ᠬᠥᠬᠡᠬᠤᠲᠠ ᠶᠢᠨ ᠡᠵᠡᠩᠨᠡᠯᠲᠡ ᠶᠢᠨ ᠭᠤᠣᠯ ᠴᠣᠭᠴᠠ 40 ᠲᠦᠮᠡ ᠶᠢ ᠳᠠᠪᠠᠪᠠ
ᠨᠡᠶᠢᠲᠡᠯᠡᠭᠰᠡᠨ ᠴᠠᠭ᠄
2024/3/11
      ︵ᠰᠤᠷᠪᠤᠯᠵᠢᠯᠠᠭᠴᠢ ᠴᠢ ᠰᠢᠶᠣᠣ ᠶᠠᠨ︶ ᠡᠨᠡ ᠵᠢᠯ ᠠᠴᠠ ᠨᠠᠭᠠᠰᠢ᠂ ᠮᠠᠨ ᠤ ᠬᠤᠲᠠ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠪᠠᠶᠢᠭᠤᠯᠵᠤ ᠳᠠᠩᠰᠠᠯᠠᠬᠤ ᠲᠤᠬᠠᠶᠢᠯᠠᠭᠰᠠᠨ ᠠᠵᠢᠯ ᠴᠡᠴᠡᠭᠯᠡᠨ ᠬᠥᠭᠵᠢᠭᠰᠡᠨ ᠪᠠᠶᠢᠳᠠᠯ ᠲᠠᠢ ᠪᠣᠯᠪᠠ᠃ 3 ᠳ᠋ᠤᠭᠠᠷ ᠰᠠᠷ᠎ᠠ ᠶᠢᠨ 4 ᠤ ᠡᠳᠦᠷ ᠪᠣᠯᠲᠠᠯ᠎ᠠ᠂ ᠮᠠᠨ ᠤ ᠬᠤᠲᠠ ᠶᠢᠨ ᠡᠵᠡᠩᠨᠡᠯᠲᠡ ᠶᠢᠨ ᠭᠤᠣᠯ ᠴᠣᠭᠴᠠ 40 ᠲᠦᠮᠡ ᠶᠢ ᠳᠠᠪᠠᠵᠤ᠂ ᠡᠭᠦᠨ ᠳᠤ ᠠᠵᠤ ᠠᠬᠤᠶᠢᠯᠠᠯ 140762᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ 254536 ᠂ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ 4735 ᠪᠠᠶᠢᠵᠤ᠂ ᠲᠣᠰ ᠲᠣᠰ ᠡᠵᠡᠩᠨᠡᠯᠲᠡ ᠶᠢᠨ ᠭᠤᠣᠯ ᠴᠣᠭᠴᠠ ᠶᠢᠨ ᠶᠡᠷᠦᠩᠬᠡᠢ ᠲᠣᠭᠠᠨ ᠤ 35.19%᠂ 63.63%᠂ 1.18% ᠶᠢ ᠡᠵᠡᠯᠡᠪᠡ᠃       ᠠᠵᠤ ᠦᠢᠯᠡᠰ ᠤᠨ ᠪᠦᠲᠦᠴᠡ ᠠᠴᠠ ᠦᠵᠡᠪᠡᠯ᠂ ᠮᠠᠨ ᠤ ᠬᠤᠲᠠ ᠶᠢᠨ ᠪᠣᠳᠠᠲᠠᠢ ᠪᠠᠶᠢᠭ᠎ᠠ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠡᠵᠡᠩᠨᠡᠯᠲᠡ ᠶᠢᠨ ᠭᠤᠣᠯ ᠴᠣᠭᠴᠠ ᠨᠢ ᠲᠣᠰ ᠲᠣᠰ 13488᠂ 42643᠂ 343902 ᠪᠠᠶᠢᠵᠤ᠂ ᠲᠣᠰ ᠲᠣᠰ ᠡᠵᠡᠩᠨᠡᠯᠲᠡ ᠶᠢᠨ ᠭᠤᠣᠯ ᠴᠣᠭᠴᠠ ᠶᠢᠨ ᠶᠡᠷᠦᠩᠬᠡᠢ ᠲᠣᠭᠠᠨ ᠤ 3.37%᠂ 10.66%᠂ 85.97% ᠶᠢ ᠡᠵᠡᠯᠡᠵᠦ ᠪᠣᠶ᠃ 2019 ᠣᠨ ᠤ ᠡᠴᠦᠰ ᠤᠨ ᠬᠢ ᠲᠠᠢ ᠬᠠᠷᠢᠴᠠᠭᠤᠯᠪᠠᠯ᠂ ᠨᠢᠭᠡᠳᠦᠭᠡᠷ᠂ ᠬᠤᠶᠠᠳᠤᠭᠠᠷ ᠠᠵᠤ ᠦᠢᠯᠡᠰ ᠤᠨ ᠡᠵᠡᠯᠡᠬᠦ ᠬᠠᠷᠢᠴᠠᠯ ᠲᠣᠰ ᠲᠣᠰ 0.22᠂ 2.78 ᠵᠠᠭᠤᠨ ᠤ ᠨᠢᠭᠡᠴᠢ ᠳᠡᠭᠡᠭᠰᠢᠯᠡᠵᠡᠢ᠃ ᠠᠵᠢᠯ ᠲᠥᠷᠥᠯ ᠤᠨ ᠲᠠᠷᠬᠠᠯᠲᠠ ᠠᠴᠠ ᠦᠵᠡᠪᠡᠯ᠂ ᠡᠵᠡᠩᠨᠡᠯᠲᠡ ᠶᠢᠨ ᠭᠤᠣᠯ ᠴᠣᠭᠴᠠ ᠶᠢᠨ ᠡᠮᠦᠨ᠎ᠡ ᠲᠠᠪᠤ ᠳᠤ ᠵᠢᠭᠰᠠᠭᠠᠭᠳᠠᠭᠰᠠᠨ ᠠᠵᠢᠯ ᠲᠥᠷᠥᠯ ᠨᠢ ᠲᠣᠰ ᠲᠣᠰ ︽ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ︾  ︽ᠬᠤᠨᠤᠭ ᠪᠠᠭᠤᠳᠠᠯ ᠪᠠ ᠢᠳᠡᠭᠡᠨ ᠤᠮᠳᠠᠭᠠᠨ ᠤ ᠦᠢᠯᠡᠰ︾ ︽ᠰᠠᠭᠤᠭᠠᠯᠢ ᠠᠷᠠᠳ ᠤᠨ ᠦᠢᠯᠡᠴᠢᠯᠡᠭᠡ᠂ ᠰᠡᠯᠪᠢᠨ ᠵᠠᠰᠠᠯᠲᠠ ᠪᠠ ᠪᠤᠰᠤᠳ ᠦᠢᠯᠡᠴᠢᠯᠡᠭᠡᠨ ᠤ ᠦᠢᠯᠡᠰ︾  ︽ᠲᠦᠷᠢᠶᠡᠰᠦᠯᠡᠯ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ︾ ︽ᠦᠢᠯᠡᠳᠬᠦ ᠦᠢᠯᠡᠰ︾ ᠪᠠᠶᠢᠵᠤ᠂ ᠡᠵᠡᠯᠡᠬᠦ ᠬᠠᠷᠢᠴᠠᠯ ᠨᠢ ᠲᠣᠰ ᠲᠣᠰ 44.31%᠂ 10.74%᠂ 8.27%᠂       6.84%᠂ 5.79% ᠪᠣᠯᠣᠨ᠎ᠠ᠃ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠭᠤᠣᠯ ᠴᠣᠭᠴᠠ ᠶᠢᠨ ᠶᠡᠷᠦᠩᠬᠡᠢ ᠲᠤᠭ᠎ᠠ 40 ᠲᠦᠮᠡ ᠶᠢᠨ ᠰᠢᠨ᠎ᠡ ᠳᠡᠭᠲᠡᠷ ᠲᠤ ᠭᠠᠷᠤᠭᠰᠠᠨ ᠨᠢ ᠮᠠᠨ ᠤ ᠬᠤᠳᠠ ᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠦᠷᠭᠦᠯᠵᠢᠯᠡᠨ ᠰᠢᠯᠢᠳᠡᠭᠵᠢᠭᠰᠡᠨ ᠤ ᠦᠨᠡᠨ ᠪᠣᠳᠠᠲᠠᠢ ᠵᠢᠷᠤᠭᠯᠠᠯ ᠪᠣᠯᠣᠨ᠎ᠠ᠂ ᠮᠥᠨᠴᠦ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠲᠠᠰᠤᠷᠠᠯᠳᠡ ᠦᠭᠡᠢ ᠳᠣᠲᠣᠭᠠᠳᠤ ᠬᠥᠳᠡᠯᠭᠡᠬᠦ ᠬᠦᠴᠦᠨ ᠬᠠᠩᠭᠠᠵᠠᠢ᠃       ᠣᠳᠣᠬᠠᠨ ᠳᠤ᠂ ᠠᠷᠠᠳ ᠤᠨ ᠡᠵᠡᠩᠨᠡᠯᠲᠡ ᠶᠢᠨ ᠭᠤᠣᠯ ᠴᠣᠭᠴᠠ ᠨᠢᠭᠡᠨᠲᠡ ᠮᠠᠨ ᠤ ᠬᠤᠲᠠ ᠶᠢᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠭᠤᠣᠯ ᠴᠣᠭᠴᠠ ᠶᠢᠨ ᠡᠵᠡᠯᠡᠬᠦ ᠬᠠᠷᠢᠴᠠᠯ ᠢᠶᠠᠷ ᠬᠠᠮᠤᠭ ᠤᠨ ᠶᠡᠭᠡ ᠪᠦᠷᠢᠯᠳᠦᠭᠦᠨ ᠬᠡᠰᠡᠭ ᠪᠣᠯᠵᠤ᠂ ᠣᠲᠣ ᠪᠣᠯᠲᠠᠯ᠎ᠠ᠂ ᠮᠠᠨ ᠤ ᠬᠤᠲᠠ ᠶᠢᠨ ᠪᠣᠳᠠᠲᠠᠢ ᠪᠠᠶᠢᠭ᠎ᠠ ᠠᠷᠠᠳ ᠤᠨ ᠡᠵᠡᠩᠨᠡᠯᠲᠡ ᠶᠢᠨ ᠭᠤᠣᠯ ᠴᠣᠭᠴᠠ 386315 ᠪᠠᠶᠢᠵᠤ᠂ ᠳᠠᠩᠰᠠᠯᠠᠭᠤᠯᠤᠭᠰᠠᠨ ᠬᠥᠷᠥᠩᠭᠡ ︵ᠮᠥᠩᠭᠦ︶ 0.99 ᠲᠦᠮᠡᠨ ᠳ᠋ᠦᠩᠰᠢᠭᠤᠷ ᠲᠥᠭᠦᠷᠢᠭ ᠬᠦᠷᠴᠦ᠂ ᠲᠣᠰ ᠲᠣᠰ ᠡᠵᠡᠩᠨᠡᠯᠲᠡ ᠶᠢᠨ ᠭᠤᠣᠯ ᠴᠣᠭᠴᠠ ᠶᠢᠨ ᠶᠡᠷᠦᠩᠬᠡᠢ ᠲᠣᠭᠠᠨ ᠤ 96.57%᠂ 51.56% ᠶᠢ ᠡᠵᠡᠯᠡᠵᠦ᠂ ᠠᠷᠠᠳ ᠤᠨ ᠡᠵᠡᠩᠨᠡᠯᠲᠡ ᠶᠢᠨ ᠭᠤᠣᠯ ᠴᠣᠭᠴᠠ ᠶᠢᠨ ᠡᠷᠦᠬᠡ ᠶᠢᠨ ᠲᠤᠭ᠎ᠠ ᠶᠢᠨ ᠡᠵᠡᠯᠡᠬᠦ ᠬᠠᠷᠢᠴᠠᠯ 2019 ᠣᠨ ᠤ ᠡᠴᠦᠰ ᠤᠨ ᠬᠢ ᠠᠴᠠ 0.13 ᠵᠠᠭᠤᠨ ᠤ ᠨᠢᠭᠡᠴᠢ ᠳᠡᠭᠡᠭᠰᠢᠯᠡᠵᠡᠢ᠃ ᠡᠭᠦᠨ ᠳᠤ᠂ ᠪᠣᠳᠠᠲᠠᠢ ᠪᠠᠶᠢᠭ᠎ᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ 127044 ᠪᠠᠶᠢᠵᠤ᠂ ᠳᠠᠩᠰᠠᠯᠠᠭᠤᠯᠤᠭᠰᠠᠨ ᠬᠥᠷᠥᠩᠭᠡ      ︵ᠮᠥᠩᠭᠦ︶ 0.89 ᠲᠦᠮᠡᠨ ᠳ᠋ᠦᠩᠰᠢᠭᠤᠷ ᠲᠥᠭᠦᠷᠢᠭ ᠬᠦᠷᠴᠦ᠂ ᠲᠣᠰ ᠲᠣᠰ ᠠᠵᠤ ᠠᠬᠤᠶᠢᠯᠠᠯ ᠤᠨ ᠲᠥᠷᠥᠯ ᠤᠨ ᠡᠵᠡᠩᠨᠡᠯᠲᠡ ᠶᠢᠨ ᠭᠤᠣᠯ ᠴᠣᠭᠴᠠ ᠶᠢᠨ ᠶᠡᠷᠦᠩᠬᠡᠢ ᠲᠣᠭᠠᠨ ᠤ 90.25%᠂ 47.40% ᠶᠢ ᠡᠵᠡᠯᠡᠪᠡ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠪᠦᠬᠦ᠋ᠢᠯᠡ ᠠᠷᠠᠳ ᠤᠨ ᠡᠵᠡᠩᠨᠡᠯᠲᠡ ᠶᠢᠨ ᠭᠤᠣᠯ ᠴᠣᠭᠴᠠ ᠳᠠᠬᠢ ᠬᠤᠪᠢ ᠶᠢᠨ ᠵᠢᠩ ᠵᠢᠯ ᠳᠠᠷᠠᠭᠠᠯᠠᠨ ᠳᠡᠭᠡᠭᠰᠢᠯᠡᠵᠦ᠂ 2019 ᠣᠨ ᠳᠤ 29.58% ᠪᠠᠶᠢᠭᠰᠠᠨ ᠠᠴᠠ       32.89% ᠪᠣᠯᠣᠨ ᠨᠡᠮᠡᠭᠳᠡᠵᠦ᠂ 3.31 ᠵᠠᠭᠤᠨ ᠤ ᠨᠢᠭᠡᠴᠢ ᠳᠡᠭᠡᠭᠰᠢᠯᠡᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠡᠪᠴᠢᠶ᠎ᠡ ᠪᠣᠯᠣᠨ ᠶᠠᠰᠤ ᠴᠢᠨᠠᠷ ᠲᠣᠭᠲᠠᠭᠤᠨ ᠢᠶᠠᠷ ᠳᠡᠭᠡᠭᠰᠢᠯᠡᠵᠡᠢ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ