ᠪᠥᠬᠦ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠭᠴᠢ ᠶᠢᠨ ᠠᠮᠤᠷ ᠲᠦᠪᠰᠢᠨ ᠤ ᠬᠥᠮᠦᠵᠢᠯ ᠤᠨ ᠡᠳᠦᠷ ᠲᠤ
ᠨᠡᠶᠢᠲᠡᠯᠡᠭᠰᠡᠨ ᠴᠠᠭ᠄
2024/3/26
20240326.jpg
      3 ᠳ᠋ᠤᠭᠠᠷ ᠰᠠᠷ᠎ᠠ ᠶᠢᠨ 25 ᠤ ᠡᠳᠦᠷ ᠪᠣᠯ 29 ᠳᠠᠬᠢ ᠪᠥᠬᠦ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠭᠴᠢ ᠶᠢᠨ ᠠᠮᠤᠷ ᠲᠦᠪᠰᠢᠨ ᠤ ᠬᠥᠮᠦᠵᠢᠯ ᠤᠨ ᠡᠳᠦᠷ ᠪᠣᠯᠣᠨ᠎ᠠ᠃ ᠰᠤᠷᠭᠠᠭᠤᠯᠢ ᠶᠢᠨ ᠪᠠᠭᠰᠢ ᠰᠤᠷᠤᠭᠴᠢᠳ ᠤᠨ ᠭᠠᠯ ᠰᠡᠷᠭᠡᠶᠢᠯᠡᠬᠦ ᠠᠮᠤᠷ ᠲᠦᠪᠰᠢᠨ ᠤ ᠤᠬᠠᠮᠰᠠᠷ ᠪᠣᠯᠣᠨ ᠥᠪᠡᠷ ᠲᠡᠭᠡᠨ ᠰᠡᠷᠭᠡᠶᠢᠯᠡᠵᠦ ᠥᠪᠡᠷ ᠢ ᠪᠠᠨ ᠠᠪᠤᠷᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠤᠷᠭᠠᠭᠤᠯᠢ ᠶᠢᠨ ᠬᠦᠷᠢᠶᠡᠨ ᠤ ᠭᠠᠯ ᠰᠡᠷᠭᠡᠶᠢᠯᠡᠬᠦ ᠠᠮᠤᠷ ᠲᠦᠪᠰᠢᠨ ᠤ ᠰᠠᠶᠢᠨ ᠰᠠᠶᠢᠬᠠᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠪᠤᠢ ᠪᠣᠯᠭᠠᠬᠤ ᠶᠢᠨ ᠲᠤᠰᠠᠳᠠ᠂ ︽3·25︾ ᠤ ᠪᠦᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ᠭᠠᠯ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠬᠤ ᠶᠡᠭᠡ ᠰᠣᠷᠢᠯᠲᠠ ᠶᠢᠨ ᠠᠵᠢᠯᠯᠠᠭ᠎ᠠ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠬᠥᠬᠡᠬᠤᠲᠠ ᠶᠢᠨ ᠬᠠᠷᠢᠶᠠᠲᠤ ᠳᠤᠮᠳᠠᠳᠤ ᠰᠤᠷᠭᠠᠭᠤᠯᠢ ᠳᠤ ᠶᠠᠪᠤᠭᠳᠠᠪᠠ᠃      ᠡᠯ᠎ᠡ ᠵᠦᠢᠯ ᠤᠨ ᠠᠳᠠᠯᠢ ᠦᠭᠡᠢ ᠴᠢᠳᠠᠪᠤᠷᠢ ᠲᠠᠢ ᠭᠠᠯ ᠤᠨᠲᠠᠷᠠᠭᠠᠬᠤ ᠮᠠᠰᠢᠨ ᠲᠡᠷᠭᠡ᠂ ᠤᠯᠠᠨ ᠶᠠᠩᠵᠤ ᠶᠢᠨ ᠬᠡᠷᠡᠭᠯᠡᠭᠡᠨ ᠤ ᠭᠠᠯ ᠤᠨᠲᠠᠷᠠᠭᠠᠬᠤ ᠬᠡᠷᠡᠭᠰᠡᠯ᠂ ︽ᠵᠢᠷᠦᠬᠡ ᠠᠭᠤᠰᠬᠢᠨ ᠤ ᠠᠵᠢᠯᠯᠠᠭ᠎ᠠ ᠶᠢ ᠰᠡᠷᠭᠦᠭᠡᠬᠦ︾ ᠵᠢᠭᠠᠨ ᠰᠤᠷᠭᠠᠯᠲᠠ ᠁ ᠰᠣᠷᠢᠯᠲᠠ ᠶᠢᠨ ᠶᠠᠪᠤᠴᠠ ᠳᠤ ᠣᠷᠣᠵᠤ᠂ ᠡᠯᠪᠡᠭ ᠳᠡᠯᠪᠡᠭ ᠦᠵᠡᠭᠦᠯᠭᠡ ᠶᠢᠨ  ᠠᠭᠤᠯᠭ᠎ᠠ ᠨᠢ ᠥᠷᠭᠡᠨ ᠤᠯᠠᠨ ᠪᠠᠭᠰᠢ ᠰᠤᠷᠤᠭᠴᠢᠳ ᠤᠨ ᠰᠣᠨᠢᠷᠬᠠᠯ ᠢ ᠶᠡᠬᠡᠳᠡ ᠲᠠᠲᠠᠪᠠ᠃ ᠰᠤᠷᠪᠤᠯᠵᠢᠯᠠᠭᠴᠢ ᠰᠦᠨ ᠶᠤᠸᠠᠢ ᠯᠦᠩ ᠸᠠᠩ ᠱᠣᠣ ᠺᠠᠢ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ