ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 18 ᠤ ᠴᠠᠭᠢᠯᠭᠠᠨ ᠮᠡᠳᠡᠭᠡ 3 ᠰᠠᠷ᠎ᠠ ᠶᠢᠨ 18 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ | ᠫᠢᠩ ᠫᠦᠲ᠋ᠢᠨ ᠳᠤ ᠴᠠᠭᠢᠯᠭᠠᠨ ᠴᠢᠮᠡᠭᠡ ᠶᠠᠪᠤᠭᠤᠯᠵᠤ᠂ ᠲᠡᠭᠦᠨ ᠤ ᠣᠷᠣᠰ ᠤᠨ ᠬᠤᠯᠪᠣᠭᠠᠨ ᠤ ᠶᠡᠷᠦᠩᠬᠡᠶᠢᠯᠡᠭᠴᠢ ᠪᠠᠷ ᠦᠷᠭᠦᠯᠵᠢᠯᠡᠨ ᠰᠣᠩᠭᠤᠭᠳᠠᠭᠰᠠᠨ ᠳᠤ ᠪᠠᠶᠠᠷ | ᠬᠦᠷᠭᠡᠪᠡ᠃ | ᠰᠢ ᠶᠢᠨ ᠫᠢᠩ᠂ ᠣᠶᠢᠷ᠎ᠠ ᠶᠢᠨ ᠵᠢᠯ ᠳᠤ᠂ ᠤᠷᠤᠰ ᠤᠨ ᠠᠷᠠᠳ ᠲᠦᠮᠡᠨ ᠪᠦᠯᠬᠦᠮᠳᠡᠨ ᠨᠢᠭᠡᠳᠴᠦ᠂ ᠥᠷᠢᠰᠦᠯᠳᠦᠭᠡᠨ ᠢ ᠢᠯᠠᠨ ᠳᠠᠪᠠᠵᠤ᠂ ᠤᠯᠤᠰ ᠤᠨ | ᠬᠥᠭᠵᠢᠯ ᠮᠠᠨᠳᠤᠯ ᠤᠨ ᠵᠠᠮ ᠳᠡᠭᠡᠷ᠎ᠡ ᠯᠠᠪᠳᠠᠭᠤᠨ ᠢᠶᠠᠷ ᠤᠷᠤᠭᠰᠢᠯᠠᠵᠤ ᠪᠠᠶᠢᠨ᠎ᠠ᠃ ᠲᠠ ᠳᠠᠬᠢᠨᠲᠠ ᠰᠣᠩᠭᠤᠭᠳᠠᠭᠰᠠᠨ ᠨᠢ ᠣᠷᠣᠰ ᠤᠨ ᠠᠷᠠᠳ ᠲᠦᠮᠡᠨ ᠲᠠᠨ ᠢ | ᠳᠠᠮᠵᠢᠵᠤ ᠪᠠᠶᠢᠬᠤ ᠶᠢ ᠭᠦᠢᠴᠡᠳ ᠬᠠᠷᠠᠭᠤᠯᠪᠠ᠃ ᠲᠠᠨ ᠤ ᠤᠳᠤᠷᠢᠳᠤᠯᠭ᠎ᠠ ᠳᠣᠣᠷ᠎ᠠ᠂ ᠣᠷᠣᠰ ᠯᠠᠪᠲᠠᠢ ᠤᠯᠤᠰ ᠤᠨ ᠬᠥᠭᠵᠢᠯᠲᠡ ᠪᠦᠲᠦᠭᠡᠨ ᠪᠠᠶᠢᠭᠤᠯᠤᠯᠲᠠ ᠶᠢᠨ | ᠨᠠᠩ ᠶᠡᠭᠡ ᠠᠮᠵᠢᠯᠲᠠ ᠶᠢ ᠣᠯᠵᠤ ᠴᠢᠳᠠᠬᠤ ᠶᠢ ᠢᠲᠡᠭᠡᠵᠦ ᠪᠠᠶᠢᠨ᠎ᠠ᠃ ᠳᠤᠮᠳᠠᠳᠤ ᠤᠯᠤᠰ ᠳᠤᠮᠳᠠᠳᠤ ᠤᠷᠤᠰ ᠤᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠳᠤᠷᠠᠲᠠᠶ᠎ᠠ ᠤᠷᠤᠰ ᠤᠨ ᠬᠢᠨ ᠲᠠᠢ ᠨᠢᠭᠲᠠ ᠣᠯᠣᠯᠴᠠᠭ᠎ᠠ ᠪᠠᠨ ᠪᠠᠲᠤᠯᠠᠵᠤ᠂ ᠳᠤᠮᠳᠠᠳᠤ ᠤᠷᠤᠰ ᠤᠨ ᠰᠢᠨ᠎ᠡ ᠴᠠᠭ ᠦᠶ᠎ᠡ ᠶᠢᠨ | ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ ᠦᠷᠭᠦᠯᠵᠢᠯᠡᠨ ᠡᠷᠡᠭᠦᠯ ᠲᠣᠭᠲᠠᠭᠤᠨ ᠢᠶᠠᠷ ᠭᠦᠨᠵᠡᠭᠡᠶᠢᠷᠡᠨ | ᠬᠥᠭᠵᠢᠬᠦ ᠶᠢ ᠠᠬᠢᠭᠤᠯᠵᠤ᠂ ᠬᠤᠶᠠᠷ ᠤᠯᠤᠰ ᠪᠣᠯᠣᠨ ᠬᠤᠶᠠᠷ ᠤᠯᠤᠰ ᠤᠨ ᠠᠷᠠᠳ ᠲᠦᠮᠡᠨ ᠳᠤ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ᠃ |