ᠣᠶᠢᠷ᠎ᠠ ᠶᠢᠨ ᠵᠢᠯ ᠤᠳ ᠲᠤ᠂ ᠢᠦᠶ ᠴᠢᠤᠸᠠᠨ ᠲᠣᠭᠤᠷᠢᠭ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠰᠢᠰᠲ᠋ᠧᠮᠵᠢ ᠶᠢᠨ | ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠡᠳᠦᠷ ᠤᠨ ᠬᠦᠴᠦᠨ ᠤ ᠵᠠᠬ᠎ᠠ ᠳᠡᠯᠭᠡᠭᠦᠷ ᠢ ᠶᠡᠬᠡᠪᠡᠷ ᠬᠥᠭᠵᠢᠭᠦᠯᠪᠡ᠃ | ᠡᠳᠦᠷ ᠤᠨ ᠬᠦᠴᠦᠨ ᠤ ᠵᠠᠬ᠎ᠠ ᠳᠡᠯᠭᠡᠭᠦᠷ ᠨᠢ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢᠶᠠᠷ᠂ | ᠲᠠᠷᠠᠬᠠᠶ ᠪᠤᠲᠠᠷᠬᠠᠶ ᠠᠵᠢᠯᠴᠢᠨ᠂ ᠲᠦᠷ ᠴᠠᠭ ᠤᠨ ᠠᠵᠢᠯᠴᠢᠨ᠂ ᠣᠬᠤᠷ ᠬᠤᠭᠤᠴᠠᠭᠠᠨ ᠤ ᠠᠵᠢᠯᠴᠢᠨ ᠵᠡᠷᠭᠡ ᠬᠥᠮᠦᠰ ᠲᠤ ᠮᠡᠳᠡᠭᠡ ᠵᠠᠩᠭᠢ ᠨᠡᠶᠢᠲᠡᠯᠡᠬᠦ᠂ | ᠰᠦᠯᠵᠢᠶᠡᠨ ᠳᠡᠭᠡᠷ᠎ᠡ ᠵᠣᠯᠭᠠᠭᠤᠯᠬᠤ᠂ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠬᠢᠬᠦ᠂ ᠡᠷᠬᠡ ᠠᠰᠢᠭ ᠢ ᠪᠠᠲᠤᠯᠠᠬᠤ ᠵᠡᠷᠭᠡ ᠦᠢᠯᠡᠴᠢᠯᠡᠭᠡ ᠬᠠᠩᠭᠠᠵᠤ᠂ | ᠬᠥᠳᠡᠯᠮᠦᠷᠢᠴᠢᠳ ᠤᠨ ᠣᠯᠠᠨ ᠠᠷᠭ᠎ᠠ ᠵᠠᠮ ᠢᠶᠠᠷ ᠠᠮᠢᠳᠤᠯᠢᠭ ᠢᠶᠠᠷ ᠠᠵᠢᠯ ᠤᠯᠬᠤ ᠶᠢ ᠪᠦᠲᠦᠮᠵᠢᠲᠡᠶ ᠠᠬᠢᠭᠤᠯᠪᠠ᠃ |