| | | ︵ᠰᠤᠷᠪᠤᠯᠵᠢᠯᠠᠭᠴᠢ ᠮᠢᠶᠣᠣ ᠰᠢᠨ︶ 3 ᠳ᠋ᠤᠭᠠᠷ ᠰᠠᠷ᠎ᠠ ᠶᠢᠨ 12 ᠤᠨ ᠡᠳᠦᠷ᠂ ᠬᠥᠬᠡᠬᠤᠲᠠ ᠶᠢᠨ ᠵᠡᠮᠳᠡᠭ ᠣᠶᠤᠲᠠᠳ ᠤᠨ ᠳᠠᠳᠤᠯᠭ᠎ᠠ ᠶᠢᠨ | ᠰᠠᠭᠤᠷᠢᠨ ᠭᠠᠵᠠᠷ ᠥᠪᠥᠷ ᠮᠣᠩᠭᠤᠯ ᠤᠨ ᠰᠢᠨ ᠶᠤᠸᠠᠨ ᠰᠦᠯᠵᠢᠶᠡᠨ ᠤ ᠠᠮᠤᠷ ᠲᠦᠪᠰᠢᠨ ᠤ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ | ᠺᠣᠮᠫᠠᠨᠢ ᠳᠤ ᠫᠠᠶᠢᠰᠠ ᠰᠡᠭᠦᠪᠡ᠃ | ᠥᠪᠥᠷ ᠮᠣᠩᠭᠤᠯ ᠤᠨ ᠰᠢᠨ ᠶᠤᠸᠠᠨ ᠰᠦᠯᠵᠢᠶᠡᠨ ᠤ ᠠᠮᠤᠷ ᠲᠦᠪᠰᠢᠨ ᠤ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠪᠣᠯ ᠮᠠᠨ ᠤ | ᠣᠷᠣᠨ ᠤ ᠠᠩᠬᠠᠳᠠᠭᠴᠢ ᠰᠦᠯᠵᠢᠶᠡᠨ ᠤ ᠠᠮᠤᠷ ᠲᠦᠪᠰᠢᠨ ᠤ ᠠᠵᠢᠯ ᠲᠦᠷᠦᠯ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠭᠰᠡᠨ ᠠᠵᠤ ᠠᠬᠤᠶᠢᠯᠠᠯ | ᠪᠠᠶᠢᠵᠤ᠂ ᠮᠠᠨ ᠤ ᠣᠷᠣᠨ ᠤ ᠬᠠᠮᠤᠭ ᠤᠨ ᠲᠣᠮᠣ ᠰᠦᠯᠵᠢᠶᠡᠨ ᠤ ᠠᠮᠤᠷ ᠲᠦᠪᠰᠢᠨ ᠤ ᠲᠤᠰᠬᠠᠢ ᠦᠢᠯᠡᠴᠢᠯᠡᠭᠡᠨ ᠤ ᠪᠠᠶᠢᠭᠤᠯᠤᠮᠵᠢ ᠮᠦᠨ᠃ ᠺᠣᠮᠫᠠᠨᠢ | ᠪᠠᠶᠢᠭᠤᠯᠤᠭᠳᠠᠭᠰᠠᠨ ᠠᠴᠠ ᠨᠠᠭᠠᠰᠢ ᠨᠡᠶᠢᠭᠡᠮ ᠤᠨ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠣᠳᠣᠬᠠᠨ ᠳᠤ ᠠᠵᠢᠯ ᠳᠤ ᠪᠠᠶᠢᠭ᠎ᠠ ᠵᠡᠮᠳᠡᠭ ᠠᠵᠢᠯᠲᠠᠨ | 3 ᠪᠣᠶ᠃ ᠺᠣᠮᠫᠠᠨᠢ ᠪᠠᠰᠠ ᠲᠤᠬᠠᠶᠢᠯᠠᠭᠰᠠᠨ ᠠᠵᠢᠯ ᠤᠨ ᠣᠨᠴᠠᠯᠢᠭ ᠲᠠᠢ ᠪᠠᠨ ᠤᠶᠠᠯᠳᠤᠭᠤᠯᠤᠨ᠂ ᠵᠡᠮᠳᠡᠭ ᠣᠶᠤᠲᠠᠳ ᠲᠤ ᠲᠤᠰᠬᠠᠢ ᠳᠠᠳᠤᠯᠭ᠎ᠠ ︵ ᠲᠠᠭᠠᠨ | ᠰᠤᠷᠬᠤ︶ ᠶᠢᠨ ᠠᠵᠢᠯ ᠤᠨ ᠪᠠᠶᠢᠷᠢ ᠭᠠᠷᠭᠠᠵᠤ᠂ ᠰᠠᠶᠢᠨ ᠰᠠᠶᠢᠬᠠᠨ ᠳᠠᠳᠤᠯᠭ᠎ᠠ ᠶᠢᠨ ᠣᠷᠴᠢᠨ ᠲᠣᠭᠤᠷᠢᠨ ᠢ ᠬᠠᠩᠭᠠᠵᠤ᠂ ᠵᠡᠮᠳᠡᠭ ᠣᠶᠤᠲᠠᠳ ᠢ ᠬᠠᠪᠰᠤᠷᠤᠨ | ᠨᠡᠶᠢᠭᠡᠮ ᠤᠨ ᠲᠤᠷᠰᠢᠯᠭ᠎ᠠ ᠬᠤᠷᠠᠮᠳᠤᠭᠤᠯᠵᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠨᠢ ᠳᠡᠭᠡᠭᠰᠢᠯᠡᠭᠦᠯᠬᠦ ᠶᠢᠨ ᠬᠠᠮᠲᠤ ᠳᠠᠳᠤᠯᠭ᠎ᠠ ᠳᠠᠭᠤᠰᠤᠭᠰᠠᠨ ᠤ | ᠳᠠᠷᠠᠭ᠎ᠠ᠂ ᠵᠣᠬᠢᠬᠤ ᠲᠣᠭᠠᠨ ᠤ ᠠᠵᠢᠯ ᠤᠨ ᠪᠠᠶᠢᠷᠢ ᠬᠠᠩᠭᠠᠵᠤ ᠠᠵᠢᠯ ᠣᠯᠭᠤᠬᠤ ᠪᠤᠶᠤ ᠲᠣᠰ ᠠᠵᠢᠯ ᠲᠥᠷᠥᠯ ᠤᠨ ᠬᠠᠮᠢᠶ᠎ᠠ ᠪᠦᠬᠦᠢ ᠨᠢᠭᠡᠴᠢ ᠳᠤ | ᠲᠠᠨᠢᠯᠴᠠᠭᠤᠯᠤᠨ ᠠᠵᠢᠯ ᠣᠯᠭᠤᠵᠤ᠂ ᠵᠡᠮᠳᠡᠭ ᠣᠶᠤᠲᠠᠳ ᠤᠨ ᠠᠵᠢᠯ ᠣᠯᠬᠤ ᠶᠢ ᠠᠬᠢᠭᠤᠯᠬᠤ ᠳᠤᠮᠳᠠ ᠠᠵᠤ ᠠᠬᠤᠶᠢᠯᠠᠯ ᠤᠨ ᠬᠠᠷᠢᠭᠤᠴᠠᠯᠭ᠎ᠠ ᠡᠭᠦᠷᠭᠡᠯᠡᠯ ᠢ | ᠢᠯᠡᠷᠡᠭᠦᠯᠪᠡ᠃ | ᠬᠤᠳᠠ ᠶᠢᠨ ᠵᠡᠮᠳᠡᠭᠴᠦᠳ ᠤᠨ ᠬᠤᠯᠪᠣᠭ᠎ᠠ ᠠᠴᠠ ᠥᠪᠥᠷ ᠮᠣᠩᠭᠤᠯ ᠤᠨ ᠰᠢᠨ ᠶᠤᠸᠠᠨ ᠰᠦᠯᠵᠢᠶᠡᠨ ᠤ ᠠᠮᠤᠷ ᠲᠦᠪᠰᠢᠨ ᠤ ᠮᠡᠷᠭᠡᠵᠢᠯ ᠤᠨ ᠬᠤᠪᠢ | ᠣᠷᠣᠭᠤᠯᠤᠭᠰᠠᠨ ᠬᠢᠵᠠᠭᠠᠷᠲᠤ ᠺᠣᠮᠫᠠᠨᠢ ᠶᠢ ᠬᠥᠬᠡᠬᠤᠲᠠ ᠶᠢᠨ ᠵᠡᠮᠳᠡᠭ ᠣᠶᠤᠲᠠᠳ ᠤᠨ ᠳᠠᠳᠤᠯᠭ᠎ᠠ ᠶᠢᠨ ᠰᠠᠭᠤᠷᠢᠨ ᠭᠠᠵᠠᠷ ᠢᠶᠠᠷ ᠲᠣᠭᠲᠠᠭᠠᠭᠰᠠᠨ ᠪᠥᠭᠡᠳ | ᠡᠭᠦᠨ ᠢᠶᠠᠷ ᠠᠵᠠ ᠲᠣᠬᠢᠶᠠᠯ ᠪᠣᠯᠭᠠᠵᠤ᠂ ᠮᠠᠨ ᠤ ᠬᠤᠳᠠ ᠶᠢᠨ ᠰᠢᠯᠢᠳᠡᠭ ᠠᠵᠤ ᠠᠬᠤᠶᠢᠯᠠᠯ ᠲᠠᠢ ᠬᠤᠯᠪᠤᠭᠠᠯᠠᠨ ᠶᠡᠭᠡ ᠳᠡᠭᠡᠳᠦ ᠰᠤᠷᠭᠠᠭᠤᠯᠢ ᠶᠢᠨ ᠲᠡᠭᠦᠰᠬᠦ | ᠵᠡᠮᠳᠡᠭ ᠣᠶᠤᠲᠠᠳ ᠲᠤ ᠨᠡᠩ ᠤᠯᠠᠨ ᠠᠵᠢᠯ ᠣᠯᠭᠤᠯᠲᠠ ᠳᠠᠳᠤᠯᠭ᠎ᠠ ᠶᠢᠨ ᠠᠵᠠ ᠲᠣᠬᠢᠶᠠᠯ ᠬᠠᠩᠭᠠᠵᠤ᠂ ᠮᠠᠨ ᠤ ᠬᠤᠳᠠ ᠶᠢᠨ ᠵᠡᠮᠳᠡᠭᠴᠦᠳ ᠤᠨ ᠦᠢᠯᠡᠰ ᠤᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ᠃ |