3 ᠳ᠋ᠤᠭᠠᠷ ᠰᠠᠷ᠎ᠠ ᠶᠢᠨ 22 ᠤᠨ ᠡᠳᠦᠷ᠂ ᠦᠴᠦᠸᠠᠨ ᠰᠢᠶᠠᠨ ᠤ ᠤᠰᠤᠨ ᠤ ᠶᠠᠪᠤᠳᠠᠯ ᠤᠨ ᠲᠣᠪᠴᠢᠶ᠎ᠠ ︽ᠳᠡᠯᠡᠬᠡᠢ ᠶᠢᠨ ᠤᠰᠤᠨ ᠤ ᠡᠳᠦᠷ︾ ︽ | ᠳᠤᠮᠳᠠᠳᠤ ᠤᠯᠤᠰ ᠤᠨ ᠤᠰᠤᠨ ᠤ ᠭᠠᠷᠠᠭ︾ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠲᠣᠰ ᠤᠳᠠᠭᠠᠨ ᠤ ᠠᠵᠢᠯᠯᠠᠭ᠎ᠠ ᠶᠢᠨ ᠵᠣᠷᠢᠯᠭ᠎ᠠ ᠨᠢ ᠣᠯᠠᠨ | ᠨᠡᠶᠢᠲᠡ ᠶᠢᠨ ᠤᠰᠤᠨ ᠤ ᠡᠬᠢ ᠪᠠᠶᠠᠯᠢᠭ ᠤᠨ ᠴᠢᠬᠤᠯᠠ ᠴᠢᠨᠠᠷ ᠤᠨ ᠲᠤᠬᠠᠢ ᠠᠩᠬᠠᠷᠤᠯ ᠢ ᠲᠠᠲᠠᠵᠤ᠂ ᠬᠥᠮᠥᠨ ᠨᠢᠭᠡᠪᠦᠷᠢ ᠴᠥᠮ ᠥᠪᠡᠷ ᠤᠨ ᠪᠡᠶ᠎ᠡ ᠠᠴᠠ ᠪᠠᠨ | ᠡᠬᠢᠯᠡᠨ ᠬᠢᠵᠦ᠂ ᠤᠰᠤᠨ ᠤ ᠡᠬᠢ ᠪᠠᠶᠠᠯᠢᠭ ᠢ ᠬᠠᠮᠲᠤ ᠪᠠᠷ ᠬᠠᠮᠠᠭᠠᠯᠠᠵᠤ᠂ ᠳᠡᠯᠡᠬᠡᠢ ᠶᠢᠨ ᠪᠥᠮᠪᠥᠷᠴᠡᠭ ᠭᠡᠷ ᠣᠷᠣᠨ ᠢᠶᠠᠨ ᠬᠠᠮᠠᠭᠠᠯᠠᠬᠤ ᠶᠢ ᠤᠷᠢᠶᠠᠯᠠᠬᠤ ᠶᠢᠨ | ᠲᠥᠯᠥᠭᠡ ᠶᠤᠮ᠃ | ᠠᠵᠢᠯᠯᠠᠭ᠎ᠠ ᠳᠤᠮᠳᠠ᠂ ᠠᠵᠢᠯᠲᠠᠳ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠤᠬᠠᠢ ᠶᠢᠨ ᠲᠠᠯᠠᠪᠤᠷ ᠲᠤ ᠲᠠᠶᠢᠯᠤᠮᠵᠢ ᠬᠢᠬᠦ᠂ ᠬᠥᠨᠳᠡᠯᠡᠨ | ᠪᠢᠴᠢᠭᠡᠰᠦ ᠡᠯᠭᠦᠬᠦ ᠪᠠ ᠳᠡᠯᠭᠡᠨ ᠦᠵᠡᠭᠦᠯᠬᠦ ᠰᠠᠮᠪᠠᠷ᠎ᠠ ᠲᠠᠯᠪᠢᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠰᠠᠭᠤᠭᠠᠯᠢ ᠠᠷᠠᠳ ᠲᠤ ᠤᠰᠤ ᠠᠷᠪᠢᠯᠠᠬᠤ ᠮᠡᠳᠡᠯᠭᠡ | ᠪᠠ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠲᠦᠭᠡᠮᠡᠯᠵᠢᠭᠦᠯᠵᠦ᠂ ᠤᠰᠤᠨ ᠤ ᠡᠬᠢ ᠪᠠᠶᠠᠯᠢᠭ ᠤᠨ ᠣᠳᠣᠬᠢ ᠪᠠᠶᠢᠳᠠᠯ᠂ ᠤᠰᠤ ᠶᠢ ᠠᠷᠪᠢᠯᠠᠵᠤ | ᠬᠡᠷᠡᠭᠯᠡᠬᠦ ᠶᠢᠨ ᠠᠴᠢ ᠬᠤᠯᠪᠣᠭᠳᠠᠯ ᠪᠠ ᠤᠰᠤᠨ ᠤ ᠡᠬᠢ ᠪᠠᠶᠠᠯᠢᠭ ᠢ ᠬᠠᠮᠠᠭᠠᠯᠠᠬᠤ ᠪᠦᠲᠦᠮᠵᠢᠲᠡᠶ ᠠᠷᠭ᠎ᠠ ᠬᠡᠮᠵᠢᠶ᠎ᠡ ᠵᠡᠷᠭᠡ ᠶᠢ ᠤᠬᠠᠭᠤᠯᠤᠨ ᠲᠠᠶᠢᠯᠪᠤᠷᠢᠯᠠᠵᠤ᠂ | ᠰᠠᠭᠤᠭᠠᠯᠢ ᠠᠷᠠᠳ ᠤᠨ ᠤᠰᠤ ᠶᠢ ᠠᠷᠪᠢᠯᠠᠵᠤ ᠬᠡᠷᠡᠭᠯᠡᠬᠦ ᠰᠠᠶᠢᠨ ᠰᠠᠶᠢᠬᠠᠨ ᠳᠠᠳᠬᠠᠯ ᠲᠠᠢ ᠪᠣᠯᠬᠤ ᠶᠢ ᠰᠠᠨᠠᠭᠠᠴᠢᠯᠠᠵᠤ᠂ ᠤᠰᠤᠨ ᠤ ᠡᠬᠢ ᠪᠠᠶᠠᠯᠢᠭ ᠤᠨ | ᠬᠠᠮᠠᠭᠠᠯᠠᠯᠲᠠ ᠶᠢ ᠴᠢᠩᠭᠠᠳᠬᠠᠪᠠ᠃ | ᠲᠤᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠪᠦᠬᠦ ᠰᠢᠶᠠᠨ ᠤ ᠳᠡᠭᠡᠳᠦ ᠳᠣᠣᠷᠠᠳᠤ ᠱᠠᠲᠤ ᠶᠢ ᠬᠥᠲᠥᠯᠥᠨ ᠵᠢᠯᠤᠭᠤᠳᠴᠤ ᠪᠠᠶᠢᠭᠠᠳ ᠬᠠᠤᠯᠢ | ᠶᠣᠰᠣᠭᠠᠷ ᠤᠰᠤ ᠶᠢ ᠵᠠᠰᠠᠬᠤ᠂ ᠤᠰᠤ ᠶᠢ ᠴᠢᠩᠭ᠎ᠠ ᠬᠠᠮᠢᠶᠠᠷᠬᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠤᠰᠤ ᠶᠢ ᠬᠥᠭᠵᠢᠭᠦᠯᠬᠦ᠂ ᠤᠰᠤ ᠶᠢ ᠵᠣᠬᠢᠰᠲᠠᠢ | ᠬᠡᠷᠡᠭᠯᠡᠬᠦ ᠰᠠᠶᠢᠨ ᠰᠠᠶᠢᠬᠠᠨ ᠬᠡᠪ ᠰᠤᠷᠲᠠᠯ ᠢ ᠪᠤᠶ ᠪᠣᠯᠭᠠᠵᠤ᠂ ᠰᠠᠭᠤᠭᠠᠯᠢ ᠠᠷᠠᠳ ᠲᠤ ᠤᠰᠤ ᠶᠢ ᠠᠷᠪᠢᠯᠠᠬᠤ᠂ ᠤᠰᠤ ᠶᠢ ᠬᠠᠶᠢᠷᠠᠯᠠᠬᠤ᠂ ᠤᠰᠤ ᠶᠢ ᠬᠠᠮᠠᠭᠠᠯᠠᠬᠤ | ᠤᠬᠠᠮᠰᠠᠷ ᠢ ᠲᠠᠰᠤᠷᠠᠯᠲᠠ ᠦᠭᠡᠢ ᠨᠡᠮᠡᠭᠳᠡᠭᠦᠯᠵᠦ᠂ ᠤᠯᠠᠨ ᠲᠦᠮᠡᠨ ᠤ ᠤᠰᠤᠨ ᠤ ᠡᠬᠢ ᠪᠠᠶᠠᠯᠢᠭ ᠢ ᠬᠠᠮᠲᠤᠪᠠᠷ ᠠᠩᠬᠠᠷᠬᠤ ᠶᠢ ᠠᠬᠢᠭᠤᠯᠵᠤ᠂ ᠪᠦᠬᠦ | ᠨᠡᠶᠢᠭᠡᠮ ᠤᠨ ᠤᠰᠤ ᠠᠷᠪᠢᠯᠠᠬᠤ ᠰᠢᠨ᠎ᠡ ᠬᠡᠪ ᠰᠤᠷᠲᠠᠯ ᠢ ᠪᠤᠢ ᠪᠣᠯᠭᠠᠵᠤ᠂ ᠤᠯᠠᠨ ᠲᠦᠮᠡᠨ ᠳᠤ ᠤᠰᠤᠨ ᠤ ᠡᠬᠢ ᠪᠠᠶᠠᠯᠢᠭ ᠤᠨ ᠴᠢᠬᠤᠯᠠ ᠴᠢᠨᠠᠷ ᠢ ᠳᠠᠬᠢᠨ | ᠲᠠᠨᠢᠭᠤᠯᠵᠤ᠂ ᠨᠡᠩ ᠤᠯᠠᠨ ᠬᠥᠮᠥᠨ ᠢ ᠥᠪᠡᠷ ᠤᠨ ᠪᠡᠶ᠎ᠡ ᠠᠴᠠ ᠪᠠᠨ ᠡᠬᠢᠯᠡᠨ ᠤᠰᠤ ᠶᠢ ᠠᠷᠪᠢᠯᠠᠨ ᠬᠡᠷᠡᠭᠯᠡᠵᠦ᠂ ᠳᠡᠯᠡᠬᠡᠢ ᠶᠢᠨ ᠪᠥᠮᠪᠥᠷᠴᠡᠭ ᠣᠷᠴᠢᠨ | ᠲᠣᠭᠤᠷᠢᠨ ᠢ ᠬᠠᠶᠢᠷᠠᠯᠠᠨ ᠬᠠᠮᠠᠭᠠᠯᠠᠬᠤ ᠪᠣᠯᠭᠠᠪᠠ᠃ |