ᠬᠥᠬᠡᠬᠤᠲᠠ ᠶᠢᠨ ︽12345︾ ᠲᠡᠷᠭᠡ ᠰᠢᠯᠵᠢᠭᠦᠯᠬᠦ ᠦᠢᠯᠡᠴᠢᠯᠡᠭᠡ ᠵᠢᠩᠬᠢᠨᠢ ᠪᠠᠷ ᠬᠡᠷᠡᠭᠯᠡᠯᠲᠡ ᠳᠤ ᠣᠷᠣᠪᠠ
ᠨᠡᠶᠢᠲᠡᠯᠡᠭᠰᠡᠨ ᠴᠠᠭ᠄
2024/3/20
      ︵ᠰᠤᠷᠪᠤᠯᠵᠢᠯᠠᠭᠴᠢ ᠯᠢᠶᠠᠩ ᠵᠢᠩ ᠱᠤ᠋︶ ᠬᠤᠲᠠ ᠶᠢᠨ ᠵᠠᠭᠠᠯᠳᠤᠯᠭ᠎ᠠ ᠶᠢ ᠭᠥᠯᠢᠶᠡᠨ ᠠᠪᠤᠭᠰᠠᠨ ᠳᠠᠷᠤᠢ ᠭᠦᠢᠴᠡᠳᠬᠡᠬᠦ ᠠᠯᠪᠠᠨ ᠭᠡᠷ ᠤᠨ ᠵᠢᠯᠣᠭᠤᠳᠤᠨ ᠲᠣᠬᠢᠷᠠᠭᠤᠯᠬᠤ ᠲᠥᠪ ᠠᠴᠠ ᠣᠶᠢᠯᠠᠭᠠᠭᠰᠠᠨ ᠨᠢ᠂ 3 ᠳ᠋ᠤᠭᠠᠷ ᠰᠠᠷ᠎ᠠ ᠶᠢᠨ 19 ᠤ ᠡᠳᠦᠷ᠂ ᠬᠥᠬᠡᠬᠤᠲᠠ ᠶᠢᠨ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠲᠡᠷᠭᠡ ᠰᠢᠯᠵᠢᠭᠦᠯᠬᠦ ᠦᠢᠯᠡᠴᠢᠯᠡᠭᠡ ᠶᠢ ᠵᠢᠩᠬᠢᠨᠢ ᠪᠠᠷ ᠬᠡᠷᠡᠭᠯᠡᠯᠲᠡ ᠳᠤ ᠣᠷᠣᠭᠤᠯᠪᠠ᠃      ᠣᠶᠢᠯᠠᠭᠠᠭᠰᠠᠨ ᠢᠶᠠᠷ᠂ ᠬᠤᠲᠠ ᠶᠢᠨ ᠠᠷᠠᠳ ︽12345︾ ᠬᠠᠯᠠᠮᠰᠢᠯ ᠤᠲᠠᠰᠤ ᠶᠢ ᠵᠠᠯᠭᠠᠵᠤ ᠲᠡᠷᠭᠡ ᠰᠢᠯᠵᠢᠭᠦᠯᠬᠦ ᠦᠢᠯᠡᠴᠢᠯᠡᠭᠡ ᠭᠤᠶᠤᠴᠢᠯᠠᠵᠤ ᠪᠣᠯᠣᠨ᠎ᠠ᠂ ᠤᠲᠠᠰᠤ ᠵᠠᠯᠭᠠᠭᠴᠢ ᠬᠤᠲᠠ ᠶᠢᠨ ᠠᠷᠠᠳ ᠤᠨ ᠬᠠᠩᠭᠠᠭᠰᠠᠨ ᠲᠡᠷᠭᠡᠨ ᠨᠣᠮᠧᠷ ᠢ ᠦᠨᠳᠦᠰᠦᠯᠡᠨ ᠲᠡᠷᠭᠡᠨ ᠤ ᠡᠵᠡᠨ ᠤ ᠮᠡᠳᠡᠭᠡ ᠵᠠᠩᠭᠢ ᠶᠢ ᠯᠠᠪᠯᠠᠵᠤ᠂ ᠭᠤᠷᠪᠠᠳᠠᠭᠢ ᠡᠲᠡᠭᠡᠳ ᠢᠶᠠᠷ ᠰᠢᠯᠵᠢᠭᠦᠯᠦᠨ ᠵᠠᠯᠭᠠᠬᠤ ᠵᠠᠭᠪᠤᠷ ᠢᠶᠠᠷ ᠳᠠᠮᠵᠢᠭᠤᠯᠤᠨ ᠬᠤᠲᠠ ᠶᠢᠨ ᠠᠷᠠᠳ ᠲᠤ ᠲᠡᠷᠭᠡᠨ ᠤ ᠡᠵᠡᠨ ᠲᠠᠢ ᠬᠠᠷᠢᠯᠴᠠᠵᠤ ᠥᠭᠬᠦ ᠶᠢᠨ ᠬᠠᠮᠲᠤ ᠦᠷ᠎ᠡ ᠳ᠋ᠦᠩ ᠢ ᠭᠤᠶᠤᠴᠢᠯᠠᠭᠴᠢ ᠳᠤ ᠬᠠᠷᠢᠭᠤ ᠲᠤᠰᠬᠠᠨ᠎ᠠ᠃ ᠬᠡᠷᠪᠡ ᠲᠡᠷᠭᠡᠨ ᠤ ᠡᠵᠡᠨ ᠤ ᠤᠲᠠᠰᠤ ᠨᠢ ᠵᠠᠪ ᠦᠭᠡᠢ᠂ ᠲᠣᠰᠴᠤ ᠬᠥᠮᠥᠨ ᠦᠭᠡᠢ ᠵᠡᠷᠭᠡ ᠪᠠᠶᠢᠳᠠᠯ ᠲᠣᠬᠢᠶᠠᠯᠳᠤᠪᠠᠯ᠂ ᠰᠢᠰᠲ᠋ᠧᠮ ᠠᠴᠠ ᠲᠡᠷᠭᠡᠨ ᠤ ᠡᠵᠡᠨ ᠳᠤ ᠣᠬᠤᠷ ᠮᠡᠳᠡᠭᠡ ᠬᠦᠷᠭᠡᠬᠦ ᠪᠣᠯᠣᠨ᠎ᠠ᠃ ᠣᠳᠣᠬᠢ ᠱᠠᠲᠤᠨ ᠳᠤ᠂ ᠲᠡᠷᠭᠡ ᠰᠢᠯᠵᠢᠭᠦᠯᠬᠦ ᠦᠢᠯᠡᠴᠢᠯᠡᠭᠡ ᠨᠢ ᠵᠥᠪᠬᠡᠨ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ︽蒙︾ ᠫᠠᠶᠢᠰᠠ ᠲᠠᠢ ᠲᠡᠷᠭᠡ ᠶᠢ ᠳᠡᠮᠵᠢᠨ᠎ᠡ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ