ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ 285 ᠲᠦᠮᠡᠨ ᠲᠥᠭᠦᠷᠢᠭ ᠤᠨ ᠪᠡᠯᠡ ᠮᠥᠩᠭᠦ ᠪᠠᠭᠤᠯᠭᠠᠵᠤ ᠰᠤᠷᠭᠠᠨ ᠬᠥᠮᠦᠵᠢᠯ ᠢ ᠳᠡᠮᠵᠢᠬᠦ ᠪᠠᠭᠰᠢ ᠳᠤ ᠨᠥᠬᠦᠪᠦᠷᠢ ᠥᠭᠪᠡ
ᠨᠡᠶᠢᠲᠡᠯᠡᠭᠰᠡᠨ ᠴᠠᠭ᠄
2024/3/28
      ︵ᠰᠤᠷᠪᠤᠯᠵᠢᠯᠠᠭᠴᠢ ᠰᠦᠩ ᠰᠢᠶᠠᠩ ᠬᠤᠸᠠ︶ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ᠂ ᠶᠠᠳᠠᠭᠤ ᠠᠴᠠ ᠠᠩᠭᠢᠵᠢᠷᠠᠭᠤᠯᠬᠤ ᠰᠢᠶᠠᠨ ᠵᠡᠷᠭᠡ ᠪᠠᠭᠤᠷᠠᠢ ᠬᠤᠰᠢᠭᠤ ᠰᠢᠶᠠᠨ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠢ ᠳᠡᠮᠵᠢᠨ ᠲᠡᠳᠬᠦᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ︽ᠴᠢᠰᠤ ᠶᠡᠭᠦᠯᠡᠬᠦ︾ ᠶᠢ ︽ᠴᠢᠰᠤ ᠪᠦᠲᠦᠭᠡᠬᠦ︾ ᠪᠣᠯᠭᠠᠵᠤ᠂ ᠰᠤᠷᠭᠠᠭᠤᠯᠢ ᠶᠢᠨ ᠵᠠᠬᠢᠷᠤᠯ ᠤᠨ ᠰᠤᠷᠭᠠᠭᠤᠯᠢ ᠡᠷᠭᠢᠯᠡᠬᠦ ᠪᠠ ᠰᠤᠷᠭᠠᠭᠤᠯᠢ ᠶᠢ ᠵᠠᠰᠠᠬᠤ ᠴᠢᠳᠠᠪᠤᠷᠢ᠂ ᠪᠠᠭᠰᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠬᠤᠰᠢᠭᠤ ᠰᠢᠶᠠᠨ ᠤ ᠱᠠᠲᠤᠨ ᠠᠴᠠ ᠳᠣᠷᠣᠭᠰᠢᠬᠢ ᠳᠤᠮᠳᠠᠳᠤ ᠪᠠᠭ᠎ᠠ ᠰᠤᠷᠭᠠᠭᠤᠯᠢ ᠪᠣᠯᠣᠨ ᠬᠤᠲᠠ ᠶᠢᠨ ᠲᠣᠭᠤᠷᠢᠭ ᠤᠨ ᠰᠤᠷᠭᠠᠭᠤᠯᠢ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠶᠢᠨ ᠲᠦᠯᠦᠭᠡ᠂ ︽2024 ᠣᠨ ᠤ ᠰᠢᠯᠢᠳᠡᠭ ᠢᠳᠡᠷ ᠵᠠᠯᠠᠭᠤ ᠪᠠᠭᠰᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ ᠰᠤᠷᠭᠠᠨ ᠬᠥᠮᠦᠵᠢᠯ ᠢ ᠳᠡᠮᠵᠢᠬᠦ ᠨᠥᠬᠦᠪᠦᠷᠢ ᠶᠢᠨ ᠪᠡᠯᠡ ᠮᠥᠩᠭᠦ ᠶᠢᠨ ᠲᠥᠰᠥᠪ ᠪᠠᠭᠤᠯᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠰᠤᠷᠭᠠᠨ ᠬᠥᠮᠦᠵᠢᠯ ᠤᠨ ᠲᠢᠩᠬᠢᠮ ᠤᠨ ᠮᠡᠳᠡᠭᠳᠡᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠣᠶᠢᠷ᠎ᠠ ᠳᠤ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠳᠡᠭᠡᠳᠦ ᠱᠠᠲᠤᠨ ᠤ ᠪᠠᠭᠤᠯᠭᠠᠭᠰᠠᠨ 2024 ᠣᠨ ᠤ ᠰᠢᠯᠢᠳᠡᠭ ᠢᠳᠡᠷ ᠵᠠᠯᠠᠭᠤ ᠪᠠᠭᠰᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ ᠰᠤᠷᠭᠠᠨ ᠬᠥᠮᠦᠵᠢᠯ ᠢ ᠳᠡᠮᠵᠢᠬᠦ 285 ᠲᠦᠮᠡᠨ ᠲᠥᠭᠦᠷᠢᠭ ᠤᠨ ᠨᠥᠬᠦᠪᠦᠷᠢ ᠪᠡᠯᠡ ᠮᠥᠩᠭᠦ ᠶᠢ ᠪᠠᠭᠤᠯᠭᠠᠵᠤ᠂ 96 ᠰᠤᠷᠭᠠᠨ ᠬᠥᠮᠦᠵᠢᠯ ᠢ ᠳᠡᠮᠵᠢᠬᠦ ᠪᠠᠭᠰᠢ ᠶᠢᠨ ᠠᠮᠢᠳᠤᠷᠠᠯ ᠤᠨ ᠨᠥᠬᠦᠪᠦᠷᠢ ᠣᠯᠭᠤᠬᠤ ᠳᠤ ᠬᠡᠷᠡᠭᠯᠡᠪᠡ᠃       ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠡᠯ᠎ᠡ ᠬᠤᠰᠢᠭᠤ ᠰᠢᠶᠠᠨ ᠲᠣᠭᠤᠷᠢᠭ᠂ ᠬᠤᠲᠠ ᠶᠢᠨ ᠲᠣᠰ ᠱᠠᠲᠤᠨ ᠤ ᠲᠥᠰᠥᠪ ᠤᠨ ᠨᠢᠭᠡᠴᠢ ᠨᠥᠬᠦᠪᠦᠷᠢ ᠶᠢᠨ ᠪᠡᠯᠡ ᠮᠥᠩᠭᠦ ᠶᠢ ᠰᠤᠷᠭᠠᠨ ᠬᠥᠮᠦᠵᠢᠯ ᠢ ᠳᠡᠮᠵᠢᠬᠦ ᠪᠠᠭᠰᠢ ᠶᠢ ᠲᠣᠮᠢᠯᠠᠭᠰᠠᠨ ᠰᠤᠷᠭᠠᠭᠤᠯᠢ ᠳᠤ ᠴᠠᠭ ᠲᠤᠬᠠᠢ ᠳᠤᠨᠢ ᠪᠠᠭᠤᠯᠭᠠᠵᠤ᠂ ᠨᠥᠬᠦᠪᠦᠷᠢ ᠶᠢᠨ ᠪᠡᠯᠡ ᠮᠥᠩᠭᠦ ᠶᠢ ᠰᠤᠷᠭᠠᠨ ᠬᠥᠮᠦᠵᠢᠯ ᠢ ᠳᠡᠮᠵᠢᠬᠦ ᠪᠠᠭᠰᠢ ᠶᠢᠨ ᠭᠠᠷ ᠲᠤ ᠴᠠᠭ ᠲᠤᠬᠠᠢ ᠳᠤᠨᠢ᠂ ᠲᠤᠭ᠎ᠠ ᠶᠣᠰᠣᠭᠠᠷ ᠣᠯᠭᠤᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠲᠣᠰ ᠤᠳᠠᠭᠠᠨ ᠤ ᠪᠡᠯᠡ ᠮᠥᠩᠭᠦ ᠶᠢ ᠪᠠᠭᠤᠯᠭᠠᠭᠰᠠᠨ ᠨᠢ ᠬᠤᠲᠠ ᠬᠥᠳᠡᠭᠡ ᠶᠢᠨ ᠰᠤᠷᠭᠠᠨ ᠬᠥᠮᠦᠵᠢᠯ ᠤᠨ ᠨᠢᠭᠡ ᠴᠣᠭᠴᠠᠵᠢᠭᠰᠠᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠠᠬᠢᠭᠤᠯᠬᠤ ᠦᠢᠯᠡᠳᠦᠯ ᠦᠵᠡᠭᠦᠯᠪᠡ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ