2024 ᠣᠨ ᠤ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠢ ᠨᠢᠭᠡ ᠴᠣᠭᠴᠠᠵᠢᠭᠤᠯᠤᠨ ᠬᠥᠭᠵᠢᠭᠦᠯᠬᠦ ᠰᠤᠷᠭᠠᠨ ᠬᠥᠮᠦᠵᠢᠯ ᠤᠨ ᠲᠣᠨᠤᠭ ᠲᠥᠬᠦᠭᠡᠷᠦᠮᠵᠢ ︵ᠴᠠᠬᠢᠯᠭᠠᠨᠴᠢᠯᠠᠭᠰᠠᠨ ᠰᠤᠷᠭᠠᠨ ᠬᠥᠮᠦᠵᠢᠯ︶ ᠶᠢᠨ ᠲᠤᠰᠬᠠᠢ ᠠᠵᠢᠯ ᠤᠨ ᠬᠤᠷᠠᠯ ᠮᠠᠨ ᠤ ᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2024/3/13
      ︵ᠰᠤᠷᠪᠤᠯᠵᠢᠯᠠᠭᠴᠢ ᠮᠢᠶᠣᠣ ᠴᠢᠩ︶ ᠣᠶᠢᠷ᠎ᠠ ᠳᠤ᠂ 2024 ᠣᠨ ᠤ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠢ ᠨᠢᠭᠡ ᠴᠣᠭᠴᠠᠵᠢᠭᠤᠯᠤᠨ ᠬᠥᠭᠵᠢᠭᠦᠯᠬᠦ ᠰᠤᠷᠭᠠᠨ ᠬᠥᠮᠦᠵᠢᠯ ᠤᠨ ᠲᠤᠨᠤᠭ ᠲᠥᠬᠦᠭᠡᠷᠦᠮᠵᠢ ︵ᠴᠠᠬᠢᠯᠭᠠᠨᠴᠢᠯᠠᠭᠰᠠᠨ ᠰᠤᠷᠭᠠᠨ ᠬᠥᠮᠦᠵᠢᠯ︶ ᠶᠢᠨ ᠲᠤᠰᠬᠠᠢ ᠠᠵᠢᠯ ᠤᠨ ᠬᠤᠷᠠᠯ ᠮᠠᠨ ᠤ ᠬᠤᠳᠠ ᠳᠤ ᠬᠤᠷᠠᠯᠳᠤᠪᠠ᠃       ᠬᠤᠷᠠᠯ  ᠠᠴᠠ ᠵᠢᠭᠠᠵᠤ ᠭᠠᠷᠭᠠᠭᠰᠠᠨ ᠨᠢ᠂ 2023 ᠣᠨ ᠳᠤ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠳᠥᠷᠪᠡᠨ ᠬᠤᠲᠠ ᠶᠢᠨ ᠰᠤᠷᠭᠠᠨ ᠬᠥᠮᠦᠵᠢᠯ ᠤᠨ ᠲᠣᠨᠤᠭ ᠲᠥᠬᠦᠭᠡᠷᠦᠮᠵᠢ ︵ᠴᠠᠬᠢᠯᠭᠠᠨᠴᠢᠯᠠᠭᠰᠠᠨ ᠰᠤᠷᠭᠠᠨ ᠬᠥᠮᠦᠵᠢᠯ︶ ᠶᠢᠨ ᠬᠦᠷᠢᠶᠡᠨ ᠳᠠᠬᠢ ᠬᠠᠮᠲᠤᠷᠠᠯᠴᠠᠭ᠎ᠠ ᠢᠯᠡᠳᠲᠡ ᠦᠷ᠎ᠡ ᠪᠦᠲᠦᠮᠵᠢ ᠣᠯᠵᠤ᠂ ᠥᠨᠳᠥᠷ ᠪᠠᠶᠢᠷᠢᠨ ᠳᠤ ᠠᠬᠢᠭᠤᠯᠬᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠢᠴᠢ ᠬᠤᠯᠪᠣᠯᠳᠤᠨ ᠨᠡᠪᠲᠡᠷᠡᠯᠴᠡᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠳᠥᠷᠪᠡᠨ ᠬᠤᠲᠠ ᠶᠢᠨ ᠬᠢᠨ ᠲᠣᠭᠠᠴᠢᠯᠠᠭᠰᠠᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠬᠠᠮᠲᠤ ᠪᠠᠷ ᠲᠦᠯᠬᠢᠨ ᠠᠬᠢᠭᠤᠯᠵᠤ᠂ ᠰᠤᠷᠭᠠᠨ ᠬᠥᠮᠦᠵᠢᠯ ᠤᠨ ᠶᠠᠰᠤ ᠴᠢᠨᠠᠷ ᠤᠨ ᠪᠦᠬᠦᠯᠢ ᠴᠣᠭᠴᠠ ᠶᠢᠨ ᠳᠡᠭᠡᠭᠰᠢᠯᠡᠯᠲᠡ ᠶᠢ ᠠᠬᠢᠭᠤᠯᠤᠭᠰᠠᠨ ᠪᠠᠶᠢᠨ᠎ᠠ᠃       ᠬᠤᠷᠠᠯ ᠠᠴᠠ᠂ ᠲᠦᠷᠪᠡᠨ ᠬᠤᠳᠠ ᠶᠢᠨ ᠬᠢᠨ ᠨᠢᠭᠡ ᠴᠣᠭᠴᠠᠵᠢᠯᠲᠠ ᠶᠢ ᠠᠬᠢᠭᠤᠯᠬᠤ ᠬᠠᠷᠢᠭᠤᠴᠠᠯᠭ᠎ᠠ ᠶᠢᠨ ᠭᠤᠣᠯ ᠴᠣᠭᠴᠠ ᠪᠣᠯᠤᠭᠰᠠᠨ ᠤ ᠬᠤᠪᠢ ᠳᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠨᠠᠭᠰᠢᠳᠠ ᠨᠠᠶᠢᠳᠠᠪᠤᠷᠢᠵᠢᠭᠤᠯᠵᠤ᠂ ᠡᠭᠦᠷᠭᠡ ᠲᠤᠰᠢᠶᠠᠯ ᠬᠠᠷᠢᠭᠤᠴᠠᠯᠭ᠎ᠠ ᠪᠣᠯᠣᠨ ᠭᠤᠣᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠰᠲ᠋ᠧᠮ ᠲᠠᠢ ᠪᠠ ᠪᠦᠬᠦ ᠲᠠᠯ᠎ᠠ ᠶᠢ ᠨᠢᠭᠡᠳᠦᠯᠲᠡᠢ ᠲᠥᠯᠥᠪᠵᠢᠭᠦᠯᠬᠦ ᠪᠠᠷ ᠳᠠᠮᠵᠢᠭᠤᠯᠵᠤ᠂ ᠲᠣᠭᠠᠴᠢᠯᠠᠭᠰᠠᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠶᠢ ᠠᠬᠢᠭᠤᠯᠵᠤ᠂ ᠬᠥᠳᠡᠭᠡ ᠲᠣᠰᠬᠤᠨ ᠤ ᠰᠤᠷᠭᠠᠨ ᠬᠥᠮᠦᠵᠢᠯ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ᠃ ᠪᠠᠶᠢᠭᠤᠯᠤᠮᠵᠢ ᠲᠣᠭᠲᠠᠴᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠲᠡᠰ ᠳᠠᠪᠬᠤᠷᠭ᠎ᠠ ᠶᠢᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠴᠢᠨᠠᠭᠰᠢᠳᠠ ᠴᠢᠩᠭᠠᠳᠬᠠᠵᠤ᠂ ᠲᠦᠷᠪᠡᠨ ᠬᠤᠳᠠ ᠶᠢᠨ ᠤᠯᠠᠷᠢᠯ ᠪᠦᠷᠢ ᠳᠤ ᠡᠭᠡᠯᠵᠢᠯᠡᠨ ᠠᠵᠢᠯᠯᠠᠭ᠎ᠠ ᠥᠷᠨᠢᠭᠦᠯᠬᠦ ᠵᠡᠷᠭᠡ ᠪᠣᠳᠠᠲᠠᠢ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠵᠢᠭᠦᠯᠵᠦ᠂ ᠪᠠᠶᠢᠭᠤᠯᠤᠮᠵᠢ ᠲᠣᠭᠲᠠᠴᠠ ᠶᠢᠨ ᠪᠠᠲᠤᠯᠠᠭ᠎ᠠ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠨᠢᠭᠡ ᠴᠣᠭᠴᠠᠵᠢᠭᠤᠯᠤᠨ ᠬᠥᠭᠵᠢᠭᠦᠯᠬᠦ ᠲᠦᠪᠰᠢᠨ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃       ᠬᠤᠷᠠᠯ ᠠᠴᠠ ᠴᠢᠬᠤᠯᠠᠴᠢᠯᠠᠭᠰᠠᠨ ᠨᠢ᠂ ᠳᠥᠷᠪᠡᠨ ᠬᠤᠲᠠ ᠶᠢᠨ ᠬᠢᠨ ᠠᠵᠢᠯ ᠥᠷᠨᠢᠭᠦᠯᠬᠦ ᠳᠡᠭᠡᠨ ︽ᠨᠡᠶᠢᠲᠡᠯᠢᠭ ᠴᠢᠨᠠᠷ + ᠥᠪᠡᠷᠮᠢᠴᠡ ᠴᠢᠨᠠᠷ︾ ᠤᠨ ᠵᠠᠷᠴᠢᠮ ᠢ ᠬᠠᠮᠲᠤ ᠳᠤᠨᠢ ᠬᠠᠷᠠᠭᠠᠯᠵᠠᠵᠤ᠂ ᠲᠣᠰ ᠲᠣᠰ ᠤᠨ ᠬᠠᠷᠢᠴᠠᠩᠭᠤᠢ ᠳᠠᠪᠠᠭᠤᠯᠢᠭ ᠢᠶᠠᠨ ᠭᠦᠢᠴᠡᠳ ᠠᠰᠢᠭᠯᠠᠨ᠂ ᠰᠤᠷᠭᠠᠨ ᠬᠥᠮᠦᠵᠢᠯ ᠢ ᠲᠡᠩᠴᠡᠭᠦᠷᠢᠲᠡᠢ ᠪᠥᠭᠡᠳ ᠨᠡᠶᠢᠳᠡᠮ ᠬᠠᠷᠠᠭᠠᠯᠵᠠᠬᠤ᠂ ᠪᠦᠬᠦᠯᠢ ᠴᠣᠭᠴᠠ ᠪᠠᠷ ᠳᠡᠭᠡᠭᠰᠢᠯᠡᠭᠦᠯᠬᠦ ᠪᠠᠷ ᠤᠳᠤᠷᠢᠳᠤᠮᠵᠢ ᠪᠣᠯᠭᠠᠵᠤ᠂ ᠠᠶᠢᠮᠠᠭ ᠬᠤᠲᠠ ᠶᠢᠨ ᠣᠷᠣᠨ ᠪᠦᠰᠡ ᠶᠢᠨ ᠨᠠᠷᠠᠲᠤ ᠲᠥᠷᠥᠯ ᠲᠡᠮᠳᠡᠭᠲᠦ ᠶᠢ ᠴᠢᠷᠮᠠᠶᠢᠨ ᠪᠣᠶ ᠪᠣᠯᠭᠠᠵᠤ᠂ ᠯᠠᠪᠯᠠᠯᠲᠠ ᠪᠣᠯᠭᠠᠵᠤ ᠪᠣᠯᠬᠤ᠂ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠨᠡᠶᠢᠲᠡᠯᠢᠭ ᠬᠡᠷᠡᠭ ᠤᠨ ᠵᠢᠱᠢᠶ᠎ᠡ ᠪᠠ ᠲᠤᠷᠰᠢᠯᠭ᠎ᠠ ᠶᠢ ᠪᠣᠶ ᠪᠣᠯᠭᠠᠵᠤ᠂ ᠬᠦᠴᠦ ᠪᠠᠨ ᠬᠠᠮᠲᠤᠳᠬᠠᠨ ᠰᠤᠷᠭᠠᠨ ᠬᠥᠮᠦᠵᠢᠯ ᠤᠨ ᠰᠢᠨ᠎ᠡ ᠶᠢ ᠡᠭᠦᠳᠬᠦ ᠥᠨᠳᠦᠷᠯᠢᠭ ᠢ ᠴᠤᠭᠴᠠᠯᠠᠵᠤ᠂ ᠪᠥᠬᠦ ᠣᠷᠣᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠳᠤ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠪᠠᠳᠠᠷᠠᠭᠤᠯᠬᠤ ᠬᠡᠷᠡᠭᠲᠡᠢ ᠭᠡᠵᠢ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ