ᠮᠠᠨ ᠤ ᠬᠤᠲᠠ ︽3.15 ᠣᠯᠠᠨ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠤᠨ ᠡᠳᠦᠷ︾ ᠤᠨ ᠦᠨᠡᠨᠴᠢ ᠢᠲᠡᠭᠡᠮᠵᠢ ᠶᠢᠨ ᠬᠥᠮᠦᠵᠢᠯ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/18
20240318.jpg
      3 ᠳ᠋ᠤᠭᠠᠷ ᠰᠠᠷ᠎ᠠ ᠶᠢᠨ 15 ᠤ ᠡᠳᠦᠷ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠦᠢᠯᠡᠴᠢᠯᠡᠭᠡᠨ ᠤ ᠲᠥᠪ ᠰᠠᠶᠢᠬᠠᠨ ᠲᠣᠭᠤᠷᠢᠭ ᠤᠨ ᠮᠣᠶᠢᠯ ᠬᠤᠲᠠ ᠳᠤ 2024 ᠣᠨ ᠤ ︽3.15 ᠣᠯᠠᠨ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠤᠨ ᠡᠳᠦᠷ︾ ᠤᠨ ᠦᠨᠡᠨᠴᠢ ᠢᠲᠡᠭᠡᠮᠵᠢ ᠶᠢᠨ ᠬᠥᠮᠦᠵᠢᠯ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠨᠢ ︽ᠦᠨᠡᠨᠴᠢ ᠢᠲᠡᠭᠡᠮᠵᠢ ᠶᠢᠨ ᠳᠡᠭᠡᠭᠰᠢᠯᠡᠯᠲᠡ ᠶᠢ ᠬᠠᠮᠲᠤᠪᠠᠷ ᠠᠬᠢᠭᠤᠯᠵᠤ ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠬᠥᠭᠵᠢᠭᠡᠬᠦ︾ ᠪᠠᠷ ᠭᠤᠣᠯ ᠰᠡᠳᠦᠪ ᠪᠣᠯᠭᠠᠵᠤ᠂ ᠠᠵᠤ ᠠᠬᠤᠶᠢᠯᠠᠯ ᠤᠨ ᠦᠨᠡᠨᠴᠢ ᠢᠲᠡᠭᠡᠮᠵᠢᠲᠡᠢ ᠡᠵᠡᠩᠨᠡᠯᠲᠡ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠬᠡᠷᠡᠭᠯᠡᠭᠴᠢᠳ ᠤᠨ ᠡᠷᠬᠡ ᠠᠰᠢᠭ ᠢᠶᠠᠨ ᠬᠠᠮᠠᠭᠠᠯᠠᠬᠤ ᠤᠬᠠᠮᠰᠠᠷ ᠢ ᠴᠢᠩᠭᠠᠳᠬᠠᠵᠤ᠂ ᠦᠨᠡᠨᠴᠢ ᠢᠲᠡᠭᠡᠮᠵᠢᠲᠡᠢ᠂ ᠠᠮᠤᠷ ᠲᠦᠪᠰᠢᠨ ᠬᠡᠷᠡᠭᠯᠡᠭᠡᠨ ᠤ ᠣᠷᠴᠢᠨ ᠲᠣᠭᠤᠷᠢᠨ ᠢ ᠬᠠᠮᠲᠤᠪᠠᠷ ᠴᠣᠭᠴᠠᠯᠠᠨ ᠪᠠᠶᠢᠭᠤᠯᠬᠤ ᠶᠢ ᠰᠠᠨᠠᠭᠠᠴᠢᠯᠠᠵᠠᠢ᠃       ᠵᠢᠷᠤᠭ ᠪᠣᠯ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠠᠵᠢᠯᠲᠠᠳ ᠬᠤᠲᠠ ᠶᠢᠨ ᠠᠷᠠᠳ ᠲᠤ ᠬᠡᠷᠡᠭᠯᠡᠭᠡᠨ ᠤ ᠡᠷᠬᠡ ᠪᠠᠨ ᠬᠠᠮᠠᠭᠠᠯᠠᠬᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ ᠪᠠᠶᠢᠭ᠎ᠠ ᠨᠢ᠃ ᠰᠤᠷᠪᠤᠯᠵᠢᠯᠠᠭᠴᠢ ᠴᠢ ᠰᠢᠶᠣᠣ ᠶᠠᠨ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ