ᠭᠦᠭᠡᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ 2023 ᠣᠨ ᠳᠤ ᠭᠦᠭᠡᠬᠤᠲᠠ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ 123 ᠵᠦᠢᠯ ᠤᠨ ᠦᠷ᠎ᠡ ᠪᠦᠲᠦᠭᠡᠯ ᠢ ᠳᠠᠩᠰᠠᠯᠠᠭᠤᠯᠵᠠᠢ᠃ ᠡᠨᠡ ᠨᠢ᠂ 2021 ᠣᠨ ᠪᠠ 2022 ᠣᠨ ᠤ | ᠬᠢ ᠠᠴᠠ ᠲᠤᠰ ᠲᠤᠰ 86.36% ᠪᠠ 28.13% ᠪᠠᠷ ᠨᠡᠮᠡᠭᠳᠡᠵᠦ᠂ ᠵᠢᠯ ᠳᠠᠷᠠᠭᠠᠯᠠᠨ ᠳᠡᠭᠡᠭᠰᠢᠯᠡᠵᠦ᠂ ︽ᠮᠧᠩ ᠺᠧ ᠵᠢᠦᠢ︾ ᠰᠢᠨ᠎ᠡ ᠶᠢ ᠡᠭᠦᠳᠬᠦ ᠪᠠᠷ | ᠬᠥᠳᠡᠯᠭᠡᠭᠦᠷ ᠪᠤᠯᠭᠠᠬᠤ ᠲᠠᠪᠴᠠᠩ ᠢ ᠪᠦᠭᠦ ᠬᠦᠴᠦᠨ ᠢᠶᠠᠷ ᠢᠶᠠᠨ ᠪᠠᠶᠢᠭᠤᠯᠵᠤ᠂ ᠰᠢᠨ᠎ᠡ ᠶᠢ ᠡᠭᠦᠳᠬᠦ ᠣᠷᠴᠢᠨ ᠨᠥᠬᠦᠴᠡᠯ ᠢ ᠲᠠᠰᠤᠷᠠᠯᠲᠠ ᠦᠭᠡᠢ | ᠰᠢᠯᠢᠳᠡᠭᠵᠢᠭᠦᠯᠵᠦ᠂ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠢᠯᠡᠷᠬᠡᠢ ᠳᠡᠭᠡᠭᠰᠢᠯᠡᠭᠦᠯᠦᠭᠰᠡᠨ ᠪᠠᠶᠢᠨ᠎ᠠ᠃ | ᠣᠶᠢᠯᠠᠭᠠᠭᠰᠠᠨ ᠢᠶᠠᠷ᠂ ᠭᠦᠭᠡᠬᠤᠲᠠ ᠶᠢᠨ 2023 ᠣᠨ ᠳᠤ ᠳᠠᠩᠰᠠᠯᠠᠭᠤᠯᠤᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ | ᠳᠤᠮᠳᠠ᠂ ᠬᠡᠷᠡᠭᠯᠡᠭᠡᠨ ᠤ ᠮᠡᠷᠭᠡᠵᠢᠯ ᠤᠨ ᠲᠥᠷᠥᠯ ᠤᠨ ᠦᠷ᠎ᠡ ᠪᠦᠲᠦᠭᠡᠯ ᠨᠡᠶᠢᠲᠡ 120 ᠪᠠᠶᠢᠵᠤ᠂ ᠳᠠᠩᠰᠠᠯᠠᠭᠤᠯᠤᠭᠰᠠᠨ ᠦᠷ᠎ᠡ ᠪᠦᠲᠦᠭᠡᠯ ᠤᠨ ᠶᠡᠷᠦᠩᠬᠡᠢ | ᠬᠡᠮᠵᠢᠶᠡᠨ ᠤ 97.56% ᠶᠢ ᠡᠵᠡᠯᠡᠪᠡ᠃ ᠰᠠᠭᠤᠷᠢ ᠰᠤᠳᠤᠯᠭᠠᠨ ᠤ ᠲᠥᠷᠥᠯ ᠤᠨ ᠦᠷ᠎ᠡ ᠪᠦᠲᠦᠭᠡᠯ 3 ᠪᠠᠶᠢᠵᠤ᠂ ᠳᠠᠩᠰᠠᠯᠠᠭᠤᠯᠤᠭᠰᠠᠨ ᠦᠷ᠎ᠡ ᠪᠦᠲᠦᠭᠡᠯ ᠤᠨ | ᠶᠡᠷᠦᠩᠬᠡᠢ ᠬᠡᠮᠵᠢᠶᠡᠨ ᠤ 2.44% ᠶᠢ ᠡᠵᠡᠯᠡᠪᠡ᠃ ᠤᠯᠤᠰ ᠤᠨ ᠲᠥᠯᠥᠪᠯᠡᠭᠡ᠂ ᠣᠷᠣᠨ ᠨᠤᠲᠤᠭ ᠤᠨ ᠲᠥᠯᠥᠪᠯᠡᠭᠡ᠂ ᠰᠠᠯᠠᠭ᠎ᠠ ᠮᠥᠴᠢᠷ ᠤᠨ ᠲᠥᠯᠥᠪᠯᠡᠭᠡ᠂ | ᠣᠷᠣᠨ ᠨᠤᠲᠤᠭ ᠤᠨ ᠰᠠᠭᠤᠷᠢ ᠮᠥᠩᠭᠦ᠂ ᠰᠠᠯᠠᠭ᠎ᠠ ᠮᠥᠴᠢᠷ ᠤᠨ ᠰᠠᠭᠤᠷᠢ ᠮᠥᠩᠭᠦ ᠶᠢᠨ ᠲᠥᠷᠥᠯ ᠤᠨ ᠦᠷ᠎ᠡ ᠪᠦᠲᠦᠭᠡᠯ ᠨᠡᠶᠢᠲᠡ 38 ᠵᠦᠢᠯ ᠪᠠᠶᠢᠵᠤ᠂ | ᠳᠠᠩᠰᠠᠯᠠᠭᠤᠯᠤᠭᠰᠠᠨ ᠦᠷ᠎ᠡ ᠪᠦᠲᠦᠭᠡᠯ ᠤᠨ ᠶᠡᠷᠦᠩᠬᠡᠢ ᠬᠡᠮᠵᠢᠶᠡᠨ ᠤ 30.89% ᠶᠢ ᠡᠵᠡᠯᠡᠪᠡ᠃ ᠳᠠᠩᠰᠠᠯᠠᠭᠤᠯᠤᠭᠰᠠᠨ ᠬᠡᠷᠡᠭᠯᠡᠭᠡᠨ ᠤ ᠮᠡᠷᠭᠡᠵᠢᠯ ᠤᠨ | ᠲᠥᠷᠥᠯ ᠤᠨ ᠦᠷ᠎ᠡ ᠪᠦᠲᠦᠭᠡᠯ ᠤᠨ ᠠᠵᠢᠯ ᠲᠦᠷᠦᠯ ᠠᠴᠠ ᠨᠢ ᠦᠵᠡᠪᠡᠯ᠂ ᠦᠢᠯᠡᠳᠬᠦ ᠦᠢᠯᠡᠰ ᠤᠨ ᠦᠷ᠎ᠡ ᠪᠦᠲᠦᠭᠡᠯ 32᠂ ᠮᠡᠳᠡᠭᠡ ᠵᠠᠩᠭᠢ ᠳᠠᠮᠵᠢᠭᠤᠯᠬᠤ᠂ | ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠦᠷ᠎ᠡ ᠪᠦᠲᠦᠭᠡᠯ 29 ᠪᠠᠶᠢᠵᠤ᠂ ᠳᠠᠷᠠᠭᠠᠯᠠᠪᠠᠯ᠂ ᠲᠠᠷᠢᠶᠠᠯᠠᠩ᠂ | ᠣᠢ ᠰᠢᠭᠤᠢ᠂ ᠮᠠᠯ ᠠᠵᠤ ᠠᠬᠤᠢ᠂ ᠵᠢᠭᠠᠰᠤᠨ ᠠᠵᠤ ᠠᠬᠤᠢ ᠶᠢᠨ ᠦᠷ᠎ᠡ ᠪᠦᠲᠦᠭᠡᠯ 14 ᠪᠠᠶᠢᠨ᠎ᠠ᠃ ᠬᠡᠷᠡᠭᠯᠡᠭᠡᠨ ᠤ ᠮᠡᠷᠭᠡᠵᠢᠯ ᠤᠨ 120 ᠵᠦᠢᠯ ᠤᠨ ᠦᠷ᠎ᠡ | ᠪᠦᠲᠦᠭᠡᠯ ᠳᠣᠲᠣᠷ᠎ᠠ᠂ ᠳᠡᠭᠡᠳᠦ ᠰᠢᠨ᠎ᠡ ᠮᠡᠷᠭᠡᠵᠢᠯ ᠤᠨ ᠬᠦᠷᠢᠶ᠎ᠡ ᠴᠠᠷᠠᠭᠠᠨ ᠤ ᠦᠷ᠎ᠡ ᠪᠦᠲᠦᠭᠡᠯ 67 ᠵᠦᠢᠯ ᠪᠤᠢ᠂ ᠡᠭᠦᠨ ᠠᠴᠠ ᠭᠠᠳᠠᠨ᠎ᠠ᠂ ᠡᠯᠧᠺᠲᠷᠣᠨ | ᠮᠡᠳᠡᠭᠡ ᠵᠠᠩᠭᠢ ᠶᠢᠨ ᠬᠦᠷᠢᠶ᠎ᠡ ᠴᠠᠷᠠᠭᠠᠨ ᠤ 28 ᠵᠦᠢᠯ ᠤᠨ ᠦᠷ᠎ᠡ ᠪᠦᠲᠦᠭᠡᠯ᠂ ᠠᠮᠢᠳᠤ ᠪᠣᠳᠠᠰ ᠤᠨ ᠡᠮ ᠡᠮᠨᠡᠯᠭᠡ ᠬᠢᠭᠡᠳ ᠡᠮᠴᠢᠯᠡᠭᠡᠨ ᠤ ᠪᠠᠭᠠᠵᠢ | ᠬᠡᠷᠡᠭᠰᠡᠯ ᠤᠨ ᠬᠦᠷᠢᠶ᠎ᠡ ᠴᠠᠷᠠᠭᠠᠨ ᠳᠠᠬᠢ 10 ᠵᠦᠢᠯ ᠤᠨ ᠦᠷ᠎ᠡ ᠪᠦᠲᠦᠭᠡᠯ᠂ ᠲᠡᠷᠢᠭᠦᠨ ᠤ ᠦᠢᠯᠡᠳᠬᠦ ᠦᠢᠯᠡᠰ ᠤᠨ ᠬᠦᠷᠢᠶ᠎ᠡ ᠴᠠᠷᠠᠭᠠᠨ ᠤ 7 ᠵᠦᠢᠯ ᠤᠨ | ᠦᠷ᠎ᠡ ᠪᠦᠲᠦᠭᠡᠯ ᠢ ᠪᠠᠭᠲᠠᠭᠠᠭᠰᠠᠨ ᠪᠠᠶᠢᠨ᠎ᠠ᠃ |