ᠬᠠᠷ᠎ᠠ ᠤᠰᠤ ᠨᠠᠭᠤᠷ ᠲᠤ ᠨᠡᠭᠦᠳᠡᠯ ᠤᠨ ᠰᠢᠪᠠᠭᠤᠳ ᠵᠢᠷᠭᠢᠨ᠎ᠡ
ᠨᠡᠶᠢᠲᠡᠯᠡᠭᠰᠡᠨ ᠴᠠᠭ᠄
2024/3/14
ea955f13-14c3-456f-a12d-5cfd0dcafe96.jpg
      ᠣᠶᠢᠷ᠎ᠠ ᠳᠤ᠂ ᠠᠭᠤᠷ ᠠᠮᠢᠰᠬᠤᠯ ᠳᠤᠯᠠᠭᠠᠷᠠᠨ᠂ ᠮᠥᠰᠥ ᠴᠠᠰᠤ ᠬᠠᠶᠢᠯᠬᠤ ᠶᠢ ᠳᠠᠭᠠᠯᠳᠤᠨ᠂ ᠲᠦᠮᠡᠳ ᠵᠡᠭᠦᠨ ᠬᠤᠰᠢᠭᠤᠨ ᠤ ᠬᠠᠷ᠎ᠠ ᠤᠰᠤ ᠨᠠᠭᠤᠷ ᠲᠤ ᠨᠡᠭᠦᠳᠡᠯ ᠤᠨ ᠰᠢᠪᠠᠭᠤᠳ ᠢᠷᠡᠵᠦ ᠨᠤᠲᠤᠭᠰᠢᠪᠠ᠃       ᠣᠶᠢᠷ᠎ᠠ ᠶᠢᠨ ᠵᠢᠯ ᠳᠤ᠂ ᠲᠦᠮᠡᠳ ᠵᠡᠭᠦᠨ ᠬᠤᠰᠢᠭᠤᠨ ᠤ ᠬᠢᠨ ᠠᠮᠢ ᠠᠬᠤᠢ ᠶᠢ ᠤᠷᠢᠳᠠᠪᠠᠷ ᠪᠣᠳᠣᠯᠬᠢᠯᠠᠭᠰᠠᠨ ᠪᠣᠬᠢᠷᠲᠤᠯ ᠦᠭᠡᠢ ᠬᠥᠭᠵᠢᠯᠲᠡ ᠶᠢ ᠪᠠᠷᠢᠮᠲᠠᠯᠠᠨ᠂ ᠬᠥᠷᠥᠰᠥ ᠰᠢᠷᠣᠢ ᠶᠢ ᠬᠠᠮᠠᠭᠠᠯᠠᠬᠤ ᠠᠵᠢᠯ ᠢ ᠢᠳᠡᠪᠬᠢᠲᠡᠢ ᠥᠷᠨᠢᠭᠦᠯᠵᠦ᠂ ᠨᠡᠭᠦᠳᠡᠯ ᠤᠨ ᠰᠢᠪᠠᠭᠤᠳ ᠤᠨ ᠣᠷᠣᠰᠢᠨ ᠠᠮᠢᠳᠤᠷᠠᠬᠤ ᠳᠤ ᠨᠠᠩ ᠲᠠᠭᠠᠯᠠᠮᠵᠢᠲᠠᠢ ᠠᠮᠢ ᠠᠬᠤᠢ ᠶᠢᠨ ᠣᠷᠴᠢᠨ ᠲᠣᠭᠤᠷᠢᠨ ᠢ ᠬᠠᠩᠭᠠᠵᠤ᠂ ᠦᠵᠡᠰᠬᠦᠯᠡᠩᠲᠦ ᠰᠠᠶᠢᠬᠠᠨ ᠠᠮᠢ ᠠᠬᠤᠢ ᠶᠢ ᠠᠵᠤ ᠠᠬᠤᠢ ᠶᠢᠨ ᠬᠥᠭᠵᠢᠯᠲᠡ ᠶᠢ ᠳᠠᠶᠢᠴᠢᠯᠠᠬᠤ ᠡᠷᠬᠢᠮ ᠨᠠᠨᠳᠢᠨ ᠡᠳ᠋ ᠪᠠᠶᠠᠯᠢᠭ ᠪᠣᠯᠭᠠᠭᠰᠠᠨ ᠪᠠᠶᠢᠨ᠎ᠠ᠃       ᠰᠤᠷᠪᠤᠯᠵᠢᠯᠠᠭᠴᠢ  ᠭᠧᠩ ᠰᠢᠨ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ