ᠲᠠᠷᠢᠶᠠᠨ ᠭᠠᠵᠠᠷ ᠤᠨ ᠡᠰᠢ ᠰᠦᠷᠡᠯ᠂ ᠡᠪᠳᠡᠷᠡᠵᠦ ᠰᠦᠢᠳᠦᠭᠰᠡᠨ ᠰᠦᠯᠢᠶᠥᠦ ᠪᠦᠷᠬᠦᠪᠴᠢ ᠶᠢ ᠬᠤᠷᠢᠶᠠᠨ ᠠᠪᠴᠤ ᠬᠠᠪᠤᠷ ᠤᠨ ᠲᠠᠷᠢᠶᠠᠯᠠᠩ ᠳᠤ ᠪᠡᠯᠡᠳᠬᠡᠨ᠎ᠡ
ᠨᠡᠶᠢᠲᠡᠯᠡᠭᠰᠡᠨ ᠴᠠᠭ᠄
2024/3/22
20240322.jpg
      3 ᠳ᠋ᠤᠭᠠᠷ ᠰᠠᠷ᠎ᠠ ᠶᠢᠨ 19 ᠤ ᠡᠳᠦᠷ᠂ ᠢᠦᠢ ᠴᠢᠤᠸᠠᠨ ᠲᠣᠭᠤᠷᠢᠭ ᠤᠨ ᠡᠮᠦᠨ᠎ᠡ ᠲᠠᠶᠢᠱᠢ ᠲᠣᠰᠬᠤᠨ ᠳᠤ᠂ ᠲᠠᠷᠢᠶᠠᠨ ᠭᠠᠵᠠᠷ ᠤᠨ ᠡᠰᠢ ᠰᠦᠷᠡᠯ᠂ ᠡᠪᠳᠡᠷᠡᠵᠦ ᠰᠦᠢᠳᠦᠭᠰᠡᠨ ᠰᠦᠯᠢᠶᠥᠦ ᠪᠦᠷᠬᠦᠪᠴᠢ ᠶᠢ ᠶᠠᠭ ᠰᠠᠶᠢᠬᠠᠨ ᠦᠯᠡᠳᠡᠭᠳᠡᠯ ᠪᠦᠷᠬᠦᠪᠴᠢ ᠶᠢ ᠬᠤᠷᠢᠶᠠᠨ ᠠᠪᠬᠤ ᠮᠠᠰᠢᠨ ᠢᠶᠠᠷ ᠮᠧᠬᠠᠨᠢᠭᠵᠢᠭᠤᠯᠤᠨ ᠴᠡᠪᠡᠷᠯᠡᠵᠦ ᠪᠠᠶᠢᠨ᠎ᠠ᠃      ᠣᠶᠢᠯᠠᠭᠠᠭᠰᠠᠨ ᠢᠶᠠᠷ᠂ ᠢᠦᠢ ᠴᠢᠤᠸᠠᠨ ᠲᠣᠭᠤᠷᠢᠭ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠬᠤᠭᠤᠴᠠᠭᠠᠨ ᠳᠠᠬᠢ ᠰᠦᠯᠢᠶᠥᠦ ᠪᠦᠷᠬᠦᠪᠴᠢ ᠶᠢ ᠬᠤᠷᠢᠶᠠᠨ ᠠᠪᠬᠤ ᠲᠥᠰᠥᠯ ᠢ ᠲᠣᠭᠲᠠᠭᠠᠵᠤ᠂ ᠲᠠᠷᠢᠶᠠᠴᠢᠨ ᠡᠷᠦᠬᠡ᠂ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠪᠡᠶᠡᠴᠢ ᠴᠣᠭᠴᠠ᠂ ᠬᠤᠷᠢᠶᠠᠨ ᠠᠪᠬᠤ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠰᠦᠯᠢᠶᠥᠦ ᠪᠦᠷᠬᠦᠪᠴᠢ ᠶᠢ ᠬᠤᠷᠢᠶᠠᠨ ᠠᠪᠬᠤ ᠠᠵᠢᠯ ᠢ ᠰᠠᠶᠢᠲᠤᠷ ᠬᠢᠬᠦ ᠶᠢᠨ ᠬᠠᠮᠲᠤ ᠡᠯ᠎ᠡ ᠲᠥᠷᠥᠯ ᠤᠨ ᠤᠬᠠᠭᠤᠯᠭ᠎ᠠ ᠶᠢᠨ ᠠᠴᠢᠶᠠᠯᠠᠪᠤᠷᠢ ᠪᠠ ᠤᠷᠢᠶ᠎ᠠ ᠯᠣᠽᠦ᠋ᠩ ᠨᠠᠭᠠᠬᠤ ᠵᠡᠷᠭᠡ ᠠᠷᠭ᠎ᠠ ᠮᠠᠶ᠋ᠢᠭ ᠢ ᠭᠦᠢᠴᠡᠳ ᠠᠰᠢᠭᠯᠠᠨ᠂ ᠥᠷᠭᠡᠨ ᠣᠯᠠᠨ ᠲᠠᠷᠢᠶᠠᠴᠢᠨ ᠪᠠ ᠲᠠᠷᠢᠶᠠᠯᠠᠩ ᠤᠨ ᠦᠢᠯᠡᠳᠪᠦᠷᠢᠯᠡᠭᠴᠢᠳ ᠤᠨ ᠪᠠᠷᠢᠮᠵᠢᠶ᠎ᠠ ᠰᠦᠯᠢᠶᠥᠦ ᠪᠦᠷᠬᠦᠪᠴᠢ ᠶᠢ ᠬᠤᠳᠠᠯᠳᠤᠨ ᠠᠪᠬᠤ ᠪᠠ ᠬᠡᠷᠡᠭᠯᠡᠬᠦ ᠶᠢ ᠬᠥᠲᠥᠯᠥᠨ ᠵᠢᠯᠣᠭᠤᠳᠪᠠ᠃ ᠡᠭᠦᠨ ᠤ ᠵᠡᠷᠭᠡᠴᠡᠭᠡᠪᠡᠷ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠬᠡᠷᠡᠭᠯᠡᠨ ᠲᠠᠷᠢᠶᠠᠴᠢᠳ ᠤᠨ ᠬᠠᠶᠠᠭᠳᠠᠮᠠᠯ ᠬᠠᠭᠤᠴᠢᠨ ᠰᠦᠯᠢᠶᠥᠦ ᠪᠦᠷᠬᠦᠪᠴᠢ ᠶᠢ ᠬᠤᠷᠢᠶᠠᠨ ᠠᠪᠬᠤ ᠳᠤ ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠵᠤ᠂ ᠲᠠᠷᠢᠶᠠᠨ ᠭᠠᠵᠠᠷ ᠤᠨ ᠬᠠᠶᠠᠭᠳᠠᠮᠠᠯ ᠬᠠᠭᠤᠴᠢᠨ ᠰᠦᠯᠢᠶᠥᠦ ᠪᠦᠷᠬᠦᠪᠴᠢ ᠶᠢ ᠬᠤᠷᠢᠶᠠᠨ ᠠᠪᠴᠤ ᠬᠡᠷᠡᠭᠯᠡᠬᠦ ᠲᠣᠭᠲᠠᠴᠠ ᠶᠢ ᠱᠠᠲᠤ ᠳᠠᠷᠠᠭᠠᠯᠠᠨ ᠪᠠᠶᠢᠭᠤᠯᠵᠤ᠂ ᠡᠵᠡᠩᠨᠡᠯᠲᠡ ᠶᠢᠨ ᠪᠡᠶᠡᠴᠢ ᠴᠣᠭᠴᠠ ᠠᠴᠠ ᠳᠡᠭᠡᠭᠰᠢ ᠲᠤᠰᠢᠶᠠᠬᠤ᠂ ᠲᠤᠰᠬᠠᠶᠢᠵᠢᠭᠰᠠᠨ ᠵᠣᠬᠢᠶᠠᠨ ᠪᠠᠶᠢᠭᠤᠯᠤᠯᠲᠠ ᠠᠴᠠ ᠬᠤᠷᠢᠶᠠᠨ ᠠᠪᠬᠤ᠂ ᠬᠠᠭᠤᠴᠢᠨ ᠢᠶᠠᠷ ᠰᠢᠨ᠎ᠡ ᠶᠢ ᠰᠣᠯᠢᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠤᠨ ᠬᠤᠷᠢᠶᠠᠨ ᠠᠪᠴᠤ ᠠᠰᠢᠭᠯᠠᠬᠤ ᠲᠣᠭᠲᠠᠴᠠ ᠶᠢ ᠪᠣᠢ ᠪᠣᠯᠭᠠᠪᠠ᠃ᠰᠤᠷᠪᠤᠯᠵᠢᠯᠠᠭᠴᠢ ᠠᠷᠢᠭᠤᠨ᠎ᠠ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ