ᠮᠠᠨ ᠤ ᠬᠤᠲᠠ ᠶᠢᠨ 2 ᠨᠡᠶᠢᠭᠡᠮ ᠤᠨ ᠰᠢᠨᠵᠢᠯᠡᠬᠦ ᠤᠬᠠᠭᠠᠨ ᠤ ᠲᠥᠷᠥᠯ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠲᠣᠰ ᠲᠣᠰ 5A ᠲᠠᠰ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ᠂ 4A ᠲᠠᠰ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠᠷ ᠦᠨᠡᠯᠡᠭᠳᠡᠪᠡ
ᠨᠡᠶᠢᠲᠡᠯᠡᠭᠰᠡᠨ ᠴᠠᠭ᠄
2024/3/1
      ︵ᠰᠤᠷᠪᠤᠯᠵᠢᠯᠠᠭᠴᠢ ᠯᠢᠦᠢ ᠬᠤᠶ ᠱᠧᠩ︶ ᠣᠶᠢᠷ᠎ᠠ ᠳᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠥᠪᠡᠷ ᠢ ᠪᠠᠨ ᠦᠨᠡᠯᠡᠬᠦ᠂ ᠭᠤᠷᠪᠠᠳᠠᠭᠢ ᠡᠲᠡᠭᠡᠳ ᠠᠴᠠ ᠦᠨᠡᠯᠡᠬᠦ ᠪᠠ ᠦᠨᠡᠯᠡᠬᠦ ᠵᠥᠪᠯᠡᠯ ᠤᠨ ᠬᠢᠨᠠᠯᠲᠠ ᠪᠠᠷ ᠳᠡᠮᠵᠢᠨ᠂ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ︽2023 ᠣᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠦᠨᠡᠯᠡᠯᠲᠡ ᠶᠢᠨ ᠵᠡᠷᠭᠡ ᠲᠠᠰ ᠤᠨ ᠦᠷ᠎ᠡ ᠳ᠋ᠦᠩ ᠢ ᠨᠡᠶᠢᠲᠡᠯᠡᠬᠦ ᠲᠤᠬᠠᠢ ᠬᠥᠬᠡᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ 2023 ᠣᠨ ᠤ ᠪᠥᠬᠦ ᠬᠤᠲᠠ ᠶᠢᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠦᠨᠡᠯᠡᠯᠲᠡ ᠶᠢᠨ ᠵᠡᠷᠭᠡ ᠲᠠᠰ ᠤᠨ ᠦᠷ᠎ᠡ ᠳ᠋ᠦᠩ ᠢ ᠵᠠᠷᠯᠠᠨ ᠨᠡᠶᠢᠲᠡᠯᠡᠪᠡ᠃ ᠡᠭᠦᠨ ᠳᠤ᠂ ᠬᠤᠲᠠ ᠶᠢᠨ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠣᠭᠠᠲᠤ ᠬᠤᠷᠠᠯ ᠠᠴᠠ ᠭᠤᠣᠯᠯᠠᠨ ᠬᠠᠮᠢᠶᠠᠷᠴᠤ ᠪᠠᠶᠢᠭ᠎ᠠ ᠬᠥᠬᠡᠬᠤᠲᠠ ᠶᠢᠨ ᠭᠠᠶᠢᠯᠢ ᠶᠢᠨ ᠶᠠᠪᠤᠳᠠᠯ ᠤᠨ ᠨᠡᠶᠢᠭᠡᠮᠯᠢᠭ 2023 ᠣᠨ ᠤ ᠬᠥᠬᠡᠬᠤᠲᠠ ᠶᠢᠨ 5A ᠲᠠᠰ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠢᠷᠠᠭᠤ ᠠᠯᠳᠠᠷ ᠤᠨ ᠴᠣᠯᠠ ᠶᠢ ᠭᠥᠷᠳᠡᠵᠦ᠂ ᠬᠥᠬᠡᠬᠤᠲᠠ ᠶᠢᠨ ᠣᠯᠠᠨ ᠤᠯᠤᠰ ᠤᠨ ᠭᠠᠶᠢᠯᠢ ᠲᠠᠲᠠᠪᠤᠷᠢ ᠶᠢᠨ ᠰᠤᠳᠤᠯᠭᠠᠨ ᠤ ᠨᠡᠶᠢᠭᠡᠮᠯᠢᠭ 2023 ᠣᠨ ᠤ ᠬᠥᠬᠡᠬᠤᠲᠠ ᠶᠢᠨ 4A ᠲᠠᠰ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠢᠷᠠᠭᠤ ᠠᠯᠳᠠᠷ ᠤᠨ ᠴᠣᠯᠠ ᠶᠢ ᠭᠥᠷᠳᠡᠪᠡ᠃      ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠦᠨᠡᠯᠡᠬᠦ ᠪᠣᠯ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠬᠦ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠲᠤᠰ ᠪᠡᠶ᠎ᠡ ᠶᠢᠨ ᠪᠠᠶᠢᠭᠤᠯᠤᠯᠲᠠ ᠶᠢᠨ ᠪᠠᠶᠢᠳᠠᠯ ᠢᠶᠠᠨ ᠪᠦᠬᠦ ᠲᠠᠯ᠎ᠠ ᠪᠠᠷ ᠣᠶᠢᠯᠠᠭᠠᠬᠤ᠂ ᠬᠠᠮᠢᠶᠠᠷᠤᠯᠲᠠ ᠪᠠᠨ ᠲᠠᠰᠤᠷᠠᠯᠲᠠ ᠦᠭᠡᠢ ᠵᠢᠷᠤᠮᠵᠢᠭᠤᠯᠬᠤ᠂ ᠬᠥᠭᠵᠢᠯᠲᠡ ᠶᠢᠨ ᠴᠢᠳᠠᠪᠤᠷᠢ ᠪᠠᠨ ᠳᠡᠭᠡᠭᠰᠢᠯᠡᠭᠦᠯᠬᠦ ᠶᠢᠨ ᠴᠢᠬᠤᠯᠠ ᠠᠷᠭ᠎ᠠ ᠵᠠᠮ ᠮᠥᠨ᠃ 5A ᠲᠠᠰ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ 4A ᠲᠠᠰ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠᠷ ᠦᠨᠡᠯᠡᠭᠳᠡᠭᠰᠡᠨ ᠨᠢ ᠢᠷᠠᠭᠤ ᠠᠯᠳᠠᠷ ᠪᠣᠯᠬᠤ ᠮᠥᠷᠲᠡᠭᠡᠨ ᠨᠠᠩ ᠴᠤ ᠬᠠᠷᠢᠭᠤᠴᠠᠯᠭ᠎ᠠ ᠪᠣᠯᠣᠨ᠎ᠠ᠂ ᠡᠨᠡ ᠪᠣᠯ ᠬᠤᠶᠠᠷ ᠨᠡᠶᠢᠭᠡᠮ ᠤᠨ ᠰᠢᠨᠵᠢᠯᠡᠬᠦ ᠤᠬᠠᠭᠠᠨ ᠤ ᠲᠥᠷᠥᠯ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠭᠦᠢᠴᠡᠳ ᠨᠤᠲᠠᠯᠠᠵᠤ ᠪᠠᠶᠢᠭ᠎ᠠ ᠶᠠᠪᠤᠳᠠᠯ ᠮᠥᠨ᠂ ᠪᠠᠰᠠ ᠴᠤ ᠬᠤᠶᠠᠷ ᠨᠡᠶᠢᠭᠡᠮ ᠤᠨ ᠰᠢᠨᠵᠢᠯᠡᠬᠦ ᠤᠬᠠᠭᠠᠨ ᠤ ᠲᠥᠷᠥᠯ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠤᠶᠢᠰᠢᠳᠠ ᠶᠢᠨ ᠤᠷᠤᠭᠰᠢᠯᠠᠬᠤ ᠴᠢᠭᠯᠡᠯ ᠢ ᠤᠯᠠᠮ ᠨᠢᠭᠡ ᠠᠯᠬᠤᠮ ᠵᠢᠭᠠᠨ ᠵᠢᠯᠤᠭᠤᠳᠴᠤ ᠪᠠᠶᠢᠭ᠎ᠠ ᠶᠠᠪᠤᠳᠠᠯ ᠮᠥᠨ᠃ ᠬᠤᠳᠠ ᠶᠢᠨ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠣᠭᠠᠲᠤ ᠬᠤᠷᠠᠯ ᠠᠴᠠ ᠪᠦᠬᠦ ᠬᠤᠳᠠ ᠶᠢᠨ ᠨᠡᠶᠢᠭᠡᠮ ᠤᠨ ᠰᠢᠨᠵᠢᠯᠡᠬᠦ ᠤᠬᠠᠭᠠᠨ ᠤ ᠲᠦᠷᠦᠯ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ  ᠬᠢᠨ ᠨᠡᠩ ᠯᠠᠪᠳᠠᠭᠤᠨ ᠪᠠᠲᠤᠲᠠᠢ ᠠᠵᠢᠯ ᠢᠶᠠᠷ ᠢᠶᠠᠨ ᠴᠢᠨᠠᠷ ᠰᠠᠶᠢᠲᠠᠢ ᠬᠥᠭᠵᠢᠯᠲᠡ ᠶᠢᠨ ᠣᠶᠢᠯᠠᠭᠠᠭᠳᠠᠬᠤᠨ ᠢ ᠪᠦᠲᠦᠮᠵᠢᠲᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠡᠶᠢᠭᠡᠮ ᠤᠨ ᠰᠢᠨᠵᠢᠯᠡᠬᠦ ᠤᠬᠠᠭᠠᠨ ᠤ ᠠᠵᠢᠯ ᠢ ᠦᠷᠭᠦᠯᠵᠢᠯᠡᠨ ᠴᠡᠴᠡᠭᠯᠡᠨ ᠬᠥᠭᠵᠢᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠣᠷᠣᠨ ᠤ ᠲᠥᠪ ᠬᠤᠲᠠ ᠶᠢᠨ ᠴᠣ ᠰᠢᠨ᠎ᠡ ᠬᠠᠭᠤᠳᠠᠰᠤ ᠶᠢ ᠪᠢᠴᠢᠭᠯᠡᠬᠦ ᠳᠤ ᠨᠡᠶᠢᠭᠡᠮ ᠤᠨ ᠰᠢᠨᠵᠢᠯᠡᠬᠦ ᠤᠬᠠᠭᠠᠨ ᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠡᠢ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ