ᠬᠥᠬᠡᠬᠤᠲᠠ — ᠤᠯᠠᠭᠠᠨᠪᠠᠭᠠᠲᠤᠷ ᠤᠨ ᠬᠤᠭᠤᠷᠣᠨᠳᠣᠬᠢ ᠣᠯᠠᠨ ᠤᠯᠤᠰ ᠤᠨ ᠠᠶᠠᠨᠴᠢᠳ ᠤᠨ ᠭᠠᠯᠲᠤ ᠲᠡᠷᠭᠡ ᠠᠶᠠᠯᠠᠯ ᠢᠶᠠᠨ ᠰᠡᠷᠭᠦᠭᠡᠯ᠎ᠡ
ᠨᠡᠶᠢᠲᠡᠯᠡᠭᠰᠡᠨ ᠴᠠᠭ᠄
2024/3/18
      ᠬᠥᠬᠡᠬᠤᠲᠠ ᠶᠢᠨ ᠲᠡᠮᠤᠷ ᠵᠠᠮ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠳᠤᠮᠳᠠᠳᠤ ᠮᠣᠩᠭᠤᠯ ᠬᠤᠶᠠᠷ ᠤᠯᠤᠰ ᠤᠨ ᠲᠡᠮᠦᠷ ᠵᠠᠮ ᠤᠨ ᠰᠠᠯᠠᠭ᠎ᠠ ᠮᠥᠴᠢᠷ ᠤᠨ ᠵᠥᠪᠳᠡᠯᠴᠡᠭᠡ ᠪᠠᠷ ᠳᠡᠮᠵᠢᠨ 2024 ᠣᠨ ᠤ 3 ᠰᠠᠷ᠎ᠠ ᠶᠢᠨ 15 ᠠᠴᠠ ᠡᠬᠢᠯᠡᠨ ᠬᠥᠬᠡᠬᠤᠲᠠ ᠬᠢᠬᠡᠳ ᠮᠣᠩᠭᠤᠯ ᠤᠯᠤᠰ ᠤᠨ ᠤᠯᠠᠭᠠᠨᠪᠠᠭᠠᠲᠤᠷ ᠤᠨ ᠬᠤᠭᠤᠷᠣᠨᠳᠣᠬᠢ ᠣᠯᠠᠨ ᠤᠯᠤᠰ ᠤᠨ ᠠᠶᠠᠨᠴᠢᠳ ᠤᠨ ᠭᠠᠯᠲᠤ ᠲᠡᠷᠭᠡᠨ ᠤ ᠠᠶᠠᠯᠠᠯ ᠢ ᠰᠡᠷᠭᠦᠭᠡᠪᠡ᠃ ᠡᠨᠡ ᠨᠢ ᠳᠤᠮᠳᠠᠳᠤ ᠮᠣᠩᠭᠤᠯ ᠬᠤᠶᠠᠷ ᠤᠯᠤᠰ ᠤᠨ ᠠᠷᠠᠳ ᠣᠯᠠᠨ ᠤ ᠬᠢᠯᠢ ᠠᠯᠤᠰᠯᠠᠨ ᠠᠶᠠᠯᠠᠬᠤ ᠳᠤ ᠲᠥᠬᠦᠮ ᠦᠵᠡᠭᠦᠯᠵᠦ᠂ ᠣᠷᠣᠨ ᠪᠦᠰᠡ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠤᠨ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠥᠲᠥᠭᠡᠨ ᠪᠠᠶᠢᠭᠤᠯᠬᠤ ᠳᠤ ᠬᠦᠴᠦᠲᠡᠶ ᠲᠤᠯᠭᠠᠭᠤᠷᠢᠯᠠᠯ ᠬᠠᠩᠭᠠᠬᠰᠠᠨ ᠪᠠᠶᠢᠨ᠎ᠠ᠃      ᠲᠤᠰ ᠣᠯᠠᠨ ᠤᠯᠤᠰ ᠤᠨ ᠠᠶᠠᠨᠴᠢᠳ ᠤᠨ ᠭᠠᠯᠲᠤ ᠲᠡᠷᠭᠡ ᠭᠠᠷᠠᠭ ᠪᠦᠷᠢ ᠶᠢᠨ ᠭᠠᠷᠠᠭ ᠤᠨ ᠨᠢᠭᠡᠨ᠂ ᠭᠠᠷᠠᠭ ᠤᠨ ᠲᠠᠪᠤᠨ ᠳᠤ ᠬᠥᠬᠡᠬᠤᠲᠠ ᠥᠷᠲᠡᠭᠡ ᠠᠴᠠ ᠮᠤᠷᠳᠠᠨ ᠡᠷᠢᠶᠡᠨ ᠬᠤᠲᠠ ᠶᠢᠨ ᠲᠡᠮᠦᠷ ᠵᠠᠮ ᠤᠨ ᠬᠢᠯᠢ ᠶᠢᠨ ᠪᠣᠭᠤᠮᠲᠠ ᠪᠠᠷ ᠬᠢᠯᠢ ᠲᠠᠪᠠᠵᠦ ᠤᠯᠠᠭᠠᠨᠪᠠᠭᠠᠲᠤᠷ ᠥᠷᠲᠡᠭᠡ ᠬᠥᠷᠬᠦ ᠪᠣᠯᠤᠨ᠎ᠠ᠃ ᠭᠠᠷᠠᠭ ᠪᠦᠷᠢ ᠶᠢᠨ ᠭᠠᠷᠠᠭ ᠤᠨ ᠨᠢᠭᠡᠨ᠂ ᠭᠠᠷᠠᠭ ᠤᠨ ᠲᠠᠪᠤᠨ ᠳᠤ ᠮᠣᠩᠭᠤᠯ ᠤᠯᠤᠰ ᠤᠨ ᠤᠯᠠᠭᠠᠨᠪᠠᠭᠠᠲᠤᠷ ᠥᠷᠲᠡᠭᠡ ᠠᠴᠠ ᠮᠤᠷᠳᠠᠨ ᠡᠷᠢᠶᠡᠨ ᠬᠤᠲᠠ ᠶᠢᠨ ᠲᠡᠮᠦᠷ ᠵᠠᠮ ᠤᠨ ᠬᠢᠯᠢ ᠶᠢᠨ ᠪᠣᠭᠤᠮᠲᠠ ᠪᠠᠷ ᠳᠡᠮᠵᠢᠨ ᠬᠢᠯᠢ ᠳᠤ ᠣᠷᠣᠵᠤ᠂ ᠬᠥᠬᠡᠬᠤᠲᠠ ᠥᠷᠲᠡᠭᠡ ᠬᠦᠷᠬᠦ ᠪᠤᠯᠤᠨ᠎ᠠ᠃      ᠲᠡᠮᠦᠷ ᠵᠠᠮ ᠤᠨ ᠰᠠᠯᠠᠭ᠎ᠠ ᠮᠥᠴᠢᠷ ᠬᠢᠨ᠂ ᠠᠶᠠᠨᠴᠢᠳ ᠲᠡᠮᠦᠷ ᠵᠠᠮ ᠤᠨ ᠣᠯᠠᠨ ᠤᠯᠤᠰ ᠤᠨ ᠬᠠᠮᠲᠤᠷᠠᠭᠰᠠᠨ ᠵᠦᠬᠡᠬᠡᠪᠤᠷᠢ ᠶᠢᠨ ᠭᠠᠯᠲᠤ ᠲᠡᠷᠭᠡᠨ ᠳᠤ ᠰᠠᠭᠤᠬᠤ ᠳᠠᠭᠠᠨ ᠬᠢᠯᠢ ᠶᠢᠨ ᠪᠣᠭᠤᠮᠲᠠ ᠶᠢᠨ ᠲᠡᠷᠭᠡᠨ ᠥᠷᠲᠡᠭᠡᠨ ᠳᠤ ᠪᠣᠭᠤᠮᠲᠠ ᠪᠠᠷ ᠥᠩᠭᠡᠷᠡᠬᠦ ᠲᠤᠬᠠᠶᠢᠯᠠᠭᠰᠠᠨ ᠭᠠᠷᠳᠠᠮ ᠢ ᠭᠦᠢᠴᠡᠳᠬᠡᠬᠦ ᠴᠢᠬᠤᠯᠠᠲᠠᠢ ᠪᠦᠬᠡᠳ ᠠᠶᠠᠨᠴᠢᠳ ᠲᠡᠷᠭᠡᠨ ᠳᠤ ᠰᠠᠭᠤᠬᠤ ᠠᠴᠠ ᠪᠠᠨ ᠡᠮᠦᠨ᠎ᠡ ᠤᠷᠢᠳᠴᠢᠯᠡᠨ ᠸᠢᠰᠠ ᠬᠢᠯᠭᠡᠬᠦ ᠪᠤᠶᠤ ᠸᠢᠰᠠ ᠲᠠᠮᠠᠭᠠᠯᠠᠬᠤ ᠶᠢ ᠭᠡᠯᠳᠦᠷᠢᠭᠦᠯᠬᠦ ᠮᠠᠲ᠋ᠧᠷᠢᠶᠠᠯ ᠢᠶᠠᠨ ᠪᠡᠯᠡᠳᠭᠡᠬᠦ ᠴᠢᠬᠤᠯᠠᠲᠠᠢ᠃ ᠣᠯᠠᠨ ᠤᠯᠤᠰ ᠤᠨ ᠬᠠᠮᠲᠤᠷᠠᠭᠰᠠᠨ ᠵᠦᠬᠡᠬᠡᠪᠤᠷᠢ ᠶᠢᠨ ᠭᠠᠯᠲᠤ ᠲᠡᠷᠭᠡᠨ ᠤ ᠪᠢᠯᠧᠲ ᠢ ᠪᠢᠯᠧᠲ ᠬᠤᠳᠠᠯᠳᠤᠬᠤ ᠴᠡᠭ ᠲᠤ ᠬᠤᠳᠠᠯᠳᠤᠵᠤ᠂ ᠠᠶᠠᠨᠴᠢᠳ ᠫᠠᠰᠫᠣᠷᠲ ᠢᠶᠠᠨ ᠠᠪᠴᠤ ᠬᠤᠳᠠᠯᠳᠤᠨ ᠠᠪᠬᠤ ᠴᠢᠬᠤᠯᠠᠲᠠᠢ ᠭᠡᠮᠡᠨ ᠰᠠᠨᠠᠭᠤᠯᠵᠤ ᠪᠤᠢ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ