︽ᠵᠡᠭᠦᠨ ᠪᠡᠶ᠎ᠡ ᠶᠢᠨ ᠲᠤᠭ᠎ᠠ ᠶᠢ ᠪᠠᠷᠠᠭᠤᠨ ᠪᠡᠶ᠎ᠡ ᠳᠤ ᠪᠤᠳᠤᠬᠤ︾ ᠢᠨᠵᠧᠨᠧᠷᠢᠩ ᠤᠨ ᠭᠤᠣᠯᠳᠠᠯᠭ᠎ᠠ ᠲᠠᠢ ᠲᠦᠷᠦᠯ ᠵᠦᠢᠯ ︱ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠪᠠᠩᠬᠢ ᠶᠢᠨ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠲᠠᠬᠢ ᠲᠤᠭ᠎ᠠ ᠪᠠᠷᠢᠮᠲᠠ ᠶᠢᠨ ᠲᠥᠪ ᠢ ᠡᠬᠢᠯᠡᠭᠦᠯᠦᠨ ᠪᠦᠲᠦᠭᠡᠨ ᠪᠠᠶᠢᠭᠤᠯᠪᠠ
ᠨᠡᠶᠢᠲᠡᠯᠡᠭᠰᠡᠨ ᠴᠠᠭ᠄
2024/3/19
      ︵ᠰᠤᠷᠪᠤᠯᠵᠢᠯᠠᠭᠴᠢ ᠭᠧᠩ ᠰᠢᠨ︶ 3 ᠳ᠋ᠤᠭᠠᠷ ᠰᠠᠷ᠎ᠠ ᠶᠢᠨ 18 ᠤ ᠡᠳᠦᠷ᠂ ︽ᠵᠡᠭᠦᠨ ᠪᠡᠶ᠎ᠡ ᠶᠢᠨ ᠲᠤᠭ᠎ᠠ ᠶᠢ ᠪᠠᠷᠠᠭᠤᠨ ᠪᠡᠶ᠎ᠡ ᠳᠤ ᠪᠣᠳᠣᠬᠤ︾ ᠢᠨᠵᠧᠨᠧᠷᠢᠩ ᠤᠨ ᠭᠤᠣᠯᠳᠠᠯᠭ᠎ᠠ ᠲᠠᠢ ᠲᠦᠷᠦᠯ ᠵᠦᠢᠯ ︱ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠪᠠᠩᠬᠢ ᠶᠢᠨ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠲᠠᠬᠢ ᠲᠤᠭ᠎ᠠ ᠪᠠᠷᠢᠮᠲᠠ ᠶᠢᠨ ᠲᠥᠪ ᠢ ᠡᠬᠢᠯᠡᠭᠦᠯᠦᠨ ᠪᠦᠲᠦᠭᠡᠨ ᠪᠠᠶᠢᠭᠤᠯᠪᠠ᠃ ᠲᠣᠰ ᠲᠥᠷᠥᠯ ᠵᠦᠢᠯ ᠨᠢ ᠬᠤᠷᠢᠨᠭᠡᠷ ᠰᠢᠨ᠎ᠡ ᠲᠣᠭᠤᠷᠢᠭ ᠤᠨ ︽ᠵᠡᠭᠦᠨ ᠪᠡᠶ᠎ᠡ ᠶᠢᠨ ᠲᠤᠭ᠎ᠠ ᠶᠢ ᠪᠠᠷᠠᠭᠤᠨ ᠪᠡᠶ᠎ᠡ ᠳᠤ ᠪᠣᠳᠣᠬᠤ︾ ᠶᠢᠨ ᠪᠣᠬᠢᠷᠲᠤᠯ ᠦᠭᠡᠢ ᠪᠣᠳᠣᠯᠭ᠎ᠠ ᠶᠢᠨ ᠬᠦᠴᠦᠨ ᠤ ᠲᠥᠪ ᠤᠨ ᠪᠤᠳᠤᠬᠤ ᠬᠦᠴᠦᠨ ᠤ ᠰᠠᠭᠤᠷᠢ ᠶᠢ ᠪᠠᠬᠢᠵᠢᠭᠦᠯᠬᠦ᠂ ︽ᠳᠤᠮᠳᠠᠳᠤ ᠤᠯᠤᠰ ᠤᠨ ᠡᠭᠦᠯᠡᠨ ᠬᠥᠨᠳᠡᠢ︾ ︽ᠮᠥᠩᠭᠦᠨ ᠭᠦᠢᠯᠭᠡᠭᠡᠨ ᠤ ᠡᠭᠦᠯᠡᠨ ᠬᠥᠨᠳᠡᠢ︾ ᠶᠢ ᠪᠠᠶᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠪᠠᠶᠢᠵᠤ᠂ ᠣᠷᠣᠨ ᠤ ᠲᠥᠪ ᠤᠨ ᠣᠷᠣᠨ ᠪᠦᠰᠡ ᠶᠢᠨ ᠮᠥᠩᠭᠦᠨ ᠭᠦᠢᠯᠭᠡᠭᠡᠨ ᠤ ᠲᠥᠪ ᠢ ᠪᠠᠶᠢᠭᠤᠯᠬᠤ᠂ ᠥᠪᠡᠷᠲᠡᠭᠡᠨ ᠵᠠᠰᠠᠬᠤ ᠣᠷᠣᠨ ᠤ ᠪᠣᠳᠣᠯᠭ᠎ᠠ ᠶᠢᠨ ᠬᠦᠴᠦᠨ ᠤ ᠡᠬᠢ ᠪᠠᠶᠠᠯᠢᠭ ᠤᠨ ᠪᠠᠶᠢᠷᠢᠰᠢᠭᠤᠯᠤᠯᠲᠠ ᠶᠢᠨ ᠲᠠᠪᠠᠯᠳᠠᠳᠤ ᠮᠠᠶ᠋ᠢᠭ ᠤᠨ ᠲᠠᠰ ᠳᠡᠪᠰᠢᠬᠦ ᠶᠢ ᠠᠬᠢᠭᠤᠯᠬᠤ᠂ ᠤᠯᠤᠰ ᠤᠨ ᠲᠠᠰ ᠤᠨ ᠮᠥᠩᠭᠦᠨ ᠭᠦᠢᠯᠭᠡᠭᠡᠨ ᠤ ᠲᠤᠭ᠎ᠠ ᠪᠠᠷᠢᠮᠲᠠ ᠶᠢᠨ ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠬᠦ ᠪᠣᠯᠣᠨ᠎ᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠣᠣ ᠭᠠᠩ᠂ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠪᠠᠩᠬᠢ ᠶᠢᠨ ᠨᠠᠮ ᠤᠨ ᠬᠤᠷᠢᠶᠠᠨ ᠤ ᠭᠡᠰᠢᠭᠦᠨ᠂ ᠪᠠᠩᠬᠢ ᠶᠢᠨ ᠳᠡᠳ᠋ ᠳᠠᠷᠤᠭ᠎ᠠ ᠯᠢ ᠮᠢᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠮᠥᠩᠭᠦᠨ ᠭᠦᠢᠯᠭᠡᠭᠡᠨ ᠤ ᠠᠯᠪᠠᠨ ᠭᠡᠷ ᠤᠨ ᠪᠠᠶᠢᠩᠭᠤ ᠶᠢᠨ ᠳᠡᠳ᠋ ᠡᠷᠬᠢᠯᠡᠭᠴᠢ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠲᠣᠪᠴᠢᠶᠠᠨ ᠳᠠᠷᠤᠭ᠎ᠠ ᠮᠠ ᠪᠣᠣ ᠭᠥᠸᠧ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠣᠯᠣᠨ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠦ᠋ ᠰᠦ ᠬᠠᠢ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ ᠶᠢᠨ ᠨᠠᠮ ᠤᠨ ᠬᠤᠷᠢᠶ᠎ᠠ ᠶᠢᠨ ᠱᠦᠵᠢ᠂ ᠪᠠᠩᠬᠢ ᠶᠢᠨ ᠳᠠᠷᠤᠭ᠎ᠠ ᠶᠠᠨ ᠰᠢᠶᠠᠨ ᠳ᠋ᠦᠩ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠾᠧ ᠬᠠᠢ ᠳ᠋ᠦᠩ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠸᠠᠩ ᠬᠠᠢ ᠢᠦᠢ ᠪᠠᠷᠢᠯᠭ᠎ᠠ ᠡᠬᠢᠯᠡᠬᠦ ᠶᠣᠰᠣᠯᠠᠯ ᠳᠤ ᠣᠷᠣᠯᠴᠠᠪᠠ᠃      ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠪᠠᠩᠬᠢ ᠶᠢᠨ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠲᠠᠬᠢ ᠲᠤᠭ᠎ᠠ ᠪᠠᠷᠢᠮᠲᠠ ᠶᠢᠨ ᠲᠥᠪ ᠤᠨ ᠪᠦᠲᠦᠭᠡᠨ ᠪᠠᠶᠢᠭᠤᠯᠤᠯᠲᠠ ᠨᠢ ᠲᠣᠭᠠᠴᠢᠯᠠᠭᠰᠠᠨ ᠮᠥᠩᠭᠦᠨ ᠭᠦᠢᠯᠭᠡᠭᠡ᠂ ᠰᠢᠨᠵᠢᠯᠡᠬᠦ ᠤᠬᠠᠭᠠᠨ ᠮᠡᠷᠭᠡᠵᠢᠯ ᠤᠨ ᠮᠥᠩᠭᠦᠨ ᠭᠦᠢᠯᠭᠡᠭᠡ᠂ ᠪᠣᠬᠢᠷᠲᠤᠯ ᠦᠭᠡᠢ ᠮᠥᠩᠭᠦᠨ ᠭᠦᠢᠯᠭᠡᠭᠡᠨ ᠤ ᠬᠥᠭᠵᠢᠯᠲᠡ ᠶᠢᠨ ᠬᠠᠨᠳᠤᠰᠢ ᠳᠤ ᠵᠣᠬᠢᠴᠠᠵᠤ᠂ ᠪᠦᠲᠦᠭᠡᠨ ᠪᠠᠶᠢᠭᠤᠯᠤᠯᠲᠠ ᠶᠢᠨ ᠪᠠᠩᠬᠢ ᠶᠢᠨ ᠣᠶᠤᠨᠲᠤ ᠮᠥᠩᠭᠦᠨ ᠭᠦᠢᠯᠭᠡᠭᠡ ᠪᠣᠯᠣᠨ ᠪᠦᠯᠦᠭᠯᠡᠯ ᠤᠨ ᠨᠢᠭᠡ ᠴᠣᠭᠴᠠᠵᠢᠭᠰᠠᠨ ᠲᠤᠬᠠᠶᠢᠯᠠᠭᠰᠠᠨ ᠠᠵᠢᠯ ᠤᠨ ᠭᠤᠣᠯ ᠦᠢᠯᠡᠳᠪᠦᠷᠢᠯᠡᠯ ᠤᠨ ᠲᠥᠪ ᠵᠢᠴᠢ ᠤᠮᠠᠷᠠᠲᠤ ᠣᠷᠣᠨ ᠳᠤ ᠬᠠᠨᠳᠤᠭᠤᠯᠤᠭᠰᠠᠨ ᠣᠶᠤᠨᠲᠤ ᠠᠮᠢ ᠠᠬᠤᠢ ᠶᠢᠨ ᠲᠤᠬᠠᠶᠢᠯᠠᠭᠰᠠᠨ ᠠᠵᠢᠯ ᠤᠨ ᠦᠢᠯᠡᠳᠪᠦᠷᠢᠯᠡᠯ ᠤᠨ ᠲᠥᠪ ᠪᠣᠯᠣᠨ᠎ᠠ᠃ ᠲᠦᠷᠦᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 100 ᠳ᠋ᠦᠩᠰᠢᠭᠤᠷ ᠲᠥᠭᠦᠷᠢᠭ᠂ ᠨᠢᠭᠡᠳᠦᠭᠡᠷ ᠬᠤᠭᠤᠴᠠᠭᠠᠨ ᠤ ᠲᠦᠷᠦᠯ ᠵᠦᠢᠯ ᠤᠨ ᠪᠡᠯᠡ ᠣᠷᠣᠭᠤᠯᠤᠯᠲᠠ ᠨᠢ 37.5 ᠳ᠋ᠦᠩᠰᠢᠭᠤᠷ ᠲᠥᠭᠦᠷᠢᠭ᠂ ᠨᠢᠭᠡᠳᠦᠭᠡᠷ ᠬᠤᠭᠤᠴᠠᠭᠠᠨ ᠤ ᠲᠦᠷᠦᠯ ᠵᠦᠢᠯ ᠪᠠᠶᠢᠭᠤᠯᠤᠭᠳᠠᠭᠰᠠᠨ ᠤ ᠳᠠᠷᠠᠭ᠎ᠠ 10 ᠲᠦᠮᠡᠨ ᠦᠢᠯᠡᠴᠢᠯᠡᠭᠦᠷ ᠪᠠᠶᠢᠷᠢᠰᠢᠭᠤᠯᠬᠤ ᠬᠡᠷᠡᠭᠴᠡᠭᠡ ᠶᠢ ᠬᠠᠩᠭᠠᠵᠤ᠂ ᠪᠦᠬᠦᠨ ᠢ ᠪᠠᠶᠢᠭᠤᠯᠤᠭᠰᠠᠨ ᠤ ᠳᠠᠷᠠᠭ᠎ᠠ ᠦᠢᠯᠡᠴᠢᠯᠡᠭᠦᠷ ᠤᠭᠰᠠᠷᠠᠬᠤ ᠴᠢᠳᠠᠪᠤᠷᠢ ᠨᠢ 30 ᠲᠦᠮᠡ ᠬᠦᠷᠴᠦ᠂ ᠪᠦᠬᠦ ᠴᠣᠭᠴᠠ ᠶᠢᠨ ᠲᠠᠯ᠎ᠠ ᠠᠴᠠ ᠪᠠᠩᠬᠢ ᠶᠢᠨ ᠲᠤᠭ᠎ᠠ ᠪᠠᠷᠢᠮᠲᠠ ᠶᠢᠨ ᠲᠥᠪ ᠤᠨ ᠪᠥᠭᠡᠮᠨᠡᠷᠡᠯ ᠤᠨ ᠪᠠᠶᠢᠷᠢᠰᠢᠭᠤᠯᠤᠯᠲᠠ ᠶᠢᠨ ᠲᠥᠯᠦᠪᠵᠢᠭᠦᠯᠭᠡ ᠶᠢ ᠶᠡᠷᠦᠩᠬᠡᠢ ᠳᠤᠨᠢ ᠲᠡᠭᠦᠯᠳᠡᠷᠵᠢᠭᠦᠯᠵᠦ᠂ ᠲᠣᠭᠠᠴᠢᠯᠠᠭᠰᠠᠨ ᠴᠠᠭ ᠦᠶ᠎ᠡ ᠶᠢᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠤᠨ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠪᠣᠯᠣᠨ᠎ᠠ᠃      ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠦ ᠵᠢᠶᠠᠨ ᠭᠦᠸᠧ ᠪᠠᠷᠢᠯᠭ᠎ᠠ ᠡᠬᠢᠯᠡᠬᠦ ᠶᠣᠰᠣᠯᠠᠯ ᠢ ᠡᠷᠬᠢᠯᠡᠪᠡ᠃ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠪᠠᠩᠬᠢ  ᠶᠢᠨ ᠮᠥᠩᠭᠦᠨ ᠭᠦᠢᠯᠭᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠲᠡᠰ ᠤᠨ ᠶᠡᠷᠦᠩᠬᠡᠢ ᠳᠠᠭᠠᠭᠠᠮᠠᠯ ᠪᠥᠭᠡᠳ ᠡᠵᠡᠩᠨᠡᠯᠲᠡ ᠶᠢᠨ ᠲᠤᠭ᠎ᠠ ᠪᠠᠷᠢᠮᠲᠠ ᠶᠢᠨ ᠲᠥᠪ ᠤᠨ ᠡᠷᠬᠢᠯᠡᠭᠴᠢ ᠯᠢᠨ ᠯᠧᠢ ᠮᠢᠩ᠂ ᠳᠤᠮᠳᠠᠳᠤ ᠤᠯᠤᠰ ᠤᠨ ᠪᠠᠷᠢᠯᠭ᠎ᠠ ᠶᠢᠨ ᠨᠠᠢᠮᠠᠳᠤᠭᠠᠷ ᠢᠨᠵᠧᠨᠧᠷᠢᠩ ᠤᠨ ᠲᠣᠪᠴᠢᠶᠠᠨ ᠤ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ᠂ ᠤᠮᠠᠷᠠᠲᠤ ᠣᠷᠣᠨ ᠤ ᠬᠤᠪᠢᠶᠠᠷᠢ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠰᠢᠦᠢ ᠰᠢᠶᠠᠩ ᠶᠠᠩ ᠲᠤᠰ ᠲᠤᠰ ᠪᠠᠶᠠᠷ ᠤᠨ ᠦᠭᠡ ᠬᠡᠯᠡᠵᠡᠢ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ