ᠮᠠᠨ ᠤ ᠬᠤᠲᠠ ᠡᠨᠡ ᠵᠢᠯ  229 ᠬᠠᠭᠤᠴᠢᠨ ᠬᠤᠷᠢᠶᠠᠯᠠᠯ ᠢ ᠦᠭᠡᠷᠴᠢᠯᠡᠬᠦ ᠪᠠᠷ ᠲᠥᠯᠥᠪᠯᠡᠵᠦ  ᠬᠤᠲᠠ ᠶᠢᠨ ᠨᠡᠶᠢᠭᠡᠮ ᠲᠣᠭᠤᠷᠢᠭ ᠤᠨ ᠰᠢᠩᠭᠡᠳᠬᠡᠭᠰᠡᠨ ᠮᠠᠶ᠋ᠢᠭ ᠤᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2024/3/12
      ︵ᠰᠤᠷᠪᠤᠯᠵᠢᠯᠠᠭᠴᠢ ᠶᠦᠨ ᠶᠠᠨ ᠹᠠᠩ︶ ᠰᠤᠷᠪᠤᠯᠵᠢᠯᠠᠭᠴᠢ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠠᠳᠠᠯ ᠠᠬᠤᠢ ᠶᠢᠨ ᠦᠢᠯᠡᠴᠢᠯᠡᠭᠡᠨ ᠤ ᠲᠥᠪ ᠠᠴᠠ ᠣᠶᠢᠯᠠᠭᠠᠭᠰᠠᠨ ᠨᠢ᠂ ᠡᠨᠡ ᠵᠢᠯ ᠮᠠᠨ ᠤ ᠬᠤᠲᠠ 229 ᠬᠠᠭᠤᠴᠢᠨ ᠬᠤᠷᠢᠶᠠᠯᠠᠯ ᠢ ᠥᠭᠡᠷᠡᠴᠢᠯᠡᠬᠦ ᠪᠠᠷ ᠲᠥᠯᠥᠪᠯᠡᠵᠦ ᠪᠣᠶ᠂ ᠡᠭᠦᠨ ᠳᠤ ᠬᠤᠲᠠ ᠶᠢᠨ ᠲᠣᠰ ᠱᠠᠲᠤᠨ ᠤ 178᠂ ᠬᠤᠰᠢᠭᠤ ᠰᠢᠶᠠᠨ ᠤ 51 ᠪᠠᠶᠢᠵᠤ᠂  ᠥᠭᠡᠷᠡᠴᠢᠯᠡᠬᠦ ᠲᠠᠯᠠᠪᠠᠶ 383 ᠲᠦᠮᠡᠨ ᠲᠡᠭᠰᠢ ᠳᠥᠷᠪᠡᠯᠵᠢᠨ ᠮᠧᠲᠷ ᠂ 44810 ᠡᠷᠦᠬᠡ᠂ 1076 ᠠᠰᠠᠷ ᠲᠤ ᠬᠤᠯᠪᠣᠭᠳᠠᠵᠤ᠂ ᠪᠥᠬᠦ ᠪᠡᠯᠡ ᠣᠷᠣᠭᠤᠯᠤᠯᠲᠠ ᠨᠢ ᠪᠠᠷᠤᠭ 16.89 ᠳ᠋ᠦᠩᠰᠢᠭᠤᠷ ᠲᠥᠭᠦᠷᠢᠭ ᠬᠦᠷᠦᠨ᠎ᠡ᠃ ᠡᠨᠡ ᠵᠢᠯ ᠤᠨ ᠥᠭᠡᠷᠡᠴᠢᠯᠡᠯᠲᠡ ᠳᠤ 2000 ᠣᠨ ᠠᠴᠠ ᠡᠮᠦᠨ᠎ᠡ ᠪᠠᠶᠢᠭᠤᠯᠤᠭᠰᠠᠨ ᠬᠤᠷᠢᠶᠠᠯᠠᠯ ᠢᠶᠠᠷ ᠭᠤᠣᠯᠳᠠᠯᠭ᠎ᠠ ᠪᠣᠯᠭᠠᠵᠤ᠂ ᠨᠢᠭᠡ ᠬᠡᠰᠡᠭ ᠢ ᠨᠢ 2000 ᠣᠨ ᠠᠴᠠ 2005 ᠣᠨ ᠳᠤ ᠪᠠᠶᠢᠭᠤᠯᠤᠭᠰᠠᠨ ᠬᠤᠷᠢᠶᠠᠯᠠᠯ ᠲᠠᠢ ᠤᠶᠠᠯᠳᠤᠭᠤᠯᠤᠨ᠂ ᠭᠤᠣᠯᠳᠠᠭᠤ ᠣᠷᠴᠢᠨ ᠲᠣᠭᠤᠷᠢᠨ ᠢᠶᠠᠷ ᠠᠨᠠᠢ᠂ ᠰᠠᠭᠤᠷᠢ ᠪᠡᠯᠡᠳᠬᠡᠮᠵᠢ ᠨᠢ ᠬᠠᠭᠤᠴᠢᠷᠠᠭᠰᠠᠨ ᠬᠤᠷᠢᠶᠠᠯᠠᠯ ᠢ ᠰᠣᠩᠭᠤᠵᠤ᠂ ᠥᠭᠡᠷᠡᠴᠢᠯᠡᠯᠲᠡ ᠶᠢᠨ ᠭᠤᠣᠯᠳᠠᠯᠭ᠎ᠠ ᠶᠢ ᠰᠠᠭᠤᠭᠠᠯᠢ ᠠᠷᠠᠳ ᠤᠨ ᠪᠣᠳᠠᠲᠤ ᠬᠡᠷᠡᠭᠴᠡᠭᠡ ᠪᠠᠷ ᠭᠤᠣᠯᠯᠠᠭᠤᠯᠤᠨ᠎ᠠ᠂ ᠡᠭᠦᠨ ᠳᠤ ᠭᠠᠵᠠᠷ ᠳᠣᠣᠷᠠᠬᠢ ᠬᠤᠭᠤᠯᠠᠢ ᠶᠢᠨ ᠲᠣᠣᠷ ᠤᠨ ᠳᠤᠯᠠᠭᠠᠯᠠᠭ᠎ᠠ᠂ ᠤᠰᠤ ᠲᠠᠲᠠᠷᠠᠭᠤᠯᠬᠤ᠂ ᠭᠠᠳᠠᠷ ᠲᠠᠯ᠎ᠠ ᠶᠢᠨ ᠥᠭᠡᠷᠡᠴᠢᠯᠡᠯᠲᠡ ᠵᠢᠴᠢ ᠥᠨᠳᠥᠷ ᠬᠦᠴᠦᠳᠡᠯᠲᠦ ᠳᠣᠣᠷ᠎ᠠ ᠬᠦᠴᠦᠳᠡᠯᠲᠦ ᠴᠠᠬᠢᠯᠭᠠᠨ ᠤ ᠤᠲᠠᠰᠤ ᠶᠢ ᠭᠠᠵᠠᠷ ᠳᠣᠣᠷ᠎ᠠ ᠣᠷᠣᠭᠤᠯᠬᠤ ᠢᠨᠵᠧᠨᠧᠷᠢᠩ ᠪᠠᠭᠲᠠᠨ᠎ᠠ᠃ ᠣᠳᠣᠬᠠᠨ ᠳᠤ᠂ 2024 ᠣᠨ ᠳᠤ ᠰᠢᠨ᠎ᠡ ᠬᠤᠲᠠ ᠲᠣᠭᠤᠷᠢᠭ ᠤᠨ ᠬᠠᠭᠤᠴᠢᠨ ᠬᠤᠷᠢᠶᠠᠯᠠᠯ ᠤᠨ ᠥᠭᠡᠷᠡᠴᠢᠯᠡᠯᠲᠡ ᠳᠤ ᠶᠠᠭ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠵᠢᠯ ᠢ ᠬᠢᠵᠦ ᠪᠣᠶ᠂ ᠲᠥᠯᠥᠪᠯᠡᠭᠡ ᠪᠠᠷ 4 ᠳ᠋ᠦ᠋ᠭᠡᠷ ᠰᠠᠷ᠎ᠠ ᠶᠢᠨ ᠡᠬᠢ ᠪᠠᠷ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠵᠢᠯ ᠢ ᠳᠠᠭᠤᠰᠬᠠᠵᠤ᠂ 4 ᠳ᠋ᠦ᠋ᠭᠡᠷ ᠰᠠᠷ᠎ᠠ ᠶᠢᠨ 10 ᠤ ᠡᠳᠦᠷ ᠠᠴᠠ ᠡᠬᠢᠯᠡᠨ ᠵᠠᠯᠭᠠᠭ᠎ᠠ ᠪᠠᠷ ᠲᠠᠯᠠᠪᠠᠶ ᠳᠤ ᠣᠷᠣᠵᠤ ᠠᠵᠢᠯ ᠡᠬᠢᠯᠡᠭᠦᠯᠵᠦ᠂ ᠵᠢᠱᠢᠯᠲᠡ ᠪᠠᠷ 4 ᠳ᠋ᠦ᠋ᠭᠡᠷ ᠰᠠᠷ᠎ᠠ ᠶᠢᠨ 20 ᠤ ᠡᠳᠦᠷ ᠠᠴᠠ ᠡᠮᠦᠨ᠎ᠡ ᠪᠦᠬᠦᠨ ᠢᠶᠠᠷ ᠢᠶᠠᠨ ᠠᠵᠢᠯ ᠡᠬᠢᠯᠡᠨ᠎ᠡ᠃        ᠴᠠᠭᠠᠨ ᠰᠤᠪᠤᠷᠭ᠎ᠠ ᠬᠤᠷᠢᠶᠠᠯᠠᠯ ᠪᠣᠯ ᠰᠢᠨ᠎ᠡ ᠬᠤᠲᠠ ᠲᠣᠭᠤᠷᠢᠭ ᠤᠨ ᠳ᠋ᠢᠩ ᠰᠢᠶᠠᠩ ᠵᠠᠮ ᠤᠨ ᠣᠷᠣᠨ ᠪᠦᠰᠡ ᠶᠢᠨ ᠦᠢᠯᠡᠴᠢᠯᠡᠭᠡᠨ ᠤ ᠲᠥᠪ ᠤᠨ ᠬᠠᠷᠢᠶᠠᠨ ᠳᠠᠬᠢ ᠨᠡᠯᠢᠶᠡᠳ ᠨᠡᠶᠢᠲᠡᠯᠢᠭ ᠨᠢᠭᠡᠨ ᠬᠠᠭᠤᠴᠢᠨ ᠬᠤᠷᠢᠶᠠᠯᠠᠯ ᠪᠣᠯᠣᠨ᠎ᠠ᠂ 1981 ᠣᠨ ᠳᠤ ᠪᠠᠶᠢᠭᠤᠯᠵᠤ ᠳᠠᠭᠤᠰᠤᠭᠰᠠᠨ ᠪᠥᠭᠡᠳ ᠨᠡᠶᠢᠲᠡ 54 ᠡᠷᠦᠬᠡ ᠰᠠᠭᠤᠭᠠᠯᠢ ᠠᠷᠠᠳ ᠲᠠᠢ᠃ ᠬᠤᠷᠢᠶᠠᠯᠠᠯ ᠢ ᠡᠨᠡ ᠵᠢᠯ ᠤᠨ ᠬᠠᠭᠤᠴᠢᠨ ᠬᠤᠷᠢᠶᠠᠯᠠᠯ ᠤᠨ ᠥᠭᠡᠷᠡᠴᠢᠯᠡᠯᠲᠡ ᠶᠢᠨ ᠬᠡᠪᠴᠢᠶᠡᠨ ᠳᠤ ᠣᠷᠣᠭᠤᠯᠤᠭᠰᠠᠨ ᠢ ᠰᠣᠨᠣᠰᠤᠭᠰᠠᠨ ᠤ ᠲᠠᠷᠠᠭ᠎ᠠ᠂ ᠰᠠᠭᠤᠭᠠᠯᠢ ᠠᠷᠠᠳ ᠪᠠᠶᠠᠷᠯᠠᠬᠤ ᠶᠢᠨ ᠬᠠᠮᠲᠤ ᠬᠦᠰᠡᠯ ᠡᠷᠡᠮᠡᠯᠵᠡᠯ ᠢᠶᠠᠷ ᠪᠢᠯᠬᠠᠨ᠎ᠠ᠃ ᠴᠠᠭᠠᠨ ᠰᠤᠪᠤᠷᠭ᠎ᠠ ᠬᠤᠷᠢᠶᠠᠯᠠᠯ ᠤᠨ ᠰᠠᠭᠤᠭᠠᠯᠢ ᠠᠷᠠᠳ ᠤᠨ ᠬᠠᠮᠤᠭ  ᠠᠴᠠ ᠢᠯᠡᠭᠦᠦ ᠬᠦᠰᠡᠨ ᠡᠷᠡᠮᠡᠯᠵᠡᠵᠦ ᠪᠠᠶᠢᠭ᠎ᠠ ᠨᠢ ᠳᠠᠷᠤᠢ ᠥᠭᠡᠷᠡᠴᠢᠯᠡᠭᠰᠡᠨ ᠤ ᠳᠠᠷᠠᠭ᠎ᠠ ᠲᠤᠰᠬᠠᠶᠢᠯᠠᠨ ᠴᠠᠬᠢᠯᠭᠠᠨ ᠬᠥᠳᠡᠯᠭᠡᠭᠦᠷᠲᠦ ᠲᠡᠷᠭᠡᠨ ᠳᠤ ᠴᠠᠬᠢᠯᠭᠠᠨ ᠴᠡᠨᠡᠭᠯᠡᠬᠦ ᠭᠠᠵᠠᠷ ᠭᠠᠷᠭᠠᠵᠤ᠂ ᠠᠮᠤᠷ ᠲᠦᠪᠰᠢᠨ ᠤ ᠳᠠᠯᠳᠠ ᠬᠡᠮ ᠢ ᠠᠷᠢᠯᠭᠠᠬᠤ  ᠶᠢᠨ ᠲᠥᠯᠥᠭᠡ ᠶᠤᠮ᠃        ᠨᠠᠢ ᠯᠦᠨ ᠾᠧ ᠰᠢᠩ ᠶᠤᠸᠠᠨ ᠪᠣᠯ ᠰᠠᠶᠢᠬᠠᠨ ᠲᠣᠭᠤᠷᠢᠭ ᠤᠨ ᠨᠡᠶᠢᠲᠡᠯᠢᠭ ᠴᠢᠨᠠᠷᠲᠠᠢ ᠬᠠᠭᠤᠴᠢᠨ ᠬᠤᠷᠢᠶᠠᠯᠠᠯ ᠪᠣᠯᠣᠨ᠎ᠠ᠂ 2000 ᠣᠨ ᠳᠤ ᠪᠠᠶᠢᠭᠤᠯᠤᠭᠳᠠᠵᠤ᠂ 38 ᠠᠰᠠᠷ ᠲᠤ ᠨᠡᠶᠢᠳᠡ 1141 ᠡᠷᠦᠬᠡ ᠰᠠᠭᠤᠭᠠᠯᠢ ᠠᠷᠠᠳ ᠲᠠᠢ᠃ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠣᠳᠣᠬᠠᠨ ᠳᠤ ᠣᠯᠠᠨ ᠤ ᠬᠠᠮᠤᠭ ᠤᠨ ᠶᠡᠭᠡ ᠬᠦᠴᠢᠷᠳᠡᠯ ᠪᠣᠯ ᠣᠷᠴᠢᠨ ᠠᠬᠤᠢ ᠪᠠ ᠰᠠᠭᠤᠷᠢ ᠲᠥᠬᠦᠭᠡᠷᠦᠮᠵᠢ ᠶᠢᠨ ᠠᠰᠠᠭᠤᠳᠠᠯ ᠪᠣᠯᠣᠨ᠎ᠠ᠃ ᠬᠤᠷᠢᠶᠠᠯᠠᠯ ᠤᠨ ᠵᠠᠮ ᠢ ᠳᠡᠪᠢᠰᠴᠦ  ᠬᠠᠲᠠᠭᠤᠷᠠᠭᠤᠯᠤᠭᠰᠠᠨ ᠦᠭᠡᠢ᠂ ᠬᠦᠷᠢᠶᠡᠨ ᠳᠣᠲᠣᠷ᠎ᠠ ᠴᠤ ᠲᠡᠷᠭᠡ ᠵᠣᠭᠰᠣᠬᠤ ᠭᠠᠵᠠᠷ ᠭᠠᠷᠭᠠᠭᠰᠠᠨ ᠦᠭᠡᠢ᠂ ᠲᠡᠷᠭᠡ ᠶᠢ ᠳᠤᠷ᠎ᠠ ᠪᠠᠷ ᠢᠶᠠᠨ ᠲᠠᠯᠪᠢᠬᠤ ᠨᠢ ᠰᠠᠭᠤᠭᠠᠯᠢ ᠠᠷᠠᠳ ᠤᠨ ᠡᠳᠦᠷ ᠲᠤᠲᠤᠮ ᠤᠨ ᠶᠠᠪᠤᠬᠤ ᠶᠢ ᠨᠥᠯᠥᠭᠡᠯᠡᠵᠦ ᠪᠠᠶᠢᠨ᠎ᠠ᠃ ᠡᠭᠦᠨ ᠠᠴᠠ ᠭᠠᠳᠠᠨ᠎ᠠ᠂ ᠬᠤᠷᠢᠶᠠᠯᠠᠯ ᠤᠨ ᠳᠤᠯᠠᠭᠠᠯᠠᠭ᠎ᠠ ᠶᠢᠨ ᠬᠤᠭᠤᠯᠠᠢ ᠨᠢ ᠣᠯᠠᠨ ᠤᠳᠠᠭ᠎ᠠ ᠡᠪᠳᠡᠷᠡᠵᠦ᠂ ᠤᠰᠤᠨ ᠬᠤᠭᠤᠯᠠᠢ ᠶᠢ ᠰᠠᠭᠤᠭᠠᠯᠢ ᠠᠷᠠᠳ ᠥᠪᠡᠷ ᠢᠶᠠᠨ ᠪᠠᠶᠢᠨ ᠳᠠᠬᠢᠨ ᠨᠡᠪᠲᠡᠷᠡᠭᠦᠯᠬᠦ ᠴᠢᠬᠤᠯᠠᠲᠠᠢ ᠪᠣᠯᠵᠠᠢ᠃ ᠬᠤᠷᠢᠶᠠᠯᠠᠯ ᠢ ᠡᠨᠡ ᠵᠢᠯ ᠤᠨ ᠥᠭᠡᠷᠡᠴᠢᠯᠡᠯᠲᠡ ᠶᠢᠨ ᠲᠥᠯᠥᠪᠯᠡᠭᠡ ᠳᠤ ᠣᠷᠣᠭᠤᠯᠤᠭᠰᠠᠨ ᠢ ᠰᠣᠨᠣᠰᠤᠭᠠᠳ᠂ ᠠᠳᠡᠬᠢ ᠰᠠᠭᠤᠭᠠᠯᠢ ᠠᠷᠠᠳ ᠮᠠᠰᠢ ᠪᠠᠶᠠᠷ ᠲᠠᠢ ᠪᠠᠶᠢᠯ᠎ᠠ᠃       ᠣᠶᠢᠯᠠᠭᠠᠭᠰᠠᠨ ᠢᠶᠠᠷ᠂ ᠡᠨᠡ ᠵᠢᠯ ᠮᠠᠨ ᠤ ᠬᠤᠲᠠ ᠶᠢᠨ ᠬᠠᠭᠤᠴᠢᠨ ᠬᠤᠷᠢᠶᠠᠯᠠᠯ ᠤᠨ ᠥᠭᠡᠷᠡᠴᠢᠯᠡᠯᠲᠡ ᠶᠢ ᠥᠩᠭᠡᠷᠡᠭᠰᠡᠨ ᠵᠢᠯ ᠤᠳ ᠤᠨ ᠰᠠᠭᠤᠷᠢ ᠲᠥᠬᠦᠭᠡᠷᠦᠮᠵᠢ ᠶᠢᠨ ᠥᠭᠡᠷᠡᠴᠢᠯᠡᠯᠲᠡ ᠶᠢᠨ ᠰᠠᠭᠤᠷᠢᠨ ᠳᠡᠭᠡᠷ᠎ᠡ᠂ ᠪᠠᠰᠠ ᠬᠤᠲᠠ ᠶᠢᠨ ᠨᠡᠶᠢᠭᠡᠮ ᠲᠣᠭᠤᠷᠢᠭ ᠤᠨ ᠰᠢᠩᠭᠡᠳᠬᠡᠭᠰᠡᠨ ᠮᠠᠶ᠋ᠢᠭ ᠤᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠠᠭᠤᠴᠢᠨ ᠬᠤᠷᠢᠶᠠᠯᠠᠯ ᠤᠨ ᠬᠠᠷᠢᠶ᠎ᠠ ᠪᠦᠬᠦᠢ ᠨᠡᠶᠢᠭᠡᠮ ᠲᠣᠭᠤᠷᠢᠭ ᠤᠨ ᠣᠯᠠᠨ ᠨᠡᠶᠢᠲᠡ ᠶᠢᠨ ᠣᠷᠣᠨ ᠵᠠᠢ ᠳᠤ ᠴᠢᠳᠠᠮᠵᠢ ᠶᠢᠨ ᠴᠢᠨᠠᠷᠲᠠᠢ ᠪᠡᠯᠡᠳᠬᠡᠮᠵᠢ ᠪᠠ ᠲᠣᠬᠢᠷᠠᠯᠴᠠᠬᠤ ᠴᠢᠨᠠᠷᠲᠠᠢ ᠦᠢᠯᠡᠴᠢᠯᠡᠭᠡ ᠶᠢ ᠰᠢᠭᠢᠳᠬᠡᠨ ᠣᠷᠣᠭᠤᠯᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ᠂ ᠨᠡᠶᠢᠭᠡᠮ ᠲᠣᠭᠤᠷᠢᠭ ᠤᠨ ᠬᠤᠭᠤᠯᠠᠨ ᠳᠤ ᠲᠤᠰᠠᠯᠠᠬᠤ᠂ ᠭᠡᠷ ᠤᠨ ᠶᠠᠪᠤᠳᠠᠯ ᠳᠤ ᠠᠷᠠᠳ ᠲᠤ ᠲᠥᠬᠦᠮ ᠦᠵᠡᠭᠦᠯᠬᠦ᠂ ᠡᠷᠡᠭᠦᠯ ᠮᠡᠨᠳᠦ ᠶᠢᠨ ᠦᠢᠯᠡᠴᠢᠯᠡᠭᠡ᠂ ᠪᠡᠶ᠎ᠡ ᠶᠢᠨ ᠲᠠᠮᠢᠷ ᠪᠡᠶ᠎ᠡ ᠴᠢᠭᠢᠷᠠᠭᠵᠢᠭᠤᠯᠤᠯᠲᠠ᠂ ᠰᠣᠶᠣᠯ ᠤᠨ ᠰᠡᠯᠡᠭᠦᠴᠡᠯ᠂ ᠬᠡᠦᠬᠡᠳ ᠤᠨ ᠵᠤᠭᠠᠴᠠᠨ ᠠᠮᠠᠷᠠᠬᠤ ᠵᠡᠷᠭᠡ ᠦᠢᠯᠡᠴᠢᠯᠡᠭᠡ ᠶᠢ ᠬᠠᠩᠭᠠᠵᠤ᠂ ᠬᠠᠭᠤᠴᠢᠨ ᠬᠤᠷᠢᠶᠠᠯᠠᠯ ᠤᠨ ᠰᠠᠭᠤᠭᠠᠯᠢ ᠠᠷᠠᠳ ᠲᠤ ᠨᠠᠩ ᠪᠦᠷᠢᠨ ᠲᠡᠭᠦᠯᠳᠡᠷ ᠠᠮᠢᠳᠤᠷᠠᠯ ᠤᠨ ᠣᠷᠴᠢᠨ ᠲᠣᠭᠤᠷᠢᠨ ᠢ ᠪᠣᠶ ᠪᠣᠯᠭᠠᠵᠤ᠂ ᠨᠡᠶᠢᠭᠡᠮ ᠲᠣᠭᠤᠷᠢᠭ ᠤᠨ ᠭᠡᠷ ᠪᠦᠯᠢ ᠶᠢᠨ ᠲᠥᠬᠦᠮ ᠦᠢᠯᠡᠴᠢᠯᠡᠭᠡ ᠶᠢ ᠬᠠᠩᠭᠠᠨ᠎ᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ