2024 ᠣᠨ ᠤ ᠪᠥᠬᠦ ᠬᠤᠲᠠ ᠶᠢᠨ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/25
      ︵ᠰᠤᠷᠪᠤᠯᠵᠢᠯᠠᠭᠴᠢ ᠴᠢ ᠰᠢᠶᠣᠣ ᠶᠠᠨ︶ 3 ᠳ᠋ᠤᠭᠠᠷ ᠰᠠᠷ᠎ᠠ ᠶᠢᠨ 22 ᠤᠨ ᠡᠳᠦᠷ᠂ 2024 ᠣᠨ ᠤ ᠪᠥᠬᠦ ᠬᠤᠲᠠ ᠶᠢᠨ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠬᠤᠷᠠᠯ ᠬᠤᠷᠠᠯᠳᠤᠪᠠ᠃ ᠬᠤᠷᠠᠯ ᠠᠴᠠ ᠪᠦᠬᠦ ᠤᠯᠤᠰ᠂ ᠪᠦᠬᠦ ᠣᠷᠣᠨ ᠤ ︽ᠱᠠᠯᠢᠭ ᠵᠠᠪᠠᠭ᠋ᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ 2023 ᠣᠨ ᠤ ᠠᠵᠢᠯ ᠢᠶᠠᠨ ᠳ᠋ᠦᠩᠨᠡᠵᠦ᠂ ᠡᠨᠡ ᠵᠢᠯ ᠤᠨ ᠡᠭᠦᠷᠭᠡ ᠶᠢ ᠰᠤᠳᠤᠯᠤᠨ ᠪᠠᠶᠢᠷᠢᠯᠠᠭᠤᠯᠪᠠ᠃      ᠬᠤᠷᠠᠯ ᠠᠴᠠ᠂ 2023 ᠣᠨ ᠤ ᠪᠦᠬᠦ ᠬᠤᠳᠠ ᠶᠢᠨ ︽ᠱᠠᠯᠢᠭ ᠵᠠᠪᠠᠭ᠋ᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠹᠷᠣᠨᠲ ᠤᠨ ᠬᠢᠨ ᠬᠤᠷᠴᠠ ᠰᠡᠯᠡᠮ᠎ᠡ ᠪᠠᠨ ᠰᠤᠭᠤᠯᠵᠤ᠂ ᠬᠦᠴᠦᠲᠡᠢ ᠠᠷᠭ᠎ᠠ ᠬᠡᠮᠵᠢᠶ᠎ᠡ ᠠᠪᠴᠤ᠂ ᠱᠠᠯᠢᠭ ᠵᠠᠪᠠᠭ᠋ᠠᠢ ᠵᠦᠢᠯᠡᠰ ᠲᠠᠢ ᠬᠤᠯᠪᠣᠭᠳᠠᠭᠰᠠᠨ ᠬᠠᠤᠯᠢ ᠪᠤᠰᠤ ᠬᠡᠪᠯᠡᠭᠳᠡᠬᠦᠨ ᠳᠤ ᠬᠤᠯᠪᠣᠭᠳᠠᠭᠰᠠᠨ ᠠᠵᠢᠯᠯᠠᠭ᠎ᠠ ᠳᠤ ᠪᠦᠲᠦᠮᠵᠢᠲᠡᠢ ᠴᠣᠬᠢᠯᠲᠠ ᠥᠭᠴᠦ᠂ ᠬᠠᠮᠢᠶᠠᠷᠤᠯᠲᠠ ᠶᠢᠨ ᠦᠷ᠎ᠡ ᠪᠦᠲᠦᠮᠵᠢ ᠪᠣᠯᠣᠨ ᠵᠠᠰᠠᠯᠲᠠ ᠶᠢᠨ ᠬᠢᠷᠢ ᠲᠦᠪᠰᠢᠨ ᠢᠶᠠᠨ ᠬᠦᠴᠦᠯᠡᠨ ᠳᠡᠭᠡᠭᠰᠢᠯᠡᠭᠦᠯᠵᠦ᠂ ᠣᠷᠣᠨ ᠤ ᠲᠥᠪ ᠤᠨ ᠰᠣᠶᠣᠯ ᠤᠨ ᠴᠡᠴᠡᠭᠯᠡᠯ ᠬᠥᠭᠵᠢᠯ ᠳᠤ ᠡᠷᠡᠭᠦᠯ ᠥᠭᠡᠳᠡᠷᠬᠡᠭ ᠣᠷᠴᠢᠨ ᠲᠣᠭᠤᠷᠢᠨ ᠢ ᠪᠤᠢ ᠪᠣᠯᠭᠠᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠵᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ 2024 ᠣᠨ ᠳᠤ ᠪᠦᠬᠦ ᠬᠤᠳᠠ ᠶᠢᠨ ︽ᠱᠠᠯᠢᠭ ᠵᠠᠪᠠᠭ᠋ᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠹᠷᠣᠨᠲ ᠤᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠬᠠᠤᠯᠢ ᠪᠠᠷ ᠵᠠᠰᠠᠬᠤ᠂ ᠶᠡᠷᠦᠩᠬᠡᠶᠢᠯᠡᠨ ᠵᠠᠰᠠᠬᠤ᠂ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠬᠤ ᠬᠡᠷᠡᠭᠲᠡᠢ᠃ ︽ᠰᠦᠯᠵᠢᠶ᠎ᠡ ᠶᠢ ᠴᠡᠪᠡᠷ ᠪᠣᠯᠭᠠᠬᠤ︾᠂ ︽ᠬᠡᠦᠬᠡᠳ ᠢ ᠬᠠᠮᠠᠭᠠᠯᠠᠬᠤ︾᠂ ︽ᠨᠠᠮᠤᠷ ᠤᠨ ᠰᠠᠯᠬᠢ︾ ᠵᠡᠷᠭᠡ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠭᠤᠣᠯᠳᠠᠯᠭ᠎ᠠ ᠲᠠᠢ ᠴᠡᠭᠴᠡᠯᠡᠨ ᠵᠠᠰᠠᠬᠤ ᠡᠭᠦᠷᠭᠡ ᠶᠢ ᠯᠠᠪᠳᠠᠭᠤᠨ ᠪᠠᠲᠤᠲᠠᠢ ᠠᠬᠢᠭᠤᠯᠵᠤ᠂ ᠬᠠᠤᠯᠢ ᠪᠤᠰᠤ ᠪᠠᠷ ᠬᠡᠪᠯᠡᠨ ᠲᠠᠷᠬᠠᠭᠠᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠱᠠᠯᠢᠭ ᠵᠠᠪᠬᠠᠢ ᠵᠡᠷᠭᠡ ᠰᠣᠶᠣᠯ ᠤᠨ ᠬᠤᠭ ᠨᠣᠪᠰᠢ ᠶᠢ ᠡᠷᠡᠰ ᠠᠷᠢᠯᠭᠠᠵᠤ᠂ ᠨᠠᠰᠤᠨ ᠳᠤ ᠥᠯᠥ ᠭᠦᠷᠦᠭᠰᠡᠳ ᠤᠨ ᠡᠷᠡᠭᠦᠯ ᠢᠶᠠᠷ ᠦᠰᠦᠨ ᠪᠣᠶᠢᠵᠢᠬᠤ ᠶᠢ ᠬᠦᠴᠦᠲᠡᠢ ᠬᠠᠮᠠᠭᠠᠯᠠᠵᠤ᠂ ᠡᠷᠬᠡ ᠳᠤ ᠬᠠᠯᠳᠠᠵᠤ ᠬᠤᠯᠠᠭᠠᠶᠢᠯᠠᠨ ᠬᠡᠪᠯᠡᠬᠦ ᠶᠢ ᠬᠠᠤᠯᠢ ᠶᠣᠰᠣᠭᠠᠷ ᠴᠢᠩᠭ᠎ᠠ ᠵᠠᠯᠬᠠᠭᠠᠨ ᠰᠢᠢᠳᠬᠡᠵᠦ᠂ ᠮᠠᠨ ᠤ ᠬᠤᠲᠠ ᠶᠢᠨ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠨᠡᠭᠡᠭᠡᠨ ᠡᠭᠦᠳᠴᠦ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠡᠢ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ