︵ᠰᠤᠷᠪᠤᠯᠵᠢᠯᠠᠭᠴᠢ ᠦ᠋ ᠽᠢ ᠰᠢᠤᠸᠠᠨ ᠴᠢᠮᠡᠭᠡᠯᠡᠭᠴᠢ ᠵᠤᠤ ᠱᠠᠨ ᠳ᠋ᠠᠨ ᠵᠠᠩ ᠵᠢᠶᠠᠨ ᠰᠢᠶᠠ︶ ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ ᠠᠴᠠ ᠣᠶᠢᠯᠠᠭᠠᠭᠰᠠᠨ ᠢᠶᠠᠷ᠂ 2023 ᠣᠨ ᠳᠤ ᠮᠠᠨ ᠤ ᠬᠤᠳᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ 123 ᠳᠠᠩᠰᠠᠯᠠᠵᠤ᠂ | 2021 ᠣᠨ ᠪᠠ 2022 ᠣᠨ ᠤ ᠬᠢ ᠠᠴᠠ ᠲᠤᠰ ᠲᠤᠰ 86.36% ᠪᠠ 28.13% ᠢᠶᠠᠷ ᠨᠡᠮᠡᠭᠳᠡᠵᠦ᠂ ᠳᠠᠩᠰᠠᠯᠠᠭᠤᠯᠤᠭᠰᠠᠨ ᠲᠤᠭ᠎ᠠ ᠵᠢᠯ | ᠳᠠᠷᠠᠭᠠᠯᠠᠨ ᠨᠡᠮᠡᠭᠳᠡᠬᠦ ᠬᠠᠨᠳᠤᠰᠢ ᠲᠠᠢ ᠪᠣᠯᠵᠠᠢ᠃ | 2023 ᠣᠨ ᠳᠤ᠂ ᠮᠠᠨ ᠤ ᠬᠤᠲᠠ ︽ᠥᠪᠥᠷ ᠮᠣᠩᠭᠤᠯ ᠰᠢᠨᠵᠢᠯᠡᠬᠦ ᠤᠬᠠᠭᠠᠨ ᠤ ᠴᠤᠭᠯᠠᠷᠠᠯ︾ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ | ᠪᠣᠯᠭᠠᠬᠤ ᠲᠠᠪᠴᠠᠩ ᠢ ᠪᠥᠬᠦ ᠬᠦᠴᠦᠨ ᠢᠶᠠᠷ ᠢᠶᠠᠨ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠡᠬᠢ ᠪᠠᠶᠠᠯᠢᠭ ᠢ ᠤᠷᠢᠳ ᠢᠶᠠᠷ | ᠴᠤᠭᠯᠠᠷᠠᠭᠤᠯᠵᠤ ᠳᠠᠬᠢᠨ ᠨᠡᠶᠢᠯᠡᠯᠲᠡ ᠬᠢᠬᠦ ᠶᠢ ᠠᠬᠢᠭᠤᠯᠤᠨ᠂ ᠰᠢᠨ᠎ᠡ ᠶᠢ ᠡᠭᠦᠳᠬᠦ ᠣᠷᠴᠢᠨ ᠨᠥᠬᠦᠴᠡᠯ ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠰᠢᠨ᠎ᠡ ᠶᠢ | ᠡᠭᠦᠳᠦᠭᠰᠡᠨ ᠦᠷ᠎ᠡ ᠪᠦᠲᠦᠭᠡᠯ ᠢᠯᠡᠳᠲᠡ ᠳᠡᠭᠡᠭᠰᠢᠯᠡᠪᠡ᠃ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠳᠠᠩᠰᠠᠯᠠᠯᠲᠠ ᠳᠤ᠂ ᠬᠡᠷᠡᠭᠯᠡᠭᠡᠨ ᠤ | ᠮᠡᠷᠭᠡᠵᠢᠯ ᠤᠨ ᠲᠥᠷᠥᠯ ᠤᠨ ᠦᠷ᠎ᠡ ᠪᠦᠲᠦᠭᠡᠯ ᠨᠡᠶᠢᠲᠡ 120 ᠵᠦᠢᠯ ᠪᠠᠶᠢᠵᠤ᠂ ᠳᠠᠩᠰᠠᠯᠠᠯᠲᠠ ᠶᠢᠨ ᠦᠷ᠎ᠡ ᠪᠦᠲᠦᠭᠡᠯ ᠤᠨ ᠶᠡᠷᠦᠩᠬᠡᠢ ᠲᠣᠭᠠᠨ ᠤ | 97.56% ᠶᠢ ᠡᠵᠡᠯᠡᠪᠡ︔ ᠦᠨᠳᠦᠰᠦᠨ ᠰᠤᠳᠤᠯᠭᠠᠨ ᠤ ᠲᠥᠷᠥᠯ ᠤᠨ ᠦᠷ᠎ᠡ ᠪᠦᠲᠦᠭᠡᠯ ᠨᠡᠶᠢᠲᠡ 3 ᠵᠦᠢᠯ ᠪᠠᠶᠢᠵᠤ᠂ ᠳᠠᠩᠰᠠᠯᠠᠭᠤᠯᠤᠭᠰᠠᠨ ᠦᠷ᠎ᠡ | ᠪᠦᠲᠦᠭᠡᠯ ᠤᠨ ᠶᠡᠷᠦᠩᠬᠡᠢ ᠲᠣᠭᠠᠨ ᠤ 2.44% ᠶᠢ ᠡᠵᠡᠯᠡᠪᠡ︔ ᠤᠯᠤᠰ ᠤᠨ ᠲᠥᠯᠥᠪᠯᠡᠭᠡ᠂ ᠣᠷᠣᠨ ᠨᠤᠲᠤᠭ ᠤᠨ ᠲᠥᠯᠥᠪᠯᠡᠭᠡ᠂ ᠰᠠᠯᠠᠭ᠎ᠠ ᠮᠥᠴᠢᠷ ᠤᠨ | ᠲᠥᠯᠥᠪᠯᠡᠭᠡ᠂ ᠣᠷᠣᠨ ᠨᠤᠲᠤᠭ ᠤᠨ ᠰᠠᠭᠤᠷᠢ ᠮᠥᠩᠭᠦ᠂ ᠰᠠᠯᠠᠭ᠎ᠠ ᠮᠥᠴᠢᠷ ᠤᠨ ᠰᠠᠭᠤᠷᠢ ᠮᠥᠩᠭᠦᠨ ᠤ ᠲᠦᠷᠦᠯ ᠤᠨ ᠦᠷ᠎ᠡ ᠪᠦᠲᠦᠭᠡᠯ ᠨᠡᠶᠢᠳᠡ 38 ᠵᠦᠢᠯ | ᠪᠠᠶᠢᠵᠤ᠂ ᠳᠠᠩᠰᠠᠯᠠᠭᠤᠯᠤᠭᠰᠠᠨ ᠦᠷ᠎ᠡ ᠪᠦᠲᠦᠭᠡᠯ ᠤᠨ ᠶᠡᠷᠦᠩᠬᠡᠢ ᠲᠣᠭᠠᠨ ᠤ 30.89% ᠶᠢ ᠡᠵᠡᠯᠡᠪᠡ︔ ᠬᠥᠨᠳᠡᠯᠡᠨ ᠢᠶᠠᠷ ᠨᠠᠶᠢᠳᠠᠭᠰᠠᠨ ᠪᠠ ᠥᠪᠡᠰᠦᠪᠡᠨ | ᠰᠣᠩᠭᠤᠭᠰᠠᠨ ᠰᠡᠳᠦᠪ ᠤᠨ ᠲᠥᠷᠥᠯ ᠤᠨ ᠦᠷ᠎ᠡ ᠪᠦᠲᠦᠭᠡᠯ ᠨᠡᠶᠢᠲᠡ 84 ᠵᠦᠢᠯ ᠪᠠᠶᠢᠵᠤ᠂ ᠳᠠᠩᠰᠠᠯᠠᠭᠤᠯᠤᠭᠰᠠᠨ ᠦᠷ᠎ᠡ ᠪᠦᠲᠦᠭᠡᠯ ᠤᠨ ᠶᠡᠷᠦᠩᠬᠡᠢ ᠲᠣᠭᠠᠨ ᠤ | 68.29% ᠶᠢ ᠡᠵᠡᠯᠡᠪᠡ᠃ ᠬᠡᠷᠡᠭᠯᠡᠭᠡᠨ ᠤ ᠮᠡᠷᠭᠡᠵᠢᠯ ᠤᠨ ᠲᠥᠷᠥᠯ ᠤᠨ ᠦᠷ᠎ᠡ ᠪᠦᠲᠦᠭᠡᠯ ᠢ ᠠᠵᠢᠯ ᠲᠥᠷᠥᠯ ᠠᠴᠠ ᠨᠢ ᠠᠪᠴᠤ ᠦᠵᠡᠪᠡᠯ᠂ ᠦᠢᠯᠡᠳᠬᠦ | ᠦᠢᠯᠡᠰ 32 ᠵᠦᠢᠯ ᠪᠠᠶᠢᠵᠤ᠂ ᠬᠡᠷᠡᠭᠯᠡᠭᠡᠨ ᠤ ᠮᠡᠷᠭᠡᠵᠢᠯ ᠤᠨ ᠦᠷ᠎ᠡ ᠪᠦᠲᠦᠭᠡᠯ ᠤᠨ ᠪᠥᠬᠦ ᠲᠣᠭᠠᠨ ᠤ 26.67% ᠶᠢ ᠡᠵᠡᠯᠡᠪᠡ︔ ᠳᠠᠷᠠᠭᠠᠯᠠᠪᠠᠯ ᠮᠡᠳᠡᠭᠡ | ᠵᠠᠩᠭᠢ ᠳᠠᠮᠵᠢᠭᠤᠯᠬᠤ᠂ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ 29 ᠵᠦᠢᠯ ᠪᠠᠶᠢᠵᠤ᠂ ᠬᠡᠷᠡᠭᠯᠡᠭᠡᠨ ᠤ | ᠮᠡᠷᠭᠡᠵᠢᠯ ᠤᠨ ᠦᠷ᠎ᠡ ᠪᠦᠲᠦᠭᠡᠯ ᠤᠨ ᠶᠡᠷᠦᠩᠬᠡᠢ ᠲᠣᠭᠠᠨ ᠤ 24.17% ᠶᠢ ᠡᠵᠡᠯᠡᠪᠡ︔ ᠭᠤᠷᠪᠠᠳᠤᠭᠠᠷ ᠲᠤ ᠲᠠᠷᠢᠶᠠᠯᠠᠩ᠂ ᠣᠶ ᠰᠢᠭᠤᠢ᠂ ᠮᠠᠯ ᠠᠵᠤ | ᠠᠬᠤᠢ᠂ ᠵᠢᠭᠠᠰᠤᠨ ᠠᠵᠤ ᠠᠬᠤᠢ 14 ᠵᠦᠢᠯ ᠪᠠᠶᠢᠵᠤ᠂ 11.67% ᠶᠢ ᠡᠵᠡᠯᠡᠪᠡ᠃ ᠬᠡᠷᠡᠭᠯᠡᠭᠡᠨ ᠤ ᠮᠡᠷᠭᠡᠵᠢᠯ ᠤᠨ ᠲᠥᠷᠥᠯ ᠤᠨ ᠦᠷ᠎ᠡ ᠪᠦᠲᠦᠭᠡᠯ ᠤᠨ | 120 ᠵᠦᠢᠯ ᠳᠣᠲᠣᠷ᠎ᠠ᠂ ᠳᠡᠭᠡᠳᠦ ᠰᠢᠨ᠎ᠡ ᠮᠡᠷᠭᠡᠵᠢᠯ ᠤᠨ ᠬᠦᠷᠢᠶᠡᠨ ᠳᠤ ᠬᠠᠷᠢᠶᠠᠯᠠᠭᠳᠠᠬᠤ 67 ᠵᠦᠢᠯ ᠨᠢ ᠬᠡᠷᠡᠭᠯᠡᠭᠡᠨ ᠤ ᠮᠡᠷᠭᠡᠵᠢᠯ ᠤᠨ ᠦᠷ᠎ᠡ | ᠪᠦᠲᠦᠭᠡᠯ ᠤᠨ 55.83% ᠶᠢ ᠡᠵᠡᠯᠡᠵᠦ᠂ ᠲᠣᠰ ᠲᠣᠰ ᠡᠯᠧᠺᠲᠷᠣᠨ ᠮᠡᠳᠡᠭᠡ ᠵᠠᠩᠭᠢ ᠶᠢᠨ ᠬᠦᠷᠢᠶᠡᠨ ᠤ 28 ᠵᠦᠢᠯ᠂ ᠠᠮᠢᠳᠤ ᠪᠣᠳᠠᠰ ᠤᠨ ᠡᠮ ᠡᠮᠨᠡᠯᠭᠡ | ᠪᠠ ᠡᠮᠴᠢᠯᠡᠭᠡᠨ ᠤ ᠪᠠᠭᠠᠵᠢ ᠬᠡᠷᠡᠭᠰᠡᠯ ᠤᠨ 10 ᠵᠦᠢᠯ᠂ ᠲᠡᠷᠢᠭᠦᠨ ᠤ ᠦᠢᠯᠡᠳᠬᠦ ᠬᠦᠷᠢᠶᠡᠨ ᠤ 7 ᠵᠦᠢᠯ ᠪᠣᠯᠣᠨ᠎ᠠ᠃ | ᠲᠠᠷᠠᠭᠠᠴᠢ ᠶᠢᠨ ᠠᠯᠬᠤᠮ ᠳᠤ᠂ ᠮᠠᠨ ᠤ ᠬᠤᠲᠠ ᠰᠢᠨᠵᠢᠯᠡᠬᠦ ᠤᠬᠠᠭᠠᠨ ᠮᠡᠷᠭᠡᠵᠢᠯ ᠤᠨ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠲᠣᠭᠲᠠᠭᠠᠬᠤ ᠪᠠ | ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠦᠨᠡᠯᠡᠯᠲᠡ ᠶᠢᠨ ᠰᠢᠰᠲ᠋ᠧᠮᠵᠢ ᠶᠢᠨ | ᠥᠭᠡᠷᠡᠴᠢᠯᠡᠯᠲᠡ ᠶᠢ ᠢᠳᠡᠪᠬᠢᠲᠡᠢ ᠲᠦᠯᠬᠢᠨ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠠᠮᠢᠶᠠᠷᠤᠯᠲᠠ ᠶᠢᠨ ᠠᠵᠢᠯ ᠢ | ᠴᠢᠩᠭᠠᠳᠬᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠦᠨᠡᠯᠡᠯᠲᠡ ᠶᠢᠨ ᠪᠠᠷᠢᠮᠵᠢᠶ᠎ᠠ ᠶᠢ ᠪᠦᠷᠢᠨᠰᠢᠭᠦᠯᠵᠦ᠂ ᠠᠵᠢᠯ ᠤᠨ ᠦᠷ᠎ᠡ | ᠪᠦᠲᠦᠮᠵᠢ ᠶᠢ ᠦᠷᠭᠦᠯᠵᠢᠯᠡᠨ ᠬᠢᠨᠠᠨ ᠡᠵᠡᠮᠳᠡᠬᠦ ᠶᠢ ᠴᠢᠩᠭᠠᠷᠠᠭᠤᠯᠤᠨ᠎ᠠ᠃ ︽ᠥᠪᠥᠷ ᠮᠣᠩᠭᠤᠯ ᠤᠨ ᠰᠢᠨᠵᠢᠯᠡᠬᠦ ᠤᠬᠠᠭᠠᠨ ᠤ ᠴᠤᠭᠯᠠᠷᠠᠯ︾ ᠤᠨ ᠰᠢᠨ᠎ᠡ ᠶᠢ | ᠡᠭᠦᠳᠬᠦ ᠪᠠᠷ ᠬᠥᠳᠡᠯᠭᠡᠭᠦᠷ ᠪᠣᠯᠭᠠᠬᠤ ᠲᠠᠪᠴᠠᠩ ᠤᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠠᠰᠢᠭᠯᠠᠨ᠂ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠡᠬᠢ ᠪᠠᠶᠠᠯᠢᠭ ᠢ ᠲᠦᠷᠭᠡᠨ ᠬᠤᠷᠠᠮᠳᠤᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ ᠬᠡᠷᠡᠭᠯᠡᠬᠦ ᠶᠢ | ᠠᠬᠢᠭᠤᠯᠤᠨ᠎ᠠ᠃ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯᠲᠠᠳ ᠢ ᠢᠳᠡᠪᠬᠢᠲᠡᠢ ᠪᠠᠷ ᠵᠣᠷᠢᠭᠵᠢᠭᠤᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠬᠠᠯᠠᠭᠤᠨ ᠰᠡᠳᠬᠢᠯᠭᠡ ᠪᠠ ᠪᠦᠲᠦᠭᠡᠯᠴᠢ ᠴᠢᠨᠠᠷ ᠢ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠯᠢᠳᠡᠭ ᠰᠠᠶᠢᠬᠠᠨ | ᠠᠭᠤᠷ ᠠᠮᠢᠰᠬᠤᠯ ᠢ ᠪᠣᠶ ᠪᠣᠯᠭᠠᠨ᠂ ᠰᠢᠨᠵᠢᠯᠡᠬᠦ ᠤᠬᠠᠭᠠᠨ ᠮᠡᠷᠭᠡᠵᠢᠯ ᠤᠨ ︽ᠰᠢᠪᠲᠤᠯᠤᠯᠲᠠ︾ ᠢᠨᠵᠧᠨᠧᠷᠢᠩ ᠢ ᠲᠤᠯᠭᠠᠭᠤᠷᠢᠯᠠᠵᠤ᠂ ᠥᠪᠡᠷᠲᠡᠭᠡᠨ ᠵᠠᠰᠠᠬᠤ | ᠣᠷᠣᠨ ᠤ ᠰᠢᠨ᠎ᠡ ᠠᠷᠭ᠎ᠠ ᠵᠠᠮ ᠢ ᠰᠦᠪᠡᠭᠴᠢᠯᠡᠬᠦ᠂ ᠳᠤᠮᠳᠠ ᠤᠷᠤᠰᠬᠠᠯ ᠤᠨ ᠬᠥᠭᠵᠢᠯᠲᠡ ᠲᠡᠶᠢᠰᠢ ᠤᠷᠤᠭᠰᠢᠯᠠᠬᠤ ᠳᠤ ᠬᠦᠴᠦᠲᠡᠢ ᠰᠢᠨᠵᠢᠯᠡᠬᠦ ᠤᠬᠠᠭᠠᠨ | ᠮᠡᠷᠭᠡᠵᠢᠯ ᠤᠨ ᠳᠡᠮᠵᠢᠯᠭᠡ ᠬᠠᠩᠭᠠᠨ᠎ᠠ᠃ |