ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2024﹈ 5 ᠳ᠋ᠤᠭᠠᠷ ᠲᠣᠭᠠᠲᠤ | | | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ | ᠰᠢᠨ᠎ᠡ ᠲᠣᠭᠤᠷᠢᠭ ︵ᠡᠯ᠎ᠡ ᠨᠡᠭᠡᠭᠡᠯᠲᠡ ᠶᠢᠨ ᠲᠣᠭᠤᠷᠢᠭ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ︶ ᠤᠨ ᠬᠠᠮᠢᠶᠠᠷᠤᠯᠲᠠ ᠶᠢᠨ ᠵᠥᠪᠯᠡᠯ᠂ | ᠬᠤᠲᠠ ᠶᠢᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄ | ︽ᠬᠥᠬᠡᠬᠤᠲᠠ ᠶᠢᠨ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠬᠥᠭᠵᠢᠯᠲᠡ ᠶᠢ ᠲᠦᠯᠬᠢᠨ ᠠᠬᠢᠭᠤᠯᠬᠤ ᠠᠷᠪᠠᠨ ᠵᠤᠷᠪᠤᠰ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ︾ ᠶᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ | ᠶᠠᠪᠤᠭᠤᠯᠤᠯ᠎ᠠ᠂ ᠨᠠᠷᠢᠨ ᠬᠢᠨᠠᠮᠠᠭᠠᠢ ᠵᠢᠷᠤᠮᠯᠠᠨ ᠬᠡᠷᠡᠭᠵᠢᠭᠦᠯᠲᠦᠭᠡᠢ᠃ | ᠬᠥᠬᠡᠬᠤᠲᠠ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2024 ᠣᠨ ᠤ 3 ᠳ᠋ᠤᠭᠠᠷ ᠰᠠᠷ᠎ᠠ ᠶᠢᠨ 5 ᠤ ᠡᠳᠦᠷ | ︵ᠲᠤᠰ ᠮᠠᠲ᠋ᠧᠷᠢᠶᠠᠯ ᠢ ᠰᠠᠨᠠᠭᠠᠴᠢᠯᠠᠭ᠎ᠠ ᠠᠴᠠ ᠪᠠᠨ ᠢᠯᠡ ᠨᠡᠶᠢᠲᠡᠯᠡᠨ᠎ᠡ︶ | | | ᠬᠥᠬᠡᠬᠤᠲᠠ ᠶᠢᠨ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠬᠥᠭᠵᠢᠯᠲᠡ ᠶᠢ ᠲᠦᠯᠬᠢᠨ ᠠᠬᠢᠭᠤᠯᠬᠤ ᠠᠷᠪᠠᠨ ᠵᠤᠷᠪᠤᠰ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ | ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠷᠢᠨ ᠪᠦᠲᠦᠨ᠂ ᠣᠨᠣᠪᠴᠢᠲᠠᠶ᠂ ᠪᠥᠬᠦ ᠲᠠᠯ᠎ᠠ ᠪᠠᠷ ᠲᠤᠭᠤᠰᠢᠯᠠᠭᠤᠯᠤᠨ᠂ ᠰᠢᠨ᠎ᠡ ᠬᠡᠯᠪᠡᠷᠢ ᠶᠢᠨ ᠠᠵᠤ | ᠦᠢᠯᠡᠳᠪᠦᠷᠢᠵᠢᠯᠲᠡ ᠶᠢᠨ ᠬᠥᠭᠵᠢᠯᠲᠡ ᠶᠢ ᠲᠦᠷᠭᠡᠳᠬᠡᠵᠦ᠂ ︽ᠣᠷᠣᠨ ᠤ ᠲᠥᠪ ᠢ ᠬᠦᠴᠦᠷᠬᠡᠭᠵᠢᠭᠦᠯᠬᠦ︾ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ | ᠠᠵᠤ ᠦᠢᠯᠡᠰ ᠤᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠦᠨ ᠲᠠᠰ ᠳᠡᠪᠰᠢᠭᠦᠯᠵᠦ᠂ ᠮᠠᠨ ᠤ ᠬᠤᠲᠠ ᠶᠢᠨ ᠦᠢᠯᠡᠳᠬᠦ ᠦᠢᠯᠡᠰ ᠤᠨ ᠳᠡᠭᠡᠳᠦ ᠲᠠᠰ ᠤᠨ᠂ | ᠣᠶᠤᠨᠴᠢᠯᠠᠭᠰᠠᠨ᠂ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ᠣᠨᠴᠠᠭᠠᠶᠢᠯᠠᠨ ᠳᠣᠣᠷᠠᠬᠢ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠲᠣᠭᠲᠠᠭᠠᠪᠠ᠃ | ᠨᠢᠭᠡ᠂ ᠠᠵᠤ ᠦᠢᠯᠡᠰ ᠤᠨ ᠳᠡᠭᠡᠳᠦ ᠲᠠᠰ ᠤᠨ ᠬᠥᠭᠵᠢᠯᠲᠡ ᠶᠢ ᠠᠬᠢᠭᠤᠯᠤᠨ᠎ᠠ | ︵ᠨᠢᠭᠡ︶ ᠲᠡᠷᠢᠭᠦᠨ ᠤ ᠦᠢᠯᠡᠳᠬᠦ ᠦᠢᠯᠡᠰ ᠤᠨ ᠠᠵᠤ ᠦᠢᠯᠡᠰ ᠤᠨ ᠪᠥᠭᠡᠮᠨᠡᠷᠡᠯ ᠤᠨ ᠬᠥᠭᠵᠢᠯᠲᠡ ᠶᠢ ᠳᠡᠮᠵᠢᠨ᠎ᠡ᠃ ︽ᠵᠢᠷᠭᠤᠭᠠᠨ ᠶᠡᠭᠡ ᠠᠵᠤ | ᠦᠢᠯᠡᠰ ᠤᠨ ᠪᠥᠭᠡᠮᠨᠡᠷᠡᠯ︾ ᠢ ᠪᠣᠶᠢᠵᠢᠭᠤᠯᠤᠨ ᠤᠯᠤᠰ᠂ ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ ᠦᠢᠯᠡᠳᠬᠦ ᠦᠢᠯᠡᠰ ᠤᠨ ᠠᠵᠤ ᠦᠢᠯᠡᠰ ᠤᠨ | ᠪᠥᠭᠡᠮᠨᠡᠷᠡᠯ ᠵᠦᠭ ᠬᠥᠭᠵᠢᠭᠦᠯᠵᠦ᠂ ᠪᠥᠭᠡᠮᠨᠡᠷᠡᠯ ᠤᠨ ᠳᠣᠲᠣᠷᠠᠬᠢ ᠬᠡᠯᠬᠢᠶ᠎ᠡ ᠶᠢ ᠤᠷᠲᠤᠳᠬᠠᠬᠤ ᠬᠡᠯᠬᠢᠶ᠎ᠡ ᠶᠢ ᠨᠥᠬᠦᠪᠦᠷᠢᠯᠡᠬᠦ ᠬᠡᠯᠬᠢᠶ᠎ᠡ ᠶᠢ ᠬᠦᠴᠦᠷᠬᠡᠭᠵᠢᠭᠦᠯᠬᠦ | ᠴᠢᠬᠤᠯᠠ ᠶᠡᠭᠡ ᠲᠥᠷᠥᠯ ᠵᠦᠢᠯ ᠳᠤ ᠵᠢᠭᠡᠯᠡᠯᠭᠡ ᠶᠢᠨ ᠪᠣᠳᠠᠲᠠᠢ ᠬᠦᠦ ᠮᠥᠩᠭᠦ ᠶᠢᠨ 30% ᠪᠠᠷ ᠳᠠᠮ ᠬᠦᠦ ᠶᠢᠨ ᠨᠥᠬᠦᠪᠦᠷᠢ ᠣᠯᠭᠤᠵᠤ᠂ ᠲᠠᠩ ᠭᠠᠭᠴᠠ | ᠲᠥᠷᠥᠯ ᠵᠦᠢᠯ ᠳᠤ ᠵᠢᠯ ᠪᠦᠷᠢ 100 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠂ ᠦᠷᠭᠦᠯᠵᠢᠯᠡᠨ 3 ᠵᠢᠯ ᠨᠥᠬᠦᠪᠦᠷᠢᠯᠡᠨ᠎ᠡ᠃ ᠰᠢᠨ᠎ᠡ ᠪᠠᠷ ᠡᠯ᠎ᠡ | ᠲᠥᠷᠥᠯ ᠤᠨ ᠤᠯᠤᠰ ᠤᠨ ᠲᠠᠰ ︵ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠶᠢᠨ ᠶᠠᠮᠤᠨ︶ ᠤᠨ ᠲᠤᠷᠰᠢᠯᠲᠠ ᠶᠢᠨ ᠵᠢᠱᠢᠶ᠎ᠡ ᠦᠵᠡᠭᠦᠯᠬᠦ ᠨᠡᠷ᠎ᠡ ᠣᠯᠣᠭᠰᠠᠨ | ᠲᠥᠷᠥᠯ ᠵᠦᠢᠯ ᠳᠤ 300 ᠲᠦᠮᠡᠨ ᠲᠥᠭᠦᠷᠢᠭ ᠠᠴᠠ ᠬᠡᠲᠦᠷᠡᠬᠦ ᠦᠭᠡᠢ ᠨᠢᠭᠡ ᠤᠳᠠᠭ᠎ᠠ ᠶᠢᠨ ᠴᠢᠨᠠᠷᠲᠠᠢ ᠱᠠᠩᠨᠠᠯ ᠤᠨ ᠨᠥᠬᠦᠪᠦᠷᠢ ᠣᠯᠭᠤᠨ᠎ᠠ᠃ | ︵ᠬᠤᠶᠠᠷ︶ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠴᠢᠳᠠᠪᠤᠷᠢ ᠶᠢᠨ ᠲᠠᠰ ᠢᠶᠠᠨ ᠳᠡᠭᠡᠭᠰᠢᠯᠡᠭᠦᠯᠬᠦ ᠶᠢ ᠳᠡᠮᠵᠢᠨ᠎ᠡ᠃ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠲᠤᠭ᠎ᠠ ᠪᠦᠷᠢᠳᠬᠡᠯ ᠳᠤ ᠠᠩᠬ᠎ᠠ ᠣᠷᠣᠭᠰᠠᠨ ᠠᠵᠤ ᠠᠬᠤᠶᠢᠯᠠᠯ ᠳᠤ ︽ᠬᠡᠪᠴᠢᠶᠡᠵᠢᠯ ᠳᠤ ᠣᠷᠣᠬᠤ︾ 60 ᠲᠦᠮᠡᠨ | ᠲᠥᠭᠦᠷᠢᠭ ᠤᠨ ᠱᠠᠩᠨᠠᠯ ᠣᠯᠭᠤᠨ᠂ ᠭᠤᠷᠪᠠᠨ ᠵᠢᠯ ᠳᠤ 10 ᠲᠦᠮᠡ᠂ 20 ᠲᠦᠮᠡ᠂ 30 ᠲᠦᠮᠡ ᠪᠠᠷ ᠪᠡᠯᠡᠨ ᠵᠣᠭᠤᠰ ᠰᠣᠯᠢᠵᠤ᠂ ᠳᠤᠮᠳᠠ ᠠᠴᠠ ᠨᠢ | ᠬᠡᠪᠴᠢᠶᠡᠵᠢᠯ ᠠᠴᠠ ᠭᠠᠷᠬᠤ ᠵᠢᠴᠢ ᠳᠠᠬᠢᠨᠲᠠ ᠬᠡᠪᠴᠢᠶᠡᠵᠢᠯ ᠳᠤ ᠣᠷᠣᠭᠰᠠᠨ ᠢ ᠱᠠᠩᠨᠠᠬᠤ ᠦᠭᠡᠢ᠃ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ | ᠰᠢᠨ᠎ᠡ ᠪᠠᠷ ᠨᠡᠮᠡᠭᠳᠡᠭᠰᠡᠨ ᠦᠢᠯᠡᠳᠬᠦᠨ ᠤ ᠥᠷᠳᠡᠭ ᠨᠢ 50 ᠳ᠋ᠦᠩᠰᠢᠭᠤᠷ ᠲᠥᠭᠦᠷᠢᠭ ᠵᠢᠴᠢ ᠲᠡᠭᠦᠨ ᠠᠴᠠ ᠳᠡᠭᠡᠭᠰᠢ᠂ 30 ᠳ᠋ᠦᠩᠰᠢᠭᠤᠷ ᠲᠥᠭᠦᠷᠢᠭ ᠵᠢᠴᠢ | ᠲᠡᠭᠦᠨ ᠠᠴᠠ ᠳᠡᠭᠡᠭᠰᠢ᠂ 10 ᠳ᠋ᠦᠩᠰᠢᠭᠤᠷ ᠲᠥᠭᠦᠷᠢᠭ ᠵᠢᠴᠢ ᠲᠡᠭᠦᠨ ᠠᠴᠠ ᠳᠡᠭᠡᠭᠰᠢ᠂ 5 ᠳ᠋ᠦᠩᠰᠢᠭᠤᠷ ᠲᠥᠭᠦᠷᠢᠭ ᠵᠢᠴᠢ ᠲᠡᠭᠦᠨ ᠠᠴᠠ ᠳᠡᠭᠡᠭᠰᠢ ᠳᠤ | ᠲᠤᠰ ᠲᠤᠰ 300 ᠲᠦᠮᠡᠨ ᠲᠥᠭᠦᠷᠢᠭ᠂ 200 ᠲᠦᠮᠡᠨ ᠲᠥᠭᠦᠷᠢᠭ᠂ 100 ᠲᠦᠮᠡᠨ ᠲᠥᠭᠦᠷᠢᠭ᠂ 50 ᠲᠦᠮᠡᠨ ᠲᠥᠭᠦᠷᠢᠭ ᠤᠨ ᠨᠢᠭᠡ ᠤᠳᠠᠭ᠎ᠠ ᠶᠢᠨ | ᠴᠢᠨᠠᠷᠲᠠᠢ ᠱᠠᠩᠨᠠᠯ ᠣᠯᠭᠤᠨ᠎ᠠ᠃ | ︵ᠭᠤᠷᠪᠠ︶ ᠠᠵᠤ ᠠᠬᠤᠶᠢᠯᠠᠯ ᠤᠨ ᠭᠤᠣᠯᠯᠠᠬᠤ ᠥᠷᠢᠰᠦᠯᠳᠦᠬᠦ ᠬᠦᠴᠦᠨ ᠢᠶᠠᠨ ᠴᠢᠩᠭᠠᠷᠠᠭᠤᠯᠬᠤ ᠶᠢ ᠳᠡᠮᠵᠢᠨ᠎ᠡ᠃ ᠰᠢᠨ᠎ᠡ ᠪᠠᠷ ᠵᠥᠪᠰᠢᠶᠡᠷᠡᠭᠳᠡᠭᠰᠡᠨ | ᠤᠯᠤᠰ ᠤᠨ ᠲᠠᠰ ᠤᠨ᠂ ᠥᠪᠡᠷᠲᠡᠭᠡᠨ ᠵᠠᠰᠠᠬᠤ ᠣᠷᠣᠨ ᠤ ᠲᠠᠰ ᠤᠨ ᠦᠢᠯᠡᠳᠬᠦ ᠦᠢᠯᠡᠰ ᠤᠨ ᠰᠢᠨ᠎ᠡ ᠶᠢ ᠡᠭᠦᠳᠬᠦ ᠲᠥᠪ ᠲᠤ ᠲᠣᠰ ᠲᠣᠰ 800 ᠲᠦᠮᠡᠨ | ᠲᠥᠭᠦᠷᠢᠭ᠂ 300 ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠢ ᠱᠠᠩᠨᠠᠯ ᠣᠯᠭᠤᠨ᠎ᠠ᠃ ᠰᠢᠨ᠎ᠡ ᠪᠠᠷ ᠵᠥᠪᠰᠢᠶᠡᠷᠡᠭᠳᠡᠭᠰᠡᠨ ᠥᠪᠡᠷᠲᠡᠭᠡᠨ ᠵᠠᠰᠠᠬᠤ | ᠣᠷᠣᠨ ᠤ ᠮᠡᠷᠭᠡᠵᠢᠯ ᠤᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠠᠵᠤ ᠠᠬᠤᠶᠢᠯᠠᠯ ᠳᠤ 50 ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠢ | ᠱᠠᠩᠨᠠᠯ ᠣᠯᠭᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠶᠠᠭ ᠠᠵᠤ ᠦᠢᠯᠡᠰᠵᠢᠭᠦᠯᠵᠦ ᠪᠠᠶᠢᠭ᠎ᠠ ᠲᠥᠷᠥᠯ ᠵᠦᠢᠯ ᠳᠤ ᠪᠡᠯᠡ | ᠣᠷᠣᠭᠤᠯᠤᠯᠲᠠ ᠶᠢᠨ ᠲᠣᠭᠠᠨ ᠤ 20% ᠪᠠᠷ ᠨᠢᠭᠡ ᠤᠳᠠᠭ᠎ᠠ ᠶᠢᠨ ᠴᠢᠨᠠᠷᠲᠠᠢ ᠱᠠᠩᠨᠠᠯ ᠤᠨ ᠨᠥᠬᠦᠪᠦᠷᠢ ᠣᠯᠭᠤᠵᠤ᠂ ᠲᠠᠩ ᠭᠠᠭᠴᠠ ᠲᠥᠷᠥᠯ ᠵᠦᠢᠯ ᠳᠤ | 500 ᠲᠦᠮᠡᠨ ᠲᠥᠭᠦᠷᠢᠭ ᠠᠴᠠ ᠳᠠᠪᠠᠭᠤᠯᠬᠤ ᠦᠭᠡᠢ᠃ ᠲᠣᠰ ᠬᠤᠲᠠ ᠳᠤ ᠰᠢᠯᠵᠢᠨ ᠢᠷᠡᠭᠰᠡᠨ ᠤᠯᠤᠰ ᠤᠨ ᠲᠠᠰ ᠤᠨ ᠲᠤᠰᠬᠠᠢ ᠨᠠᠷᠢᠯᠢᠭ ᠣᠨᠴᠠ ᠰᠢᠨ᠎ᠡ | ︽ᠪᠢᠴᠢᠬᠠᠨ ᠠᠪᠤᠷᠭᠤ ᠬᠥᠮᠥᠨ︾ ᠠᠵᠤ ᠠᠬᠤᠶᠢᠯᠠᠯ᠂ ᠦᠢᠯᠡᠳᠬᠦ ᠦᠢᠯᠡᠰ ᠤᠨ ᠭᠠᠭᠴᠠ ᠵᠦᠢᠯ ᠤᠨ ᠮᠠᠩᠯᠠᠢ ᠳᠤ ᠰᠢᠯᠭᠠᠷᠠᠭᠰᠠᠨ ᠠᠵᠤ ᠠᠬᠤᠶᠢᠯᠠᠯ ᠳᠤ | ᠲᠣᠰ ᠲᠣᠰ 50 ᠲᠦᠮᠡᠨ ᠲᠥᠭᠦᠷᠢᠭ᠂ 100 ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠢ ᠱᠠᠩᠨᠠᠯ ᠣᠯᠭᠤᠵᠤ᠂ ᠠᠵᠤ ᠦᠢᠯᠡᠳᠪᠦᠷᠢ ᠪᠠ | ᠮᠡᠳᠡᠭᠡ ᠵᠠᠩᠭᠢᠴᠢᠯᠠᠯᠲᠠ ᠶᠢᠨ ᠶᠠᠮᠤᠨ ᠤ ᠲᠣᠮᠣ ᠳᠤᠮᠳᠠ ᠵᠢᠵᠢᠭ ᠠᠵᠤ ᠠᠬᠤᠶᠢᠯᠠᠯ ᠤᠨ ᠠᠭᠤᠰᠤᠯᠴᠠᠯ ᠬᠥᠭᠵᠢᠯᠲᠡ ᠶᠢᠨ ᠬᠥᠳᠡᠯᠭᠡᠭᠡᠨ ᠤ ︽ᠵᠠᠷᠯᠠᠯ ᠨᠡᠶᠢᠲᠡᠯᠡᠬᠦ︾ | ᠨᠡᠷᠡᠰ ᠲᠤ ᠰᠣᠩᠭᠤᠭᠳᠠᠭᠰᠠᠨ ᠰᠢᠯᠢᠳᠡᠭ ᠳᠤᠮᠳᠠ ᠵᠢᠵᠢᠭ ᠠᠵᠤ ᠠᠬᠤᠶᠢᠯᠠᠯ ᠳᠤ 10 ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠢ ᠱᠠᠩᠨᠠᠯ | ᠣᠯᠭᠤᠨ᠎ᠠ᠃ | ︵ᠳᠥᠷᠪᠡ︶ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠥᠪᠯᠡᠷᠡᠩᠭᠦᠢ ᠡᠷᠴᠢᠮᠯᠢᠭ ᠬᠥᠭᠵᠢᠯᠲᠡ ᠶᠢ ᠳᠡᠮᠵᠢᠨ᠎ᠡ᠃ ᠪᠥᠬᠦ ᠬᠤᠲᠠ ᠶᠢᠨ | ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢᠨ ᠬᠢᠷᠢ ᠲᠦᠪᠰᠢᠨ ᠳᠤ ᠣᠨ ᠤ ᠬᠢᠨᠠᠨ ᠰᠢᠯᠭᠠᠯᠲᠠ ᠦᠨᠡᠯᠡᠯᠲᠡ | ᠬᠢᠬᠦ ᠶᠢᠨ ᠬᠠᠮᠲᠤ ᠣᠨ ᠤ ᠬᠢᠨᠠᠨ ᠰᠢᠯᠭᠠᠵᠤ ᠦᠨᠡᠯᠡᠭᠰᠡᠨ ᠦᠷ᠎ᠡ ᠳ᠋ᠦᠩ ᠢ ᠦᠨᠳᠦᠰᠦᠯᠡᠨ᠂ ᠪᠥᠬᠦ ᠬᠤᠲᠠ ᠶᠢᠨ ᠬᠢᠨᠠᠨ ᠰᠢᠯᠭᠠᠯᠲᠠ ᠳᠤ ᠲᠦᠷᠦᠭᠦᠸ | ᠭᠤᠷᠪᠠ ᠳᠤ ᠣᠷᠣᠭᠰᠠᠨ ᠨᠡᠭᠡᠭᠡᠯᠲᠡ ᠶᠢᠨ ᠲᠣᠭᠤᠷᠢᠭ ᠲᠤ ᠲᠣᠰ ᠲᠣᠰ 500 ᠲᠦᠮᠡᠨ ᠲᠥᠭᠦᠷᠢᠭ᠂ 300 ᠲᠦᠮᠡᠨ ᠲᠥᠭᠦᠷᠢᠭ᠂ 200 ᠲᠦᠮᠡᠨ | ᠲᠥᠭᠦᠷᠢᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠲᠤᠰᠬᠠᠢ ᠵᠠᠷᠤᠳᠠᠯ ᠤᠨ ᠳᠡᠮᠵᠢᠯᠭᠡ | ᠦᠵᠡᠭᠦᠯᠦᠨ᠎ᠡ᠃ | ᠬᠤᠶᠠᠷ᠂ ᠠᠵᠤ ᠦᠢᠯᠡᠰ ᠤᠨ ᠣᠶᠤᠨᠴᠢᠯᠠᠭᠰᠠᠨ ᠬᠥᠭᠵᠢᠯᠲᠡ ᠶᠢ ᠠᠬᠢᠭᠤᠯᠤᠨ᠎ᠠ | ︵ᠨᠢᠭᠡ︶ ᠲᠣᠭᠠᠴᠢᠯᠠᠭᠰᠠᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠨ᠎ᠡ᠃ ᠰᠠᠭᠤᠷᠢ ᠴᠠᠬᠢᠯᠭᠠᠨ ᠬᠤᠯᠪᠣᠭ᠎ᠠ ᠶᠢᠨ | ᠡᠵᠡᠩᠨᠡᠯᠲᠡ ᠶᠢᠨ ᠬᠤᠳᠠᠯᠳᠤᠭᠠᠴᠢᠨ ᠤ ᠪᠥᠬᠦ ᠬᠤᠲᠠ ᠶᠢᠨ 5G ᠶᠢᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠲᠠᠢ ᠤᠶᠠᠯᠳᠤᠭᠤᠯᠤᠨ᠂ ᠠᠵᠤ | ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠠᠵᠤ ᠠᠬᠤᠶᠢᠯᠠᠯ ᠤᠨ ᠭᠠᠳᠠᠷ ᠰᠦᠯᠵᠢᠶ᠎ᠡ ᠪᠤᠶᠤ ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠴᠢᠨᠠᠷ ᠰᠠᠶᠢᠲᠠᠢ ᠰᠦᠯᠵᠢᠶᠡᠨ ᠤ ᠰᠠᠭᠤᠷᠢ ᠲᠥᠬᠦᠭᠡᠷᠦᠮᠵᠢ ᠶᠢ ᠪᠦᠲᠦᠭᠡᠨ ᠪᠠᠶᠢᠭᠤᠯᠬᠤ ᠲᠥᠷᠥᠯ ᠵᠦᠢᠯ ᠳᠤ᠂ ᠪᠣᠳᠠᠲᠠᠢ ᠣᠷᠣᠭᠤᠯᠤᠭᠰᠠᠨ ᠪᠡᠯᠡ | ᠣᠷᠣᠭᠤᠯᠤᠯᠲᠠ ᠶᠢᠨ ᠲᠣᠭᠠᠨ ᠤ 30% ᠪᠠᠷ ᠨᠢᠭᠡ ᠤᠳᠠᠭ᠎ᠠ ᠶᠢᠨ ᠴᠢᠨᠠᠷᠲᠠᠢ ᠱᠠᠩᠨᠠᠯ ᠤᠨ ᠨᠥᠬᠦᠪᠦᠷᠢ ᠣᠯᠭᠤᠵᠤ᠂ ᠲᠠᠩ ᠭᠠᠭᠴᠠ ᠲᠥᠷᠥᠯ ᠵᠦᠢᠯ ᠳᠤ | 500 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃ | ︵ᠬᠤᠶᠠᠷ︶ ᠠᠵᠤ ᠦᠢᠯᠡᠳᠪᠦᠷᠢ ᠶᠢᠨ ᠲᠣᠭᠠᠴᠢᠯᠠᠬᠤ ᠵᠦᠭ ᠬᠡᠯᠪᠡᠷᠢ ᠪᠠᠨ ᠬᠤᠪᠢᠷᠠᠭᠤᠯᠬᠤ ᠶᠢ ᠳᠡᠮᠵᠢᠨ᠎ᠡ᠃ ᠠᠵᠤ ᠠᠬᠤᠶᠢᠯᠠᠯ ᠤᠨ ᠠᠵᠤ | ᠦᠢᠯᠡᠳᠪᠦᠷᠢ ᠶᠢᠨ ᠢᠨᠲ᠋ᠧᠷ ᠰᠦᠯᠵᠢᠶ᠎ᠡ ᠶᠢ ᠪᠦᠲᠦᠭᠡᠨ ᠪᠠᠶᠢᠭᠤᠯᠵᠤ ᠥᠭᠡᠷᠡᠴᠢᠯᠡᠬᠦ᠂ ᠰᠢᠨ᠎ᠡ ᠮᠡᠷᠭᠡᠵᠢᠯ ᠬᠢᠭᠡᠳ ᠪᠣᠳᠠᠲᠤ ᠴᠣᠭᠴᠠ ᠶᠢᠨ ᠠᠵᠤ ᠠᠬᠤᠢ ᠶᠢᠨ | ᠰᠢᠨ᠎ᠡ ᠶᠢ ᠡᠭᠦᠳᠬᠦ ᠶᠢ ᠠᠭᠤᠰᠤᠯᠴᠠᠭᠤᠯᠬᠤ ᠲᠥᠷᠥᠯ ᠵᠦᠢᠯ ᠳᠤ᠂ ᠪᠣᠳᠠᠲᠠᠢ ᠣᠷᠣᠭᠤᠯᠤᠭᠰᠠᠨ ᠪᠡᠯᠡ ᠣᠷᠣᠭᠤᠯᠤᠯᠲᠠ ᠶᠢᠨ ᠲᠤᠭ᠎ᠠ ᠶᠢᠨ 20% ᠪᠠᠷ ᠨᠢᠭᠡ | ᠤᠳᠠᠭ᠎ᠠ ᠶᠢᠨ ᠴᠢᠨᠠᠷᠲᠠᠢ ᠱᠠᠩᠨᠠᠯ ᠤᠨ ᠨᠥᠬᠦᠪᠦᠷᠢ ᠣᠯᠭᠤᠵᠤ᠂ ᠲᠠᠩ ᠭᠠᠭᠴᠠ ᠲᠥᠷᠥᠯ ᠵᠦᠢᠯ ᠳᠤ 300 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃ | | ︵ᠭᠤᠷᠪᠠ︶ ᠠᠵᠤ ᠠᠬᠤᠶᠢᠯᠠᠯ ᠤᠨ ᠲᠣᠭᠠᠴᠢᠯᠠᠬᠤ ᠣᠶᠣᠨᠴᠢᠯᠠᠬᠤ ᠥᠭᠡᠷᠡᠴᠢᠯᠡᠯᠲᠡ ᠶᠢ ᠳᠡᠮᠵᠢᠨ᠎ᠡ᠃ ᠠᠵᠤ ᠠᠬᠤᠶᠢᠯᠠᠯ ᠤᠨ ᠮᠠᠰᠢᠨ ᠢᠶᠠᠷ ᠬᠥᠮᠥᠨ ᠢ | ᠣᠷᠣᠯᠠᠭᠤᠯᠬᠤ ᠪᠠ ᠲᠣᠭᠠᠴᠢᠯᠠᠬᠤ ᠥᠭᠡᠷᠡᠴᠢᠯᠡᠯᠲᠡ ᠶᠢᠨ ᠲᠥᠷᠥᠯ ᠵᠦᠢᠯ ᠳᠤ᠂ ᠪᠣᠳᠠᠲᠠᠢ ᠣᠷᠣᠭᠤᠯᠤᠭᠰᠠᠨ ᠪᠡᠯᠡ ᠣᠷᠣᠭᠤᠯᠤᠯᠲᠠ ᠶᠢᠨ ᠲᠤᠭ᠎ᠠ ᠶᠢᠨ | 20% ᠪᠠᠷ ᠨᠢᠭᠡ ᠤᠳᠠᠭ᠎ᠠ ᠶᠢᠨ ᠴᠢᠨᠠᠷᠲᠠᠢ ᠱᠠᠩᠨᠠᠯ ᠤᠨ ᠨᠥᠬᠦᠪᠦᠷᠢ ᠣᠯᠭᠤᠵᠤ᠂ ᠲᠠᠩ ᠭᠠᠭᠴᠠ ᠲᠥᠷᠥᠯ ᠵᠦᠢᠯ ᠳᠤ 300 ᠲᠦᠮᠡᠨ ᠲᠥᠭᠦᠷᠢᠭ ᠠᠴᠠ | ᠬᠡᠲᠦᠷᠡᠭᠦᠯᠬᠦ ᠦᠭᠡᠢ᠃ ᠬᠥᠬᠡᠬᠤᠲᠠ ᠶᠢᠨ ᠲᠣᠭᠠᠴᠢᠯᠠᠬᠤ ᠥᠭᠡᠷᠡᠴᠢᠯᠡᠯᠲᠡ ᠪᠠᠷ ᠰᠢᠰᠲ᠋ᠧᠮ ᠲᠠᠢ ᠰᠢᠢᠳᠪᠦᠷᠢᠯᠡᠬᠦ ᠲᠥᠰᠥᠯ ᠤᠨ ᠬᠠᠩᠭᠠᠯᠭ᠎ᠠ ᠶᠢᠨ | ᠬᠤᠳᠠᠯᠳᠤᠭᠠᠴᠢᠨ ᠤ ᠨᠡᠷᠡᠰ ᠲᠤ ᠣᠷᠣᠭᠰᠠᠨ ᠠᠵᠤ ᠠᠬᠤᠶᠢᠯᠠᠯ ᠳᠤ 30 ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠢ ᠱᠠᠩᠨᠠᠯ ᠣᠯᠭᠤᠨ᠎ᠠ᠃ | ᠤᠯᠤᠰ ᠤᠨ ᠠᠩᠬᠠᠳᠠᠭᠴᠢ ᠰᠠᠤᠷᠢ ︵ᠢᠵᠢ︶ ᠶᠢᠨ ᠴᠢᠬᠤᠯᠠ ᠶᠡᠭᠡ ᠮᠡᠷᠭᠡᠵᠢᠯ ᠤᠨ ᠲᠣᠨᠤᠭ ᠲᠥᠬᠦᠭᠡᠷᠦᠮᠵᠢ᠂ ᠰᠢᠨ᠎ᠡ ᠮᠠᠲ᠋ᠧᠷᠢᠶᠠᠯ ᠤᠨ ᠲᠦᠷᠦᠭᠦᠸ ᠪᠦᠯᠦᠭ ︵ | ᠤᠳᠠᠭ᠎ᠠ︶ ᠤᠨ ᠦᠢᠯᠡᠳᠬᠦᠨ ᠢ ᠳᠡᠯᠭᠡᠷᠡᠭᠦᠯᠬᠦ ᠭᠠᠷᠴᠠᠭ ᠲᠤ ᠣᠷᠣᠭᠰᠠᠨ ᠪᠠ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠰᠠᠤᠷᠢ ︵ᠢᠵᠢ︶ ᠶᠢᠨ | ᠮᠡᠷᠭᠡᠵᠢᠯ ᠤᠨ ᠲᠣᠨᠤᠭ ᠲᠥᠬᠦᠭᠡᠷᠦᠮᠵᠢ᠂ ᠰᠢᠨ᠎ᠡ ᠮᠠᠲ᠋ᠧᠷᠢᠶᠠᠯ ᠤᠨ ᠲᠦᠷᠦᠭᠦᠸ ᠪᠦᠯᠦᠭ ︵ᠤᠳᠠᠭ᠎ᠠ︶ ᠤᠨ ᠦᠢᠯᠡᠳᠬᠦᠨ ᠢᠶᠠᠷ ᠵᠥᠪᠰᠢᠶᠡᠷᠡᠭᠳᠡᠭᠰᠡᠨ ᠪᠠᠶᠢᠪᠠᠯ᠂ | ᠠᠵᠤ ᠠᠬᠤᠶᠢᠯᠠᠯ ᠤᠨ ᠦᠢᠯᠡᠳᠬᠦᠨ ᠨᠢᠭᠡᠪᠦᠷᠢ ᠳᠤ ᠲᠣᠰ ᠲᠣᠰ 100 ᠲᠦᠮᠡᠨ ᠲᠥᠭᠦᠷᠢᠭ᠂ 30 ᠲᠦᠮᠡᠨ ᠲᠥᠭᠦᠷᠢᠭ ᠤᠨ ᠨᠢᠭᠡ ᠤᠳᠠᠭ᠎ᠠ ᠶᠢᠨ | ᠴᠢᠨᠠᠷᠲᠠᠢ ᠱᠠᠩᠨᠠᠯ ᠣᠯᠭᠤᠨ᠎ᠠ᠃ | ᠭᠤᠷᠪᠠ᠂ ᠠᠵᠤ ᠦᠢᠯᠡᠰ ᠤᠨ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠤᠨ᠎ᠠ | ︵ᠨᠢᠭᠡ︶ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠴᠢᠶᠠᠯᠠᠪᠤᠷᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ | ᠳᠡᠮᠵᠢᠨ᠎ᠡ᠃ ᠰᠠᠶᠢᠨ ᠳᠤᠷ᠎ᠠ ᠶᠢᠨ ᠴᠢᠨᠠᠷᠲᠠᠢ ᠠᠷᠢᠭᠤᠨ ᠴᠡᠪᠡᠷ ᠦᠢᠯᠡᠳᠪᠦᠷᠢᠯᠡᠯ ᠤᠨ ᠬᠢᠨᠠᠨ ᠬᠠᠷᠭᠤᠭᠤᠯᠤᠯᠲᠠ ᠶᠢ ᠥᠷᠨᠢᠭᠦᠯᠬᠦ ᠶᠢᠨ ᠬᠠᠮᠲᠤ ᠰᠢᠯᠭᠠᠨ | ᠠᠪᠬᠤ ᠳᠤ ᠬᠢᠷᠢ ᠲᠡᠩᠴᠡᠭᠰᠡᠨ ᠠᠵᠤ ᠠᠬᠤᠶᠢᠯᠠᠯ ᠳᠤ ᠪᠣᠳᠠᠲᠠᠢ ᠬᠢᠨᠠᠨ ᠬᠠᠷᠭᠤᠭᠤᠯᠤᠭᠰᠠᠨ ᠵᠠᠷᠤᠳᠠᠯ ᠤᠨ ᠶᠣᠰᠣᠭᠠᠷ 10 ᠲᠦᠮᠡᠨ ᠲᠥᠭᠦᠷᠢᠭ ᠠᠴᠠ | ᠬᠡᠲᠦᠷᠡᠬᠦ ᠦᠭᠡᠢ ᠨᠢᠭᠡ ᠤᠳᠠᠭ᠎ᠠ ᠶᠢᠨ ᠴᠢᠨᠠᠷᠲᠠᠢ ᠨᠥᠬᠦᠪᠦᠷᠢ ᠣᠯᠭᠤᠨ᠎ᠠ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠨᠢ ᠪᠣᠬᠢᠷᠲᠤᠯ ᠦᠭᠡᠢ | ᠬᠦᠷᠢᠶᠡᠯᠡᠩ ᠲᠣᠭᠤᠷᠢᠭ᠂ ᠤᠰᠤ ᠠᠷᠪᠢᠯᠠᠬᠤ ᠬᠡᠯᠪᠡᠷᠢ ᠶᠢᠨ ᠬᠦᠷᠢᠶᠡᠯᠡᠩ ᠲᠣᠭᠤᠷᠢᠭ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠦᠷᠢᠶᠡᠯᠡᠩ | ᠲᠣᠭᠤᠷᠢᠭ᠂ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ᠂ ᠤᠷᠴᠢᠯᠵᠢᠭᠤᠯᠤᠨ ᠥᠭᠡᠷᠡᠴᠢᠯᠡᠬᠦ ᠵᠡᠷᠭᠡ ᠤᠯᠤᠰ ᠤᠨ ᠲᠠᠰ ᠤᠨ᠂ ᠥᠪᠡᠷᠲᠡᠭᠡᠨ ᠵᠠᠰᠠᠬᠤ | ᠣᠷᠣᠨ ᠤ ᠲᠠᠰ ᠤᠨ ᠵᠢᠱᠢᠶ᠎ᠡ ᠦᠵᠡᠭᠦᠯᠬᠦ ᠲᠥᠷᠥᠯ ᠤᠨ ᠲᠥᠷᠥᠯ ᠵᠦᠢᠯ ᠢ ᠡᠭᠦᠳᠦᠨ ᠪᠠᠶᠢᠭᠤᠯᠤᠭᠰᠠᠨ ᠳᠤ ᠲᠣᠰ ᠲᠣᠰ 100 ᠲᠦᠮᠡᠨ ᠲᠥᠭᠦᠷᠢᠭ᠂ 50 | ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠢ ᠱᠠᠩᠨᠠᠯ ᠣᠯᠭᠤᠨ᠎ᠠ᠃ | ︵ᠬᠤᠶᠠᠷ︶ ᠡᠨᠧᠷᠭᠢ ᠠᠷᠪᠢᠯᠠᠬᠤ ᠪᠠ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠶᠢ ᠳᠡᠮᠵᠢᠨ᠎ᠡ᠃ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ | ᠪᠠᠭᠤᠷᠠᠭᠤᠯᠬᠤ ᠪᠠ ᠤᠰᠤ ᠠᠷᠪᠢᠯᠠᠬᠤ ᠲᠡᠷᠢᠭᠦᠨ ᠤ ᠬᠡᠷᠡᠭᠯᠡᠭᠡᠨ ᠤ ᠤᠷᠠᠨ ᠮᠡᠷᠭᠡᠰᠢᠯ᠂ ᠮᠡᠷᠭᠡᠵᠢᠯ᠂ ᠲᠥᠬᠦᠭᠡᠷᠦᠮᠵᠢ ᠪᠤᠶᠤ ᠲᠣᠭᠠᠴᠢᠯᠠᠯᠲᠠ ᠶᠢ ᠬᠡᠷᠡᠭᠯᠡᠨ | ᠮᠡᠷᠭᠡᠵᠢᠯ ᠤᠨ ᠥᠭᠡᠷᠡᠴᠢᠯᠡᠯᠲᠡ ᠬᠢᠬᠦ ᠲᠥᠷᠥᠯ ᠵᠦᠢᠯ ᠳᠤ ᠲᠣᠰ ᠲᠣᠰ ᠡᠨᠧᠷᠭᠢ ᠠᠷᠪᠢᠯᠠᠬᠤ ᠬᠡᠮᠵᠢᠶ᠎ᠡ ᠪᠠᠷ 300ᠲᠥᠭᠦᠷᠢᠭ / ᠲᠣᠨ ᠪᠠᠷᠢᠮᠵᠢᠶ᠎ᠠ ᠨᠡᠭᠦᠷᠡᠰᠦ᠂ | ᠤᠰᠤ ᠠᠷᠪᠢᠯᠠᠬᠤ ᠬᠡᠮᠵᠢᠶ᠎ᠡ ᠪᠠᠷ 10 ᠲᠥᠭᠦᠷᠢᠭ /ᠲᠣᠨ ᠤ ᠪᠠᠷᠢᠮᠵᠢᠶ᠎ᠠ ᠪᠠᠷ᠂ 300 ᠲᠦᠮᠡᠨ ᠲᠥᠭᠦᠷᠢᠭ ᠤᠨ ᠳᠣᠲᠣᠷ᠎ᠠ ᠨᠢᠭᠡ ᠤᠳᠠᠭ᠎ᠠ ᠶᠢᠨ ᠴᠢᠨᠠᠷᠲᠠᠢ | ᠱᠠᠩᠨᠠᠯ ᠤᠨ ᠨᠥᠬᠦᠪᠦᠷᠢ ᠣᠯᠭᠤᠨ᠎ᠠ᠃ ᠰᠢᠨ᠎ᠡ ᠪᠠᠷ ᠪᠠᠶᠢᠭᠤᠯᠤᠭᠰᠠᠨ᠂ ᠥᠷᠭᠡᠳᠬᠡᠨ ᠪᠠᠶᠢᠭᠤᠯᠤᠭᠰᠠᠨ ᠠᠵᠤ ᠦᠢᠯᠡᠳᠪᠦᠷᠢ ᠶᠢᠨ ᠡᠩ ᠤᠨ ᠬᠠᠲᠠᠭᠤ ᠪᠡᠶᠡᠲᠦ | ᠬᠠᠶᠠᠭᠳᠠᠮᠠᠯ ᠪᠣᠳᠠᠰ ᠤᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠪᠤᠶᠤ ᠳᠠᠬᠢᠯᠲᠠ ᠡᠬᠢ ᠪᠠᠶᠠᠯᠢᠭ ᠢ ᠤᠷᠴᠢᠯᠵᠢᠭᠤᠯᠤᠨ ᠠᠰᠢᠭᠯᠠᠬᠤ ᠲᠥᠷᠥᠯ ᠵᠦᠢᠯ ᠳᠤ᠂ | ᠲᠡᠭᠦᠨ ᠤ ᠪᠣᠳᠠᠲᠠᠢ ᠪᠡᠯᠡ ᠣᠷᠣᠭᠤᠯᠤᠭᠰᠠᠨ ᠲᠤᠭ᠎ᠠ ᠶᠢᠨ 5% ᠪᠠᠷ ᠨᠢᠭᠡ ᠤᠳᠠᠭ᠎ᠠ ᠶᠢᠨ ᠴᠢᠨᠠᠷᠲᠠᠢ ᠪᠠᠷ ᠱᠠᠩᠨᠠᠯ ᠤᠨ ᠨᠥᠬᠦᠪᠦᠷᠢ ᠣᠯᠭᠤᠵᠤ᠂ ᠲᠠᠩ | ᠭᠠᠭᠴᠠ ᠲᠥᠷᠥᠯ ᠵᠦᠢᠯ ᠳᠤ 300 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃ ᠪᠣᠰᠣᠳ ᠲᠤ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ | ᠴᠢᠨᠠᠷ ᠲᠠᠢ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠠᠵᠤ ᠠᠬᠤᠶᠢᠯᠠᠯ ᠳᠤ᠂ ᠬᠠᠲᠠᠭᠤ ᠪᠡᠶᠡᠲᠦ | ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠭᠰᠠᠨ ᠦᠨᠡᠯᠡᠯᠲᠡ ᠶᠢᠨ ᠮᠡᠳᠡᠭᠦᠯᠦᠯᠲᠡ ᠳᠠᠬᠢ ᠪᠦᠲᠦᠮᠵᠢᠲᠡᠶ ᠠᠰᠢᠭᠯᠠᠭᠰᠠᠨ ᠬᠡᠮᠵᠢᠶ᠎ᠡ ᠪᠠᠷ 10 ᠲᠥᠭᠦᠷᠢᠭ / | ᠲᠣᠨ ᠤᠨ ᠨᠥᠬᠦᠪᠦᠷᠢ ᠥᠭᠴᠦ᠂ ᠠᠵᠤ ᠠᠬᠤᠶᠢᠯᠠᠯ ᠨᠢᠭᠡᠪᠦᠷᠢ ᠳᠤ 300 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃ | ︵ᠭᠤᠷᠪᠠ︶ ᠬᠤᠳᠠᠯᠳᠤᠭᠠᠨ ᠤ ᠬᠡᠷᠡᠭᠯᠡᠭᠡᠨ ᠤ ᠰᠢᠨ᠎ᠡ ᠡᠨᠧᠷᠭᠢ ᠶᠢᠨ ᠲᠡᠷᠭᠡ ᠶᠢᠨ ᠢᠵᠢ ᠪᠦᠷᠢᠳᠦᠭᠦᠯᠬᠦ ᠰᠠᠭᠤᠷᠢ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢ ᠳᠡᠮᠵᠢᠨ᠎ᠡ᠃ ᠮᠠᠨ ᠤ ᠬᠤᠲᠠ ᠶᠢᠨ ᠬᠤᠳᠠᠯᠳᠤᠭᠠᠨ ᠤ ᠬᠡᠷᠡᠭᠯᠡᠭᠡᠨ ᠤ ᠰᠢᠨ᠎ᠡ ᠡᠨᠧᠷᠭᠢ ᠶᠢᠨ ᠲᠡᠷᠭᠡ ᠶᠢᠨ ᠤᠰᠤᠲᠥ᠋ᠷᠥᠭᠴᠢ ᠨᠡᠮᠡᠬᠦ᠂ ᠠᠯᠠᠺᠤᠯ | ᠤᠰᠤᠲᠥ᠋ᠷᠥᠭᠴᠢ ᠨᠡᠮᠡᠬᠦ᠂ ᠴᠠᠬᠢᠯᠭᠠᠨ ᠴᠡᠨᠡᠭᠯᠡᠵᠦ ᠰᠣᠯᠢᠬᠤ ᠵᠡᠷᠭᠡ ᠶᠡᠷᠦᠩᠬᠡᠶᠢᠯᠡᠭᠰᠡᠨ ᠦᠢᠯᠡᠴᠢᠯᠡᠭᠡᠨ ᠤ ᠥᠷᠲᠡᠭᠡ ᠳᠤ ᠲᠥᠬᠦᠭᠡᠷᠦᠮᠵᠢ ᠶᠢᠨ ᠪᠡᠯᠡ | ᠣᠷᠣᠭᠤᠯᠤᠯᠲᠠ ᠶᠢᠨ ᠲᠣᠭᠠᠨ ᠤ 20% ᠠᠴᠠ ᠬᠡᠲᠦᠷᠡᠭᠦᠯᠬᠦ ᠦᠭᠡᠢ ᠪᠠᠷ ᠨᠢᠭᠡ ᠤᠳᠠᠭ᠎ᠠ ᠶᠢᠨ ᠴᠢᠨᠠᠷᠲᠠᠢ ᠨᠥᠬᠦᠪᠦᠷᠢ ᠥᠭᠴᠦ᠂ ᠲᠠᠩ ᠭᠠᠭᠴᠠ ᠲᠥᠷᠥᠯ | ᠵᠦᠢᠯ ᠳᠤ 300 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃ ᠤᠯᠤᠰ ᠪᠠ ᠥᠪᠡᠷᠲᠡᠭᠡᠨ ᠵᠠᠰᠠᠬᠤ ᠣᠷᠣᠨ ᠠᠴᠠ ᠬᠡᠷᠪᠡ ᠲᠣᠰ ᠲᠥᠷᠥᠯ ᠤᠨ | ᠪᠡᠯᠡᠳᠬᠡᠮᠵᠢ ᠶᠢᠨ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠨᠡᠶᠢᠲᠡᠯᠡᠪᠡᠯ᠂ ᠤᠷᠢᠳᠠᠪᠠᠷ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠶᠢ | ᠣᠯᠵᠤ᠂ ᠳᠠᠪᠬᠤᠷᠳᠠᠭᠤᠯᠤᠨ ᠣᠯᠭᠤᠬᠤ ᠦᠭᠡᠢ᠃ | ᠲᠤᠰ ᠮᠡᠳᠡᠭᠳᠡᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ︽ᠬᠥᠬᠡᠬᠤᠲᠠ ᠶᠢᠨ ᠠᠵᠤ ᠦᠢᠯᠡᠳᠪᠦᠷᠢ ᠶᠢᠨ ᠠᠵᠤ | ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠲᠦᠷᠭᠡᠳᠬᠡᠵᠦ ᠠᠵᠤ ᠦᠢᠯᠡᠳᠪᠦᠷᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠷᠪᠠᠨ | ᠵᠤᠷᠪᠤᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ︵ᠬᠥᠬᠡᠬᠤᠲᠠ ᠶᠢᠨ ᠵᠠᠰᠠᠭ ᠠᠯᠪᠠᠨ ᠲᠠᠷᠬᠠᠭᠠᠭᠰᠠᠨ ﹇2021﹈ 19 ᠳ᠋ᠦ᠋ᠭᠡᠷ ᠲᠣᠭᠠᠲᠤ︶ ᠶᠢ | ᠬᠠᠮᠲᠤ ᠳᠤᠨᠢ ᠬᠦᠴᠦᠨ ᠦᠭᠡᠢ ᠪᠣᠯᠭᠠᠨ᠎ᠠ᠃ | |