ᠼᠠᠢ ᠴᠢ ᠪᠠᠷ᠎ᠠ ᠪᠣᠯᠵᠤ ᠰᠢᠨᠵᠢᠯᠡᠨ ᠪᠠᠶᠢᠴᠠᠭᠠᠪᠠ | ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ | ᠰᠢ ᠶᠢᠨ ᠫᠢᠩ ᠣᠶᠢᠷ᠎ᠠ ᠶᠢᠨ ᠡᠳᠦᠷ ᠬᠤᠨᠠᠨ ᠳᠤ ᠰᠢᠨᠵᠢᠯᠡᠨ ᠪᠠᠶᠢᠴᠠᠭᠠᠬᠤ ᠳᠠᠭᠠᠨ ᠴᠢᠬᠤᠯᠠᠴᠢᠯᠠᠭᠰᠠᠨ ᠨᠢ᠂ ᠬᠤᠨᠠᠨ ᠤ ᠬᠢᠨ ᠰᠢᠨ᠎ᠡ ᠬᠥᠭᠵᠢᠯᠲᠡ ᠶᠢᠨ ᠪᠠᠶᠢᠷᠢᠰᠢᠯ ᠢ | ᠴᠣᠭᠴᠠᠯᠠᠬᠤ ᠳᠤᠮᠳᠠᠬᠢ ᠲᠤᠰ ᠪᠡᠶ᠎ᠡ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠠᠨ ᠪᠠᠲᠤ ᠡᠵᠡᠮᠳᠡᠵᠦ᠂ ᠲᠣᠭᠲᠠᠭᠤᠨ ᠤ ᠳᠤᠮᠳᠠ ᠤᠷᠤᠭᠰᠢᠯᠠᠨ | ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠶᠢ ᠡᠷᠡᠰ ᠭᠤᠶᠢᠪᠢᠰᠢ ᠦᠭᠡᠢ ᠪᠠᠷᠢᠮᠲᠠᠯᠠᠵᠤ᠂ ᠥᠭᠡᠷᠡᠴᠢᠯᠡᠯᠲᠡ ᠬᠢᠵᠦ | ᠰᠢᠨ᠎ᠡ ᠶᠢ ᠡᠭᠦᠳᠬᠦ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠭᠢᠮᠯᠡᠭᠦ ᠶᠢ ᠪᠠᠷᠢᠮᠲᠠᠯᠠᠵᠤ᠂ ᠤᠯᠤᠰ ᠤᠨ ᠴᠢᠬᠤᠯᠠ ᠲᠡᠷᠢᠭᠦᠨ ᠤ ᠦᠢᠯᠡᠳᠬᠦ ᠦᠢᠯᠡᠰ ᠤᠨ ᠥᠨᠳᠦᠷᠯᠢᠭ᠂ | ᠭᠤᠣᠯᠯᠠᠬᠤ ᠥᠷᠢᠰᠦᠯᠳᠦᠬᠦ ᠬᠦᠴᠦᠨ ᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠥᠨᠳᠦᠷᠯᠢᠭ᠂ ᠳᠣᠲᠣᠭᠠᠳᠤ ᠬᠠᠭᠤᠷᠠᠢ ᠶᠢᠨ ᠭᠠᠵᠠᠷ | ᠣᠷᠣᠨ ᠤ ᠥᠭᠡᠷᠡᠴᠢᠯᠡᠯᠲᠡ ᠨᠡᠭᠡᠭᠡᠯᠲᠡ ᠶᠢᠨ ᠥᠨᠳᠦᠷᠯᠢᠭ ᠢ ᠴᠣᠭᠴᠠᠯᠠᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠳᠤᠮᠳᠠ ᠣᠷᠣᠨ ᠤ ᠭᠠᠵᠠᠷ ᠣᠷᠣᠨ ᠤ ᠬᠥᠭᠵᠢᠯ | ᠮᠠᠨᠳᠤᠯ ᠪᠠ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ ᠶᠢ ᠠᠬᠢᠭᠤᠯᠬᠤ ᠳᠤᠮᠳᠠ ᠭᠠᠪᠰᠢᠭᠠᠶᠢᠯᠠᠨ ᠲᠡᠮᠡᠴᠡᠵᠦ ᠲᠡᠷᠢᠭᠦᠨ ᠤ ᠬᠢ ᠪᠤᠯᠬᠤ ᠪᠠᠷ | ᠴᠢᠷᠮᠠᠶᠢᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠬᠤᠨᠠᠨ ᠤ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | | | | | | 3 ᠰᠠᠷ᠎ᠠ ᠶᠢᠨ 18 ᠠᠴᠠ 21 ᠤ ᠡᠳᠦᠷ ᠪᠤᠯᠲᠠᠯ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ | ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠨᠠᠨ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ 18 ᠤ ᠦᠳᠡ ᠶᠢᠨ ᠬᠤᠶᠢᠨ᠎ᠠ᠂ | ᠰᠢ ᠶᠢᠨ ᠫᠢᠩ ᠳᠤᠮᠳᠠᠳᠤ ᠭᠧᠷᠮᠠᠨ ᠤ ᠪᠡᠯᠡ ᠨᠡᠶᠢᠯᠡᠭᠦᠯᠦᠭᠰᠡᠨ ᠠᠵᠤ ᠠᠬᠤᠶᠢᠯᠠᠯ ᠪᠤᠯᠬᠤ ᠪᠠᠰᠹ ᠱᠠᠨ ᠱᠠᠨ ᠳ᠋ᠢᠶᠠᠨ ᡂᠢ ᠶᠢᠨ ᠮᠠᠲ᠋ᠧᠷᠢᠶᠠᠯ ᠤᠨ ᠬᠢᠵᠠᠭᠠᠷᠲᠤ | ᠺᠤᠮᠫᠠᠨᠢ ᠳᠤ ᠰᠢᠨᠵᠢᠯᠡᠨ ᠪᠠᠶᠢᠴᠠᠭᠠᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠠᠨ ᠶᠠᠨ ᠰᠡᠭᠦᠳᠡᠷᠯᠡᠪᠡ | | | | | | 3 ᠰᠠᠷ᠎ᠠ ᠶᠢᠨ 18 ᠠᠴᠠ 21 ᠤ ᠡᠳᠦᠷ ᠪᠤᠯᠲᠠᠯ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ | ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠨᠠᠨ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ 19 ᠤ ᠦᠳᠡ ᠶᠢᠨ ᠬᠤᠶᠢᠨ᠎ᠠ᠂ | ᠰᠢ ᠶᠢᠨ ᠫᠢᠩ ᠴᠠᠩᠳᠧ ᠬᠤᠳᠠ ᠶᠢᠨ ᠳ᠋ᠢᠩᠴᠧᠩ ᠲᠣᠭᠤᠷᠢᠭ ᠤᠨ ᠰᠢᠶᠧ ᠵᠢᠶᠠ ᠫᠦ᠋ ᠪᠠᠯᠭᠠᠰᠤ ᠶᠢᠨ ᠭᠠᠩ ᠵᠦᠩ ᠫᠢᠩ ᠲᠣᠰᠬᠤᠨ ᠳᠤ ᠠᠮᠤ ᠪᠤᠳᠠᠭ᠎ᠠ ᠲᠠᠷᠢᠬᠤ | ᠲᠣᠮᠣ ᠡᠷᠦᠭᠡ᠂ ᠲᠠᠷᠢᠶᠠᠯᠠᠩ ᠤᠨ ᠮᠡᠷᠭᠡᠵᠢᠯᠲᠡᠨ᠂ ᠦᠨᠳᠦᠰᠦᠨ ᠱᠠᠲᠤᠨ ᠤ ᠺᠠᠳ᠋ᠷ ᠲᠠᠢ ᠳᠣᠲᠣᠨᠣ ᠪᠠᠷ ᠶᠠᠷᠢᠯᠴᠠᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠢᠦᠢ ᠫᠧᠩ ᠰᠡᠭᠦᠳᠡᠷᠯᠡᠪᠡ | | 3 ᠰᠠᠷ᠎ᠠ ᠶᠢᠨ 18 ᠠᠴᠠ 21 ᠤ ᠡᠳᠦᠷ ᠪᠤᠯᠲᠠᠯ᠎ᠠ᠂ ᠰᠢ ᠶᠢᠨ ᠫᠢᠩ ᠬᠤᠨᠠᠨ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠱᠧᠨ ᠰᠢᠶᠣᠣ ᠮᠢᠩ ᠪᠣᠯᠣᠨ | ᠮᠤᠵᠢ ᠶᠢᠨ ᠳᠠᠷᠤᠭ᠎ᠠ ᠮᠣᠣ ᠸᠧᠢ ᠮᠢᠩ ᠤᠨ ᠪᠠᠷ᠎ᠠ ᠪᠤᠯᠣᠯᠭ᠎ᠠ ᠪᠠᠷ ᠤᠷᠢᠳ ᠬᠤᠵᠢᠳ ᠴᠠᠩᠱᠠ᠂ ᠴᠠᠩᠳᠧ ᠵᠡᠷᠭᠡ ᠭᠠᠵᠠᠷ ᠲᠤ ᠬᠦᠷᠴᠦ᠂ ᠰᠤᠷᠭᠠᠭᠤᠯᠢ᠂ ᠠᠵᠤ | ᠠᠬᠤᠶᠢᠯᠠᠯ᠂ ᠲᠡᠦᠬᠡ ᠰᠣᠶᠣᠯ ᠤᠨ ᠵᠡᠭᠡᠯᠢ ᠲᠣᠭᠤᠷᠢᠭ᠂ ᠬᠥᠳᠡᠭᠡ ᠲᠣᠰᠬᠤᠨ ᠵᠡᠷᠭᠡ ᠭᠠᠵᠠᠷ ᠢᠶᠠᠷ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ᠃ | 18 ᠤ ᠦᠳᠡ ᠶᠢᠨ ᠬᠤᠶᠢᠨ᠎ᠠ᠂ ᠰᠢ ᠶᠢᠨ ᠫᠢᠩ ᠬᠤᠨᠠᠨ ᠤ ᠨᠢᠭᠡᠳᠦᠭᠡᠷ ᠪᠠᠭᠰᠢ ᠶᠢᠨ ᠳᠡᠭᠡᠳᠦ ᠰᠤᠷᠭᠠᠭᠤᠯᠢ ︵ᠴᠧᠩ ᠨᠠᠨ ᠪᠢᠴᠢᠭ ᠤᠨ ᠬᠦᠷᠢᠶᠡᠯᠡᠩ | ᠰᠤᠷᠭᠠᠭᠤᠯᠢ ᠶᠢᠨ ᠲᠣᠭᠤᠷᠢᠭ︶ ᠳᠤ ᠬᠦᠷᠴᠦ ᠰᠢᠨᠵᠢᠯᠡᠨ ᠪᠠᠶᠢᠴᠠᠭᠠᠪᠠ᠃ ᠲᠤᠰ ᠰᠤᠷᠭᠠᠭᠤᠯᠢ ᠰᠦᠩ ᠤᠯᠤᠰ ᠤᠨ ᠦᠶ᠎ᠡ ᠳᠤ ᠪᠠᠶᠢᠭᠤᠯᠤᠭᠰᠠᠨ ᠴᠧᠩ ᠨᠠᠨ | ᠪᠢᠴᠢᠭ ᠤᠨ ᠬᠦᠷᠢᠶᠡᠯᠡᠩ ᠪᠠᠶᠢᠵᠤ᠂ ᠣᠶᠢᠷ᠎ᠠ ᠦᠶ᠎ᠡ ᠠᠴᠠ ᠨᠠᠭᠠᠰᠢ ᠨᠢᠭᠡ ᠪᠦᠯᠦᠭ ᠠᠬᠠᠮᠠᠳ ᠨᠢᠭᠡ ᠦᠶ᠎ᠡ ᠶᠢᠨ ᠦᠭᠡᠶᠢᠭᠦᠦ ᠠᠩᠭᠢ ᠶᠢᠨ ᠬᠤᠪᠢᠰᠬᠠᠯᠴᠢ ᠪᠠ ᠨᠡᠷᠡᠳᠤ | ᠪᠠᠭᠰᠢ ᠮᠡᠷᠭᠡᠵᠢᠯᠲᠡᠨ ᠢ ᠬᠥᠮᠥᠵᠢᠭᠦᠯᠵᠡᠢ᠃ ᠰᠢ ᠶᠢᠨ ᠫᠢᠩ ᠵᠠᠯᠠᠭᠤ ᠨᠠᠰᠤᠨ ᠤ ᠮᠠᠤ ᠽᠧ ᠳ᠋ᠦᠩ ᠭᠤᠣᠯ ᠰᠡᠳᠦᠪᠲᠦ ᠥᠵᠡᠰᠭᠦᠯᠡᠩ ᠢ ᠲᠣᠭᠤᠷᠢᠨ ᠦᠵᠡᠵᠦ᠂ ᠳᠡᠭᠡᠳᠦ | ᠰᠤᠷᠭᠠᠭᠤᠯᠢ ᠶᠢᠨ ᠬᠥᠭᠵᠢᠯᠲᠡ ᠶᠢᠨ ᠤᠯᠠᠷᠢᠯ ᠬᠤᠪᠢᠰᠤᠯ ᠪᠣᠯᠣᠨ ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ ᠪᠠᠶᠢᠬᠤ ᠵᠡᠷᠭᠡ ᠪᠠᠶᠢᠳᠠᠯ ᠢ ᠣᠶᠢᠯᠠᠭᠠᠪᠠ᠃ | ᠳᠡᠭᠡᠳᠦ ᠰᠤᠷᠭᠠᠭᠤᠯᠢ ᠶᠢᠨ ᠶᠡᠭᠡ ᠲᠢᠩᠬᠢᠮ ᠳᠤ᠂ ᠰᠢ ᠶᠢᠨ ᠫᠢᠩ ᠪᠠᠭᠰᠢ ᠰᠤᠷᠤᠬᠴᠢᠳ ᠤᠨ ᠲᠥᠯᠥᠭᠡᠯᠡᠭᠴᠢᠳ ᠲᠠᠢ ᠳᠣᠲᠣᠨᠣ ᠪᠠᠷ ᠶᠠᠷᠢᠯᠴᠠᠪᠠ᠃ ᠲᠡᠷᠡ᠂ ᠤᠯᠤᠰ | ᠣᠷᠣᠨ ᠢᠶᠠᠨ ᠬᠦᠴᠦᠷᠬᠡᠭᠵᠢᠭᠦᠯᠬᠦ ᠳᠤ ᠡᠷᠬᠡᠪᠰᠢ ᠰᠤᠷᠭᠠᠨ ᠬᠥᠮᠦᠵᠢᠯ ᠢ ᠰᠠᠶᠢᠲᠤᠷ ᠡᠷᠭᠢᠯᠡᠭᠦ ᠬᠡᠷᠡᠭᠲᠡᠢ᠃ ᠬᠤᠨᠠᠨ ᠤ ᠨᠢᠭᠡᠳᠦᠭᠡᠷ ᠪᠠᠭᠰᠢ ᠶᠢᠨ ᠳᠡᠭᠡᠳᠦ ᠰᠤᠷᠭᠠᠭᠤᠯᠢ | ᠪᠣᠯ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠥᠷᠨᠢᠭᠦᠯᠬᠦ᠂ ᠬᠤᠪᠢᠰᠬᠠᠯ ᠤᠨ ᠤᠳᠤᠮᠰᠢᠯ ᠢ ᠤᠯᠠᠮᠵᠢᠯᠠᠬᠤ ᠰᠠᠶᠢᠨ ᠭᠠᠵᠠᠷ ᠮᠥᠨ᠂ ᠡᠨᠡ ᠬᠦ ᠬᠤᠪᠢᠰᠬᠠᠯ ᠤᠨ | ᠡᠬᠢ ᠪᠠᠶᠠᠯᠢᠭ ᠢ ᠰᠠᠶᠢᠲᠤᠷ ᠬᠠᠮᠠᠭᠠᠯᠠᠵᠤ ᠬᠡᠷᠡᠭᠯᠡᠬᠦ ᠬᠡᠷᠡᠭᠲᠡᠢ᠃ ᠰᠤᠷᠭᠠᠭᠤᠯᠢ ᠶᠢᠨ ᠬᠢᠨ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠵᠦ᠂ ᠪᠠᠭᠰᠢ ᠨᠠᠷ ᠰᠢᠯᠢᠳᠡᠭ | ᠰᠠᠶᠢᠨ ᠪᠠᠭᠰᠢ ᠪᠤᠯᠬᠤ ᠳᠤ᠂ ᠰᠤᠷᠤᠬᠴᠢᠳ ᠤᠨ ᠮᠡᠳᠡᠯᠭᠡ ᠰᠣᠶᠣᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠭᠦ ᠶᠢ ᠴᠢᠬᠤᠯᠠᠴᠢᠯᠠᠬᠤ ᠪᠠᠷ ᠪᠠᠷᠠᠬᠤ ᠦᠭᠡᠢ ᠨᠡᠩ ᠴᠤ | ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠢ ᠰᠠᠶᠢᠲᠤᠷ ᠣᠷᠣᠵᠤ᠂ ᠰᠤᠷᠤᠬᠴᠢᠳ ᠤᠨ ᠡᠷᠬᠢᠮ ᠮᠣᠷᠠᠯ ᠲᠠᠢ ᠪᠣᠯᠵᠤ ᠢᠴᠢᠭᠦᠷᠢ ᠭᠤᠲᠤᠮᠰᠢᠭ ᠢ ᠮᠡᠳᠡᠵᠦ᠂ | ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠪᠠᠲᠤ ᠪᠤᠢ ᠪᠤᠯᠭᠠᠵᠤ᠂ ᠡᠬᠡ ᠤᠯᠤᠰ ᠤᠨ ᠢᠶᠠᠨ ᠲᠥᠯᠥᠭᠡ ᠵᠢᠳᠬᠦᠵᠦ ᠤᠯᠤᠰ ᠢᠶᠠᠨ | ᠬᠦᠴᠦᠷᠬᠡᠭᠵᠢᠭᠦᠯᠬᠦ ᠶᠡᠭᠡ ᠬᠦᠰᠡᠯ ᠵᠣᠷᠢᠯᠲᠠ ᠶᠢ ᠪᠤᠢ ᠪᠤᠯᠭᠠᠵᠤ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ | ᠮᠠᠨᠳᠤᠯᠲᠠ ᠶᠢᠨ ᠶᠡᠭᠡ ᠡᠭᠦᠷᠭᠡ ᠶᠢ ᠡᠭᠦᠷᠭᠡᠯᠡᠵᠦ ᠳᠡᠶᠢᠯᠭᠦ ᠲᠤᠯᠭᠠᠭᠤᠷᠢ ᠬᠦᠴᠦᠨ ᠪᠤᠯᠬᠤ ᠪᠠᠷ ᠴᠢᠷᠮᠠᠶᠢᠬᠤ ᠶᠢ ᠬᠥᠮᠥᠵᠢᠭᠦᠯᠵᠦ ᠬᠥᠲᠥᠯᠥᠨ ᠵᠢᠯᠤᠭᠤᠳᠬᠤ ᠬᠡᠷᠡᠭᠲᠡᠢ | ᠭᠡᠵᠡᠢ᠃ | ᠲᠠᠷᠠᠭ᠎ᠠ ᠨᠢ᠂ ᠰᠢ ᠶᠢᠨ ᠫᠢᠩ ᠪᠠᠰᠹ ᠱᠠᠨ ᠱᠠᠨ ᠳ᠋ᠢᠶᠠᠨ ᡂᠢ ᠶᠢᠨ ᠮᠠᠲ᠋ᠧᠷᠢᠶᠠᠯ ᠤᠨ ᠬᠢᠵᠠᠭᠠᠷᠲᠤ ᠺᠤᠮᠫᠠᠨᠢ ᠳᠤ ᠬᠦᠷᠴᠦ ᠰᠢᠨᠵᠢᠯᠡᠨ ᠪᠠᠶᠢᠴᠠᠭᠠᠪᠠ᠃ ᠡᠨᠡ ᠪᠣᠯ | ᠯᠢᠲ᠋ᠢ ᠢᠶᠤᠨ ᠳ᠋ᠢᠶᠠᠨ ᡂᠢ ᠶᠢᠨ ᠡᠶᠡᠷᠭᠦ ᠲᠤᠶᠢᠯ ᠤᠨ ᠮᠠᠲ᠋ᠧᠷᠢᠶᠠᠯ ᠢ ᠰᠤᠳᠤᠯᠤᠨ ᠨᠡᠭᠡᠭᠡᠬᠦ᠂ ᠦᠢᠯᠡᠳᠪᠦᠷᠢᠯᠡᠬᠦ᠂ ᠪᠣᠷᠣᠯᠠᠭᠤᠯᠬᠤ ᠶᠢ ᠭᠤᠣᠯᠯᠠᠨ ᠡᠵᠡᠩᠨᠡᠵᠦ ᠪᠠᠶᠢᠭ᠎ᠠ | ᠳᠤᠮᠳᠠᠳᠤ ᠭᠧᠷᠮᠠᠨ ᠤ ᠪᠡᠯᠡ ᠨᠡᠶᠢᠯᠡᠭᠦᠯᠦᠭᠰᠡᠨ ᠠᠵᠤ ᠠᠬᠤᠶᠢᠯᠠᠯ ᠪᠣᠯᠣᠨ᠎ᠠ᠃ ᠰᠢ ᠶᠢᠨ ᠫᠢᠩ ᠲᠤᠬᠠᠢ ᠶᠢᠨ ᠭᠠᠵᠠᠷ ᠤᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ | ᠬᠦᠴᠦᠨ ᠢ ᠲᠦᠷᠭᠡᠳᠬᠡᠨ ᠬᠥᠭᠵᠢᠭᠦᠯᠵᠦ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠭᠰᠡᠨ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ | ᠰᠣᠨᠣᠰᠴᠤ᠂ ᠠᠵᠤ ᠠᠬᠤᠶᠢᠯᠠᠯ ᠤᠨ ᠦᠢᠯᠡᠳᠬᠦᠨ ᠤ ᠦᠵᠡᠭᠦᠯᠭᠡ ᠶᠢ ᠪᠠᠶᠢᠴᠠᠭᠠᠨ ᠦᠵᠡᠵᠦ᠂ ᠮᠠᠲ᠋ᠧᠷᠢᠶᠠᠯ ᠤᠨ ᠴᠢᠳᠠᠪᠬᠢ ᠶᠢᠨ ᠰᠢᠯᠭᠠᠯᠲᠠ ᠶᠢᠨ ᠪᠠᠶᠢᠳᠠᠯ ᠪᠣᠯᠣᠨ | ᠳ᠋ᠢᠶᠠᠨ ᡂᠢ ᠶᠢᠨ ᠦᠢᠯᠡᠳᠪᠦᠷᠢᠯᠡᠯ ᠤᠨ ᠶᠠᠪᠤᠴᠠ ᠶᠢ ᠣᠶᠢᠯᠠᠭᠠᠪᠠ᠃ ᠲᠡᠷᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠴᠢᠨᠠᠷ ᠰᠠᠶᠢᠲᠠᠢ | ᠬᠥᠭᠵᠢᠯᠲᠡ ᠪᠣᠯ ᠠᠵᠤ ᠠᠬᠤᠶᠢᠯᠠᠯ ᠤᠨ ᠲᠠᠰᠤᠷᠠᠯᠲᠠ ᠦᠭᠡᠢ ᠦᠰᠦᠨ ᠪᠤᠵᠠᠭᠠᠶᠢᠷᠠᠵᠤ᠂ ᠢᠯᠠᠭᠳᠠᠰᠢ ᠦᠭᠡᠢ ᠪᠠᠶᠢᠷᠢᠨ ᠳᠤ ᠪᠠᠶᠢᠬᠤ ᠶᠢᠨ ᠵᠠᠩᠭᠢᠯᠠᠭ᠎ᠠ ᠪᠣᠯᠣᠨ᠎ᠠ᠂ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ᠂ ᠪᠡᠯᠡ ᠨᠡᠶᠢᠯᠡᠭᠦᠯᠦᠭᠰᠡᠨ ᠠᠵᠤ ᠠᠬᠤᠶᠢᠯᠠᠯ ᠡᠨᠡ ᠲᠠᠯ᠎ᠠ ᠪᠠᠷ ᠴᠥᠮ ᠶᠡᠭᠡ ᠵᠢᠳᠬᠦᠯ ᠴᠢᠷᠮᠠᠶᠢᠯᠭ᠎ᠠ ᠭᠠᠷᠭᠠᠵᠤ | ᠪᠣᠯᠣᠨ᠎ᠠ᠃ ᠳᠤᠮᠳᠠᠳᠤ ᠤᠯᠤᠰ ᠨᠡᠭᠡᠭᠡᠯᠲᠡ ᠬᠢᠬᠦ ᠡᠭᠦᠳᠡ ᠪᠠᠨ ᠶᠠᠪᠤᠬᠤ ᠳᠤᠳᠤᠮ ᠶᠡᠭᠡ ᠨᠡᠭᠡᠭᠡᠨ᠎ᠡ᠂ ᠪᠢᠳᠡ ᠳᠤᠷᠠᠲᠠᠶ᠎ᠠ ᠳᠡᠯᠡᠬᠡᠢ ᠶᠢᠨ ᠡᠯ᠎ᠡ ᠤᠯᠤᠰ ᠯᠤᠭ᠎ᠠ | ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠨ᠎ᠠ᠂ ᠨᠡᠩ ᠤᠯᠠᠨ ᠭᠠᠳᠠᠭᠠᠳᠤ ᠶᠢᠨ ᠠᠵᠤ ᠠᠬᠤᠶᠢᠯᠠᠯ ᠤᠨ ᠳᠤᠮᠳᠠᠳᠤ ᠤᠯᠤᠰ ᠲᠤ ᠢᠷᠡᠵᠦ ᠪᠡᠯᠡ ᠣᠷᠣᠭᠤᠯᠤᠨ | ᠬᠥᠭᠵᠢᠬᠦ ᠶᠢ ᠪᠠᠶᠠᠷᠯᠠᠨ ᠤᠭᠲᠤᠨ᠎ᠠ ᠭᠡᠵᠦ ᠴᠢᠬᠤᠯᠠᠴᠢᠯᠠᠪᠠ᠃ | 19 ᠤ ᠡᠳᠦᠷ᠂ ᠰᠢ ᠶᠢᠨ ᠫᠢᠩ ᠴᠠᠩᠳᠧ ᠬᠤᠳᠠ ᠳᠤ ᠰᠢᠨᠵᠢᠯᠡᠨ ᠪᠠᠶᠢᠴᠠᠭᠠᠪᠠ᠃ ᠶᠤᠸᠠᠨᠵᠢᠶᠠᠩ ᠮᠥᠷᠡᠨ ᠤ ᠬᠥᠪᠡᠭᠡᠨ ᠳᠤ ᠪᠠᠶᠢᠷᠢᠯᠠᠭᠰᠠᠨ ᠴᠠᠩ ᠳ᠋ᠧ | ᠭᠤᠣᠯ ᠤᠨ ᠵᠡᠭᠡᠯᠢ ᠨᠢ ᠥᠨᠢ ᠤᠳᠠᠭᠠᠨ ᠲᠡᠦᠬᠡ ᠲᠠᠢ ᠪᠠᠶᠢᠵᠤ᠂ 1943 ᠣᠨ ᠤ ᠴᠠᠩᠳᠧ ᠶᠢᠨ ᠳᠠᠶᠢᠯᠠᠯᠳᠤᠭᠠᠨ ᠳᠤ ᠡᠪᠳᠡᠭᠳᠡᠵᠦ ᠥᠩᠭᠡᠷᠡᠵᠡᠢ᠃ ᠣᠶᠢᠷ᠎ᠠ ᠶᠢᠨ | ᠵᠢᠯ ᠠᠴᠠ᠂ ᠴᠠᠩᠳᠧ ᠬᠤᠳᠠ ᠬᠠᠭᠤᠴᠢᠨ ᠵᠡᠭᠡᠯᠢ ᠶᠢᠨ ᠳᠦᠷᠰᠦ ᠪᠠᠶᠢᠳᠠᠯ ᠢ ᠰᠡᠷᠭᠦᠭᠡᠵᠦ᠂ ᠲᠤᠰ ᠭᠠᠵᠠᠷ ᠢ ᠲᠡᠦᠬᠡ ᠰᠣᠶᠣᠯ ᠤᠨ ᠵᠡᠭᠡᠯᠢ ᠲᠣᠭᠤᠷᠢᠭ ᠪᠣᠯᠭᠠᠨ | ᠴᠣᠭᠴᠠᠯᠠᠪᠠ᠃ ᠲᠤᠰ ᠡᠳᠦᠷ ᠤᠨ ᠦᠳᠡ ᠶᠢᠨ ᠡᠮᠦᠨ᠎ᠡ᠂ ᠰᠢ ᠶᠢᠨ ᠫᠢᠩ ᠴᠠᠩ ᠳ᠋ᠧ ᠭᠤᠣᠯ ᠤᠨ ᠵᠡᠭᠡᠯᠢ ᠳᠤ ᠬᠦᠷᠴᠦ᠂ ᠡᠯ᠎ᠡ ᠵᠦᠢᠯ ᠤᠨ ᠣᠨᠴᠠᠯᠢᠭᠲᠤ ᠢᠳᠡᠭᠡᠨ᠂ | ᠣᠨᠴᠠ ᠭᠠᠷᠤᠯᠲᠠ᠂ ᠣᠨᠴᠠᠯᠢᠭᠲᠤ ᠭᠠᠷ ᠤᠷᠠᠯᠠᠯ ᠤᠨ ᠪᠦᠲᠦᠭᠡᠭᠳᠡᠬᠦᠨ ᠢ ᠪᠠᠶᠢᠴᠠᠭᠠᠨ ᠦᠵᠡᠵᠦ᠂ ᠳᠡᠯᠭᠡᠭᠦᠷ ᠤᠨ ᠡᠵᠡᠨ ᠪᠣᠯᠣᠨ ᠵᠢᠭᠤᠯᠴᠢᠯᠠᠬᠰᠡᠳ ᠲᠠᠢ | ᠳᠣᠲᠣᠨᠣ ᠪᠠᠷ ᠶᠠᠷᠢᠯᠴᠠᠭᠰᠠᠨ ᠪᠥᠭᠡᠳ ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠮᠡᠷᠭᠡᠵᠢᠯ ᠤᠨ ᠦᠵᠡᠭᠦᠯᠭᠡ ᠶᠢ ᠰᠣᠨᠢᠷᠬᠠᠵᠤ᠂ ᠴᠠᠩᠳᠧ ᠶᠢᠨ ᠬᠠᠭᠤᠴᠢᠨ | ᠬᠤᠳᠠ ᠶᠢᠨ ᠵᠡᠭᠡᠯᠢ ᠭᠤᠳᠤᠮᠵᠢ ᠶᠢᠨ ᠰᠡᠷᠭᠦᠭᠡᠨ ᠵᠠᠰᠠᠯᠲᠠ ᠪᠠ ᠠᠰᠢᠭᠯᠠᠯᠲᠠ᠂ ᠬᠤᠳᠠ ᠶᠢᠨ ᠲᠥᠯᠦᠪᠵᠢᠭᠦᠯᠭᠡ᠂ ᠤᠰᠤᠨ ᠤ ᠣᠷᠴᠢᠨ ᠲᠣᠭᠤᠷᠢᠨ ᠤ | ᠶᠡᠷᠦᠩᠬᠡᠶᠢᠯᠡᠭᠰᠡᠨ ᠵᠠᠰᠠᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠰᠢ ᠶᠢᠨ ᠫᠢᠩ᠂ ᠤᠯᠠᠨ ᠶᠠᠩᠵᠤ ᠶᠢᠨ ᠣᠷᠣᠨ ᠨᠤᠲᠤᠭ ᠤᠨ ᠣᠨᠴᠠᠯᠢᠭᠲᠤ ᠤᠯᠠᠮᠵᠢᠯᠠᠯᠲᠤ | ᠰᠣᠶᠣᠯ ᠨᠢ ᠭᠡᠷᠡᠯ ᠰᠠᠴᠤᠷᠠᠩᠭᠤᠢ ᠳᠤᠮᠳᠠᠳᠤ ᠶᠢᠨ ᠪᠣᠯᠪᠠᠰᠤᠨ ᠢ ᠬᠠᠮᠲᠤ ᠪᠠᠷ ᠪᠦᠷᠢᠯᠳᠦᠭᠦᠯᠦᠭᠰᠡᠨ ᠪᠥᠭᠡᠳ ᠠᠵᠤ ᠠᠬᠤᠢ ᠨᠡᠶᠢᠭᠡᠮ ᠤᠨ ᠬᠥᠭᠵᠢᠯᠲᠡ ᠶᠢ ᠴᠦ | ᠠᠬᠢᠭᠤᠯᠪᠠ᠃ ᠴᠠᠩᠳᠧ ᠪᠣᠯ ᠰᠣᠶᠣᠯ ᠤᠨ ᠤᠯᠠᠮᠵᠢᠯᠠᠯ ᠵᠠᠯᠭᠠᠮᠵᠢᠯᠠᠯ ᠲᠠᠢ ᠭᠠᠵᠠᠷ ᠪᠣᠯᠣᠨ᠎ᠠ᠂ ᠠᠳᠡᠬᠢ ᠴᠤᠭᠤᠷ ᠵᠦᠴᠦᠭᠡ᠂ ᠥᠨᠳᠥᠷ ᠠᠶᠠᠯᠭᠤᠲᠤ ᠵᠦᠴᠦᠭᠡ᠂ ᠪᠦᠷᠢᠶ᠎ᠡ | ᠵᠡᠷᠭᠡ ᠶᠢ ᠵᠣᠬᠢᠰᠲᠠᠢ ᠠᠴᠢᠶᠠᠯᠠᠪᠤᠷᠢ ᠪᠠᠷ ᠰᠠᠶᠢᠲᠤᠷ ᠤᠯᠠᠮᠵᠢᠯᠠᠨ ᠠᠰᠢᠭᠯᠠᠵᠤ᠂ ᠴᠠᠭ ᠦᠶ᠎ᠡ ᠲᠠᠢ ᠵᠡᠷᠭᠡᠪᠡᠷ ᠤᠷᠤᠭᠰᠢᠯᠠᠨ ᠰᠠᠶᠢᠲᠤᠷ ᠬᠥᠭᠵᠢᠭᠦᠯᠬᠦ ᠬᠡᠷᠡᠭᠲᠡᠢ ᠭᠡᠵᠦ | ᠵᠢᠭᠠᠵᠤ ᠭᠠᠷᠭᠠᠪᠠ᠃ | ᠬᠤᠨᠠᠨ ᠪᠣᠯ ᠪᠦᠭᠦ ᠤᠯᠤᠰ ᠤᠨ 13 ᠠᠮᠤ ᠪᠤᠳᠠᠭᠠᠨ ᠤ ᠭᠤᠣᠯ ᠭᠠᠷᠤᠯᠲᠠ ᠶᠢᠨ ᠮᠤᠵᠢ ᠶᠢᠨ ᠨᠢᠭᠡ ᠪᠠᠶᠢᠵᠤ᠂ ᠤᠰᠤᠨ ᠲᠤᠲᠤᠷᠭ᠎ᠠ ᠲᠠᠷᠢᠬᠤ ᠲᠠᠯᠠᠪᠠᠢ᠂ | ᠶᠡᠷᠦᠩᠬᠡᠢ ᠤᠨᠠᠯᠲᠠ ᠨᠢ ᠴᠥᠮ ᠪᠦᠭᠦ ᠤᠯᠤᠰ ᠤᠨ ᠲᠡᠷᠢᠭᠦᠨ ᠳᠤ ᠣᠷᠣᠨ᠎ᠠ᠃ ᠲᠤᠰ ᠡᠳᠦᠷ ᠤᠨ ᠦᠳᠡ ᠶᠢᠨ ᠬᠤᠶᠢᠨ᠎ᠠ᠂ ᠰᠢ ᠶᠢᠨ ᠫᠢᠩ ᠴᠠᠩᠳᠧ ᠬᠤᠳᠠ ᠶᠢᠨ | ᠳ᠋ᠢᠩᠴᠧᠩ ᠲᠣᠭᠤᠷᠢᠭ ᠤᠨ ᠰᠢᠶᠧ ᠵᠢᠶᠠ ᠫᠦ᠋ ᠪᠠᠯᠭᠠᠰᠤ ᠶᠢᠨ ᠭᠠᠩ ᠵᠦᠩ ᠫᠢᠩ ᠲᠣᠰᠬᠤᠨ ᠳᠤ ᠬᠦᠷᠴᠦ᠂ ᠲᠤᠬᠠᠢ ᠶᠢᠨ ᠭᠠᠵᠠᠷ ᠤᠨ ᠠᠮᠤ ᠪᠤᠳᠠᠭᠠᠨ ᠤ | ᠦᠢᠯᠡᠳᠪᠦᠷᠢᠯᠡᠯ ᠤᠨ ᠲᠦᠮᠡᠨ ᠮᠦ ᠶᠢᠨ ᠶᠡᠷᠦᠩᠬᠡᠶᠢᠯᠡᠭᠰᠡᠨ ᠵᠢᠱᠢᠶ᠎ᠡ ᠦᠵᠡᠭᠦᠯᠭᠦ ᠲᠣᠭᠤᠷᠢᠭ ᠲᠤ ᠬᠦᠷᠴᠦ᠂ ᠴᠢᠬᠢ ᠪᠣᠶᠢᠵᠢᠭᠤᠯᠬᠤ ᠪᠠ ᠬᠠᠪᠤᠷ ᠤᠨ ᠲᠠᠷᠢᠶᠠᠯᠠᠭ᠎ᠠ ᠶᠢᠨ | ᠪᠡᠯᠡᠳᠬᠡᠯ ᠠᠵᠢᠯ ᠤᠨ ᠠᠬᠢᠴᠠ ᠶᠢ ᠪᠠᠶᠢᠴᠠᠭᠠᠨ ᠦᠵᠡᠵᠦ᠂ ᠲᠠᠷᠢᠶᠠᠯᠠᠩ ᠤᠨ ᠣᠳᠣᠬᠢᠴᠢᠯᠠᠯᠲᠠ ᠶᠢ ᠴᠢᠨᠠᠷ ᠰᠠᠶᠢᠲᠠᠢ ᠠᠬᠢᠭᠤᠯᠵᠤ ᠪᠠᠶᠢᠭ᠎ᠠ ᠪᠠᠶᠢᠳᠠᠯ ᠤᠨ | ᠲᠠᠨᠢᠯᠴᠠᠭᠤᠯᠭ᠎ᠠ ᠶᠢ ᠰᠣᠨᠣᠰᠤᠭᠰᠠᠨ ᠪᠥᠭᠡᠳ ᠠᠮᠤ ᠪᠤᠳᠠᠭ᠎ᠠ ᠲᠠᠷᠢᠬᠤ ᠲᠣᠮᠣ ᠡᠷᠦᠭᠡ᠂ ᠲᠠᠷᠢᠶᠠᠯᠠᠩ ᠤᠨ ᠮᠡᠷᠭᠡᠵᠢᠯᠲᠡᠨ᠂ ᠦᠨᠳᠦᠰᠦᠨ ᠱᠠᠲᠤᠨ ᠤ ᠺᠠᠳ᠋ᠷ ᠲᠠᠢ ᠨᠢᠭᠡᠳ | ᠨᠢᠭᠡ ᠪᠠᠷ ᠣᠷᠣᠭᠤᠯᠤᠯᠲᠠ ᠭᠠᠷᠭᠠᠯᠲᠠ ᠶᠢᠨ ᠲᠠᠩᠰᠠ ᠶᠢ ᠪᠤᠳᠤᠵᠠᠢ᠃ ᠰᠢ ᠶᠢᠨ ᠫᠢᠩ᠂ ᠮᠠᠨ ᠤ ᠤᠯᠤᠰ 14 ᠳ᠋ᠦᠩᠰᠢᠭᠤᠷ ᠭᠠᠷᠤᠢ ᠬᠥᠮᠥᠨ ᠠᠮᠠ ᠲᠠᠢ᠂ ᠠᠮᠤ | ᠪᠤᠳᠠᠭᠠᠨ ᠤ ᠠᠮᠤᠷ ᠲᠦᠪᠰᠢᠨ ᠢ ᠡᠷᠬᠡᠪᠰᠢ ᠥᠪᠡᠷ ᠤᠨ ᠪᠡᠶ᠎ᠡ ᠳᠡᠭᠡᠨ ᠲᠦᠰᠢᠭᠯᠡᠵᠦ ᠪᠠᠲᠤᠯᠠᠬᠤ ᠬᠡᠷᠡᠭᠲᠡᠢ᠂ ᠳᠤᠮᠳᠠᠳᠤᠴᠤᠳ ᠤᠨ ᠪᠤᠳᠠᠭᠠᠨ ᠠᠶᠠᠭ᠎ᠠ ᠳᠤ ᠭᠤᠣᠯᠳᠠᠭᠤ | ᠳᠤᠮᠳᠠᠳᠤ ᠤᠯᠤᠰ ᠤᠨ ᠠᠮᠤ ᠪᠤᠳᠠᠭ᠎ᠠ ᠶᠢ ᠠᠶᠠᠭᠠᠯᠠᠪᠠᠯ ᠵᠣᠬᠢᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠠᠶᠢᠲᠤᠷ ᠪᠦᠲᠦᠭᠡᠨ ᠪᠠᠶᠢᠭᠤᠯᠵᠤ᠂ ᠵᠣᠬᠢᠰᠲᠠᠢ | ᠭᠡᠪᠴᠢᠶᠡᠵᠢᠯᠳᠤ ᠡᠵᠡᠩᠨᠡᠯᠲᠡ ᠶᠢ ᠬᠡᠷᠡᠭᠵᠢᠭᠦᠯᠵᠦ᠂ ᠲᠦᠷᠦ ᠶᠢᠨ ᠪᠣᠳᠣᠯᠭ᠎ᠠ ᠶᠢᠨ ᠳᠡᠮᠵᠢᠯᠭᠡ ᠪᠠ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ | ᠰᠠᠶᠢᠨ ᠦᠷ᠎ᠡ᠂ ᠰᠠᠶᠢᠨ ᠠᠵᠠ ᠲᠣᠭᠢᠶᠠᠯ᠂ ᠰᠠᠶᠢᠨ ᠠᠷᠭ᠎ᠠ ᠶᠢ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ ᠨᠠᠷᠢᠯᠢᠭ ᠲᠠᠷᠢᠵᠤ ᠨᠢᠮᠪᠠᠢ ᠠᠷᠠᠴᠢᠯᠠᠬᠤ ᠳᠡᠭᠡᠷ᠎ᠡ ᠬᠦᠴᠦ | ᠲᠠᠯᠪᠢᠵᠤ᠂ ᠠᠮᠤ ᠪᠤᠳᠠᠭᠠᠨ ᠤ ᠲᠠᠯᠠᠪᠠᠢ ᠨᠢᠭᠡᠴᠢ ᠶᠢᠨ ᠤᠨᠠᠯᠲᠠ ᠪᠠ ᠶᠠᠰᠤ ᠴᠢᠨᠠᠷ ᠢ ᠴᠢᠨᠠᠭᠰᠢᠳᠠ ᠳᠡᠭᠡᠭᠰᠢᠯᠡᠭᠦᠯᠵᠦ᠂ ᠠᠮᠤ ᠪᠤᠳᠠᠭ᠎ᠠ ᠲᠠᠷᠢᠭᠠᠳ ᠴᠦ ᠪᠠᠶᠠᠵᠢᠵᠤ | ᠳᠡᠶᠢᠯᠭᠦ ᠪᠤᠯᠭᠠᠵᠤ᠂ ᠡᠭᠦᠨ ᠤ ᠤᠯᠠᠮ ᠢᠶᠠᠷ ᠨᠡᠩ ᠤᠯᠠᠨ ᠲᠠᠷᠢᠶᠠᠴᠢᠨ ᠡᠷᠦᠭᠡ ᠶᠢ ᠲᠠᠲᠠᠵᠤ ᠣᠳᠣᠬᠢᠴᠢᠯᠠᠭᠰᠠᠨ ᠬᠠᠮ ᠬᠥᠳᠡᠭᠡ ᠠᠵᠤ ᠠᠬᠤᠢ ᠶᠢ ᠬᠥᠭᠵᠢᠭᠦᠯᠬᠦ ᠳᠤ | ᠣᠷᠣᠯᠴᠠᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠬᠥᠳᠡᠭᠡ ᠠᠵᠤ ᠠᠬᠤᠢ ᠶᠢᠨ ᠣᠳᠣᠬᠢᠴᠢᠯᠠᠯᠲᠠ ᠶᠢᠨ ᠵᠠᠮ ᠢᠶᠠᠷ ᠯᠠᠪᠳᠠᠭᠤᠨ ᠪᠠᠲᠤᠲᠠᠢ ᠵᠠᠮᠨᠠᠬᠤ ᠬᠡᠷᠡᠭᠲᠡᠢ | ᠭᠡᠵᠦ ᠴᠢᠬᠤᠯᠠᠴᠢᠯᠠᠪᠠ᠃ | ᠳᠠᠷᠠᠭ᠎ᠠ ᠨᠢ ᠰᠢ ᠶᠢᠨ ᠫᠢᠩ ᠠᠮᠤ ᠪᠤᠳᠠᠭ᠎ᠠ ᠶᠢᠨ ᠲᠣᠮᠣ ᠲᠠᠷᠢᠶᠠᠴᠢᠨ ᠡᠷᠦᠭᠡ ᠳ᠋ᠠᠢ ᠬᠤᠩ ᠤᠨ ᠬᠢᠨ ᠳᠤ ᠬᠦᠷᠴᠦ᠂ ᠲᠠᠷᠢᠶᠠᠯᠠᠩ ᠤᠨ ᠮᠠᠰᠢᠨ ᠪᠠᠭᠠᠵᠢ ᠪᠣᠯᠣᠨ | ᠬᠠᠪᠤᠷ ᠤᠨ ᠲᠠᠷᠢᠶᠠᠯᠠᠭ᠎ᠠ ᠶᠢᠨ ᠡᠳ᠋ ᠪᠣᠳᠠᠰ ᠤᠨ ᠪᠡᠯᠡᠳᠬᠡᠯ ᠢ ᠪᠠᠶᠢᠴᠠᠭᠠᠨ ᠦᠵᠡᠭᠰᠡᠨ ᠪᠥᠭᠡᠳ ᠲᠣᠰᠬᠤᠨ ᠤ ᠨᠠᠮ ᠤᠨ ᠭᠡᠰᠢᠭᠦᠨ ᠪᠠ ᠣᠯᠠᠨ ᠲᠦᠮᠡᠨ ᠤ | ᠦᠢᠯᠡᠴᠢᠯᠡᠭᠡᠨ ᠤ ᠲᠥᠪ ᠲᠤ ᠬᠦᠷᠴᠦ ᠲᠤᠬᠠᠢ ᠶᠢᠨ ᠭᠠᠵᠠᠷ ᠤᠨ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ | ᠦᠷ᠎ᠡ ᠪᠦᠲᠦᠮᠵᠢ ᠶᠢ ᠳᠡᠭᠡᠭᠰᠢᠯᠡᠭᠦᠯᠦᠭᠰᠡᠨ ᠵᠡᠷᠭᠡ ᠪᠠᠶᠢᠳᠠᠯ ᠢ ᠣᠶᠢᠯᠠᠭᠠᠪᠠ᠃ ᠲᠡᠷᠡ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠠᠰᠠᠭᠤᠳᠠᠯ ᠢ ᠡᠷᠡᠰ ᠴᠡᠭᠴᠡᠯᠡᠨ | ᠵᠠᠰᠠᠵᠤ᠂ ᠴᠡᠷᠢᠭ ᠢ ᠰᠢᠯᠢᠳᠡᠭᠵᠢᠭᠦᠯᠦᠨ ᠵᠠᠰᠠᠭ ᠢ ᠴᠣᠮᠬᠠᠳᠬᠠᠵᠤ᠂ ᠡᠨᠡ ᠬᠦ ᠠᠵᠢᠯ ᠢ ᠴᠥᠬᠦᠷᠡᠰᠢ ᠦᠭᠡᠢ ᠰᠠᠶᠢᠲᠤᠷ ᠠᠳᠬᠤᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃ | ᠲᠡᠷᠡ᠂ ᠦᠨᠳᠦᠰᠦᠨ ᠱᠠᠲᠤᠨ ᠤ ᠺᠠᠳ᠋ᠷᠴᠤᠳ ᠢ ᠠᠵᠤ ᠦᠢᠯᠡᠰ ᠤᠨ ᠬᠥᠭᠵᠢᠯᠲᠡ ᠪᠣᠯᠣᠨ ᠬᠥᠳᠡᠭᠡ ᠲᠣᠰᠬᠤᠨ ᠤ ᠵᠠᠰᠠᠯᠲᠠ ᠶᠢᠨ ᠲᠠᠯ᠎ᠠ ᠪᠠᠷ ᠤᠯᠠᠨ ᠤ ᠤᠬᠠᠭᠠᠨ | ᠬᠠᠮᠲᠤ ᠶᠢᠨ ᠬᠦᠴᠦᠨ ᠳᠤ ᠲᠦᠰᠢᠭᠯᠡᠨ᠂ ᠲᠠᠷᠢᠶᠠᠴᠢᠨ ᠤᠯᠠᠨ ᠲᠦᠮᠡᠨ ᠳᠤ ᠮᠡᠳᠡᠷᠡᠭᠳᠡᠭᠰᠡᠨ ᠪᠣᠳᠠᠲᠠᠢ ᠠᠮᠵᠢᠯᠲᠠ ᠶᠢ ᠲᠠᠰᠤᠷᠠᠯᠲᠠ ᠦᠭᠡᠢ ᠭᠠᠷᠭᠠᠭᠠᠷᠠᠢ ᠭᠡᠵᠦ | ᠵᠣᠷᠢᠭᠵᠢᠭᠤᠯᠪᠠ᠃ | ᠠᠶᠠᠷᠯᠠᠬᠤ ᠦᠶ᠎ᠡ ᠳᠤ᠂ ᠲᠣᠰᠬᠤᠨ ᠤ ᠠᠷᠠᠳ ᠬᠤᠶᠢᠨ᠎ᠠ ᠬᠤᠶᠢᠨ᠎ᠠ ᠠᠴᠠ ᠪᠠᠨ ᠬᠦᠷᠢᠶᠡᠯᠡᠨ ᠢᠷᠡᠵᠤ ᠶᠡᠷᠦᠩᠬᠡᠢ ᠱᠦᠵᠢ ᠶᠢ ᠦᠳᠡᠨ ᠮᠣᠷᠳᠠᠭᠤᠯᠪᠠ᠃ ᠰᠢ ᠶᠢᠨ | ᠫᠢᠩ ᠭᠦᠨ ᠰᠡᠳᠬᠢᠯᠭᠡ ᠲᠠᠢ ᠪᠠᠷ ᠤᠯᠠᠨ ᠳᠤ᠂ ᠨᠠᠮ ᠤᠨ ᠲᠥᠪ ᠬᠤᠷᠢᠶ᠎ᠠ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠂ ᠯᠠᠪᠲᠠᠢ ᠦᠨᠡᠨ ᠬᠦ ᠬᠦᠴᠦᠲᠡᠢ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠠᠪᠴᠤ᠂ ᠤᠯᠠᠨ ᠲᠦᠮᠡᠨ ᠤ ᠠᠩᠬᠠᠷᠴᠤ ᠪᠠᠶᠢᠭ᠎ᠠ | ᠠᠰᠠᠭᠤᠳᠠᠯ ᠪᠠ ᠬᠡᠷᠡᠭᠴᠡᠭᠡ ᠱᠠᠭᠠᠷᠳᠠᠯᠭ᠎ᠠ ᠳᠤ ᠬᠠᠷᠢᠭᠤᠯᠲᠠ ᠥᠭᠴᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠶᠢᠨ ᠰᠠᠶᠢᠬᠠᠨ ᠵᠢᠷᠤᠭ ᠲᠥᠰᠥᠪ ᠢ | ᠪᠣᠳᠠᠲᠤ ᠠᠬᠤᠢ ᠪᠣᠯᠭᠠᠨ ᠬᠤᠪᠢᠷᠠᠭᠤᠯᠤᠨ᠎ᠠ ᠭᠡᠵᠦ ᠬᠡᠯᠡᠪᠡ᠃ ᠠᠯᠠᠭ᠎ᠠ ᠲᠡᠰᠢᠯᠲᠡ ᠶᠢᠨ ᠲᠠᠭᠤᠨ ᠲᠣᠰᠬᠤᠨ ᠳᠤ ᠤᠳᠠᠲᠠᠯ᠎ᠠ ᠴᠤᠤᠷᠢᠶᠠᠲᠤᠪᠠ᠃ | 21 ᠤ ᠦᠳᠡ ᠶᠢᠨ ᠡᠮᠦᠨ᠎ᠡ᠂ ᠰᠢ ᠶᠢᠨ ᠫᠢᠩ ᠬᠤᠨᠠᠨ ᠮᠤᠵᠢ ᠶᠢᠨ ᠨᠠᠮ ᠤᠨ ᠬᠤᠷᠢᠶ᠎ᠠ ᠪᠣᠯᠣᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ᠬᠤᠨᠠᠨ ᠤ ᠡᠯ᠎ᠡ ᠵᠦᠢᠯ ᠤᠨ ᠠᠵᠢᠯ ᠳᠤ ᠣᠯᠣᠭᠰᠠᠨ ᠠᠮᠵᠢᠯᠲᠠ ᠶᠢ ᠨᠤᠲᠠᠯᠠᠪᠠ᠃ | ᠰᠢ ᠶᠢᠨ ᠫᠢᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠣᠯ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ | ᠬᠥᠭᠵᠢᠭᠦᠯᠬᠦ ᠭᠤᠣᠯ ᠡᠯᠧᠮᠧᠨ᠋ᠲ ᠮᠥᠨ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠰᠢᠨ᠎ᠡ ᠶᠢ ᠡᠭᠦᠳᠬᠦ ᠶᠢ | ᠬᠥᠲᠥᠯᠥᠨ ᠳᠠᠭᠠᠭᠤᠯᠬᠤ ᠲᠠᠯ᠎ᠠ ᠪᠠᠷ ᠨᠡᠩ ᠶᠡᠭᠡ ᠬᠦᠴᠦ ᠣᠷᠣᠭᠤᠯᠵᠤ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠦᠴᠦᠨ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠲᠡᠷᠢᠭᠦᠨ ᠤ ᠰᠤᠳᠤᠯᠤᠨ ᠨᠡᠭᠡᠭᠡᠬᠦ ᠪᠠᠶᠢᠭᠤᠯᠤᠮᠵᠢ ᠶᠢ | ᠢᠳᠡᠪᠬᠢᠲᠡᠢ ᠣᠷᠣᠭᠤᠯᠤᠨ ᠠᠪᠴᠢᠷᠠᠵᠤ᠂ ᠵᠠᠩᠭᠢᠯᠠᠭ᠎ᠠ ᠶᠢᠨ ᠬᠦᠷᠢᠶᠡᠨ ᠤ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃ ᠠᠵᠤ | ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ᠂ ᠰᠢᠨ᠎ᠡ ᠶᠢ ᠡᠭᠦᠳᠬᠦ | ᠬᠡᠯᠬᠢᠶ᠎ᠡ ᠪᠡᠯᠡ ᠮᠥᠩᠭᠦᠨ ᠤ ᠬᠡᠯᠬᠢᠶ᠎ᠡ ᠴᠢᠳᠠᠪᠤᠷᠢᠲᠠᠨ ᠤ ᠬᠡᠯᠬᠢᠶ᠎ᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠦᠷ᠎ᠡ ᠪᠦᠲᠦᠭᠡᠯ ᠢ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠲᠦᠷᠭᠡᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃ ᠳᠠᠪᠠᠭᠤᠯᠢᠭ ᠠᠵᠤ ᠦᠢᠯᠡᠰ ᠲᠤ | ᠠᠩᠬᠠᠷᠤᠯ ᠢᠶᠠᠨ ᠲᠥᠪᠯᠡᠷᠡᠭᠦᠯᠵᠦ᠂ ᠠᠵᠤ ᠦᠢᠯᠡᠰ ᠤᠨ ᠰᠠᠭᠤᠷᠢ ᠶᠢ ᠲᠠᠭᠢᠨ ᠴᠣᠭᠴᠠᠯᠠᠬᠤ ᠪᠠ ᠴᠢᠬᠤᠯᠠ ᠶᠡᠭᠡ ᠮᠡᠷᠭᠡᠵᠢᠯ ᠲᠣᠨᠣᠭᠯᠠᠯ ᠤᠨ ᠪᠣᠭᠤᠮᠲᠠ ᠰᠢᠪᠲᠤᠯᠬᠤ ᠶᠢ | ᠴᠢᠩᠭᠠᠳᠬᠠᠵᠤ᠂ ᠲᠡᠷᠢᠭᠦᠨ ᠤ ᠦᠢᠯᠡᠳᠬᠦ ᠦᠢᠯᠡᠰ ᠢ ᠦᠷᠭᠦᠯᠵᠢᠯᠡᠨ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠠᠵᠤ ᠦᠢᠯᠡᠰ ᠢ ᠳᠡᠭᠡᠳᠦ ᠲᠡᠰᠵᠢᠭᠦᠯᠭᠦ᠂ | ᠣᠶᠤᠨᠴᠢᠯᠠᠬᠤ᠂ ᠪᠣᠬᠢᠷᠳᠤᠯ ᠦᠭᠡᠶᠢᠵᠢᠭᠦᠯᠭᠦ ᠬᠥᠭᠵᠢᠯᠲᠡ ᠶᠢ ᠠᠬᠢᠭᠤᠯᠵᠤ᠂ ᠤᠯᠤᠰ ᠤᠨ ᠲᠡᠰ ᠤᠨ ᠠᠵᠤ ᠦᠢᠯᠡᠰ ᠤᠨ ᠪᠦᠯᠦᠭᠵᠢᠯ ᠢ ᠴᠣᠭᠴᠠᠯᠠᠬᠤ ᠬᠡᠷᠡᠭᠲᠡᠢ ᠭᠡᠵᠦ | ᠵᠢᠭᠠᠵᠤ ᠭᠠᠷᠭᠠᠪᠠ᠃ | ᠰᠢ ᠶᠢᠨ ᠫᠢᠩ᠂ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠳᠤᠪᠤᠶᠢᠯᠭᠠᠵᠤ᠂ | ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠰᠠᠭᠠᠳ ᠲᠦᠭᠵᠢᠷᠡᠯ ᠤᠨ ᠠᠰᠠᠭᠤᠳᠠᠯ᠂ ᠬᠥᠭᠵᠢᠯᠲᠡ ᠶᠢᠨ | ᠣᠷᠴᠢᠨ ᠪᠠ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠡᠪᠡᠷᠰᠢᠶᠡᠯ ᠬᠦᠴᠢᠷᠳᠡᠯ ᠤᠨ ᠠᠰᠠᠭᠤᠳᠠᠯ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠠᠴᠠ | ᠲᠡᠷᠰᠯᠡᠭᠰᠡᠨ ᠭᠤᠣᠯᠳᠠᠯᠭ᠎ᠠ ᠬᠠᠯᠠᠮᠰᠢᠯ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ | ᠠᠷᠢᠯᠭᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠲᠠᠰᠤᠷᠠᠯᠲᠠ ᠦᠭᠡᠢ ᠬᠥᠳᠡᠯᠭᠡᠬᠦ ᠬᠦᠴᠦᠨ᠂ ᠠᠮᠢᠵᠢᠷᠠᠯ ᠤᠨ ᠬᠦᠴᠦᠨ ᠨᠡᠮᠡᠷᠢᠯᠡᠬᠦ ᠬᠡᠷᠡᠭᠲᠡᠢ᠃ ᠬᠤᠨᠠᠨ ᠤ | ᠬᠢᠨ ᠥᠭᠡᠷᠡᠴᠢᠯᠡᠯᠲᠡ ᠶᠢ ᠰᠢᠰᠲ᠋ᠧᠮ ᠲᠠᠢ ᠨᠡᠶᠢᠳᠬᠡᠬᠦ ᠶᠢ ᠴᠢᠩᠭᠠᠳᠬᠠᠵᠤ᠂ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ | ᠪᠠᠶᠢᠭᠤᠯᠤᠯᠲᠠ ᠳᠤ ᠨᠡᠩ ᠰᠠᠶᠢᠨ ᠣᠷᠣᠯᠴᠠᠵᠤ᠂ ᠳᠤᠮᠳᠠ ᠣᠷᠣᠨ ᠤ ᠬᠥᠭᠵᠢᠯ ᠮᠠᠨᠳᠤᠯ ᠪᠣᠯᠣᠨ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ ᠶᠢᠨ | ᠪᠠᠶᠢᠯᠳᠤᠬᠤ ᠪᠣᠳᠣᠯᠭ᠎ᠠ ᠳᠤ ᠪᠦᠭᠦ ᠲᠠᠯ᠎ᠠ ᠪᠠᠷ ᠠᠭᠤᠰᠤᠯᠴᠠᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠳᠤ ᠭᠦᠨᠵᠡᠭᠡᠢ ᠠᠭᠤᠰᠤᠯᠴᠠᠵᠤ᠂ | ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠵᠦ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠥᠨᠳᠥᠷ ᠪᠠᠷᠢᠮᠵᠢᠶ᠎ᠠ ᠪᠠᠷ | ᠰᠠᠶᠢᠲᠤᠷ ᠪᠦᠲᠦᠭᠡᠨ ᠪᠠᠶᠢᠭᠤᠯᠵᠤ᠂ ᠳᠤᠮᠳᠠᠳᠤ ᠠᠹᠷᠢᠺᠠ ᠶᠢᠨ ᠠᠵᠤ ᠠᠬᠤᠢ ᠠᠷᠠᠯᠵᠢᠶᠠᠨ ᠤ ᠭᠦᠨᠵᠡᠭᠡᠢ ᠬᠠᠮᠲᠤᠷᠠᠯᠴᠠᠭᠠᠨ ᠤ ᠤᠷᠢᠳ ᠢᠶᠠᠷ ᠬᠡᠷᠡᠭᠵᠢᠭᠦᠯᠬᠦ ᠣᠷᠣᠨ ᠢ | ᠬᠦᠴᠦᠯᠡᠨ ᠪᠦᠲᠦᠭᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃ | ᠰᠢ ᠶᠢᠨ ᠫᠢᠩ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠣᠯ ᠰᠢᠨ᠎ᠡ ᠴᠠᠭ ᠦᠶ᠎ᠡ ᠰᠢᠨ᠎ᠡ ᠠᠶᠠᠨ ᠳᠠᠬᠢ | ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠶᠡᠷᠦᠩᠬᠡᠢ ᠭᠠᠷᠳᠠᠴᠠ ᠮᠥᠨ᠃ ᠬᠤᠨᠠᠨ ᠤᠯᠤᠰ ᠤᠨ ᠠᠮᠤ ᠪᠤᠳᠠᠭᠠᠨ ᠤ ᠠᠮᠤᠷ | ᠲᠦᠪᠰᠢᠨ ᠢ ᠬᠠᠮᠠᠭᠠᠯᠠᠬᠤ ᠬᠦᠨᠳᠦ ᠡᠭᠦᠷᠭᠡ ᠶᠢ ᠡᠭᠦᠷᠭᠡᠯᠡᠵᠦ᠂ ᠦᠷ᠎ᠡ ᠪᠣᠯᠣᠨ ᠲᠠᠷᠢᠶᠠᠨ ᠭᠠᠵᠠᠷ ᠭᠡᠬᠦ ᠬᠤᠶᠠᠷ ᠠᠮᠢᠨ ᠭᠠᠵᠠᠷ ᠢ ᠠᠳᠬᠤᠵᠤ᠂ ᠦᠷ᠎ᠡ ᠶᠢᠨ ᠦᠢᠯᠡᠰ᠂ | ᠲᠠᠷᠢᠶᠠᠯᠠᠩ ᠤᠨ ᠮᠠᠰᠢᠨ ᠤ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠤᠯᠲᠠ ᠶᠢ ᠲᠦᠷᠭᠡᠳᠬᠡᠬᠦ ᠬᠡᠷᠡᠭᠲᠡᠢ᠃ ᠬᠠᠮ ᠬᠥᠳᠡᠭᠡ ᠠᠵᠤ ᠠᠬᠤᠢ ᠶᠢᠨ | ᠦᠵᠡᠯᠲᠡ᠂ ᠬᠠᠮ ᠢᠳᠡᠭᠡᠨ ᠤ ᠦᠵᠡᠯᠲᠡ ᠶᠢ ᠪᠠᠷᠢᠮᠲᠠᠯᠠᠵᠤ᠂ ᠣᠨᠴᠠᠯᠢᠭᠲᠤ ᠲᠠᠷᠢᠶᠠᠯᠠᠩ ᠪᠠ ᠲᠠᠷᠢᠶᠠᠯᠠᠩ ᠤᠨ ᠪᠦᠲᠦᠭᠡᠭᠳᠡᠬᠦᠨ ᠢ ᠪᠤᠯᠪᠠᠰᠤᠷᠠᠭᠤᠯᠬᠤ ᠦᠢᠯᠡᠰ ᠢ | ᠢᠳᠡᠪᠬᠢᠲᠡᠢ ᠬᠥᠭᠵᠢᠭᠦᠯᠵᠦ᠂ ᠲᠠᠷᠢᠶᠠᠯᠠᠩ ᠤᠨ ᠠᠵᠤ ᠦᠢᠯᠡᠰᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ᠬᠤᠲᠠ ᠬᠥᠳᠡᠭᠡ ᠶᠢᠨ ᠠᠭᠤᠰᠤᠯᠴᠠᠨ | ᠬᠥᠭᠵᠢᠬᠦ ᠶᠢ ᠭᠦᠨᠵᠡᠭᠡᠢ ᠠᠬᠢᠭᠤᠯᠵᠤ᠂ ᠬᠤᠰᠢᠭᠤ ᠰᠢᠶᠠᠨ ᠤ ᠠᠵᠤ ᠠᠬᠤᠢ ᠶᠢ ᠪᠤᠵᠠᠭᠠᠶᠢᠷᠠᠭᠤᠯᠤᠨ᠂ ᠬᠤᠲᠠ ᠬᠥᠳᠡᠭᠡ ᠶᠢᠨ ᠬᠦᠴᠦᠨ ᠵᠦᠢᠯ ᠤᠨ ᠬᠤᠣᠰ | ᠴᠢᠭᠯᠡᠯ ᠢᠶᠠᠷ ᠰᠢᠯᠵᠢᠭᠦ ᠶᠢ ᠰᠢᠯᠤᠭᠤᠳᠬᠠᠵᠤ᠂ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠷᠢᠰᠢᠭᠤᠯᠤᠯᠲᠠ ᠶᠢ | ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ᠃ ᠬᠥᠳᠡᠭᠡ ᠲᠣᠰᠬᠤᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠦᠨᠡᠨ ᠬᠦ | ᠴᠢᠩᠭᠠᠳᠬᠠᠵᠤ᠂ ᠬᠡᠪ ᠵᠠᠩᠰᠢᠯ ᠢ ᠥᠭᠡᠷᠡᠴᠢᠯᠡᠬᠦ ᠶᠢ ᠶᠡᠭᠡ ᠪᠠᠷ ᠠᠬᠢᠭᠤᠯᠬᠤ ᠬᠡᠷᠡᠭᠲᠡᠢ᠃ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠭᠰᠠᠨ ᠥᠪᠡᠷᠲᠡᠭᠡᠨ | ᠵᠠᠰᠠᠬᠤ᠂ ᠬᠠᠤᠯᠢ ᠪᠠᠷ ᠵᠠᠰᠠᠬᠤ᠂ ᠮᠣᠷᠠᠯ ᠢᠶᠠᠷ ᠵᠠᠰᠠᠬᠤ ᠶᠢ ᠤᠶᠠᠯᠳᠤᠭᠤᠯᠤᠭᠰᠠᠨ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠢ ᠪᠦᠷᠢᠨᠰᠢᠭᠦᠯᠵᠦ᠂ ᠰᠢᠨ᠎ᠡ ᠴᠠᠭ | ᠦᠶ᠎ᠡ ᠶᠢᠨ ︽ᠹᠸᠡᠭᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠬᠦ ᠬᠡᠷᠡᠭᠲᠡᠢ᠃ ᠳᠠᠭᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠵᠦ ᠬᠠᠪᠰᠤᠷᠤᠨ | ᠲᠡᠳᠬᠦᠬᠦ ᠲᠣᠭᠲᠠᠴᠠ ᠶᠢ ᠨᠠᠶᠢᠳᠠᠪᠤᠷᠢᠵᠢᠭᠤᠯᠵᠤ᠂ ᠭᠡᠪᠴᠢᠶᠡᠵᠢᠲᠤ ᠴᠢᠨᠠᠷᠲᠠᠢ ᠳᠠᠭᠢᠨ ᠶᠠᠳᠠᠭᠤᠷᠠᠬᠤ ᠦᠭᠡᠢ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ | ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠬᠤᠨᠠᠨ ᠰᠣᠶᠣᠯ ᠤᠨ ᠰᠢᠨ᠎ᠡ ᠡᠭᠦᠷᠭᠡ ᠶᠢ ᠨᠡᠩ ᠰᠠᠶᠢᠲᠤᠷ ᠡᠭᠦᠷᠭᠡᠯᠡᠵᠦ᠂ ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠢ | ᠪᠠᠶᠢᠭᠤᠯᠬᠤ ᠳᠤᠮᠳᠠ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ ᠬᠠᠮᠠᠭᠠᠯᠠᠵᠤ᠂ ᠰᠠᠶᠢᠲᠤᠷ ᠬᠡᠷᠡᠭᠯᠡᠵᠦ᠂ | ᠬᠤᠪᠢᠰᠬᠠᠯᠲᠤ ᠤᠯᠠᠮᠵᠢᠯᠠᠯ ᠪᠣᠯᠣᠨ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠢ ᠴᠢᠩᠭᠠᠳᠬᠠᠵᠤ᠂ ᠥᠷᠭᠡᠨ ᠤᠯᠠᠨ ᠺᠠᠳ᠋ᠷ ᠤᠯᠠᠨ ᠲᠦᠮᠡᠨ ᠢ ᠬᠥᠲᠥᠯᠥᠨ | ᠳᠠᠭᠠᠭᠤᠯᠵᠤ ᠪᠠᠶᠢᠭᠠᠳ ᠰᠢᠯᠢᠳᠡᠭ ᠤᠯᠠᠮᠵᠢᠯᠠᠯ ᠢ ᠪᠠᠳᠠᠷᠠᠭᠤᠯᠵᠤ᠂ ᠬᠤᠪᠢᠰᠬᠠᠯᠲᠤ ᠤᠯᠠᠮᠵᠢᠯᠠᠯ ᠢ ᠦᠷᠭᠦᠯᠵᠢᠯᠡᠨ ᠵᠠᠯᠭᠠᠮᠵᠢᠯᠠᠵᠤ᠂ ᠨᠡᠶᠢᠭᠡᠮ ᠵᠢᠷᠤᠮ ᠤᠨ ᠭᠤᠣᠯᠯᠠᠭᠴᠢ | ᠦᠷᠳᠡᠭ ᠤᠨ ᠦᠵᠡᠯᠲᠡ ᠶᠢ ᠦᠢᠯᠡᠳᠦᠯᠭᠡᠵᠢᠭᠦᠯᠵᠦ᠂ ᠴᠠᠭ ᠦᠶ᠎ᠡ ᠶᠢᠨ ᠰᠢᠨ᠎ᠡ ᠬᠡᠪ ᠰᠤᠷᠲᠠᠯ ᠰᠢᠨ᠎ᠡ ᠳᠦᠷᠰᠦ ᠪᠠᠶᠢᠳᠠᠯ ᠢ ᠪᠤᠢ ᠪᠤᠯᠭᠠᠬᠤ ᠬᠡᠷᠡᠭᠲᠡᠢ᠃ ᠰᠣᠶᠣᠯ ᠪᠠ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠭᠤᠰᠤᠯᠴᠠᠯ ᠤᠨ ᠪᠦᠲᠦᠮᠵᠢᠲᠡᠢ ᠲᠣᠭᠲᠠᠴᠠ ᠶᠢ ᠬᠠᠶᠢᠨ ᠰᠦᠪᠡᠭᠴᠢᠯᠡᠵᠦ᠂ ᠰᠢᠨ᠎ᠡ ᠮᠠᠶ᠋ᠢᠭ ᠤᠨ ᠰᠣᠶᠣᠯ ᠤᠨ | ᠡᠵᠡᠩᠨᠡᠯᠲᠡ ᠶᠢᠨ ᠭᠡᠯᠪᠡᠷᠢ ᠪᠠᠶᠢᠳᠠᠯ ᠢ ᠲᠦᠷᠭᠡᠳᠬᠡᠨ ᠬᠥᠭᠵᠢᠭᠦᠯᠵᠦ᠂ ᠨᠡᠩ ᠤᠯᠠᠨ ᠰᠢᠨ᠎ᠡ ᠰᠣᠶᠣᠯ ᠤᠨ ᠠᠵᠤ ᠦᠢᠯᠡᠰ ᠤᠨ ᠨᠡᠮᠡᠭᠳᠡᠯ ᠤᠨ ᠴᠡᠭ ᠢ ᠪᠤᠢ ᠪᠤᠯᠭᠠᠬᠤ | ᠬᠡᠷᠡᠭᠲᠡᠢ᠃ ᠰᠣᠶᠣᠯ ᠪᠠ ᠵᠢᠭᠤᠯᠴᠢᠯᠠᠯ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠬᠤᠨᠠᠨ ᠤ ᠡᠬᠡ ᠭᠠᠵᠠᠷ ᠤᠨ ᠬᠥᠬᠡᠮᠳᠦᠭ ᠨᠣᠭᠤᠭᠠᠨ ᠠᠭᠤᠯᠠ ᠤᠰᠤ᠂ ᠴᠡᠯᠮᠡᠭ | ᠲᠡᠭᠷᠢ ᠴᠡᠪᠡᠷ ᠬᠥᠷᠥᠰᠥ ᠶᠢ ᠰᠠᠶᠢᠲᠤᠷ ᠰᠠᠬᠢᠨ ᠬᠠᠮᠠᠭᠠᠯᠠᠵᠤ᠂ ᠪᠠᠶᠢᠭᠠᠯᠢ ᠶᠢᠨ ᠥᠩᠭᠡ ᠦᠵᠡᠮᠵᠢ ᠪᠠ ᠰᠣᠶᠣᠯ ᠢᠷᠭᠡᠨᠰᠢᠯ ᠵᠠᠩ ᠵᠠᠩᠰᠢᠯ ᠢ ᠵᠢᠭᠤᠯᠴᠢᠯᠠᠯ ᠤᠨ | ᠦᠢᠯᠡᠰ ᠤᠨ ᠥᠨᠢᠳᠡ ᠶᠢᠨ ᠲᠠᠲᠠᠬᠤ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠡᠷᠬᠡᠪᠰᠢ | ᠨᠠᠮ ᠤᠨ ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠬᠤ ᠬᠡᠷᠡᠭᠲᠡᠢ᠃ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ | ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠵᠥᠪ ᠵᠠᠰᠠᠭ ᠤᠨ ᠠᠵᠢᠯ ᠤᠨ ᠪᠦᠲᠦᠮᠵᠢ ᠶᠢᠨ ᠦᠵᠡᠯᠲᠡ ᠶᠢ ᠪᠤᠢ ᠪᠣᠯᠭᠠᠨ | ᠦᠢᠯᠡᠳᠦᠯᠭᠡᠵᠢᠭᠦᠯᠵᠦ᠂ ᠬᠡᠯᠪᠡᠷᠢᠴᠢ ᠦᠵᠡᠯ ᠢ ᠴᠡᠭᠴᠡᠯᠡᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ | ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠵᠣᠬᠢᠶᠠᠨ ᠪᠠᠶᠢᠭᠤᠯᠤᠨ ᠥᠷᠨᠢᠭᠦᠯᠵᠦ᠂ ᠨᠠᠮ ᠤᠨ ᠭᠡᠰᠢᠭᠦᠨ ᠺᠠᠳ᠋ᠷᠴᠤᠳ ᠤᠨ | ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠲᠣᠳᠣᠷᠬᠠᠢ ᠮᠡᠳᠡᠬᠦ᠂ ᠰᠠᠬᠢᠯᠭ᠎ᠠ ᠪᠠᠲᠤ ᠶᠢ ᠰᠠᠬᠢᠬᠤ ᠶᠢ ᠬᠥᠲᠥᠯᠥᠨ | ᠵᠢᠯᠤᠭᠤᠳᠴᠤ᠂ ᠤᠳᠤᠷᠢᠳᠬᠤ ᠺᠠᠳ᠋ᠷᠴᠤᠳ ᠤᠨ ᠵᠥᠪ ᠡᠷᠬᠡ ᠶᠢᠨ ᠦᠵᠡᠯᠲᠡ ᠶᠢ ᠪᠤᠢ ᠪᠤᠯᠭᠠᠬᠤ᠂ ᠲᠥᠪ ᠭᠤᠣᠯᠴᠢ ᠪᠠᠷ ᠡᠷᠬᠡ ᠪᠠᠨ ᠬᠡᠷᠡᠭᠯᠡᠬᠦ᠂ ᠬᠠᠤᠯᠢ ᠶᠣᠰᠣᠭᠠᠷ | ᠡᠷᠬᠡ ᠪᠠᠨ ᠬᠡᠷᠡᠭᠯᠡᠬᠦ᠂ ᠠᠷᠠᠳ ᠤᠨ ᠲᠥᠯᠥᠭᠡ ᠡᠷᠬᠡ ᠪᠠᠨ ᠬᠡᠷᠡᠭᠯᠡᠬᠦ᠂ ᠠᠷᠢᠭᠤᠨ ᠴᠢᠬᠡᠴᠢ ᠪᠠᠷ ᠡᠷᠬᠡ ᠪᠠᠨ ᠬᠡᠷᠡᠭᠯᠡᠬᠦ ᠶᠢ ᠱᠠᠯᠠᠪᠳᠠᠭᠤᠯᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ | ᠡᠷᠭᠢᠯᠡᠭᠴᠢ ᠼᠠᠢ ᠴᠢ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃ | ᠯᠢ ᠭᠠᠨ ᠵᠢᠶᠧ᠂ ᠾᠧ ᠯᠢ ᠹᠧᠩ ᠵᠢᠴᠢ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ | ᠨᠥᠬᠦᠳ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃ | 3 ᠰᠠᠷ᠎ᠠ ᠶᠢᠨ 20 ᠤ ᠦᠳᠡ ᠶᠢᠨ ᠡᠮᠦᠨ᠎ᠡ᠂ ᠰᠢ ᠶᠢᠨ ᠫᠢᠩ ᠴᠠᠩᠱᠠ ᠳᠤ ᠰᠠᠭᠤᠭ᠎ᠠ ᠴᠡᠷᠢᠭ ᠠᠩᠭᠢ ᠶᠢᠨ ᠬᠤᠷᠠᠩᠳᠠ ᠠᠴᠠ ᠳᠡᠭᠡᠭᠰᠢᠬᠢ ᠤᠳᠤᠷᠢᠳᠬᠤ | ᠺᠠᠳ᠋ᠷᠴᠤᠳ ᠲᠠᠢ ᠳᠣᠲᠣᠨᠣ ᠪᠠᠷ ᠠᠭᠤᠯᠵᠠᠵᠤ᠂ ᠨᠠᠮ ᠤᠨ ᠲᠥᠪ ᠬᠤᠷᠢᠶ᠎ᠠ ᠪᠣᠯᠣᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢ ᠲᠥᠯᠥᠭᠡᠯᠡᠨ ᠴᠠᠩᠱᠠ ᠳᠤ | ᠰᠠᠭᠤᠭ᠎ᠠ ᠴᠡᠷᠢᠭ ᠠᠩᠭᠢ ᠶᠢᠨ ᠪᠦᠭᠦ ᠳᠠᠷᠤᠭ᠎ᠠ ᠪᠠᠶᠢᠯᠳᠤᠭᠴᠢᠳ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠦᠭᠰᠡᠨ ᠪᠥᠭᠡᠳ ᠤᠯᠠᠨ ᠲᠠᠢ ᠬᠠᠮᠲᠤ ᠭᠡᠷᠡᠯ | ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃ ᠵᠠᠩ ᠶᠢᠤ ᠰᠢᠶᠠ ᠪᠠᠷ᠎ᠠ ᠪᠣᠯᠵᠤ ᠠᠭᠤᠯᠵᠠᠵᠠᠢ᠃ | | | |