᠵᠢᠯ ᠢ ᠥᠷᠨᠢᠭᠦᠯᠵᠡᠢ᠃ 1942 ᠣᠨ ᠳᠤ ᠶᠠᠫᠤᠨ ᠢ ᠡᠰᠡᠷᠭᠦᠴᠡᠬᠦ ᠲᠠᠶᠢᠨ ᠬᠦᠴᠢᠷᠳᠡᠯ ᠲᠠᠢ ᠦᠶ᠎ᠡ ᠳᠤ | ᠣᠷᠣᠭᠰᠠᠨ ᠤ ᠲᠠᠷᠠᠭ᠎ᠠ᠂ ᠯᠢ ᠳ᠋ᠡ ᠭᠤᠸᠠᠩ ︽ᠨᠢᠭᠤᠴᠠ ᠳᠣᠷᠣ ᠶᠢᠨ ᠪᠣᠳᠣᠯᠭ᠎ᠠ︾ ᠪᠠᠨ ᠪᠠᠷᠢᠮᠲᠠᠯᠠᠵᠤ᠂ ᠲᠣᠭᠲᠠᠬᠤ ᠪᠠ ᠬᠤᠷᠢᠨᠭᠡᠷ ᠣᠷᠴᠢᠮ ᠢᠶᠠᠷ ᠶᠠᠫᠤᠨ ᠢ | ᠡᠰᠡᠷᠭᠦᠴᠡᠬᠦ ᠠᠵᠢᠯᠯᠠᠭ᠎ᠠ ᠥᠷᠨᠢᠭᠦᠯᠪᠡ᠃ | 1945 ᠣᠨ ᠤ ᠰᠡᠭᠦᠯᠴᠢ ᠪᠠᠷ᠂ ᠮᠠᠭᠤ ᠡᠲᠡᠭᠡᠳ ᠨᠢᠭᠤᠴᠠ ᠶᠢ ᠵᠠᠳᠠᠷᠠᠭᠤᠯᠤᠭᠰᠠᠨ ᠠᠴᠠ ᠭᠤᠮᠢᠨᠳᠠᠩ ᠤᠨ ᠲᠡᠷᠰᠯᠡᠭᠦᠴᠦᠳ ᠲᠤ ᠪᠠᠷᠢᠪᠴᠢᠯᠠᠭᠳᠠᠭᠠᠳ᠂ | ᠬᠥᠬᠡᠬᠤᠲᠠ ᠳᠤ ᠠᠪᠠᠴᠢᠵᠤ ᠬᠤᠷᠢᠪᠠ᠃ 1946 ᠣᠨ ᠳᠤ ᠠᠯᠠᠭᠳᠠᠵᠤ᠂ ᠪᠡᠶ᠎ᠡ ᠦᠷᠡᠭᠳᠡᠬᠦ ᠦᠶ᠎ᠡ ᠳᠡᠭᠡᠨ 37 ᠨᠠᠰᠤᠲᠠᠢ ᠪᠠᠶᠢᠪᠠ᠃ | ᠢᠷᠡᠯᠲᠡ᠄ ︽ᠬᠦᠬᠡᠬᠤᠲᠠ ᠶᠢᠨ ᠬᠤᠪᠢᠰᠬᠠᠯ ᠤᠨ ᠲᠡᠦᠬᠡ︾ ︵ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠬᠡᠪᠯᠡᠯ ᠤᠨ ᠬᠤᠷᠢᠶ᠎ᠠ᠂1999 | ᠣᠨ ᠤ ᠬᠡᠪᠯᠡᠯ︶ ᠠᠴᠠ ᠣᠷᠴᠢᠭᠤᠯᠪᠠ | | |