ᠪᠥᠬᠦ ᠬᠤᠲᠠ ᠶᠢᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠶᠠᠪᠤᠭᠳᠠᠪᠠ
ᠨᠡᠶᠢᠲᠡᠯᠡᠭᠰᠡᠨ ᠴᠠᠭ᠄
2024/3/26
      ︵ᠰᠤᠷᠪᠤᠯᠵᠢᠯᠠᠭᠴᠢ ᠯᠢᠦ ᠯᠢ ᠰᠢᠶᠠ︶ 3 ᠳ᠋ᠤᠭᠠᠷ ᠰᠠᠷ᠎ᠠ ᠶᠢᠨ 23 ᠤ ᠡᠳᠦᠷ᠂ ᠪᠥᠬᠦ ᠬᠤᠲᠠ ᠶᠢᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠶᠠᠪᠤᠭᠳᠠᠵᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠤᠬᠠᠭᠤᠯᠭ᠎ᠠ ᠶᠢᠨ ᠲᠠᠭᠤ ᠰᠢᠩᠭᠡᠭᠡᠯᠲᠡ ᠶᠢ ᠨᠡᠪᠲᠡᠷᠡᠭᠦᠯᠬᠦ᠂ ᠭᠠᠯ ᠰᠡᠷᠭᠡᠶᠢᠯᠡᠬᠦ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ᠂ ᠭᠠᠯ ᠤᠨ ᠭᠠᠮᠰᠢᠭ ᠢ ᠰᠡᠷᠭᠡᠶᠢᠯᠡᠨ ᠤᠨᠲᠠᠷᠠᠭᠠᠬᠤ ᠪᠠ ᠠᠶᠤᠯ ᠠᠴᠠ ᠪᠠᠴᠢᠮ ᠵᠠᠶᠢᠯᠠᠬᠤ ᠮᠡᠳᠡᠯᠭᠡ᠂ ᠭᠠᠯ ᠤᠨ ᠭᠠᠮᠰᠢᠭ ᠤᠨ ᠨᠡᠶᠢᠲᠡᠯᠢᠭ ᠵᠢᠱᠢᠶ᠎ᠡ᠂ ᠭᠠᠯ ᠤᠨᠲᠠᠷᠠᠭᠠᠬᠤ ᠮᠠᠰᠢᠨ ᠪᠠᠭᠠᠵᠢ ᠲᠣᠨᠣᠭᠯᠠᠯ ᠤᠨ ᠴᠢᠳᠠᠮᠵᠢ ᠶᠢ ᠦᠵᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠥᠷᠭᠡᠨ ᠣᠯᠠᠨ ᠲᠦᠮᠡᠨ ᠤ ᠬᠠᠤᠯᠢᠵᠢᠯ ᠤᠨ ᠦᠵᠡᠯᠲᠡ ᠪᠠ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠵᠦ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠪᠥᠬᠦ ᠠᠷᠠᠳ ᠤᠨ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠪᠡ᠃      3 ᠳ᠋ᠤᠭᠠᠷ ᠰᠠᠷ᠎ᠠ ᠶᠢᠨ ᠰᠡᠭᠦᠯᠴᠢ ᠠᠴᠠ ᠨᠠᠭᠠᠰᠢ᠂ ᠪᠥᠬᠦ ᠬᠤᠲᠠ ᠶᠢᠨ ᠡᠯ᠎ᠡ ᠱᠠᠲᠤᠨ ᠤ ᠣᠶ ᠰᠢᠭᠤᠢ ᠡᠪᠡᠰᠦ ᠪᠡᠯᠴᠢᠭᠡᠷ ᠤᠨ ᠰᠠᠯᠠᠭ᠎ᠠ ᠮᠥᠴᠢᠷ ᠢᠳᠡᠪᠬᠢᠲᠡᠢ ᠬᠥᠳᠡᠯᠦᠯᠴᠡᠵᠦ᠂ ᠭᠠᠯ ᠤᠨ ᠭᠠᠮᠰᠢᠭ ᠢ ᠤᠷᠢᠳᠴᠢᠯᠠᠨ ᠰᠡᠷᠭᠡᠶᠢᠯᠡᠬᠦ ᠪᠠ ᠡᠷᠲᠡ ᠠᠴᠠ ᠰᠢᠢᠳᠪᠦᠷᠢᠯᠡᠬᠦ ᠡᠭᠦᠷᠭᠡ ᠬᠠᠷᠢᠭᠤᠴᠠᠯᠭ᠎ᠠ ᠶᠢᠨ ᠲᠣᠭᠤᠷᠢᠨ ᠳᠤ ᠬᠠᠪᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠪᠡᠷᠬᠡ ᠰᠡᠳᠦᠪ ᠢ ᠰᠢᠢᠳᠪᠦᠷᠢᠯᠡᠬᠦ ᠳᠠᠶᠢᠯᠠᠯᠳᠤᠭᠠᠨ ᠤ ᠡᠯ᠎ᠡ ᠵᠦᠢᠯ ᠤᠨ ᠪᠡᠯᠡᠳᠬᠡᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠶᠢ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠪᠥᠬᠦ ᠠᠷᠠᠳ ᠢᠶᠠᠷ ᠢᠶᠠᠨ ᠠᠩᠬᠠᠷᠤᠨ ᠣᠷᠣᠯᠴᠠᠬᠤ᠂ ᠪᠥᠬᠦ ᠨᠡᠶᠢᠭᠡᠮ ᠢᠶᠠᠷ ᠢᠶᠠᠨ ᠴᠤᠭᠭᠠᠷ ᠠᠳᠬᠤᠵᠤ ᠬᠠᠮᠲᠤ ᠪᠠᠷ ᠬᠠᠮᠢᠶᠠᠷᠬᠤ ᠰᠠᠶᠢᠨ ᠰᠠᠶᠢᠬᠠᠨ ᠠᠭᠤᠷ ᠠᠮᠢᠰᠬᠤᠯ ᠢ ᠶᠡᠬᠡᠪᠡᠷ ᠪᠣᠶ ᠪᠣᠯᠭᠠᠪᠠ᠃ ᠬᠠᠮ ᠵᠠᠭᠤᠴᠢᠯᠠᠭᠤᠷ᠂ ᠭᠠᠷ ᠤᠲᠠᠰᠤᠨ ᠤ ᠡᠭᠡᠰᠢᠭᠲᠦ ᠬᠤᠩᠬᠤ᠂ ᠭᠡᠷ ᠤᠨ ᠭᠠᠳᠠᠨᠠᠬᠢ LED ᠳᠡᠯᠭᠡᠴᠡ ᠪᠠᠷ ᠣᠬᠤᠷ ᠸᠢᠳᠢᠤ᠋ ᠪᠠ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠨᠡᠪᠲᠡᠷᠡᠭᠦᠯᠬᠦ᠂ ᠭᠠᠯ ᠰᠡᠷᠭᠡᠶᠢᠯᠡᠬᠦ ᠴᠠᠭᠠᠵᠠᠯᠠᠬᠤ ᠵᠠᠷᠯᠢᠭ ᠨᠠᠭᠠᠬᠤ᠂ ᠭᠠᠯ ᠤᠨ ᠡᠬᠢ ᠶᠢ ᠬᠠᠮᠢᠶᠠᠷᠤᠨ ᠡᠵᠡᠮᠳᠡᠬᠦ ᠠᠯᠪᠠᠨ ᠵᠠᠷ ᠨᠡᠶᠢᠲᠡᠯᠡᠬᠦ᠂ ᠠᠶᠢᠯ ᠲᠣᠰᠬᠤᠨ ᠳᠤ ᠬᠦᠷᠴᠦ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠤᠬᠠᠭᠤᠯᠭ᠎ᠠ ᠶᠢᠨ ᠠᠵᠢᠯᠯᠠᠭ᠎ᠠ ᠶᠢ ᠵᠠᠯᠭᠠᠭ᠎ᠠ ᠪᠠᠷ ᠥᠷᠨᠢᠭᠦᠯᠪᠡ᠃ ︽ᠬᠠᠩᠰᠢ︾ ︽ᠲᠠᠪᠤᠨ ᠰᠠᠷ᠎ᠠ ᠶᠢᠨ ᠨᠢᠭᠡᠨ︾ ᠤ ᠬᠤᠭᠤᠴᠠᠭᠠᠨ ᠳᠤ᠂ ᠪᠠᠰᠠ ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ᠂ ᠠᠯᠪᠠᠨ ᠰᠦᠯᠵᠢᠶ᠎ᠡ᠂ ᠬᠠᠮ ᠵᠠᠭᠤᠴᠢᠯᠠᠭᠤᠷ᠂ ᠬᠤᠪᠢ ᠶᠢᠨ ᠵᠠᠭᠤᠴᠢᠯᠠᠭᠤᠷ᠂ ᠭᠠᠷ ᠤᠲᠠᠰᠤᠨ ᠤ ᠣᠬᠤᠷ ᠮᠡᠳᠡᠭᠡ ᠪᠣᠯᠣᠨ ᠡᠭᠡᠰᠢᠭᠲᠦ ᠬᠤᠨᠭ᠍ᠬᠤ᠂ ᠭᠡᠷ ᠤᠨ ᠭᠠᠳᠠᠨᠠᠬᠢ LED ᠳᠡᠯᠭᠡᠴᠡ ᠵᠡᠷᠭᠡ ᠵᠠᠭᠤᠴᠢᠯᠠᠭᠤᠷ ᠤᠨ ᠮᠡᠳᠡᠭᠡ ᠵᠠᠩᠭᠢ ᠶᠢᠨ ᠲᠠᠪᠴᠠᠩ ᠢ ᠤᠯᠠᠮ ᠨᠢᠭᠡ ᠠᠯᠬᠤᠮ ᠠᠮᠢᠳᠤᠯᠢᠭ ᠢᠶᠠᠷ ᠬᠡᠷᠡᠭᠯᠡᠬᠦ ᠪᠣᠯᠣᠨ᠎ᠠ᠃ ᠤᠬᠠᠭᠤᠯᠭ᠎ᠠ ᠶᠢᠨ ᠲᠡᠷᠭᠡ᠂ ᠤᠬᠠᠭᠤᠯᠭ᠎ᠠ ᠶᠢᠨ ᠪᠤᠯᠤᠩ᠂ ᠯᠣᠽᠦ᠋ᠩ ᠫᠠᠶᠢᠰᠠ᠂ ᠲᠣᠰᠬᠤᠨ ᠪᠣᠯᠭᠠᠨ ᠳᠤ ᠨᠡᠪᠲᠡᠷᠡᠭᠦᠯᠬᠦ ᠷᠠᠳᠢᠣ᠋ ᠨᠡᠪᠲᠡᠷᠡᠭᠦᠯᠭᠡ᠂ ᠦᠵᠡᠮᠵᠢ ᠶᠢᠨ ᠣᠷᠣᠨ ᠳᠤ ᠨᠡᠪᠲᠡᠷᠡᠭᠦᠯᠬᠦ ᠷᠠᠳᠢᠣ᠋ ᠨᠡᠪᠲᠡᠷᠡᠭᠦᠯᠭᠡ᠂ ᠤᠬᠠᠭᠤᠯᠭ᠎ᠠ ᠶᠢᠨ ᠬᠠᠭᠤᠳᠠᠰᠤ᠂ ᠤᠬᠠᠭᠤᠯᠭ᠎ᠠ ᠶᠢᠨ ᠵᠦᠢᠯ ᠵᠡᠷᠭᠡ ᠤᠬᠠᠭᠤᠯᠭ᠎ᠠ ᠶᠢᠨ ᠠᠷᠭ᠎ᠠ ᠮᠠᠶ᠋ᠢᠭ ᠲᠠᠢ ᠤᠶᠠᠯᠳᠤᠭᠤᠯᠤᠨ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠭᠤᠷ ᠠᠮᠢᠰᠬᠤᠯ ᠢ ᠦᠷᠭᠦᠯᠵᠢᠯᠡᠨ ᠪᠣᠶ ᠪᠣᠯᠭᠠᠵᠤ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠨ᠎ᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ