ᠰᠠᠶᠢᠬᠠᠨ ᠲᠣᠭᠤᠷᠢᠭ ᠤᠨ 3 ᠳ᠋ᠤᠭᠠᠷ ᠰᠠᠷ᠎ᠠ ᠶᠢᠨ ᠬᠥᠷᠥᠰᠥᠨ ᠤ ᠴᠢᠭᠢᠭ ᠤᠨ ᠪᠠᠶᠢᠳᠠᠯ ᠨᠡᠯᠢᠶᠡᠳ ᠰᠠᠶᠢᠨ ᠪᠠᠶᠢᠨ᠎ᠠ
ᠨᠡᠶᠢᠲᠡᠯᠡᠭᠰᠡᠨ ᠴᠠᠭ᠄
2024/3/20
      ︵ᠰᠤᠷᠪᠤᠯᠵᠢᠯᠠᠭᠴᠢ ᠮᠢᠶᠣᠣ ᠴᠢᠩ︶ ᠰᠠᠶᠢᠬᠠᠨ ᠲᠣᠭᠤᠷᠢᠭ ᠤᠨ ᠴᠠᠭ ᠠᠭᠤᠷ ᠤᠨ ᠲᠣᠪᠴᠢᠶ᠎ᠠ ᠠᠴᠠ ᠰᠠᠶᠢᠬᠠᠨ ᠲᠣᠭᠤᠷᠢᠭ ᠤᠨ 4 ᠬᠢᠨᠠᠨ ᠬᠡᠮᠵᠢᠬᠦ ᠴᠡᠭ ᠤᠨ ᠬᠥᠷᠥᠰᠥᠨ ᠤ ᠴᠢᠭᠢᠭ ᠤᠨ ᠪᠠᠶᠢᠳᠠᠯ ᠢ ᠨᠢᠭᠲᠠ ᠬᠢᠨᠠᠨ ᠬᠡᠮᠵᠢᠭᠰᠡᠨ ᠢᠶᠠᠷ᠂ 3 ᠳ᠋ᠤᠭᠠᠷ ᠰᠠᠷ᠎ᠠ ᠶᠢᠨ ᠡᠬᠢ ᠪᠠᠷ ᠬᠥᠷᠥᠰᠥᠨ ᠤ ᠴᠢᠭᠢᠭ ᠤᠨ ᠪᠠᠶᠢᠳᠠᠯ ᠣᠶᠢᠷ᠎ᠠ ᠶᠢᠨ 10 ᠵᠢᠯ ᠤᠨ ᠠᠳᠠᠯᠢ ᠬᠤᠭᠤᠴᠠᠭᠠᠨ ᠤ ᠬᠢ ᠠᠴᠠ ᠰᠠᠶᠢᠨ ᠪᠠᠶᠢᠵᠤ᠂ ᠰᠠᠷ᠎ᠠ ᠶᠢᠨ ᠳᠤᠮᠳᠠᠴᠢ ᠪᠠᠷ ᠠᠭᠠᠷ ᠤᠨ ᠳᠤᠯᠠᠭᠠᠨ ᠥᠨᠳᠥᠷ᠂ ᠴᠢᠭᠢᠭ ᠤᠨ ᠪᠠᠶᠢᠳᠠᠯ ᠰᠠᠶᠢᠨ᠂ ᠮᠣᠳᠣ ᠲᠠᠷᠢᠵᠤ ᠨᠣᠭᠤᠭᠠᠷᠠᠭᠤᠯᠬᠤ ᠳᠤ ᠠᠰᠢᠭᠲᠠᠢ᠃      ᠬᠢᠨᠠᠨ ᠬᠡᠮᠵᠢᠭᠰᠡᠨ ᠲᠤᠭ᠎ᠠ ᠪᠠᠷᠢᠮᠲᠠ ᠠᠴᠠ ᠦᠵᠡᠪᠡᠯ᠂ 0 ︱ 20 ᠰᠠᠨᠲ᠋ᠢᠮᠧᠲᠷ ᠤᠨ ᠬᠠᠭᠠᠯᠪᠤᠷᠢᠯᠠᠬᠤ ᠳᠠᠪᠬᠤᠷᠭ᠎ᠠ ᠨᠢ ᠴᠥᠮ ᠨᠢᠭᠡᠳᠦᠭᠡᠷ ᠲᠥᠷᠥᠯ ᠤᠨ ᠴᠢᠬᠢᠭ ᠲᠠᠢ ᠪᠠᠶᠢᠵᠤ᠂ ᠴᠢᠭᠢᠭ ᠤᠨ ᠪᠠᠶᠢᠳᠠᠯ ᠨᠢ ᠨᠡᠯᠢᠶᠡᠳ ᠰᠠᠶᠢᠨ᠂ ᠣᠶᠢᠷ᠎ᠠ ᠶᠢᠨ 10 ᠵᠢᠯ ᠤᠨ ᠠᠳᠠᠯᠢ ᠬᠤᠭᠤᠴᠠᠭᠠᠨ ᠤ ᠬᠢ ᠠᠴᠠ ᠢᠯᠡᠳᠲᠡ ᠰᠠᠶᠢᠨ ᠪᠠᠶᠢᠨ᠎ᠠ᠃ ᠬᠥᠯᠳᠡᠬᠦ ᠠᠴᠠ ᠡᠮᠦᠨᠡᠬᠢ ᠬᠠᠭᠠᠯᠪᠤᠷᠢᠯᠠᠬᠤ ᠳᠠᠪᠬᠤᠷᠭ᠎ᠠ ᠶᠢᠨ ᠬᠥᠷᠥᠰᠥᠨ ᠤ ᠴᠢᠭᠢᠭ ᠤᠨ ᠪᠠᠶᠢᠳᠠᠯ ᠨᠢ ᠬᠤᠶᠠᠳᠤᠭᠠᠷ ᠲᠥᠷᠥᠯ ᠤᠨ ᠴᠢᠬᠢᠭ ᠲᠠᠢ ᠪᠠᠶᠢᠵᠤ᠂ ᠡᠪᠦᠯ ᠤᠨ ᠤᠯᠠᠷᠢᠯ ᠤᠨ ᠴᠠᠭ ᠠᠭᠤᠷ ᠤᠨ ᠨᠥᠬᠦᠴᠡᠯ ᠤᠨ ᠨᠥᠯᠥᠭᠡ ᠠᠴᠠ ᠪᠣᠯᠵᠤ᠂ ᠬᠠᠪᠤᠷ ᠤᠨ ᠡᠬᠢ ᠪᠠᠷ ᠴᠢᠭᠢᠭ ᠤᠨ ᠬᠡᠮᠵᠢᠶ᠎ᠡ ᠥᠨᠳᠥᠷ ᠪᠣᠭᠤᠨᠢ ᠲᠣᠭᠲᠠᠪᠤᠷᠢ ᠦᠭᠡᠢ ᠦᠵᠡᠭᠳᠡᠯ ᠨᠡᠶᠢᠳᠡᠮ ᠣᠷᠣᠰᠢᠵᠤ᠂ ᠣᠳᠣᠬᠠᠨ ᠳᠤ ᠬᠥᠷᠥᠰᠥ ᠰᠢᠷᠣᠢ ᠨᠡᠯᠢᠶᠡᠳ ᠰᠠᠶᠢᠨ ᠪᠠᠶᠢᠨ᠎ᠠ᠃ 3 ᠳ᠋ᠤᠭᠠᠷ ᠰᠠᠷ᠎ᠠ ᠶᠢᠨ ᠳᠤᠮᠳᠠᠴᠢ ᠠᠴᠠ ᠡᠬᠢᠯᠡᠨ ᠮᠠᠨ ᠤ ᠬᠤᠲᠠ ᠶᠢᠨ ᠠᠭᠠᠷ ᠤᠨ ᠳᠤᠯᠠᠭᠠᠨ ᠮᠡᠳᠡᠭᠳᠡᠮ᠎ᠡ ᠳᠡᠭᠡᠭᠰᠢᠯᠡᠵᠦ᠂ ᠠᠭᠠᠷ ᠤᠨ ᠳᠤᠯᠠᠭᠠᠨ ᠥᠨᠳᠥᠷ᠂ ᠴᠢᠭᠢᠭ ᠤᠨ ᠪᠠᠶᠢᠳᠠᠯ ᠰᠠᠶᠢᠨ᠂ ᠮᠣᠳᠣ ᠲᠠᠷᠢᠵᠤ ᠨᠣᠭᠤᠭᠠᠷᠠᠭᠤᠯᠬᠤ ᠳᠤ ᠠᠰᠢᠭᠲᠠᠢ᠃      ᠡᠭᠦᠨ ᠠᠴᠠ ᠭᠠᠳᠠᠨ᠎ᠠ᠂ ᠠᠭᠠᠷ ᠤᠨ ᠳᠤᠯᠠᠭᠠᠨ ᠠᠭᠠᠵᠢᠮ ᠢᠶᠠᠷ ᠳᠡᠭᠡᠭᠰᠢᠯᠡᠬᠦ ᠶᠢ ᠳᠠᠭᠠᠯᠳᠤᠨ᠂ ᠶᠡᠭᠡ ᠰᠠᠯᠬᠢ ᠡᠯᠡᠰᠦᠨ ᠰᠢᠭᠤᠷᠭ᠎ᠠ ᠲᠠᠢ ᠴᠠᠭ ᠠᠭᠤᠷ ᠣᠯᠠᠰᠢᠷᠠᠬᠤ ᠪᠣᠯᠣᠨ᠎ᠠ᠂ ᠴᠠᠭ ᠠᠭᠤᠷ ᠤᠨ ᠰᠠᠯᠠᠭ᠎ᠠ ᠮᠥᠴᠢᠷ ᠠᠴᠠ ᠲᠠᠷᠢᠶᠠᠨ ᠭᠠᠵᠠᠷ ᠤᠨ ᠴᠢᠭᠢᠭ ᠤᠨ ᠪᠠᠶᠢᠳᠠᠯ ᠤᠨ ᠬᠤᠪᠢᠷᠠᠯᠲᠠ ᠶᠢ ᠨᠠᠷᠢᠨ ᠠᠩᠬᠠᠷᠴᠤ᠂ ᠬᠥᠷᠥᠰᠥᠨ ᠤ ᠴᠢᠭᠢᠭ ᠤᠨ ᠪᠠᠶᠢᠳᠠᠯ ᠢ ᠵᠣᠬᠢᠰᠲᠠᠢ ᠬᠠᠮᠢᠶᠠᠷᠴᠤ᠂ ᠬᠠᠪᠤᠷ ᠤᠨ ᠬᠠᠭᠤᠯᠪᠤᠷᠢᠯᠠᠯ ᠬᠠᠪᠤᠷ ᠤᠨ ᠲᠠᠷᠢᠶᠠᠯᠠᠭ᠎ᠠ ᠶᠢᠨ ᠤᠷᠤᠭᠰᠢᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠰᠠᠨᠠᠭᠤᠯᠪᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ