ᠵ᠊ᠠᠰᠠᠭ ᠤᠨ ᠣᠷᠳᠣᠨ ᠤ ᠠᠵᠢᠯ ᠤᠨ ᠢᠯᠡᠳᠬᠡᠯ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠠᠵᠢᠯ ᠤᠨ ᠮᠡᠳᠡᠭᠦᠯᠦᠯᠲᠡ ᠵᠡᠷᠭᠡ ᠶᠢ ᠵᠥᠪᠰᠢᠶᠡᠷᠡᠪᠡ | ᠰᠢᠨ᠎ᠡ ᠪᠠᠷ ᠵᠠᠰᠠᠪᠤᠷᠢ ᠣᠷᠣᠭᠤᠯᠤᠭᠰᠠᠨ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠠᠤᠯᠢ ᠶᠢ ᠪᠠᠲᠤᠯᠠᠵᠤ ᠰᠢ ᠶᠢᠨ ᠫᠢᠩ | ᠲᠡᠷᠢᠭᠦᠯᠡᠭᠴᠢ ᠶᠢᠨ ᠵᠠᠷᠯᠢᠭ ᠲᠤ ᠭᠠᠷ ᠤᠨ ᠦᠰᠦᠭ ᠵᠢᠷᠤᠵᠤ ᠨᠡᠶᠢᠲᠡᠯᠡᠵᠡᠢ | ᠰᠢ ᠶᠢᠨ ᠫᠢᠩ ᠯᠢ ᠴᠢᠶᠠᠩ ᠸᠠᠩ ᠬᠤ᠋ ᠨᠢᠩ ᠼᠠᠢ ᠴᠢ ᠳ᠋ᠢᠩ ᠰᠢᠤᠸᠠᠢ ᠰᠢᠶᠠᠩ ᠯᠢ ᠰᠢ ᠬᠠᠨ ᠵᠧᠩ ᠨᠠᠷ ᠲᠡᠷᠢᠭᠦᠯᠡᠭᠴᠢᠳ ᠤᠨ | ᠲᠠᠶᠢᠰᠠᠨ ᠳᠤ ᠰᠠᠭᠠᠲᠠᠪᠠ | ᠵᠤᠤ ᠯᠧ ᠵᠢᠢ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ | | | ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 11 ᠤ ᠴᠠᠭᠢᠯᠭᠠᠨ ᠮᠡᠳᠡᠭᠡ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠡᠯ᠎ᠡ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠦᠭᠡᠳ 11 ᠤ | ᠦᠳᠡ ᠶᠢᠨ ᠬᠤᠶᠢᠨ᠎ᠠ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠲᠡᠭᠦᠰᠪᠡ᠃ ᠶᠡᠭᠡ ᠬᠤᠷᠠᠯ ᠠᠴᠠ ᠵᠠᠰᠠᠭ ᠤᠨ ᠣᠷᠳᠣᠨ ᠤ ᠠᠵᠢᠯ ᠤᠨ | ᠢᠯᠡᠳᠬᠡᠯ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠵᠡᠷᠭᠡ ᠶᠢ | ᠵᠥᠪᠰᠢᠶᠡᠷᠡᠪᠡ᠃ ᠶᠡᠭᠡ ᠬᠤᠷᠠᠯ ᠠᠴᠠ ᠰᠢᠨ᠎ᠡ ᠪᠠᠷ ᠵᠠᠰᠠᠪᠤᠷᠢ ᠣᠷᠣᠭᠤᠯᠤᠭᠰᠠᠨ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠠᠤᠯᠢ ᠶᠢ | ᠪᠠᠲᠤᠯᠠᠵᠤ᠂ ᠤᠯᠤᠰ ᠤᠨ ᠲᠡᠷᠢᠭᠦᠯᠡᠭᠴᠢ ᠰᠢ ᠶᠢᠨ ᠫᠢᠩ ᠬᠤᠷᠢᠨ ᠨᠢᠭᠡᠳᠦᠭᠡᠷ ᠲᠣᠭᠠᠲᠤ ᠲᠡᠷᠢᠭᠦᠯᠡᠭᠴᠢ ᠶᠢᠨ ᠵᠠᠷᠯᠢᠭ ᠲᠤ ᠭᠠᠷ ᠤᠨ ᠥᠰᠥᠭ ᠵᠢᠷᠤᠵᠤ ᠨᠡᠶᠢᠲᠡᠯᠡᠪᠡ᠃ | | | | | | 3 ᠰᠠᠷ᠎ᠠ ᠶᠢᠨ 11 ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠬᠤᠶᠠᠳᠤᠭᠠᠷ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠲᠡᠭᠦᠰᠪᠡ᠃ ᠨᠠᠮ ᠪᠠ ᠲᠦᠷᠦ ᠶᠢᠨ ᠤᠳᠤᠷᠢᠳᠬᠤ ᠬᠥᠮᠥᠨ ᠰᠢ ᠶᠢᠨ ᠫᠢᠩ᠂ ᠯᠢ | ᠴᠢᠶᠠᠩ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠨᠠᠷ ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | | | ᠲᠡᠭᠦᠰᠬᠦ ᠬᠤᠷᠠᠯ ᠢ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠭᠴᠢ ᠲᠡᠷᠢᠭᠦᠯᠡᠭᠴᠢ ᠵᠤᠤ ᠯᠧ ᠵᠢᠢ | ᠡᠷᠭᠢᠯᠡᠪᠡ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠭᠴᠢ ᠲᠡᠷᠢᠭᠦᠯᠡᠭᠴᠢ ᠯᠢ ᠬᠤᠩ ᠵᠦᠩ᠂ ᠸᠠᠩ | ᠳ᠋ᠦᠩ ᠮᠢᠩ᠂ ᠰᠢᠶᠣᠣ ᠵᠢᠶᠧ᠂ ᠵᠧᠩ ᠵᠢᠶᠠᠨ ᠪᠠᠩ᠂ ᠳ᠋ᠢᠩ ᠵᠦᠩ ᠯᠢ᠂ ᠬᠤᠤ ᠮᠢᠩ ᠶᠢᠨ᠂ ᠼᠠᠢ ᠳ᠋ᠠ ᠹᠧᠩ᠂ ᠾᠧ ᠸᠧᠢ᠂ ᠦ᠋ ᠸᠧᠢ ᠬᠤᠸᠠ᠂ ᠲᠢᠶᠧ ᠨᠢᠩ᠂ | ᠫᠧᠩ ᠴᠢᠩ ᠬᠤᠸᠠ᠂ ᠵᠠᠩ ᠴᠢᠩ ᠸᠧᠢ᠂ ᠯᠣᠪᠰᠠᠩᠵᠠᠯᠰᠠᠨ᠂ ᠰᠢᠤᠸᠠᠶᠢᠺᠧᠯᠠᠶᠢᠲ · ᠵᠠᠺᠧᠯ᠂ ᠯᠢᠦ ᠴᠢ ᠲᠡᠷᠢᠭᠦᠯᠡᠭᠴᠢᠳ ᠤᠨ ᠲᠠᠶᠢᠰᠠᠨ ᠤ ᠭᠦᠢᠴᠡᠳᠭᠡᠭᠴᠢ | ᠲᠡᠷᠢᠭᠦᠯᠡᠭᠴᠢ ᠶᠢᠨ ᠰᠠᠭᠤᠳᠠᠯ ᠳᠤ ᠰᠠᠭᠠᠲᠠᠪᠠ᠃ | ᠰᠢ ᠶᠢᠨ ᠫᠢᠩ᠂ ᠯᠢ ᠴᠢᠶᠠᠩ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠪᠣᠯᠣᠨ ᠶᠡᠭᠡ ᠬᠤᠷᠠᠯ ᠤᠨ | ᠲᠡᠷᠢᠭᠦᠯᠡᠭᠴᠢᠳ ᠤᠨ ᠪᠦᠯᠭᠦᠮ ᠤᠨ ᠪᠦᠷᠢᠯᠳᠦᠭᠦᠨ ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠪᠠ᠃ | ᠬᠤᠷᠠᠯ ᠳᠤ ᠣᠷᠤᠯᠴᠠᠬᠤ ᠶᠣᠰᠣᠲᠠᠢ ᠲᠥᠯᠥᠭᠡᠯᠡᠭᠴᠢ 2956 ᠬᠥᠮᠥᠨ ᠪᠠᠶᠢᠵᠤ᠂ 2900 ᠬᠥᠮᠥᠨ ᠣᠷᠣᠯᠴᠠᠵᠤ᠂ 56 ᠬᠥᠮᠥᠨ ᠣᠷᠣᠯᠴᠠᠬᠰᠠᠨ ᠦᠭᠡᠢ᠂ | ᠬᠤᠷᠠᠯ ᠳᠤ ᠣᠷᠣᠯᠴᠠᠬᠰᠠᠨ ᠬᠥᠮᠥᠨ ᠤ ᠲᠤᠭ᠎ᠠ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠵᠡᠢ᠃ | ᠦᠳᠡ ᠶᠢᠨ ᠬᠤᠶᠢᠨᠠᠬᠢ 3 ᠴᠠᠭ ᠲᠤ ᠵᠣᠣ ᠯᠧ ᠵᠢᠢ ᠬᠤᠷᠠᠯ ᠡᠬᠢᠯᠡᠭᠰᠡᠨ ᠢ ᠵᠠᠷᠯᠠᠪᠠ᠃ | | | | | 3 ᠰᠠᠷ᠎ᠠ ᠶᠢᠨ 11 ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠬᠤᠶᠠᠳᠤᠭᠠᠷ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠲᠡᠭᠦᠰᠬᠦ ᠬᠤᠷᠠᠯ ᠬᠢᠪᠡ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ | ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠭᠴᠢ ᠲᠡᠷᠢᠭᠦᠯᠡᠭᠴᠢ ᠵᠤᠤ ᠯᠧ ᠵᠢᠢ ᠲᠡᠭᠦᠰᠬᠦ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ | | ᠬᠤᠷᠠᠯ ᠠᠴᠠ ᠪᠠᠲᠤᠯᠠᠯᠲᠠ ᠬᠢᠬᠦ ᠪᠠᠷ ᠳᠡᠮᠵᠢᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠤᠬᠠᠢ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠰᠢᠢᠳᠪᠦᠷᠢ ᠶᠢ ᠪᠠᠲᠤᠯᠠᠵᠠᠢ᠃ ᠰᠢᠢᠳᠪᠦᠷᠢ ᠳᠤ᠂ ᠬᠤᠷᠠᠯ ᠠᠴᠠ | ᠲᠦᠷᠦ ᠶᠢᠨ ᠶᠠᠪᠤᠳᠠᠯ ᠤᠨ ᠬᠤᠷᠢᠶ᠎ᠠ ᠶᠢᠨ ᠥᠩᠭᠡᠷᠡᠭᠰᠡᠨ ᠨᠢᠭᠡ ᠵᠢᠯ ᠤᠨ ᠠᠵᠢᠯ ᠢ ᠭᠦᠢᠴᠡᠳ ᠨᠤᠲᠠᠯᠠᠵᠤ᠂ ᠢᠯᠡᠳᠬᠡᠯ ᠳᠤ ᠳᠤᠷᠠᠳᠤᠭᠰᠠᠨ 2024 ᠣᠨ ᠤ ᠠᠵᠤ | ᠠᠬᠤᠢ ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠱᠠᠭᠠᠷᠳᠠᠯᠭ᠎ᠠ᠂ ᠲᠦᠷᠦ ᠶᠢᠨ ᠪᠣᠳᠣᠯᠭ᠎ᠠ ᠶᠢᠨ ᠬᠠᠨᠳᠤᠰᠢ ᠪᠣᠯᠣᠨ ᠠᠵᠢᠯ ᠤᠨ ᠡᠭᠦᠷᠭᠡ ᠶᠢ ᠵᠥᠪᠰᠢᠶᠡᠷᠡᠵᠦ᠂ ᠳᠤᠰ | ᠢᠯᠡᠳᠬᠡᠯ ᠢ ᠵᠥᠪᠰᠢᠶᠡᠷᠡᠬᠦ ᠪᠠᠷ ᠲᠣᠭᠲᠠᠵᠠᠢ ᠭᠡᠵᠦ ᠵᠢᠭᠠᠵᠤ ᠭᠠᠷᠭᠠᠪᠠ᠃ | ᠬᠤᠷᠠᠯ ᠠᠴᠠ ᠪᠠᠲᠤᠯᠠᠯᠲᠠ ᠬᠢᠬᠦ ᠪᠠᠷ ᠳᠠᠮᠵᠢᠨ ᠰᠢᠨ᠎ᠡ ᠪᠠᠷ ᠵᠠᠰᠠᠪᠤᠷᠢ ᠣᠷᠣᠭᠤᠯᠤᠭᠰᠠᠨ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ | ᠬᠠᠤᠯᠢ ᠶᠢ ᠪᠠᠲᠤᠯᠠᠪᠠ᠃ ᠡᠨᠡ ᠬᠠᠤᠯᠢ ᠶᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠬᠤᠷᠠᠯ ᠠᠴᠠ ᠪᠠᠲᠤᠯᠠᠯᠲᠠ ᠬᠢᠬᠦ ᠪᠠᠷ ᠲᠠᠮᠵᠢᠨ 2023 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ | ᠬᠡᠷᠡᠭᠵᠢᠭᠦᠯᠦᠭᠰᠡᠨ ᠪᠠᠶᠢᠳᠠᠯ ᠬᠢᠭᠡᠳ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠤᠬᠠᠢ ᠠᠷᠪᠠᠨ | ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠰᠢᠢᠳᠪᠦᠷᠢ ᠶᠢ ᠪᠠᠲᠤᠯᠠᠵᠤ᠂ | 2023 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2024 ᠣᠨ ᠤ | ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠥᠯ ᠤᠨ ᠲᠤᠬᠠᠢ ᠮᠡᠳᠡᠭᠦᠯᠦᠯᠲᠡ ᠶᠢ ᠵᠥᠪᠰᠢᠶᠡᠷᠡᠬᠦ ᠪᠠᠷ ᠲᠣᠭᠲᠠᠵᠤ᠂ | 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠵᠥᠪᠰᠢᠶᠡᠷᠡᠬᠦ ᠪᠠᠷ ᠲᠣᠭᠲᠠᠪᠠ︔ 2023 ᠣᠨ ᠤ | ᠲᠥᠪ ᠤᠨ ᠪᠠ ᠣᠷᠣᠨ ᠨᠤᠲᠤᠭ ᠤᠨ ᠲᠥᠰᠥᠪ ᠢ ᠭᠦᠢᠴᠡᠳᠬᠡᠭᠰᠡᠨ ᠪᠠᠶᠢᠳᠠᠯ ᠬᠢᠭᠡᠳ 2024 ᠣᠨ ᠤ ᠲᠥᠪ ᠤᠨ ᠪᠠ ᠣᠷᠣᠨ ᠨᠤᠲᠤᠭ ᠤᠨ ᠲᠥᠰᠥᠪ ᠤᠨ | ᠲᠤᠬᠠᠢ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ | ᠰᠢᠢᠳᠪᠦᠷᠢ ᠶᠢ ᠪᠠᠲᠤᠯᠠᠵᠤ᠂ 2023 ᠣᠨ ᠤ ᠲᠥᠪ ᠤᠨ ᠪᠠ ᠣᠷᠣᠨ ᠨᠤᠲᠤᠭ ᠤᠨ ᠲᠥᠰᠥᠪ ᠢ ᠭᠦᠢᠴᠡᠳᠬᠡᠭᠰᠡᠨ ᠪᠠᠶᠢᠳᠠᠯ ᠬᠢᠭᠡᠳ 2024 ᠣᠨ ᠤ ᠲᠥᠪ ᠤᠨ | ᠪᠠ ᠣᠷᠣᠨ ᠨᠤᠲᠤᠭ ᠤᠨ ᠲᠥᠰᠥᠪ ᠤᠨ ᠲᠥᠰᠥᠯ ᠤᠨ ᠲᠤᠬᠠᠢ ᠮᠡᠳᠡᠭᠦᠯᠦᠯᠲᠡ ᠶᠢ ᠵᠥᠪᠰᠢᠶᠡᠷᠡᠬᠦ ᠪᠠᠷ ᠲᠣᠭᠲᠠᠵᠤ᠂ 2024 ᠣᠨ ᠤ ᠲᠥᠪ ᠤᠨ ᠲᠥᠰᠥᠪ ᠢ | ᠵᠥᠪᠰᠢᠶᠡᠷᠡᠬᠦ ᠪᠠᠷ ᠲᠣᠭᠲᠠᠪᠠ᠃ | ᠬᠤᠷᠠᠯ ᠠᠴᠠ ᠪᠠᠲᠤᠯᠠᠯᠲᠠ ᠬᠢᠬᠦ ᠪᠠᠷ ᠲᠠᠮᠵᠢᠨ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠠᠵᠢᠯ ᠤᠨ ᠮᠡᠳᠡᠭᠦᠯᠦᠯᠲᠡ ᠶᠢᠨ ᠲᠤᠬᠠᠢ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠬᠤᠶᠠᠳᠤᠭᠠᠷ ᠬᠤᠷᠠᠯ ᠤᠨ ᠰᠢᠢᠳᠪᠦᠷᠢ ᠶᠢ ᠪᠠᠲᠤᠯᠠᠪᠠ᠃ ᠰᠢᠢᠳᠪᠦᠷᠢ ᠳᠤ᠂ ᠬᠤᠷᠠᠯ ᠠᠴᠠ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠥᠩᠭᠡᠷᠡᠭᠰᠡᠨ ᠨᠢᠭᠡ ᠵᠢᠯ ᠤᠨ ᠠᠵᠢᠯ ᠢ ᠭᠦᠢᠴᠡᠳ ᠨᠤᠲᠠᠯᠠᠵᠤ᠂ ᠮᠡᠳᠡᠭᠦᠯᠦᠯᠲᠡ ᠳᠤ ᠳᠤᠷᠠᠳᠤᠭᠰᠠᠨ ᠬᠤᠶᠢᠰᠢᠳᠠ ᠶᠢᠨ ᠨᠢᠭᠡ ᠵᠢᠯ ᠤᠨ | ᠡᠭᠦᠷᠭᠡ ᠶᠢ ᠵᠥᠪᠰᠢᠶᠡᠷᠡᠵᠦ᠂ ᠡᠨᠡ ᠬᠦ ᠮᠡᠳᠡᠭᠦᠯᠦᠯᠲᠡ ᠶᠢ ᠵᠥᠪᠰᠢᠶᠡᠷᠡᠬᠦ ᠪᠠᠷ ᠲᠣᠭᠲᠠᠪᠠ ᠭᠡᠵᠦ ᠵᠢᠭᠠᠵᠤ ᠭᠠᠷᠭᠠᠪᠠ᠃ | ᠬᠤᠷᠠᠯ ᠠᠴᠠ ᠪᠠᠲᠤᠯᠠᠯᠲᠠ ᠬᠢᠬᠦ ᠪᠠᠷ ᠲᠠᠮᠵᠢᠨ ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢᠨ ᠲᠤᠬᠠᠢ᠂ ᠠᠷᠠᠳ ᠤᠨ ᠳᠡᠭᠡᠳᠦ | ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢᠨ ᠲᠤᠬᠠᠢ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠰᠢᠢᠳᠪᠦᠷᠢ ᠶᠢ ᠪᠠᠲᠤᠯᠠᠵᠤ᠂ ᠡᠨᠡ ᠬᠤᠶᠠᠷ ᠮᠡᠳᠡᠭᠦᠯᠦᠯᠲᠡ ᠶᠢ ᠵᠥᠪᠰᠢᠶᠡᠷᠡᠬᠦ ᠪᠠᠷ ᠲᠣᠭᠲᠠᠪᠠ᠃ | ᠳᠠᠷᠠᠭ᠎ᠠ ᠨᠢ ᠵᠤᠤ ᠯᠧ ᠵᠢᠢ ᠶᠠᠷᠢᠶ᠎ᠠ ᠲᠠᠯᠪᠢᠪᠠ᠃ ᠲᠡᠷᠡ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠬᠤᠶᠠᠳᠤᠭᠠᠷ ᠬᠤᠷᠠᠯ ᠡᠯ᠎ᠡ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃ ᠪᠦᠭᠦ ᠲᠥᠯᠥᠭᠡᠯᠡᠭᠴᠢᠳ ᠪᠣᠯᠣᠨ ᠬᠤᠯᠪᠣᠭᠳᠠᠯ ᠪᠦᠬᠦᠢ | ᠲᠠᠯ᠎ᠠ ᠶᠢᠨ ᠬᠢᠨ ᠤ ᠬᠠᠮᠲᠤ ᠶᠢᠨ ᠴᠢᠷᠮᠠᠶᠢᠯᠭ᠎ᠠ ᠪᠠᠷ ᠬᠤᠷᠠᠯ ᠮᠠᠰᠢ ᠠᠮᠵᠢᠯᠲᠠ ᠲᠠᠢ ᠬᠤᠷᠠᠯᠳᠤᠵᠤ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠡᠭᠦᠷᠭᠡ ᠶᠢ | ᠲᠣᠳᠣᠷᠬᠠᠶᠢᠯᠠᠵᠤ᠂ ᠢᠲᠡᠭᠡᠯ ᠢ ᠪᠠᠲᠤᠳᠬᠠᠪᠠ᠂ ᠡᠨᠡ ᠪᠣᠯ ᠨᠢᠭᠡ ᠤᠳᠠᠭ᠎ᠠ ᠶᠢᠨ ᠲᠤᠭ ᠢ ᠥᠨᠳᠥᠷ ᠮᠠᠨᠳᠤᠭᠤᠯᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ | ᠪᠦᠯᠬᠦᠮᠳᠡᠨ ᠲᠡᠮᠡᠴᠡᠭᠰᠡᠨ ᠶᠡᠭᠡ ᠬᠤᠷᠠᠯ ᠪᠣᠯᠣᠨ᠎ᠠ ᠭᠡᠵᠦ ᠬᠡᠯᠡᠪᠡ᠃ | ᠵᠤᠤ ᠯᠧ ᠵᠢᠢ᠂ ᠶᠡᠭᠡ ᠬᠤᠷᠠᠯ ᠤᠨ ᠬᠤᠭᠤᠴᠠᠭᠠᠨ ᠳᠤ ᠲᠥᠯᠥᠭᠡᠯᠡᠭᠴᠢᠳ ᠨᠠᠮ ᠪᠣᠯᠣᠨ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠡᠭᠦᠷᠭᠡᠯᠡᠵᠦ᠂ | ᠣᠷᠭᠢᠯᠤᠮ᠎ᠠ ᠬᠠᠯᠠᠭᠤᠨ ᠤᠯᠤᠰ ᠲᠦᠷᠦ ᠶᠢᠨ ᠤᠷᠮ᠎ᠠ ᠰᠡᠳᠬᠢᠯᠭᠡ ᠪᠣᠯᠣᠨ ᠴᠤᠭ ᠪᠠᠳᠠᠷᠠᠩᠭᠤᠢ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠬᠠᠤᠯᠢ ᠶᠣᠰᠣᠭᠠᠷ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠡᠯ᠎ᠡ ᠵᠦᠢᠯ ᠤᠨ ᠮᠡᠳᠡᠭᠦᠯᠦᠯᠲᠡ ᠪᠣᠯᠣᠨ ᠰᠠᠨᠠᠯ ᠵᠥᠪᠯᠡᠯᠭᠡ ᠶᠢ ᠨᠠᠷᠢᠨ ᠬᠢᠨᠠᠮᠠᠭᠠᠢ ᠬᠢᠨᠠᠨ ᠵᠥᠪᠯᠡᠵᠦ᠂ ᠬᠤᠷᠠᠯ ᠤᠨ | ᠦᠷ᠎ᠡ ᠪᠦᠲᠦᠭᠡᠯ ᠨᠢ ᠨᠠᠮ ᠤᠨ ᠵᠣᠷᠢᠯᠲᠠ ᠪᠣᠯᠣᠨ ᠠᠷᠠᠳ ᠲᠦᠮᠡᠨ ᠤ ᠬᠦᠰᠡᠯ ᠵᠣᠷᠢᠯᠲᠠ ᠶᠢᠨ ᠨᠢᠭᠡᠳᠦᠯ ᠢ ᠭᠦᠢᠴᠡᠳ ᠢᠯᠡᠷᠡᠭᠦᠯᠵᠦ᠂ ᠪᠦᠭᠦ ᠶᠠᠪᠤᠴᠠ ᠶᠢᠨ | ᠠᠷᠠᠳ ᠤᠨ ᠠᠷᠠᠳᠴᠢᠯᠠᠯ ᠪᠣᠯᠣᠨ ᠤᠯᠤᠰ ᠤᠨ ᠦᠨᠳᠦᠰᠦᠨ ᠤᠯᠤᠰ ᠲᠦᠷᠦ ᠶᠢᠨ ᠪᠠᠶᠢᠭᠤᠯᠤᠯ ᠤᠨ ᠢᠯᠡᠷᠬᠡᠢ ᠳᠠᠪᠠᠭᠤᠯᠢᠭ ᠢ ᠢᠯᠡᠷᠡᠭᠦᠯᠪᠡ ᠭᠡᠵᠦ ᠵᠢᠭᠠᠵᠤ | ᠭᠠᠷᠭᠠᠵᠠᠢ᠃ | ᠵᠤᠤ ᠯᠧ ᠵᠢᠢ᠂ ᠡᠨᠡ ᠵᠢᠯ ᠪᠣᠯ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠪᠣᠯᠣᠨ᠎ᠠ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ᠃ ᠶᠡᠭᠡ ᠬᠤᠷᠠᠯ ᠠᠴᠠ | ᠲᠣᠭᠲᠠᠭᠠᠭᠰᠠᠨ ᠡᠯ᠎ᠡ ᠵᠦᠢᠯ ᠤᠨ ᠡᠭᠦᠷᠭᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠪᠦᠭᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢ | ᠴᠢᠷᠮᠠᠶᠢᠨ ᠪᠡᠶᠡᠯᠡᠭᠦᠯᠬᠦ ᠨᠢ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠪᠢᠳᠠ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ | ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠢᠭᠡ ᠰᠡᠳᠬᠢᠯ ᠨᠢᠭᠡ ᠵᠣᠷᠢᠭ ᠢᠶᠠᠷ᠂ ᠰᠡᠳᠬᠢᠯ ᠨᠢᠭᠡᠳᠦᠨ ᠬᠦᠴᠦ ᠪᠠᠨ | ᠬᠠᠮᠲᠤᠳᠬᠠᠵᠤ᠂ ᠪᠦᠯᠬᠦᠮᠳᠡᠨ ᠲᠡᠮᠡᠴᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠭᠤᠶᠢᠪᠢᠰᠢ ᠦᠭᠡᠢ ᠠᠬᠢᠭᠤᠯᠬᠤ ᠬᠡᠷᠡᠭᠲᠡᠢ᠃ ᠠᠷᠠᠳ | ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠵᠦ᠂ | ᠠᠷᠠᠳ ᠲᠦᠮᠡᠨ ᠤ ᠢᠯᠡᠳᠬᠡᠭᠰᠡᠨ ᠬᠦᠰᠡᠯ ᠰᠠᠨᠠᠭ᠎ᠠ᠂ ᠡᠭᠦᠳᠦᠭᠰᠡᠨ ᠲᠤᠷᠰᠢᠯᠭ᠎ᠠ᠂ ᠡᠳ᠋ᠯᠡᠵᠦ ᠪᠠᠶᠢᠭ᠎ᠠ ᠡᠷᠬᠡ᠂ ᠪᠠᠳᠠᠷᠠᠭᠤᠯᠵᠤ ᠪᠠᠶᠢᠭ᠎ᠠ ᠦᠢᠯᠡᠳᠦᠯ ᠢ ᠭᠦᠢᠴᠡᠳ | ᠭᠦᠨᠳᠦᠳᠭᠡᠵᠦ᠂ ᠪᠦᠭᠦ ᠨᠡᠶᠢᠭᠡᠮ ᠤᠨ ᠦᠢᠯᠡᠰ ᠪᠣᠰᠬᠠᠵᠤ ᠰᠢᠨ᠎ᠡ ᠶᠢ ᠡᠭᠦᠳᠬᠦ ᠡᠭᠦᠳᠦᠨ ᠪᠦᠲᠦᠭᠡᠬᠦ ᠤᠷᠮ᠎ᠠ ᠰᠡᠳᠬᠢᠯᠭᠡ ᠪᠣᠯᠣᠨ ᠠᠮᠢᠵᠢᠷᠠᠯ ᠤᠨ ᠬᠦᠴᠦᠨ ᠢ | ᠬᠥᠭᠵᠢᠭᠡᠵᠦ᠂ ᠪᠦᠯᠬᠦᠮᠳᠡᠨ ᠲᠡᠮᠡᠴᠡᠬᠦ ᠬᠦᠴᠦᠷᠬᠡᠭ ᠶᠡᠭᠡ ᠬᠦᠴᠦᠨ ᠢ ᠨᠢᠭᠲᠠᠷᠠᠭᠤᠯᠬᠤ ᠬᠡᠷᠡᠭᠲᠡᠢ᠃ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ ᠦᠨᠡᠨ ᠬᠦ | ᠠᠳᠬᠤᠨ ᠪᠣᠳᠠᠲᠠᠢ ᠠᠵᠢᠯᠯᠠᠵᠤ᠂ ᠬᠦᠴᠢᠷ ᠢ ᠳᠤᠭᠤᠯᠤᠨ ᠪᠡᠷᠬᠡ ᠶᠢ ᠳᠠᠪᠠᠵᠤ᠂ ᠴᠢᠳᠠᠮᠠᠭᠠᠢ ᠠᠵᠢᠯᠯᠠᠨ ᠴᠢᠳᠠᠮᠠᠭᠠᠢ ᠪᠦᠲᠦᠭᠡᠵᠦ᠂ ᠬᠦᠴᠢᠷ ᠪᠡᠷᠬᠡᠰᠢᠶᠡᠯ ᠢ ᠨᠢᠭᠡᠳ | ᠨᠢᠭᠡ ᠪᠠᠷ ᠴᠢᠷᠮᠠᠶᠢᠨ ᠢᠯᠡᠨ ᠳᠠᠪᠠᠵᠤ᠂ ᠪᠣᠳᠠᠲᠠᠢ ᠶᠠᠪᠤᠳᠠᠯ ᠢ ᠨᠢᠭᠡᠳ ᠨᠢᠭᠡ ᠪᠠᠷ ᠰᠠᠶᠢᠲᠤᠷ ᠬᠢᠵᠦ᠂ ᠡᠭᠦᠷᠭᠡ ᠶᠢ ᠨᠢᠭᠡᠳ ᠨᠢᠭᠡ ᠪᠠᠷ ᠪᠡᠶᠡᠯᠡᠭᠦᠯᠦᠨ᠂ ᠪᠦᠯᠬᠦᠮᠳᠡᠨ | ᠲᠡᠮᠡᠴᠡᠬᠦ ᠳᠤᠮᠳᠠ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠲᠠᠰᠤᠷᠠᠯᠲᠠ ᠦᠭᠡᠢ ᠪᠡᠶᠡᠯᠡᠭᠦᠯᠬᠦ ᠬᠡᠷᠡᠭᠲᠡᠢ ᠭᠡᠵᠡᠢ᠃ | ᠵᠤᠤ ᠯᠧ ᠵᠢᠢ᠂ ᠪᠦᠯᠬᠦᠮᠳᠡᠨ ᠲᠡᠮᠡᠴᠡᠬᠦ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠲᠡᠦᠬᠡ ᠶᠢᠨ ᠠᠭᠤᠤ ᠦᠢᠯᠡᠰ ᠢ ᠡᠭᠦᠳᠦᠨ ᠪᠦᠲᠦᠭᠡᠬᠦ ᠳᠤ ᠵᠠᠪᠠᠯ | ᠶᠠᠪᠤᠬᠤ ᠵᠠᠮ ᠮᠥᠨ᠃ ᠪᠢᠳᠡ ᠪᠦᠭᠦᠳᠡᠭᠡᠷ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ | ᠪᠦᠯᠬᠦᠮᠳᠡᠵᠦ᠂ ᠲᠦᠮᠡᠨ ᠤᠯᠠᠨ ᠢᠶᠠᠷ ᠢᠶᠠᠨ ᠰᠡᠳᠬᠢᠯ ᠨᠢᠭᠡᠳᠴᠦ᠂ ᠡᠷᠡᠯᠬᠡᠭᠯᠡᠨ ᠲᠡᠮᠡᠴᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ | ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ | ᠴᠥᠬᠦᠷᠡᠰᠢ ᠦᠭᠡᠢ ᠲᠡᠮᠡᠴᠡᠵᠡᠭᠡᠶ᠎ᠡ ᠭᠡᠵᠦ ᠵᠢᠭᠠᠵᠤ ᠭᠠᠷᠭᠠᠪᠠ᠃ | ᠦᠳᠡ ᠶᠢᠨ ᠬᠤᠶᠢᠨᠠᠬᠢ 3 ᠴᠠᠭ 31 ᠮᠢᠨᠦ᠋ᠲ ᠲᠤ᠂ ᠵᠤᠤ ᠯᠧ ᠵᠢᠢ᠄ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠪᠠᠨ ᠳᠥᠷᠪᠡᠳᠦᠭᠡᠷ | ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠲᠡᠭᠦᠰᠪᠡ ᠭᠡᠵᠦ ᠨᠡᠶᠢᠲᠡᠯᠡᠵᠡᠢ᠃ ᠶᠡᠭᠡ ᠬᠤᠷᠠᠯ | ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶ᠎ᠠ ᠳᠤᠮᠳᠠ ᠥᠨᠳᠥᠷᠯᠡᠪᠡ᠃ | ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠭᠰᠠᠳ ᠲᠤ ᠪᠠᠰᠠ᠄ ᠮᠠ ᠰᠢᠩ ᠷᠦᠢ᠂ ᠸᠠᠩ ᠢ᠂ ᠶᠢᠨ ᠯᠢ᠂ ᠱᠢ ᠲᠠᠢ ᠹᠧᠩ᠂ ᠯᠢᠦ ᠭᠦᠸᠧ ᠵᠥᠩ᠂ ᠯᠢ ᠭᠠᠨ | ᠵᠢᠶᠧ᠂ ᠯᠢ ᠱᠣ᠋ ᠯᠧᠢ᠂ ᠾᠧ ᠸᠧᠢ ᠳ᠋ᠦᠩ᠂ ᠾᠧ ᠯᠢ ᠹᠧᠩ᠂ ᠵᠠᠩ ᠶᠢᠣ ᠰᠢᠶᠠ᠂ ᠵᠠᠩ ᠭᠦᠸᠧ ᠴᠢᠩ᠂ ᠴᠧᠨ ᠸᠧᠨ ᠴᠢᠩ᠂ ᠴᠧᠨ ᠵᠢᠢ ᠨᠢᠩ᠂ ᠴᠧᠨ ᠮᠢᠨ ᠡᠯ᠂ ᠶᠤᠸᠠᠨ | ᠵᠢᠶᠠ ᠵᠢᠶᠦ᠋ᠨ᠂ ᠬᠤᠸᠠᠩ ᠺᠦᠨ ᠮᠢᠩ᠂ ᠯᠢᠦ ᠶᠢᠨ ᠭᠦᠸᠧ᠂ ᠸᠠᠩ ᠰᠢᠶᠣᠣ ᠬᠤᠩ᠂ ᠦ᠋ ᠵᠧᠩ ᠯᠦᠩ᠂ ᠱᠧᠨ ᠢ ᠴᠢᠨ᠂ ᠵᠠᠩ ᠵᠢᠶᠦ᠋ᠨ᠂ ᠶᠢᠩ ᠶᠦᠩ᠂ ᠬᠤ᠋ ᠴᠦᠨ | ᠬᠤᠸᠠ᠂ ᠱᠧᠨ ᠶᠤᠸᠠᠢ ᠶᠤᠸᠠᠢ᠂ ᠸᠠᠩ ᠶᠦᠩ᠂ ᠫᠠᠪᠠᠯᠠ · ᠭᠧᠯᠧᠭᠨᠡᠮᠵᠢᠯ᠂ ᠾᠧ ᠾᠧᠦ ᠬᠤᠸᠠ᠂ ᠯᠢᠶᠠᠩ ᠵᠧᠨ ᠶᠢᠩ᠂ ᠪᠠᠭᠠᠲᠤᠷ᠂ ᠰᠦ᠋ ᠬᠤᠶ᠂ ᠱᠣᠸ ᠬᠤᠩ᠂ ᠴᠧᠨ ᠦ᠋᠂ | ᠮᠦ ᠬᠤᠩ᠂ ᠰᠢᠶᠠᠨ ᠬᠤᠶ᠂ ᠸᠠᠩ ᠳ᠋ᠦᠩ ᠹᠧᠩ᠂ ᠵᠢᠶᠠᠩ ᠰᠢᠨ ᡁᠢ᠂ ᠵᠢᠶᠠᠩ ᠽᠦᠸᠧ ᠵᠢᠶᠦ᠋ᠨ᠂ ᠾᠧ ᠪᠦᠦ ᠰᠢᠶᠠᠩ᠂ ᠸᠠᠩ ᠭᠤᠸᠠᠩ ᠴᠢᠶᠠᠨ᠂ ᠴᠢᠨ ᠪᠦᠸᠧ ᠶᠦᠩ᠂ | ᠵᠦ ᠶᠦᠩ ᠰᠢᠨ᠂ ᠶᠠᠩ ᠵᠧᠨ ᠵᠢᠴᠢ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠨ ᠯᠢᠦ ᠵᠧᠨ ᠯᠢ᠂ ᠮᠢᠶᠣᠣ ᠬᠤᠸᠠ᠂ ᠵᠠᠩ ᠱᠧᠩ ᠮᠢᠨ ᠨᠠᠷ ᠪᠤᠢ᠃ | ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠴᠢᠯᠦᠭᠡᠯᠡᠬᠦ ᠴᠡᠷᠢᠭ ᠤᠨ ᠬᠤᠯᠪᠣᠭᠳᠠᠯ ᠪᠦᠬᠦᠢ ᠨᠢᠭᠡᠴᠢ ᠪᠣᠯᠣᠨ | ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ᠂ ᠡᠯ᠎ᠡ ᠠᠷᠠᠳ ᠤᠨ ᠪᠦᠯᠭᠦᠮ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠬᠰᠠᠨ ᠪᠤᠶᠤ | ᠶᠡᠭᠡ ᠬᠤᠷᠠᠯ ᠢ ᠰᠤᠯᠠ ᠰᠣᠨᠣᠰᠴᠠᠢ᠃ | ᠳᠤᠮᠳᠠᠳᠤ ᠤᠯᠤᠰ ᠲᠤ ᠰᠠᠭᠤᠭ᠎ᠠ ᠭᠠᠳᠠᠭᠠᠳᠤ ᠶᠢᠨ ᠡᠯᠴᠢᠨ ᠰᠠᠶᠢᠳ ᠨᠠᠷ ᠶᠡᠭᠡ ᠬᠤᠷᠠᠯ ᠢ ᠰᠤᠯᠠ ᠰᠣᠨᠣᠰᠪᠠ᠃ | |