2023 ᠣᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠠᠶᠢᠳᠠᠯ ᠤᠨ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠦᠯᠦᠯᠲᠡ
ᠨᠡᠶᠢᠲᠡᠯᠡᠭᠰᠡᠨ ᠴᠠᠭ᠄
2024/3/30
ᠬᠥᠬᠡᠬᠤᠲᠠ ᠵᠠᠰᠠᠭ ᠥᠰᠥᠭ ﹇2024﹈ 27 ᠳ᠋ᠤᠭᠠᠷ ᠲᠣᠭᠠᠲᠤ     2023 ᠣᠨ ᠳᠤ᠂ ᠮᠠᠨ ᠤ ᠬᠤᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠲᠠᠢ ᠨᠢᠭᠲᠠ ᠤᠶᠠᠯᠳᠤᠭᠤᠯᠤᠨ᠂ ︽ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ ︵2021 ︱ 2025 ᠣᠨ︶︾ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠦᠨᠳᠦᠰᠦᠲᠡᠨ ᠤ ᠠᠷᠠᠳ ᠲᠦᠮᠡᠨ ᠳᠤ ᠬᠠᠤᠯᠢᠵᠢᠯ ᠤᠨ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠵᠤ᠂ ᠣᠷᠣᠨ ᠤ ᠲᠥᠪ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠪᠡ᠃      ᠨᠢᠭᠡ᠂ 2023 ᠣᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠭᠤᠣᠯ ᠠᠷᠭ᠎ᠠ ᠬᠡᠮᠵᠢᠶ᠎ᠡ ᠪᠠ ᠦᠷ᠎ᠡ ᠪᠦᠲᠦᠮᠵᠢ      ︵ᠨᠢᠭᠡ︶ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠲᠦᠯᠬᠢᠨ ᠠᠬᠢᠭᠤᠯᠪᠠ᠃ ᠬᠤᠳᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠤᠳᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠲᠦᠷᠦᠭᠦᠯᠡᠵᠦ᠂ ᠬᠤᠳᠠ ᠶᠢᠨ ᠨᠠᠮ ᠤᠨ ᠬᠤᠷᠢᠶ᠎ᠠ ᠶᠢᠨ ᠭᠤᠣᠯ ᠬᠠᠷᠢᠭᠤᠴᠠᠯᠭᠠᠲᠠᠨ ᠨᠥᠬᠦᠳ ᠪᠡᠶ᠎ᠡ ᠪᠠᠷ ᠢᠶᠠᠨ ᠲᠤᠰᠬᠠᠢ ᠰᠡᠳᠦᠪ ᠢᠶᠠᠷ ᠬᠠᠪᠰᠤᠷᠤᠨ ᠵᠢᠯᠤᠭᠤᠳᠴᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠴᠠᠭ ᠲᠤᠬᠠᠢ ᠳᠤᠨᠢ ᠲᠠᠭᠠᠨ ᠰᠤᠷᠤᠯᠴᠠᠪᠠ᠃ 2023 ᠣᠨ ᠳᠤ ᠬᠤᠳᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ 3 ᠤᠳᠠᠭ᠎ᠠ ᠲᠤᠰᠬᠠᠢ ᠰᠡᠳᠦᠪ ᠢᠶᠠᠷ ᠰᠤᠷᠤᠯᠴᠠᠵᠤ᠂ ᠬᠤᠳᠠ ᠶᠢᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ 12 ᠭᠤᠣᠯ ᠴᠣᠭᠴᠠᠲᠤ ᠠᠩᠭᠢ ᠳᠤ ᠲᠤᠰᠬᠠᠢ ᠰᠡᠳᠦᠪᠲᠦ ᠬᠢᠴᠢᠶᠡᠯ ᠲᠣᠬᠢᠷᠠᠭᠤᠯᠵᠤ᠂ ᠰᠤᠷᠤᠯᠭᠠᠲᠠᠨ ᠢ ᠨᠡᠶᠢᠳᠡ 800 ᠭᠠᠷᠤᠢ ᠬᠥᠮᠥᠨ ᠤᠳᠠᠭ᠎ᠠ ᠪᠣᠯᠪᠠᠰᠤᠷᠠᠭᠤᠯᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ 200 ᠭᠠᠷᠤᠢ ᠤᠳᠠᠭ᠎ᠠ ᠲᠤᠰᠬᠠᠢ ᠰᠡᠳᠦᠪᠲᠦ ᠰᠤᠷᠤᠯᠴᠠᠯᠭ᠎ᠠ ᠥᠷᠨᠢᠭᠦᠯᠵᠡᠢ᠃ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠣᠷᠣᠨ ᠤ ᠲᠥᠪ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠪᠦᠬᠦ ᠲᠠᠯ᠎ᠠ ᠳᠤ ᠲᠠᠯᠪᠢᠵᠤ ᠨᠢᠭᠡᠳᠦᠯᠲᠡᠢ ᠲᠥᠯᠥᠪᠵᠢᠭᠦᠯᠦᠨ ᠲᠥᠯᠥᠪᠯᠡᠵᠦ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ᠂ ᠬᠤᠳᠠ ᠶᠢᠨ ᠨᠠᠮ ᠤᠨ ᠬᠤᠷᠢᠶ᠎ᠠ ᠶᠢᠨ ᠪᠦᠬᠦ ᠲᠠᠯ᠎ᠠ ᠪᠠᠷ ᠬᠠᠤᠯᠢ ᠪᠠᠷ ᠬᠤᠳᠠ ᠶᠢ ᠵᠠᠰᠠᠬᠤ ᠬᠤᠷᠢᠶ᠎ᠠ ᠶᠢᠨ ᠬᠤᠷᠠᠯ᠂ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠬᠤᠳᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠠᠴᠠ ᠪᠣᠳᠠᠲᠠᠢ ᠠᠵᠢᠯ ᠢ ᠤᠯᠠᠨ ᠤᠳᠠᠭ᠎ᠠ ᠰᠤᠳᠤᠯᠤᠨ ᠪᠠᠶᠢᠷᠢᠯᠠᠭᠤᠯᠵᠠᠢ᠃ ︽ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ︾ ᠶᠢ ᠪᠥᠬᠦ ᠬᠤᠲᠠ ᠶᠢᠨ ᠬᠠᠤᠯᠢᠵᠢᠯ ᠤᠨ ᠪᠠᠶᠢᠭᠤᠯᠤᠯᠲᠠ ᠶᠢ ᠬᠢᠨᠠᠨ ᠰᠢᠯᠭᠠᠬᠤ ᠭᠦᠢᠴᠡᠳᠬᠡᠯ ᠲᠤᠭ᠎ᠠ ᠳᠤ ᠣᠷᠣᠭᠤᠯᠪᠠ᠃ 9 ᠬᠤᠰᠢᠭᠤ ᠰᠢᠶᠠᠨ ᠲᠣᠭᠤᠷᠢᠭ᠂ 11 ᠵᠠᠰᠠᠭ ᠤᠨ ᠣᠷᠳᠣᠨ ᠤ ᠰᠠᠯᠠᠭ᠎ᠠ ᠮᠥᠴᠢᠷ ᠢ ᠲᠤᠬᠠᠢ ᠶᠢᠨ ᠭᠠᠵᠠᠷ ᠲᠤᠨᠢ ᠰᠢᠮᠳᠠᠭᠤᠯᠤᠨ ᠪᠠᠶᠢᠴᠠᠭᠠᠪᠠ᠃ ᠡᠯ᠎ᠡ ᠱᠠᠲᠤᠨ ᠤ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠬᠠᠤᠯᠢᠵᠢᠯ ᠤᠨ ᠣᠨ ᠤ ᠮᠡᠳᠡᠭᠦᠯᠦᠯᠲᠡ ᠬᠢᠵᠦ᠂ ᠮᠡᠳᠡᠭᠦᠯᠦᠯᠲᠡ ᠬᠢᠬᠦ ᠶᠣᠰᠣᠲᠠᠢ ᠶᠢ ᠪᠦᠬᠦᠨ ᠢ ᠮᠡᠳᠡᠭᠦᠯᠪᠡ᠃ ᠮᠠᠨ ᠤ ᠬᠤᠲᠠ ᠵᠢᠴᠢ ᠰᠠᠶᠢᠬᠠᠨ ᠲᠣᠭᠤᠷᠢᠭ ᠪᠥᠬᠦ ᠣᠷᠣᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠭᠠᠵᠠᠷ ᠣᠷᠣᠨ ᠢᠶᠠᠷ ᠦᠨᠡᠯᠡᠭᠳᠡᠵᠦ᠂ ᠪᠥᠬᠦ ᠬᠤᠲᠠ ᠶᠢᠨ ︽12345︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠬᠠᠮᠢᠶᠠᠷᠤᠯᠲᠠ ᠶᠢᠨ ᠠᠵᠢᠯᠯᠠᠭᠠᠨ ᠤ ᠰᠢᠰᠲ᠋ᠧᠮᠵᠢ ᠪᠥᠬᠦ ᠣᠷᠣᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠢᠶᠠᠷ ᠦᠨᠡᠯᠡᠭᠳᠡᠪᠡ᠃      ︵ᠬᠤᠶᠠᠷ︶ ᠬᠠᠤᠯᠢ ᠲᠣᠭᠲᠠᠭᠠᠬᠤ ᠳᠦᠷᠢᠮ ᠲᠣᠭᠲᠠᠭᠠᠬᠤ ᠶᠢ ᠰᠢᠯᠢᠳᠡᠭᠵᠢᠭᠦᠯᠦᠨ ᠶᠠᠰᠤ ᠴᠢᠨᠠᠷ ᠦᠷ᠎ᠡ ᠪᠦᠲᠦᠮᠵᠢ ᠳᠡᠭᠡᠭᠰᠢᠯᠡᠭᠦᠯᠵᠦ᠂ ᠬᠠᠤᠯᠢ ᠶᠣᠰᠣᠭᠠᠷ ᠰᠢᠨᠵᠢᠯᠡᠬᠦ ᠤᠬᠠᠭᠠᠨᠴᠢ ᠪᠠᠷ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠬᠢᠷᠢ ᠲᠦᠪᠰᠢᠨ ᠢ ᠳᠡᠭᠡᠭᠰᠢᠯᠡᠭᠦᠯᠪᠡ᠃ ᠣᠨ ᠤ ᠬᠠᠤᠯᠢ ᠲᠣᠭᠲᠠᠭᠠᠬᠤ ᠲᠥᠯᠥᠪᠯᠡᠭᠡ ᠪᠠ ᠴᠢᠬᠤᠯᠠ ᠶᠡᠭᠡ ᠬᠠᠤᠯᠢ ᠲᠣᠭᠲᠠᠭᠠᠬᠤ ᠵᠦᠢᠯᠡᠰ ᠢ ᠬᠤᠲᠠ ᠶᠢᠨ ᠨᠠᠮ ᠤᠨ ᠬᠤᠷᠢᠶ᠎ᠠ ᠳᠤ ᠮᠡᠳᠡᠭᠦᠯᠦᠨ ᠵᠢᠭᠠᠪᠤᠷᠢ ᠠᠪᠬᠤ ᠳᠦᠷᠢᠮ ᠢ ᠨᠠᠶᠢᠳᠠᠪᠤᠷᠢᠵᠢᠭᠤᠯᠪᠠ᠃ ᠭᠤᠣᠯᠳᠠᠯᠭ᠎ᠠ ᠲᠠᠢ ᠬᠦᠷᠢᠶᠡᠨ ᠳᠠᠬᠢ ᠬᠠᠤᠯᠢ ᠲᠣᠭᠲᠠᠭᠠᠬᠤ ᠶᠢ ᠴᠢᠩᠭᠠᠳᠬᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠬᠤᠶᠠᠷ ᠶᠡᠭᠡ ᠶᠠᠪᠤᠳᠠᠯ︾ ᠳᠤ ᠠᠩᠬᠠᠷᠤᠯ ᠢᠶᠠᠨ ᠲᠥᠪᠯᠡᠷᠡᠭᠦᠯᠵᠦ᠂ ︽ᠬᠥᠬᠡᠬᠤᠲᠠ ᠶᠢᠨ ᠶᠡᠭᠡ ᠲᠦᠷᠭᠡᠨ ᠭᠤᠣᠯ ᠤᠨ ᠲᠡᠭᠦᠷᠭᠡ ᠶᠢᠨ ᠴᠡᠴᠡᠷᠯᠢᠭ ᠤᠨ ᠠᠮᠢ ᠠᠬᠤᠢ ᠶᠢᠨ ᠬᠠᠮᠠᠭᠠᠯᠠᠯᠲᠠ ᠶᠢᠨ ᠳᠦᠷᠢᠮ︾ ᠵᠡᠷᠭᠡ 2 ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠢ ᠲᠣᠭᠲᠠᠭᠠᠵᠤ᠂ ︽ᠬᠥᠬᠡᠬᠤᠲᠠ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠠᠵᠢᠯ ᠤᠨ ᠳᠦᠷᠢᠮ︾ ᠵᠡᠷᠭᠡ 7 ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠬᠤ ᠪᠤᠶᠤ ᠵᠠᠰᠠᠪᠤᠷᠢᠯᠠᠵᠤ᠂ ︽ᠬᠥᠬᠡᠬᠤᠲᠠ ᠶᠢᠨ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠠᠳᠠᠯ ᠠᠬᠤᠢ ᠶᠢᠨ ᠬᠠᠮᠲᠤ ᠪᠠᠷ ᠬᠡᠷᠡᠭᠯᠡᠬᠦ ᠬᠡᠰᠡᠭ᠂ ᠬᠠᠮᠲᠤ ᠪᠠᠷ ᠬᠡᠷᠡᠭᠯᠡᠬᠦ ᠪᠡᠯᠡᠳᠬᠡᠮᠵᠢ ᠲᠥᠬᠦᠭᠡᠷᠦᠮᠵᠢ ᠶᠢ ᠠᠷᠠᠴᠢᠯᠠᠵᠤ ᠰᠡᠯᠪᠢᠬᠦ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾  1 ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠬᠦᠴᠦᠨ ᠦᠭᠡᠢ ᠪᠣᠯᠭᠠᠵᠤ᠂ ᠨᠠᠷᠢᠯᠢᠭᠵᠢᠭᠤᠯᠤᠨ ᠬᠠᠤᠯᠢ ᠲᠣᠭᠲᠠᠭᠠᠬᠤ ᠠᠵᠢᠯ ᠪᠥᠬᠦ ᠣᠷᠣᠨ ᠤ ᠡᠮᠦᠨ᠎ᠡ ᠡᠩᠨᠡᠭᠡᠨ ᠳᠤ ᠣᠷᠣᠪᠠ᠃ ᠬᠠᠤᠯᠢ ᠲᠣᠭᠲᠠᠭᠠᠬᠤ ᠬᠦᠷᠢᠶ᠎ᠡ ᠴᠠᠷᠠᠭ᠎ᠠ ᠶᠢ ᠪᠦᠬᠦ ᠲᠠᠯ᠎ᠠ ᠪᠠᠷ ᠴᠡᠪᠡᠷᠯᠡᠬᠦ ᠠᠵᠢᠯ ᠢ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠤᠬᠠᠮᠰᠠᠷ ᠢ ᠪᠠᠲᠤ ᠴᠣᠭᠴᠠᠯᠠᠬᠤ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠵᠡᠷᠭᠡ 4 ᠬᠦᠷᠢᠶ᠎ᠡ ᠴᠠᠷᠠᠭ᠎ᠠ ᠶᠢ ᠲᠤᠰᠬᠠᠢ ᠵᠦᠢᠯ ᠢᠶᠠᠷ ᠴᠡᠪᠡᠷᠯᠡᠪᠡ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠬᠠᠳᠠᠨ ᠴᠢᠨᠠᠷ ᠲᠠᠢ ᠬᠢᠵᠠᠭᠠᠷᠯᠠᠯ ᠢ ᠴᠢᠩᠭᠠᠳᠬᠠᠵᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠵᠦᠢᠯᠡᠰ ᠤᠨ ᠭᠠᠷᠴᠠᠭ ᠢ ᠲᠣᠭᠲᠠᠭᠠᠨ ᠨᠡᠶᠢᠲᠡᠯᠡᠬᠦ ᠶᠢᠨ ᠬᠠᠮᠲᠤ ᠬᠥᠳᠡᠯᠦᠩᠭᠦᠢ ᠲᠣᠬᠢᠷᠠᠭᠤᠯᠤᠯᠲᠠ ᠬᠢᠪᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠬᠠᠤᠯᠢ ᠶᠣᠰᠣᠴᠢ ᠴᠢᠨᠠᠷ ᠤᠨ ᠤᠷᠢᠳᠠᠴᠢ ᠬᠢᠨᠠᠨ ᠬᠠᠷᠭᠤᠭᠤᠯᠬᠤ ᠪᠠ ᠳᠡᠩᠰᠡᠯᠡᠵᠦ ᠬᠢᠨᠠᠨ ᠪᠠᠶᠢᠴᠠᠭᠠᠬᠤ ᠠᠵᠢᠯ ᠢ ᠥᠷᠨᠢᠭᠦᠯᠵᠦ᠂ ᠬᠤᠲᠠ ᠶᠢᠨ ᠲᠣᠰ ᠱᠠᠲᠤᠨ ᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ 17 ᠬᠤᠪᠢ ᠲᠣᠭᠲᠠᠭᠠᠵᠤ᠂ ᠬᠤᠰᠢᠭᠤ ᠰᠢᠶᠠᠨ ᠲᠣᠭᠤᠷᠢᠭ᠂ ᠡᠯ᠎ᠡ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ 24 ᠬᠤᠪᠢ ᠲᠣᠭᠲᠠᠭᠠᠪᠠ᠃ ᠬᠤᠲᠠ ᠶᠢᠨ ᠲᠣᠰ ᠱᠠᠲᠤᠨ ᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠪᠥᠬᠦ ᠲᠠᠯ᠎ᠠ ᠪᠠᠷ ᠴᠡᠪᠡᠷᠯᠡᠬᠦ ᠠᠵᠢᠯ ᠢ ᠪᠡᠶᠡᠯᠡᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠦᠨᠳᠦᠰᠦᠲᠡᠨ ᠤ ᠠᠵᠢᠯ ᠵᠡᠷᠭᠡ ᠳᠤ ᠬᠤᠯᠪᠣᠭᠳᠠᠬᠤ 7 ᠬᠦᠷᠢᠶ᠎ᠡ ᠴᠠᠷᠠᠭ᠎ᠠ ᠶᠢᠨ ᠲᠤᠰᠬᠠᠢ ᠵᠦᠢᠯ ᠢᠶᠠᠷ ᠴᠡᠪᠡᠷᠯᠡᠬᠦ ᠠᠵᠢᠯ ᠢ ᠪᠡᠶᠡᠯᠡᠭᠦᠯᠪᠡ᠃ ︽ᠬᠠᠤᠯᠢᠵᠢᠯ ᠤᠨ ᠭᠠᠳᠠᠷ ᠲᠠᠷᠢᠬᠢ︾ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠥᠬᠦ ᠬᠤᠲᠠ ᠳᠤ ᠨᠡᠶᠢᠲᠡ 443 ᠬᠠᠤᠯᠢ ᠴᠠᠭᠠᠵᠠ ᠶᠢᠨ ᠵᠥᠪᠯᠡᠭᠴᠢ ᠶᠢ ᠤᠷᠢᠨ ᠬᠡᠷᠡᠭᠯᠡᠵᠦ᠂ 174 ᠠᠯᠪᠠᠨ ᠲᠤᠰᠢᠶᠠᠯᠲᠤ ᠬᠠᠤᠯᠢᠴᠢ ᠶᠢ ᠳᠠᠩᠰᠠᠯᠠᠭᠤᠯᠤᠨ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠬᠠᠮᠠᠭᠠᠯᠠᠪᠠ᠃      ︵ᠭᠤᠷᠪᠠ︶ ᠭᠡᠨᠡᠳᠲᠡ ᠶᠢᠨ ᠬᠡᠷᠡᠭ ᠢ ᠠᠷᠭᠠᠴᠠᠭᠠᠬᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠬᠦᠨᠳᠦ ᠶᠡᠭᠡ ᠭᠡᠨᠡᠳᠲᠡ ᠶᠢᠨ ᠬᠡᠷᠡᠭ ᠢ ᠤᠷᠢᠳᠴᠢᠯᠠᠨ ᠰᠡᠷᠭᠡᠶᠢᠯᠡᠵᠦ ᠰᠢᠢᠳᠪᠦᠷᠢᠯᠡᠪᠡ᠃ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠢ ᠲᠥᠰᠥᠯ ᠵᠢᠴᠢ 16 ᠵᠦᠢᠯ ᠤᠨ ᠲᠤᠰᠬᠠᠢ ᠲᠥᠰᠥᠯ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠪᠡ᠃ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠡᠩᠨᠡᠭᠡ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ 4 ᠬᠦᠷᠢᠶ᠎ᠡ ᠴᠠᠷᠠᠭ᠎ᠠ ᠶᠢᠨ 14 ᠠᠵᠢᠯ ᠲᠥᠷᠥᠯ ᠤᠨ 363 ᠬᠥᠮᠥᠨ ᠤ ᠲᠤᠰᠬᠠᠢ ᠮᠡᠷᠭᠡᠵᠢᠯᠲᠡᠨ ᠤ ᠬᠥᠮᠥᠷᠭᠡ᠂ 173 ᠲᠤᠰᠬᠠᠢ ᠮᠡᠷᠭᠡᠵᠢᠯ ᠤᠨ ᠪᠠᠴᠢᠮ ᠪᠠᠶᠢᠳᠠᠯ ᠢ ᠠᠷᠭᠠᠴᠠᠭᠠᠬᠤ ᠡᠩᠨᠡᠭᠡ ᠶᠢ ᠪᠠᠶᠢᠭᠤᠯᠤᠨ ᠲᠡᠭᠦᠯᠳᠡᠷᠵᠢᠭᠦᠯᠪᠡ᠃ ᠰᠦᠯᠵᠢᠶᠡᠨ ᠤ ᠭᠡᠨᠡᠳᠲᠡ ᠶᠢᠨ ᠬᠡᠷᠡᠭ ᠢ ᠠᠷᠭᠠᠴᠠᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶᠡᠨ ᠤ ᠰᠦᠯᠵᠢᠶᠡᠨ ᠤ ᠠᠮᠤᠷ ᠲᠦᠪᠰᠢᠨ ᠤ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠡᠯᠡᠳᠬᠡᠯ ᠲᠥᠰᠥᠯ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠠ ᠮᠡᠳᠡᠭᠦᠯᠬᠦ ᠳᠦᠷᠢᠮ ᠢ ᠲᠣᠭᠲᠠᠭᠠᠵᠤ᠂ ᠳᠠᠭᠠᠵᠤ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠪᠡ᠃      ︵ᠳᠥᠷᠪᠡ︶ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠣᠷᠣᠨ ᠤ ᠲᠥᠪ ᠢ ᠬᠦᠴᠦᠷᠬᠡᠭᠵᠢᠭᠦᠯᠬᠦ ᠢᠨᠵᠧᠨᠧᠷᠢᠩ ᠳᠤ ᠴᠢᠨᠠᠷ ᠰᠠᠶᠢᠲᠠᠢ ᠪᠠᠲᠤᠯᠠᠭ᠎ᠠ ᠬᠠᠩᠭᠠᠪᠠ᠃ ᠵᠠᠰᠠᠭ ᠤᠨ ᠶᠠᠪᠤᠳᠠᠯ ᠤᠨ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠦᠢᠯᠡᠳᠦᠯ ᠪᠦᠲᠦᠮᠵᠢ ᠶᠢ ᠳᠡᠭᠡᠭᠰᠢᠯᠡᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠪᠡ᠃ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ 3.0 ᠬᠡᠪᠯᠡᠯ ᠤᠨ ᠬᠡᠷᠡᠭᠵᠢᠭᠦᠯᠬᠦ ᠲᠥᠰᠥᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠠᠷᠢᠭᠤ ᠲᠤᠰᠬᠠᠭᠰᠠᠨ ᠠᠰᠠᠭᠤᠳᠠᠯ ᠲᠠᠢ ᠬᠠᠷᠢᠴᠠᠭᠤᠯᠤᠨ᠂ 196 ᠵᠦᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠣᠶ ᠪᠣᠯᠭᠠᠵᠤ᠂ ᠬᠥᠳᠡᠯᠦᠩᠭᠦᠢ ᠪᠠᠷ ᠳᠠᠩᠰᠠᠨ ᠠᠴᠠ ᠬᠠᠰᠤᠬᠤ ᠲᠣᠭᠲᠠᠴᠠ ᠶᠢ ᠬᠡᠷᠡᠭᠵᠢᠭᠦᠯᠪᠡ᠃ ︽ᠪᠥᠬᠦ ᠤᠯᠤᠰ ᠲᠤ ᠨᠢᠭᠡ ᠨᠠᠷᠢᠨ ᠬᠠᠭᠤᠳᠠᠰᠤ︾ ᠶᠢᠨ ᠬᠠᠮᠢᠶᠠᠷᠤᠯᠲᠠ ᠶᠢᠨ ᠵᠠᠭᠪᠤᠷ ᠢ ᠴᠢᠩᠭ᠎ᠠ ᠨᠠᠶᠢᠳᠠᠪᠤᠷᠢᠵᠢᠭᠤᠯᠵᠤ᠂ ᠬᠤᠲᠠ ᠶᠢᠨ ᠲᠣᠰ ᠱᠠᠲᠤᠨ ᠤ ᠡᠷᠬᠡ ᠬᠠᠷᠢᠭᠤᠴᠠᠯᠭ᠎ᠠ ᠶᠢᠨ ᠵᠦᠢᠯᠡᠰ 5002 ᠵᠦᠢᠯ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ 337 ᠵᠦᠢᠯ᠂ ᠠᠵᠤ ᠠᠬᠤᠶᠢᠯᠠᠯ ᠤᠨ ᠡᠵᠡᠩᠨᠡᠯᠲᠡ ᠶᠢᠨ ᠵᠥᠪᠰᠢᠶᠡᠷᠡᠯ ᠳᠤ ᠬᠤᠯᠪᠣᠭᠳᠠᠬᠤ ᠠᠮᠠᠯᠠᠯᠲᠠ ᠶᠢᠨ ᠳᠦᠷᠢᠮ ᠤᠨ ᠵᠦᠢᠯᠡᠰ 166 ᠵᠦᠢᠯ᠂ ᠠᠮᠠᠯᠠᠯᠲᠠ ᠶᠢᠨ ᠳᠦᠷᠢᠮ ᠤᠨ ᠭᠡᠷᠡᠴᠢᠯᠡᠬᠦ ᠵᠦᠢᠯᠡᠰ 34 ᠵᠦᠢᠯ ᠢ ᠨᠡᠶᠢᠲᠡᠯᠡᠪᠡ᠃ 1407 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ︵ᠲᠥᠪ᠂ ᠦᠷᠳᠡᠭᠡ︶ ᠢ ᠪᠠᠶᠢᠭᠤᠯᠵᠤ᠂ ᠤᠯᠠᠨ ᠲᠦᠮᠡᠨ ᠤ ︽ᠣᠶᠢᠷ᠎ᠠ ᠬᠠᠪᠢ ᠳᠠᠭᠠᠨ ᠭᠦᠢᠴᠡᠳᠬᠡᠬᠦ︾ ᠳᠤ ᠲᠦᠬᠦᠮ ᠦᠵᠡᠭᠦᠯᠪᠡ᠃ ︽ᠬᠦᠬᠡᠬᠤᠲᠠᠨ᠎ᠡ ᠳᠥᠭᠦᠮ ᠭᠦᠢᠴᠡᠳᠭᠡᠬᠦ · ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ︾ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠡᠭᠦᠳᠴᠦ᠂ 45 ᠵᠦᠢᠯ ᠢ ︽ᠳᠠᠷᠤᠶᠢᠬᠠᠨ ᠭᠦᠢᠴᠡᠳᠬᠡᠬᠦ︾᠂ 139 ᠵᠦᠢᠯ ᠢ ︽ᠨᠢᠭᠡ ᠯᠡ ᠤᠳᠠᠭ᠎ᠠ ᠳᠤ ᠭᠦᠢᠴᠡᠳᠬᠡᠬᠦ︾᠂ 1917 ᠵᠦᠢᠯ ᠢ ︽ᠠᠯᠠᠭᠠᠨ ᠳᠡᠭᠡᠷ᠎ᠡ ᠠᠴᠠ ᠭᠦᠢᠴᠡᠳᠬᠡᠬᠦ︾ ᠪᠣᠯᠭᠠᠵᠤ᠂ ᠪᠥᠬᠦ ᠬᠤᠲᠠ ᠶᠢᠨ 88 ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ᠂ 1350 ᠲᠣᠰᠬᠤᠨ ︵ᠨᠡᠶᠢᠭᠡᠮ ᠲᠣᠭᠤᠷᠢᠭ︶ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠥᠷᠲᠡᠭᠡ ᠶᠢ ᠬᠠᠮᠤᠷᠪᠠ᠃ ︽ᠭᠡᠷ ᠪᠠᠶᠢᠰᠢᠩ ᠲᠤᠰᠢᠶᠠᠪᠠᠯ ᠳᠠᠷᠤᠢ ᠦᠨᠡᠮᠯᠡᠯ ᠣᠯᠭᠤᠬᠤ︾ ᠥᠭᠡᠷᠡᠴᠢᠯᠡᠯᠲᠡ ᠶᠢ ᠬᠡᠷᠡᠭᠵᠢᠭᠦᠯᠵᠦ᠂ ᠪᠥᠬᠦ ᠣᠷᠣᠨ ᠤ ᠠᠩᠬᠠᠳᠠᠭᠴᠢ ︽ᠢᠨᠲ᠋ᠧᠷ ᠰᠦᠯᠵᠢᠶ᠎ᠡ + ᠥᠯᠥ ᠬᠥᠳᠡᠯᠬᠦ ᠬᠥᠷᠥᠩᠭᠡ ᠶᠢᠨ ᠪᠡᠷᠢᠴᠠᠭᠠᠨ ᠤ ᠳᠠᠩᠰᠠᠯᠠᠯᠲᠠ + ᠮᠥᠩᠭᠦᠨ ᠭᠦᠢᠯᠭᠡᠭᠡᠨ ᠤ ᠦᠢᠯᠡᠴᠢᠯᠡᠭᠡ︾ ᠶᠢᠨ ᠰᠢᠰᠲ᠋ᠧᠮ ᠤᠨ ᠰᠢᠭᠤᠳ ᠬᠤᠯᠪᠣᠬᠤ ᠵᠠᠭᠪᠤᠷ ᠢ ᠬᠡᠷᠡᠭᠵᠢᠭᠦᠯᠪᠡ᠃ ᠪᠥᠬᠦ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠳᠣᠲᠣᠷ᠎ᠠ᠂ 1252 ᠵᠦᠢᠯ ᠢ ᠨᠢ ︽ᠨᠢᠭᠡ ᠰᠦᠯᠵᠢᠶ᠎ᠡ ᠪᠠᠷ ᠪᠦᠬᠦᠨ ᠢ ᠭᠦᠢᠴᠡᠳᠬᠡᠬᠦ︾ ᠪᠠ ︽ᠪᠥᠬᠦ ᠶᠠᠪᠤᠴᠠ ᠶᠢ ᠰᠦᠯᠵᠢᠶ᠎ᠡ ᠪᠠᠷ ᠭᠦᠢᠴᠡᠳᠬᠡᠵᠦ︾ ᠪᠣᠯᠬᠤ ᠪᠣᠯᠵᠤ᠂ 347 ᠵᠦᠢᠯ ᠢ ᠨᠢ ︽ᠨᠢᠭᠡ ᠬᠤᠲᠠ ᠳᠤ ᠪᠦᠬᠦᠨ ᠢ ᠭᠦᠢᠴᠡᠳᠬᠡᠵᠦ︾ ᠪᠣᠯᠬᠤ ᠪᠣᠯᠵᠤ᠂ 158 ᠵᠦᠢᠯ ᠢ ᠨᠢ ︽ᠮᠤᠵᠢ ᠠᠯᠤᠰᠯᠠᠨ ᠪᠦᠬᠦᠨ ᠢ ᠭᠦᠢᠴᠡᠳᠬᠡᠵᠦ︾ ᠪᠣᠯᠬᠤ ᠪᠣᠯᠵᠤ᠂ ᠬᠤᠲᠠ ᠶᠢᠨ ᠲᠣᠰ ᠱᠠᠲᠤᠨ ᠤ ᠰᠦᠯᠵᠢᠶᠡᠨ ᠳᠡᠭᠡᠷ᠎ᠡ ᠭᠦᠢᠴᠡᠳᠬᠡᠵᠦ  ᠪᠣᠯᠬᠤ ᠨᠣᠷᠮ᠎ᠠ 100% ᠬᠥᠷᠪᠡ᠃ ᠭᠡᠷᠡᠴᠢ ᠦᠨᠡᠮᠯᠡᠯ ᠤᠨ 19761 ᠵᠦᠢᠯ ᠢ ᠬᠤᠯᠪᠣᠯᠳᠤᠭᠤᠯᠵᠤ᠂ ᠡᠯᠧᠺᠲᠷᠣᠨ ᠭᠡᠷᠡᠴᠢ ᠦᠨᠡᠮᠯᠡᠯ ᠢ ᠭᠦᠢᠴᠡᠳᠬᠡᠬᠦ ᠶᠠᠪᠤᠴᠠ ᠶᠢ ᠪᠠᠷᠢᠮᠵᠢᠶᠠᠵᠢᠭᠤᠯᠪᠠ᠃ ᠬᠢᠨᠠᠨ ᠵᠥᠪᠰᠢᠶᠡᠷᠡᠯ ᠬᠢᠨᠠᠯᠲᠠ ᠬᠠᠮᠢᠶᠠᠷᠤᠯᠲᠠ ᠦᠢᠯᠡᠳᠦᠯᠴᠡᠬᠦ ᠰᠢᠰᠲ᠋ᠧᠮ ᠢ ᠪᠠᠶᠢᠭᠤᠯᠵᠤ᠂ 16 ᠰᠠᠯᠠᠭ᠎ᠠ ᠮᠥᠴᠢᠷ ᠠᠳᠠᠯᠢ ᠳᠠᠪᠲᠠᠮᠵᠢ ᠳᠡᠭᠡᠷ᠎ᠡ ᠬᠠᠷᠢᠯᠴᠠᠨ ᠬᠤᠯᠪᠣᠯᠳᠤᠬᠤ ᠪᠣᠯᠪᠠ᠃ ᠲᠥᠷᠥᠯ ᠵᠦᠢᠯ ᠤᠨ ᠤᠷᠢᠳᠴᠢᠯᠠᠨ ᠨᠠᠶᠢᠷᠠᠭᠤᠯᠤᠭᠰᠠᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠭᠠᠷᠴᠠᠭ ᠭᠠᠷᠭᠠᠬᠤ ᠶᠢ ᠲᠦᠯᠬᠢᠨ ᠠᠬᠢᠭᠤᠯᠵᠤ᠂ 9 ᠮᠡᠳᠡᠭᠡ ᠵᠠᠩᠭᠢᠴᠢᠯᠠᠯᠲᠠ ᠶᠢᠨ ᠲᠥᠷᠥᠯ ᠵᠦᠢᠯ ᠳᠤ ᠤᠷᠢᠳᠠᠴᠢ ᠬᠢᠨᠠᠨ ᠬᠠᠷᠠᠭᠤᠯᠤᠯ ᠬᠢᠵᠦ᠂ 108 ᠤᠷᠢᠳᠴᠢᠯᠠᠨ ᠨᠠᠶᠢᠷᠠᠭᠤᠯᠤᠭᠰᠠᠨ ᠭᠠᠷᠴᠠᠭ᠂ 4907 ᠵᠦᠢᠯ ᠤᠨ ᠲᠤᠭ᠎ᠠ ᠪᠠᠷᠢᠮᠲᠠ ᠶᠢ ᠨᠡᠶᠢᠲᠡᠯᠡᠪᠡ᠃ ᠠᠩᠬᠠᠳᠠᠭᠴᠢ ︽12345︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢᠨ ᠬᠠᠮᠢᠶᠠᠷᠤᠯᠲᠠ ᠶᠢᠨ ᠠᠵᠢᠯᠯᠠᠭᠠᠨ ᠤ ᠰᠢᠰᠲ᠋ᠧᠮᠵᠢ ᠶᠢ ᠪᠠᠶᠢᠭᠤᠯᠵᠤ᠂ ᠭᠤᠣᠯᠳᠠᠯᠭ᠎ᠠ ᠲᠠᠢ ᠠᠷᠠᠳ ᠤᠨ ᠠᠮᠢᠳᠤᠷᠠᠯ ᠤᠨ ᠠᠰᠠᠭᠤᠳᠠᠯ ᠢ ᠰᠠᠷ᠎ᠠ ᠪᠦᠷᠢ ᠲᠣᠬᠢᠷᠠᠭᠤᠯᠤᠨ ᠰᠢᠢᠳᠪᠦᠷᠢᠯᠡᠵᠦ᠂ ︽2023 ᠣᠨ ᠤ ᠳᠤᠮᠳᠠᠳᠤ ᠤᠯᠤᠰ ᠤᠨ ᠬᠠᠮᠤᠭ ᠤᠨ ᠵᠣᠯ ᠵᠢᠷᠭᠠᠯᠲᠤ ᠲᠥᠷᠥᠭᠳᠡᠯ ᠲᠠᠢ ᠬᠤᠲᠠ︾ ᠳᠤ ᠰᠣᠩᠭᠤᠭᠳᠠᠪᠠ᠃      ︵ᠲᠠᠪᠤ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠴᠢᠩᠭ᠎ᠠ ᠵᠢᠷᠤᠮᠵᠢᠭᠤᠨ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠲᠦᠯᠬᠢᠨ ᠠᠬᠢᠭᠤᠯᠪᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠢᠰᠲ᠋ᠧᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠲᠠᠷᠢᠶᠠᠯᠠᠩ ᠳᠤ ᠬᠤᠯᠪᠣᠭᠳᠠᠬᠤ 54 ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠬᠠᠤᠯᠢ ᠴᠠᠭᠠᠵᠠ ᠶᠢᠨ ᠭᠠᠵᠠᠷ ᠢ ᠪᠦᠬᠦᠨ ᠢ ᠫᠠᠶᠢᠰᠠ ᠡᠯᠭᠦᠵᠦ᠂ ᠬᠤᠲᠠ ᠰᠢᠶᠠᠨ ᠰᠢᠶᠠᠩ ᠭᠤᠷᠪᠠᠨ ᠱᠠᠲᠤᠨ ᠤ ᠬᠠᠤᠯᠢ ᠬᠡᠷᠡᠭᠵᠢᠭᠦᠯᠬᠦ ᠬᠢᠨᠠᠯᠲᠠ ᠶᠢᠨ ᠰᠢᠰᠲ᠋ᠧᠮᠵᠢ ᠶᠢ ᠪᠦᠬᠦᠨ ᠳᠤ ᠪᠦᠷᠬᠦᠭᠦᠯᠪᠡ᠃ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠬᠢᠭᠡᠳ ᠲᠤᠬᠠᠶᠢᠯᠠᠭᠰᠠᠨ ᠠᠵᠢᠯ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠣᠬᠢᠴᠠᠭᠤᠯᠤᠨ ᠬᠠᠮᠵᠢᠯᠴᠠᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠬᠢᠭᠡᠳ ᠡᠷᠡᠭᠦᠦ ᠶᠢᠨ ᠬᠡᠷᠡᠭ ᠤᠨ ᠬᠠᠤᠯᠢ ᠴᠠᠭᠠᠵᠠ ᠶᠢ ᠵᠣᠯᠭᠠᠭᠤᠯᠬᠤ ᠲᠣᠭᠲᠠᠴᠠ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠬᠢᠭᠡᠳ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠵᠣᠯᠭᠠᠭᠤᠯᠤᠨ ᠬᠠᠮᠵᠢᠯᠴᠠᠬᠤ ᠲᠣᠭᠲᠠᠴᠠ ᠶᠢ ᠪᠠᠶᠢᠭᠤᠯᠪᠠ᠃ ᠪᠠᠭᠲᠠᠭᠠᠮᠵᠢᠲᠠᠢ ᠤᠶᠠᠨ ᠴᠢᠨᠠᠷᠲᠠᠢ ᠬᠠᠤᠯᠢ ᠬᠡᠷᠡᠭᠵᠢᠭᠦᠯᠦᠯᠲᠡ ᠶᠢ ᠬᠡᠷᠡᠭᠵᠢᠭᠦᠯᠵᠦ᠂ 147 ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠵᠠᠰᠠᠭ ᠵᠠᠬᠢᠷᠭᠠᠨ ᠤ ᠰᠢᠢᠳᠬᠡᠯ ᠠᠴᠠ ᠬᠡᠯᠲᠦᠷᠢᠭᠦᠯᠵᠦ ︵ᠬᠥᠩᠭᠡᠷᠡᠭᠦᠯᠵᠦ︶᠂ 13 ᠬᠠᠤᠯᠢ ᠶᠢ ᠵᠥᠷᠢᠴᠡᠭᠰᠡᠨ ᠠᠵᠢᠯᠯᠠᠭ᠎ᠠ ᠳᠤ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠶᠢ ᠠᠪᠤᠭᠰᠠᠨ ᠦᠭᠡᠢ᠃ ᠭᠤᠣᠯᠳᠠᠯᠭ᠎ᠠ ᠲᠠᠢ ᠬᠦᠷᠢᠶᠡᠨ ᠳᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ  ᠥᠷᠨᠢᠭᠦᠯᠵᠦ᠂ ᠵᠠᠮ ᠬᠠᠷᠢᠯᠴᠠᠭ᠎ᠠ ᠪᠠ ᠲᠡᠭᠡᠭᠡᠪᠦᠷᠢ ᠶᠢᠨ ᠬᠠᠤᠯᠢ ᠬᠡᠷᠡᠭᠵᠢᠭᠦᠯᠦᠯᠲᠡ ᠶᠢᠨ ᠬᠦᠷᠢᠶᠡᠨ ᠳᠤ ᠲᠤᠰᠬᠠᠢ ᠵᠦᠢᠯ ᠤᠨ ᠬᠢᠨᠠᠨ ᠵᠢᠯᠤᠭᠤᠳᠴᠤ ᠪᠠᠶᠢᠴᠠᠭᠠᠬᠤ ᠠᠵᠢᠯ ᠢ 366 ᠤᠳᠠᠭ᠎ᠠ ᠥᠷᠨᠢᠭᠦᠯᠵᠦ᠂ 138 ᠵᠠᠭᠠᠯᠳᠤᠵᠤ ᠢᠯᠡᠴᠢᠯᠡᠨ ᠮᠡᠳᠡᠭᠦᠯᠦᠭᠰᠡᠨ ᠠᠰᠠᠭᠤᠳᠠᠯ ᠢ ᠰᠢᠢᠳᠪᠦᠷᠢᠯᠡᠵᠦ᠂ 89 ᠠᠰᠠᠭᠤᠳᠠᠯ ᠢ ᠥᠪᠡᠷᠲᠡᠭᠡᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ᠂ ᠮᠠᠨ ᠤ ᠬᠤᠲᠠ ᠶᠢᠨ ᠵᠠᠮ ᠬᠠᠷᠢᠯᠴᠠᠭᠠᠨ ᠤ ᠲᠦᠭᠵᠢᠷᠡᠯ ᠤᠨ ᠢᠯᠡᠳᠬᠡᠮᠵᠢ ᠲᠤᠭ᠎ᠠ ᠪᠥᠬᠦ ᠤᠯᠤᠰ ᠤᠨ ᠨᠡᠷᠡᠰ ᠤᠨ ᠵᠢᠭᠰᠠᠭᠠᠯᠲᠠ ᠳᠤ 34 ᠣᠷᠣᠨ ᠪᠠᠭᠤᠷᠠᠪᠠ᠃ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠶᠢ ᠲᠦᠯᠬᠢᠨ ᠠᠬᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢᠨ ᠪᠦᠬᠦ ᠶᠠᠪᠤᠴᠠ ᠳᠤ ᠰᠦᠯᠵᠢᠶᠡᠨ ᠳᠡᠭᠡᠷ᠎ᠡ ᠬᠢᠨᠠᠯᠲᠠ ᠲᠠᠯᠪᠢᠬᠤ ᠪᠣᠯᠪᠠ᠃      ︵ᠵᠢᠷᠭᠤᠭ᠎ᠠ︶ ᠨᠡᠶᠢᠭᠡᠮ ᠤᠨ ᠵᠠᠰᠠᠯᠲᠠ ᠶᠢᠨ ᠬᠠᠤᠯᠢ ᠪᠠᠷ ᠵᠠᠰᠠᠬᠤ ᠠᠬᠢᠴᠠ ᠶᠢ ᠲᠦᠷᠭᠡᠳᠬᠡᠵᠦ᠂ ᠨᠡᠶᠢᠭᠡᠮ ᠤᠨ ᠵᠥᠷᠢᠴᠡᠯ ᠠᠶᠤᠯ ᠲᠦᠭᠰᠢᠭᠦᠷᠢ ᠶᠢ ᠤᠯᠠᠨ ᠡᠰᠢᠵᠢᠭᠦᠯᠦᠨ ᠰᠢᠢᠳᠪᠦᠷᠢᠯᠡᠪᠡ᠃ ᠦᠨᠳᠦᠰᠦᠨ ᠱᠠᠲᠤᠨ ᠤ ᠵᠠᠰᠠᠯᠲᠠ ᠶᠢᠨ ᠬᠠᠤᠯᠢ ᠪᠠᠷ ᠵᠠᠰᠠᠬᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ ᠂ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠡᠷᠬᠡ ᠶᠢ ᠥᠷᠭᠡᠳᠬᠡᠨ ᠴᠢᠳᠠᠪᠤᠷᠢ ᠶᠢ ᠳᠡᠭᠡᠭᠰᠢᠯᠡᠭᠦᠯᠬᠦ᠂ ︽ᠬᠠᠤᠯᠢ ᠴᠠᠭᠠᠵᠠ ᠶᠢᠨ ᠮᠡᠷᠭᠡᠨ ᠬᠥᠮᠥᠨ︾ ᠢ ᠬᠥᠮᠥᠵᠢᠭᠦᠯᠬᠦ ᠢᠨᠵᠧᠨᠧᠷᠢᠩ᠂ ᠨᠡᠶᠢᠭᠡᠮ ᠲᠣᠭᠤᠷᠢᠭ ᠤᠨ ᠲᠣᠣᠷᠴᠢᠯᠠᠭᠰᠠᠨ ᠬᠠᠮᠢᠶᠠᠷᠤᠯᠲᠠ ᠶᠢ ᠭᠦᠨᠵᠡᠭᠡᠢ ᠬᠡᠷᠡᠭᠵᠢᠭᠦᠯᠵᠦ ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠪᠠᠶᠢᠩᠭᠤ ᠶᠢᠨ ᠴᠢᠨᠠᠷ ᠲᠠᠢ ᠥᠷᠨᠢᠭᠦᠯᠵᠦ᠂ ᠬᠤᠲᠠ ᠶᠢᠨ ᠵᠠᠰᠠᠯᠲᠠ ᠶᠢᠨ ᠴᠢᠳᠠᠪᠤᠷᠢ ᠶᠢᠨ ᠲᠠᠰ ᠢ ᠦᠨᠡᠨᠬᠦ ᠳᠡᠭᠡᠭᠰᠢᠯᠡᠭᠦᠯᠪᠡ᠃ ᠦᠨᠳᠦᠰᠦᠲᠡᠨ ᠤ ᠬᠡᠷᠡᠭ ᠶᠠᠪᠤᠳᠠᠯ ᠢ ᠬᠤᠲᠠ ᠬᠥᠳᠡᠭᠡ ᠶᠢᠨ ᠲᠣᠣᠷᠴᠢᠯᠠᠭᠰᠠᠨ ᠦᠢᠯᠡᠴᠢᠯᠡᠭᠡᠨ ᠤ ᠬᠠᠮᠢᠶᠠᠷᠤᠯᠲᠠ ᠳᠤ ᠣᠷᠣᠭᠤᠯᠵᠤ᠂ ᠦᠨᠳᠦᠰᠦᠲᠡᠨ ᠨᠦᠭᠦᠳ ᠤᠨ ᠨᠡᠭᠦᠳᠡᠯ ᠬᠥᠮᠥᠨ ᠠᠮᠠ ᠶᠢ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮᠵᠢ ᠳᠤ ᠣᠷᠣᠭᠤᠯᠤᠨ᠂ ᠲᠤᠰᠬᠠᠢ ᠲᠤᠰᠢᠶᠠᠯᠲᠤ ᠲᠣᠣᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ ᠲᠣᠬᠢᠷᠠᠭᠤᠯᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠵᠤ᠂ ᠠᠰᠠᠭᠤᠳᠠᠯ ᠪᠠ ᠵᠥᠷᠢᠴᠡᠯ ᠢ ᠰᠢᠢᠳᠪᠦᠷᠢᠯᠡᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠭᠦᠢᠴᠡᠳᠬᠡᠵᠦ᠂ ︽ᠨᠡᠶᠢᠭᠡᠮ ᠲᠣᠭᠤᠷᠢᠭ ᠪᠣᠯ ᠮᠢᠨᠤ ᠭᠡᠷ᠂ ᠦᠨᠳᠦᠰᠦᠲᠡᠨ ᠤ ᠪᠦᠯᠬᠦᠮᠳᠡᠯ ᠣᠯᠠᠨ ᠳᠤ ᠲᠦᠰᠢᠭᠯᠡᠬᠦ︾ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃ ᠰᠢᠨ᠎ᠡ ᠴᠠᠭ ᠦᠶ᠎ᠡ ᠶᠢᠨ ︽ᠹᠧᠩᠴᠢᠶᠤᠤ  ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠶᠡᠷᠦᠩᠬᠡᠶᠢᠯᠡᠨ ᠵᠠᠰᠠᠬᠤ ᠲᠥᠪ ᠬᠢᠭᠡᠳ ᠵᠥᠷᠢᠴᠡᠯ ᠵᠢᠭᠤᠷᠠᠯᠳᠤᠭᠠᠨ ᠢ ᠤᠯᠠᠨ ᠡᠰᠢᠵᠢᠭᠦᠯᠦᠨ ᠰᠢᠢᠳᠪᠦᠷᠢᠯᠡᠬᠦ ᠬᠠᠮᠲᠤᠷᠠᠭᠰᠠᠨ ᠦᠢᠯᠡᠴᠢᠯᠡᠭᠡᠨ ᠤ ᠲᠥᠪ ᠢ ᠠᠭᠤᠰᠤᠯᠴᠠᠭᠤᠯᠤᠨ ᠪᠠᠶᠢᠭᠤᠯᠬᠤ ᠶᠢ ᠲᠦᠯᠬᠢᠨ ᠠᠬᠢᠭᠤᠯᠵᠤ᠂ ᠡᠶᠡᠳᠡᠭᠦᠯᠬᠦ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠦᠷᠢᠨᠰᠢᠭᠦᠯᠦᠨ᠂ ᠬᠠᠤᠯᠢ ᠴᠠᠭᠠᠵᠠ ᠶᠢᠨ ᠭᠠᠵᠠᠷ᠂ ᠲᠣᠮᠢᠯᠠᠭᠰᠠᠨ ᠰᠠᠯᠪᠤᠷᠢ᠂ ᠠᠷᠠᠳ ᠤᠨ ᠰᠢᠭᠦᠬᠦ ᠲᠢᠩᠬᠢᠮ᠂ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠪᠠ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠭᠠᠵᠠᠷ ᠤᠨ ︽ᠲᠦᠷᠪᠡᠨ ᠭᠠᠵᠠᠷ ᠨᠢᠭᠡ ᠲᠢᠩᠬᠢᠮ︾ ᠤᠨ ᠬᠠᠮᠵᠢᠯᠴᠠᠨ ᠬᠠᠮᠲᠤᠷᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠪᠠᠶᠢᠭᠤᠯᠵᠤ᠂ ᠡᠮᠴᠢᠯᠡᠭᠡ᠂ ᠠᠳᠠᠯ ᠠᠬᠤᠢ᠂ ᠰᠤᠷᠭᠠᠭᠤᠯᠢ ᠶᠢᠨ ᠬᠦᠷᠢᠶᠡᠨ ᠤ ᠵᠢᠭᠤᠷᠠᠯᠳᠤᠭᠠᠨ ᠵᠡᠷᠭᠡ ᠶᠢᠨ ᠲᠤᠰᠬᠠᠶᠢᠵᠢᠭᠰᠠᠨ ︽ᠨᠢᠭᠡ ᠥᠷᠲᠡᠭᠡ ᠮᠠᠶ᠋ᠢᠭ︾ ᠤᠨ ᠵᠥᠷᠢᠴᠡᠯ ᠢ ᠰᠢᠢᠳᠪᠦᠷᠢᠯᠡᠬᠦ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠪᠠ᠃ ᠪᠥᠬᠦ ᠬᠤᠲᠠ ᠶᠢᠨ ᠡᠯ᠎ᠡ ᠱᠠᠲᠤᠨ ᠤ ᠠᠷᠠᠳ ᠤᠨ ᠡᠶᠡᠳᠡᠭᠦᠯᠬᠦ ᠵᠣᠬᠢᠶᠠᠨ ᠪᠠᠶᠢᠭᠤᠯᠤᠯᠲᠠ 7382 ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠵᠦ᠂ 7299 ᠵᠢᠭᠤᠷᠠᠯᠳᠤᠭᠠᠨ ᠢ ᠠᠮᠵᠢᠯᠲᠠ ᠲᠠᠢ ᠡᠶᠡᠳᠡᠭᠦᠯᠵᠦ᠂ ᠡᠶᠡᠳᠡᠭᠦᠯᠦᠭᠰᠡᠨ ᠨᠣᠷᠮ᠎ᠠ 98.8% ᠬᠥᠷᠪᠡ᠃ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠯ ᠤᠨ ᠥᠭᠡᠷᠡᠴᠢᠯᠡᠯᠲᠡ ᠶᠢ ᠪᠡᠶᠡᠯᠡᠭᠦᠯᠵᠦ᠂ ᠲᠠᠯᠠᠪᠤᠷ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠲᠤᠰᠬᠠᠢ ᠮᠡᠷᠭᠡᠵᠢᠯ ᠤᠨ ᠡᠩᠨᠡᠭᠡ ᠶᠢ ᠪᠠᠶᠢᠭᠤᠯᠤᠨ ᠬᠦᠴᠦᠷᠬᠡᠭᠵᠢᠭᠦᠯᠪᠡ᠃ ᠵᠠᠰᠠᠭ ᠵᠠᠬᠢᠷᠭᠠᠨ ᠤ ᠳᠠᠬᠢᠨ ᠵᠥᠪᠯᠡᠬᠦ ᠪᠢᠴᠢᠭ ᠬᠠᠷ᠎ᠠ ᠶᠢ ᠰᠦᠯᠵᠢᠶᠡᠨ ᠳᠡᠭᠡᠷ᠎ᠡ ᠢᠯᠡ ᠪᠣᠯᠭᠠᠬᠤ ᠳᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠪᠥᠬᠦ ᠬᠤᠲᠠ ᠶᠢᠨ 80 ᠬᠠᠤᠯᠢ ᠴᠠᠭᠠᠵᠠ ᠶᠢᠨ ᠭᠠᠵᠠᠷ ᠲᠤ ᠴᠥᠮ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢ ᠣᠷᠣᠯᠠᠨ ᠭᠦᠢᠴᠡᠳᠬᠡᠬᠦ ᠴᠡᠭ ᠭᠠᠷᠭᠠᠪᠠ᠃ ᠪᠥᠬᠦ ᠬᠤᠲᠠ ᠳᠤ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠬᠡᠷᠡᠭ ᠢ ᠨᠡᠶᠢᠲᠡ 606 ᠰᠢᠢᠳᠪᠦᠷᠢᠯᠡᠵᠦ᠂ 380 ᠬᠡᠷᠡᠭ ᠢ ᠨᠢᠭᠡᠨᠲᠡ ᠳᠠᠭᠤᠰᠬᠠᠵᠤ᠂ 64 ᠬᠡᠷᠡᠭ ᠢ ᠡᠶᠡᠳᠡᠭᠦᠯᠦᠨ ᠳᠠᠭᠤᠰᠬᠠᠵᠤ᠂ ᠡᠶᠡᠳᠡᠭᠦᠯᠦᠭᠰᠡᠨ ᠨᠣᠷᠮ᠎ᠠ 16.8% ᠬᠥᠷᠪᠡ᠃ ᠦᠨᠡᠨᠴᠢ ᠢᠲᠡᠭᠡᠮᠵᠢᠲᠡᠢ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ᠵᠠᠰᠠᠭ ᠤᠨ ᠣᠷᠳᠣᠨ ᠠᠴᠠ ᠨᠡᠶᠢᠭᠡᠮ ᠳᠤ ᠠᠮᠠᠯᠠᠭᠰᠠᠨ ᠠᠮᠠᠯᠠᠯᠲᠠ ᠪᠠᠨ ᠴᠢᠩᠭ᠎ᠠ ᠭᠦᠢᠴᠡᠳᠬᠡᠵᠦ᠂ ᠪᠦᠬᠦ ᠬᠤᠳᠠ ᠶᠢᠨ ᠬᠤᠳᠠᠯᠳᠤᠭᠠᠴᠢᠨ ᠤᠷᠢᠵᠤ ᠪᠡᠯᠡ ᠮᠥᠩᠭᠦ ᠣᠷᠣᠭᠤᠯᠬᠤ ᠠᠮᠠᠯᠠᠯᠲᠠ ᠪᠠᠨ ᠪᠡᠶᠡᠯᠡᠭᠦᠯᠬᠦ ᠶᠡᠭᠡ ᠬᠤᠷᠠᠯ ᠢ ᠬᠤᠷᠠᠯᠳᠤᠭᠤᠯᠵᠤ᠂ ᠠᠮᠠᠯᠠᠭᠰᠠᠨ ᠢᠶᠠᠨ ᠪᠦᠬᠦᠨ ᠢ ᠪᠡᠶᠡᠯᠡᠭᠦᠯᠬᠦ ᠶᠢ ᠠᠬᠢᠭᠤᠯᠪᠠ᠃ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠨ ᠵᠠᠷᠭᠤ ᠬᠦᠯᠢᠶᠡᠬᠦ ᠶᠢ ᠰᠢᠮᠳᠠᠭᠤᠯᠬᠤ ᠶᠢ ᠪᠠᠶᠢᠩᠭᠤᠵᠢᠭᠤᠯᠵᠤ᠂ ᠪᠦᠬᠦ ᠬᠤᠳᠠ ᠶᠢᠨ 782 ᠵᠠᠰᠠᠭ ᠵᠠᠬᠢᠷᠭᠠᠨ ᠤ ᠵᠠᠷᠭᠤ ᠶᠢᠨ ᠬᠡᠷᠡᠭ ᠤᠨ ᠰᠢᠭᠦᠯᠲᠡ ᠳᠤ ᠣᠷᠣᠯᠴᠠᠨ ᠵᠠᠷᠭᠤ ᠬᠦᠯᠢᠶᠡᠭᠰᠡᠨ ᠨᠤᠷᠮ᠎ᠠ 100% ᠬᠦᠷᠪᠡ᠃      ᠠᠵᠤ ᠠᠬᠤᠶᠢᠯᠠᠯ ᠤᠨ ︽ᠥᠪᠥᠷ ᠮᠣᠩᠭᠤᠯ ᠤᠨ ᠠᠵᠤ ᠠᠬᠤᠶᠢᠯᠠᠯ ᠤᠨ ᠨᠡᠪᠲᠡᠷᠡᠯᠴᠡᠭᠡ︾ ᠲᠠᠪᠴᠠᠩ ᠳᠡᠭᠡᠷ᠎ᠡ ᠲᠤᠰᠬᠠᠭᠰᠠᠨ ᠠᠰᠠᠭᠤᠳᠠᠯ ᠪᠠ ᠵᠠᠰᠠᠭ ᠤᠨ ᠣᠷᠳᠣᠨ ᠳᠤ ᠬᠤᠯᠪᠣᠭᠳᠠᠬᠤ ᠭᠦᠢᠴᠡᠳᠬᠡᠬᠦ ᠬᠡᠷᠡᠭ ᠢ ᠰᠢᠢᠳᠪᠦᠷᠢᠯᠡᠵᠦ ᠳᠠᠭᠤᠰᠬᠠᠬᠤ ᠡᠷᠴᠢᠮ ᠢ ᠪᠥᠬᠦ ᠬᠦᠴᠦᠨ ᠢᠶᠠᠷ ᠢᠶᠠᠨ ᠴᠢᠩᠭᠠᠳᠬᠠᠵᠤ᠂ 2023 ᠣᠨ ᠳᠤ ᠠᠵᠤ ᠠᠬᠤᠶᠢᠯᠠᠯ ᠤᠨ ︽ᠥᠪᠥᠷ ᠮᠣᠩᠭᠤᠯ ᠤᠨ ᠠᠵᠤ ᠠᠬᠤᠶᠢᠯᠠᠯ ᠤᠨ ᠨᠡᠪᠲᠡᠷᠡᠯᠴᠡᠭᠡ︾ ᠲᠠᠪᠴᠠᠩ ᠳᠡᠭᠡᠷ᠎ᠡ ᠲᠤᠰᠬᠠᠭᠰᠠᠨ ᠠᠰᠠᠭᠤᠳᠠᠯ 62 ᠬᠤᠪᠢ᠂ ᠵᠠᠰᠠᠭ ᠤᠨ ᠣᠷᠳᠣᠨ ᠳᠤ ᠬᠤᠯᠪᠣᠭᠳᠠᠬᠤ ᠭᠦᠢᠴᠡᠳᠬᠡᠬᠦ ᠬᠡᠷᠡᠭ 141 ᠬᠤᠪᠢ ᠪᠠᠶᠢᠵᠤ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ 100% ᠬᠦᠷᠴᠦ᠂ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠪᠠ ᠵᠠᠰᠠᠭ ᠤᠨ ᠣᠷᠳᠣᠨ ᠤ ᠦᠨᠡᠨᠴᠢ ᠢᠲᠡᠭᠡᠮᠵᠢ ᠶᠢᠨ ᠳᠦᠷᠢ ᠲᠥᠷᠬᠦ ᠶᠢ ᠬᠦᠴᠦᠲᠡᠢ ᠬᠠᠮᠠᠭᠠᠯᠠᠪᠠ᠃ ᠬᠥᠳᠡᠯᠮᠦᠷᠢ ᠶᠢᠨ ᠬᠥᠨᠳᠡᠯᠡᠨ ᠠᠴᠠ ᠲᠠᠰᠤᠯᠬᠤ ᠡᠷᠴᠢᠮ ᠢᠶᠠᠨ ᠴᠢᠩᠭᠠᠷᠠᠭᠤᠯᠵᠤ᠂ ᠰᠢᠯᠢᠳᠡᠭ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠡᠶᠡᠳᠡᠭᠦᠯᠬᠦ ᠵᠣᠬᠢᠶᠠᠨ ᠪᠠᠶᠢᠭᠤᠯᠤᠯᠲᠠ ᠶᠢ ᠪᠠᠶᠢᠭᠤᠯᠤᠨ᠂ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠲᠦᠷᠭᠡᠨ ᠲᠠᠰᠤᠯᠬᠤ ᠲᠢᠩᠬᠢᠮ ᠢ ᠪᠠᠶᠢᠭᠤᠯᠵᠤ᠂ ᠣᠨᠴᠠᠭᠠᠢ ᠬᠦᠴᠢᠷᠳᠡᠯᠲᠡᠢ ᠬᠥᠮᠥᠰ ᠤᠨ ︽ᠰᠠᠭᠠᠳ ᠦᠭᠡᠢ ᠨᠡᠪᠲᠡᠷᠡᠬᠦ ᠵᠠᠮ︾ ᠢ ᠰᠢᠯᠤᠭᠤᠳᠬᠠᠪᠠ᠃ ᠪᠦᠬᠦ ᠬᠤᠳᠠ ᠳᠤ ᠬᠥᠳᠡᠯᠮᠦᠷᠢ ᠶᠢᠨ ᠮᠠᠷᠭᠤᠯᠳᠤᠭᠠᠨ ᠤ ᠬᠡᠷᠡᠭ ᠢ 3291 ᠬᠤᠪᠢ ᠰᠢᠢᠳᠪᠦᠷᠢᠯᠡᠵᠦ᠂ ᠬᠡᠷᠡᠭ ᠢ ᠳᠠᠭᠤᠰᠬᠠᠭᠰᠠᠨ ᠨᠤᠷᠮ᠎ᠠ 95.67 % ᠬᠦᠷᠴᠦ᠂ ᠠᠮᠵᠢᠯᠲᠠ  ᠲᠠᠢ ᠡᠶᠡᠳᠡᠭᠦᠯᠦᠭᠰᠡᠨ ᠨᠤᠷᠮ᠎ᠠ 73.57% ᠬᠦᠷᠴᠦ᠂ ᠬᠥᠨᠳᠡᠯᠡᠨ ᠠᠴᠠ ᠲᠠᠰᠤᠯᠤᠭᠰᠠᠨ ᠨᠤᠷᠮ᠎ᠠ 80.37% ᠬᠦᠷᠴᠡᠢ︔ ᠡᠯ᠎ᠡ ᠲᠦᠷᠦᠯ ᠤᠨ ᠢᠷᠭᠡᠨ ᠤ ᠪᠠ ᠬᠤᠳᠠᠯᠳᠤᠭᠠᠨ ᠤ ᠬᠡᠷᠡᠭ ᠤᠨ ᠵᠢᠭᠤᠷᠠᠯᠳᠤᠭᠠᠨ ᠢ ᠬᠥᠨᠳᠡᠯᠡᠨ ᠠᠴᠠ ᠲᠠᠰᠤᠯᠬᠤ ᠬᠡᠷᠡᠭ ᠢ ᠨᠡᠶᠢᠳᠡ 978 ᠬᠤᠪᠢ ᠬᠦᠯᠢᠶᠡᠨ ᠠᠪᠴᠤ ᠰᠢᠢᠳᠪᠦᠷᠢᠯᠡᠵᠦ᠂ ᠡᠨᠡ ᠨᠢ ᠠᠳᠠᠯᠢ ᠬᠤᠭᠤᠴᠠᠭᠠᠨ ᠤ ᠬᠢ ᠠᠴᠠ 54% ᠪᠠᠷ ᠨᠡᠮᠡᠭᠳᠡᠵᠦ᠂ ᠦᠨᠳᠦᠰᠦᠲᠡᠨ ᠨᠦᠭᠦᠳ ᠤᠨ ᠠᠷᠠᠳ ᠤᠯᠠᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠪᠠ᠃ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠵᠦ᠂ ᠦᠨᠳᠦᠰᠦᠨ ᠬᠠᠤᠯᠢ᠂ ᠢᠷᠭᠡᠨ ᠤ ᠬᠠᠤᠯᠢ ᠶᠢᠨ ᠪᠢᠴᠢᠭ᠂ ᠨᠠᠮ ᠤᠨ ᠦᠨᠳᠦᠰᠦᠲᠡᠨ ᠤ ᠤᠨᠤᠯ ᠲᠦᠷᠦ ᠶᠢᠨ ᠪᠣᠳᠣᠯᠭ᠎ᠠ ᠵᠡᠷᠭᠡ ᠬᠠᠤᠯᠢᠵᠢᠯ ᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ 600 ᠭᠠᠷᠤᠢ ᠤᠳᠠᠭ᠎ᠠ ᠥᠷᠨᠢᠭᠦᠯᠪᠡ᠃ ᠪᠢᠴᠢᠯ ᠺᠢᠨᠣ᠋ ︽ᠶᠠᠯᠠᠲᠤ ᠠᠵᠢᠯᠯᠠᠭ᠎ᠠ ᠶᠢᠨ ᠲᠣᠪᠴᠢᠶ᠎ᠠ︾ ᠶᠢ ᠵᠣᠬᠢᠶᠠᠨ ᠪᠦᠲᠦᠭᠡᠵᠦ᠂ ︽ᠠᠮᠤᠷ ᠠᠮᠤᠭᠤᠯᠠᠩ ᠲᠥᠪ ᠬᠤᠳᠠ︾᠂ ︽ᠬᠥᠬᠡᠬᠤᠲᠠ ᠶᠢᠨ ᠬᠠᠮ ᠵᠠᠭᠤᠴᠢᠯᠠᠭᠤᠷ︾᠂ ︽ᠬᠥᠬᠡᠬᠤᠲᠠ ᠶᠢᠨ ᠬᠠᠤᠯᠢ ᠴᠠᠭᠠᠵᠠ ᠶᠢᠨ ᠲᠦᠭᠡᠮᠡᠯᠵᠢᠯ︾᠂ ︽ᠬᠠᠤᠯᠢᠵᠢᠯ ᠤᠨ ᠬᠥᠬᠡᠬᠤᠲᠠ︾ ᠵᠡᠷᠭᠡ ᠰᠢᠨ᠎ᠡ ᠵᠠᠭᠤᠴᠢᠯᠠᠭᠤᠷ ᠤᠨ ᠵᠢᠭᠰᠠᠭᠠᠯ ᠢ ᠭᠦᠢᠴᠡᠳ ᠠᠰᠢᠭᠯᠠᠵᠤ᠂ 60 ᠭᠠᠷᠤᠢ ᠡᠬᠡ ᠪᠢᠴᠢᠭ ᠳᠦᠷᠰᠦ ᠰᠢᠩᠭᠡᠭᠡᠯᠲᠡ ᠶᠢ ᠨᠡᠶᠢᠲᠡᠯᠡᠨ ᠨᠡᠪᠲᠡᠷᠡᠭᠦᠯᠪᠡ᠃ ᠠᠷᠠᠳᠴᠢᠯᠠᠯ ᠬᠠᠤᠯᠢᠵᠢᠯ ᠤᠨ ᠵᠢᠱᠢᠶ᠎ᠡ ᠦᠵᠡᠭᠦᠯᠬᠦ ᠲᠣᠰᠬᠤᠨ ︵ᠨᠡᠶᠢᠭᠡᠮ ᠲᠣᠭᠤᠷᠢᠭ︶ ᠢ ᠡᠭᠦᠳᠦᠨ ᠪᠠᠶᠢᠭᠤᠯᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠲᠣᠰᠬᠤᠨ ︵ᠨᠡᠶᠢᠭᠡᠮ ᠲᠣᠭᠤᠷᠢᠭ︶ ᠤ ︽ᠬᠠᠤᠯᠢ ᠴᠠᠭᠠᠵᠠ ᠶᠢᠨ ᠮᠡᠷᠭᠡᠨ ᠬᠥᠮᠥᠨ︾ ᠢ ᠬᠥᠮᠥᠵᠢᠭᠦᠯᠬᠦ ᠢᠨᠵᠧᠨᠧᠷᠢᠩ ᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠠᠤᠯᠢᠵᠢᠯ ᠤᠨ ᠬᠥᠳᠡᠭᠡ ᠲᠣᠰᠬᠤᠨ ᠤ ᠪᠠᠶᠢᠭᠤᠯᠤᠯᠲᠠ ᠶᠢᠨ ᠰᠠᠭᠤᠷᠢ ᠶᠢ ᠪᠠᠬᠢᠵᠢᠭᠦᠯᠪᠡ᠃      ᠬᠤᠶᠠᠷ᠂ 2023 ᠣᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠳᠤᠮᠳᠠ ᠣᠷᠣᠰᠢᠵᠤ ᠪᠠᠶᠢᠭ᠎ᠠ ᠬᠦᠷᠦᠯᠴᠡᠬᠦ ᠦᠭᠡᠢ ᠲᠠᠯ᠎ᠠ ᠪᠠ ᠰᠢᠯᠲᠠᠭᠠᠨ      ᠨᠢᠭᠡ ᠳᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠤᠨᠤᠯ ᠰᠤᠷᠤᠯᠴᠠᠬᠤ ᠭᠤᠣᠯ ᠤᠳᠤᠷᠢᠳᠬᠤ ᠳᠤᠭᠤᠶᠢᠯᠠᠩ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠯ᠎ᠠ ᠪᠠᠷ ᠬᠦᠷᠦᠯᠴᠡᠬᠦ ᠦᠭᠡᠢ ᠲᠠᠯ᠎ᠠ ᠪᠠᠶᠢᠨ᠎ᠠ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠤᠯᠠᠨ ᠲᠦᠮᠡᠨ ᠳᠤ ᠦᠢᠯᠡᠴᠢᠯᠡᠬᠦ ᠥᠷᠭᠡᠴᠡ ᠪᠠ ᠭᠦᠨᠴᠡ ᠶᠢᠨ ᠲᠠᠯ᠎ᠠ ᠪᠠᠷ ᠤᠯᠠᠮ ᠨᠢᠭᠡ ᠠᠯᠬᠤᠮ ᠥᠷᠭᠡᠳᠬᠡᠨ ᠭᠦᠨᠵᠡᠭᠡᠶᠢᠷᠡᠭᠦᠯᠵᠦ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠬᠠᠤᠯᠢᠵᠢᠯ ᠤᠨ ᠰᠡᠳᠬᠢᠬᠦᠢ ᠪᠠ ᠬᠠᠤᠯᠢᠵᠢᠯ ᠤᠨ ᠠᠷᠭ᠎ᠠ ᠬᠡᠯᠪᠡᠷᠢ ᠪᠠᠷ ᠵᠥᠷᠢᠴᠡᠯ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ᠃ ᠬᠤᠶᠠᠷ ᠲᠤ ᠣᠯᠠᠨ ᠨᠡᠶᠢᠲᠡ ᠶᠢᠨ ᠬᠠᠤᠯᠢ ᠲᠣᠭᠲᠠᠭᠠᠬᠤ ᠳᠤ ᠣᠷᠣᠯᠴᠠᠬᠤ ᠠᠷᠭ᠎ᠠ ᠮᠠᠶ᠋ᠢᠭ ᠪᠠ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠨ᠂ ᠬᠠᠤᠯᠢ ᠲᠣᠭᠲᠠᠭᠠᠭᠰᠠᠨ ᠤ ᠳᠠᠷᠠᠭᠠᠬᠢ ᠦᠨᠡᠯᠡᠨ ᠵᠢᠱᠢᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠴᠢᠬᠤᠯᠠᠲᠠᠢ ᠪᠠᠶᠢᠵᠤ᠂ ᠬᠠᠤᠯᠢ ᠲᠣᠭᠲᠠᠭᠠᠬᠤ ᠲᠤᠰᠬᠠᠢ ᠮᠡᠷᠭᠡᠵᠢᠯ ᠤᠨ ᠴᠢᠳᠠᠪᠤᠷᠢᠲᠠᠨ ᠬᠦᠨᠳᠦ ᠨᠣᠴᠢᠲᠠᠢ ᠳᠤᠲᠠᠭᠳᠠᠵᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠳᠦᠷᠢᠮ ᠢ ᠨᠠᠶᠢᠳᠠᠪᠤᠷᠢᠵᠢᠭᠤᠯᠬᠤ ᠲᠠᠯ᠎ᠠ ᠪᠠᠷ ᠵᠥᠷᠢᠶ᠎ᠡ ᠲᠠᠢ ᠪᠠᠶᠢᠵᠤ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠭᠲᠠᠭᠠᠬᠤ ᠲᠠᠰ ᠳᠠᠷᠠᠭᠠᠯᠠᠯ ᠵᠢᠷᠤᠮᠵᠢᠯ ᠦᠭᠡᠢ ᠪᠠᠶᠢᠨ᠎ᠠ᠃ ᠭᠤᠷᠪᠠ ᠳᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠯ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠴᠢᠬᠤᠯᠠᠲᠠᠢ ᠪᠠᠶᠢᠨ᠎ᠠ᠃ ᠳᠥᠷᠪᠡ ᠳᠤ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠳᠤ ᠪᠠᠭᠤᠷᠠᠢ ᠲᠠᠯ᠎ᠠ ᠣᠷᠣᠰᠢᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ︽ᠭᠤᠷᠪᠠᠨ ᠵᠦᠢᠯ ᠤᠨ ᠳᠦᠷᠢᠮ︾ ᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ᠂ ︽ᠶᠣᠰᠣ ᠬᠡᠯᠡᠬᠦ ᠮᠠᠶ᠋ᠢᠭ ᠤᠨ ᠬᠠᠤᠯᠢ ᠬᠡᠷᠡᠭᠵᠢᠭᠦᠯᠬᠦ︾᠂ ︽ᠦᠢᠯᠡᠴᠢᠯᠡᠭᠡᠨ ᠤ ᠮᠠᠶ᠋ᠢᠭ ᠤᠨ ᠬᠠᠤᠯᠢ ᠬᠡᠷᠡᠭᠵᠢᠭᠦᠯᠬᠦ︾ ᠶᠢ ᠰᠦᠪᠡᠭᠴᠢᠯᠡᠨ ᠦᠢᠯᠡᠳᠦᠯᠭᠡᠵᠢᠭᠦᠯᠬᠦ ᠢᠳᠡᠪᠬᠢᠵᠢᠯ ᠥᠨᠳᠥᠷ ᠪᠢᠰᠢ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠡᠷᠡᠭ ᠤᠨ ᠡᠪᠬᠡᠮᠡᠯ ᠢ ᠤᠯᠠᠮ ᠨᠢᠭᠡ ᠠᠯᠬᠤᠮ ᠵᠢᠷᠤᠮᠵᠢᠭᠤᠯᠬᠤ ᠴᠢᠬᠤᠯᠠᠲᠠᠢ ᠪᠠᠶᠢᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠮᠡᠳᠡᠭᠡ ᠵᠠᠩᠭᠢᠴᠢᠯᠠᠯᠲᠠ ᠶᠢᠨ ᠬᠢᠷᠢ ᠲᠦᠪᠰᠢᠨ ᠥᠨᠳᠥᠷ ᠪᠢᠰᠢ ᠪᠠᠶᠢᠨ᠎ᠠ᠃ ᠲᠠᠪᠤ ᠳᠤ ᠵᠥᠷᠢᠴᠡᠯ ᠵᠢᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠲᠣᠭᠲᠠᠴᠠ ᠲᠡᠭᠦᠯᠳᠡᠷᠵᠢᠭᠡᠳᠦᠢ᠂ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠡᠬᠢ ᠪᠠᠶᠠᠯᠢᠭ ᠲᠡᠩᠴᠡᠭᠦᠷᠢ ᠦᠭᠡᠢ᠂ ᠬᠤᠰᠢᠭᠤ ᠰᠢᠶᠠᠨ ᠤ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠬᠠᠩᠭᠠᠯᠭ᠎ᠠ ᠬᠦᠷᠦᠯᠴᠡᠬᠦ ᠦᠭᠡᠢ ᠵᠡᠷᠭᠡ ᠠᠰᠠᠭᠤᠳᠠᠯ ᠮᠥᠨ ᠬᠦ ᠣᠷᠣᠰᠢᠵᠤ᠂ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠡᠷᠢᠭᠦᠨ ᠤ ᠭᠠᠵᠠᠷ ᠣᠷᠣᠨ ᠲᠠᠢ ᠬᠠᠷᠢᠴᠠᠭᠤᠯᠪᠠᠯ ᠮᠥᠨ ᠬᠦ ᠵᠣᠬᠢᠬᠤ ᠵᠥᠷᠢᠶ᠎ᠡ ᠲᠠᠢ ᠪᠠᠶᠢᠨ᠎ᠠ ᠃ ᠵᠢᠷᠭᠤᠭ᠎ᠠ ᠳᠤ ᠰᠢᠶᠠᠩ ᠪᠠᠯᠭᠠᠰᠤᠨ ᠤ ᠵᠠᠰᠠᠭ ᠤᠨ ᠣᠷᠳᠣᠨ ᠳᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠲᠤᠬᠠᠢ ᠨᠢᠭᠡᠳᠦᠯᠲᠡᠢ ᠪᠠᠶᠢᠷᠢᠯᠠᠭᠤᠯᠤᠯᠲᠠ ᠳᠤᠲᠠᠭᠳᠠᠵᠤ᠂ ᠵᠡᠭᠡᠯᠢ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠤᠯᠠᠮ ᠨᠢᠭᠡ ᠠᠯᠬᠤᠮ ᠵᠢᠷᠤᠮᠵᠢᠭᠤᠯᠬᠤ ᠴᠢᠬᠤᠯᠠᠲᠠᠢ ᠪᠠᠶᠢᠵᠤ᠂ ᠦᠨᠳᠦᠰᠦᠨ ᠱᠠᠲᠤᠨ ᠤ ᠬᠠᠤᠯᠢ ᠬᠡᠷᠡᠭᠵᠢᠭᠦᠯᠬᠦ ᠠᠵᠢᠯᠲᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠴᠢᠩᠭᠠᠳᠬᠠᠬᠤ ᠴᠢᠬᠤᠯᠠᠲᠠᠢ ᠪᠠᠶᠢᠨ᠎ᠠ᠃ ᠲᠤᠯᠤᠭ᠎ᠠ ᠳᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠭᠤᠯᠭ᠎ᠠ ᠪᠠ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠬᠦ ᠴᠢᠨᠠᠷ ᠢᠶᠠᠷ ᠳᠤᠲᠠᠮᠠᠭ ᠪᠠᠶᠢᠵᠤ᠂ ᠬᠠᠤᠯᠢᠵᠢᠯ ᠤᠨ ᠤᠬᠠᠭᠤᠯᠭ᠎ᠠ ᠶᠢᠨ ᠡᠷᠴᠢᠮ ᠪᠠ ᠥᠷᠭᠡᠴᠡ ᠪᠠᠷ ᠬᠦᠷᠦᠯᠴᠡᠬᠦ ᠦᠭᠡᠢ᠂ ᠬᠠᠤᠯᠢᠵᠢᠯ ᠤᠨ ᠤᠬᠠᠭᠤᠯᠭ᠎ᠠ ᠶᠢᠨ ᠬᠡᠯᠪᠡᠷᠢ ᠨᠢ ᠨᠡᠯᠢᠶᠡᠳ ᠲᠠᠩ ᠴᠤᠯᠭᠤᠢ᠂ ᠬᠠᠨᠳᠤᠯᠭᠠᠲᠤ ᠴᠢᠨᠠᠷ᠂ ᠬᠤᠭᠤᠴᠠᠭᠠᠲᠤ ᠴᠢᠨᠠᠷ ᠢᠶᠠᠷ ᠴᠢᠩᠭ᠎ᠠ ᠪᠢᠰᠢ ᠪᠠᠶᠢᠵᠤ᠂ ᠠᠷᠠᠳ ᠤᠯᠠᠨ ᠤ ᠬᠠᠤᠯᠢ ᠴᠠᠭᠠᠵᠠ ᠬᠠᠤᠯᠢ ᠲᠣᠭᠲᠠᠭᠠᠯ ᠤᠨ ᠲᠤᠬᠠᠢ ᠣᠶᠢᠯᠠᠭᠠᠯᠲᠠ᠂ ᠡᠵᠡᠮᠰᠢᠯ ᠤᠨ ᠲᠠᠯ᠎ᠠ ᠪᠠᠷ ᠵᠣᠬᠢᠬᠤ ︽ᠪᠠᠯᠠᠢ ᠣᠷᠣᠨ︾ ᠲᠠᠢ ᠪᠣᠯᠭᠠᠵᠠᠢ᠃       ᠭᠤᠷᠪᠠ᠂ ᠭᠤᠣᠯ ᠬᠠᠷᠢᠭᠤᠴᠠᠯᠭᠠᠲᠠᠨ ᠤ ᠬᠠᠤᠯᠢᠵᠢᠯ ᠤᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ      ᠨᠢᠭᠡᠳᠦᠭᠡᠷ ᠬᠠᠷᠢᠭᠤᠴᠠᠯᠭᠠᠲᠠᠨ ᠪᠣᠯᠤᠭᠰᠠᠨ ᠤ ᠬᠤᠪᠢ ᠪᠠᠷ ᠬᠤᠲᠠ ᠶᠢᠨ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ ᠲᠦᠷᠦᠭᠦᠯᠡᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠣᠬᠢᠶᠠᠨ ᠪᠠᠶᠢᠭᠤᠯᠤᠭᠴᠢ᠂ ᠠᠬᠢᠭᠤᠯᠤᠭᠴᠢ ᠪᠠ ᠦᠢᠯᠡᠳᠦᠯᠭᠡᠵᠢᠭᠦᠯᠦᠭᠴᠢ ᠶᠢᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠶᠢ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠨᠢᠭᠡ ᠵᠦᠢᠯ ᠤᠨ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠨ ᠠᠳᠬᠤᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠪᠠᠷ ᠬᠠᠤᠯᠢᠵᠢᠯ ᠤᠨ ᠬᠥᠬᠡᠬᠤᠲᠠ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠪᠠᠷ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠪᠠᠷ ︽ᠣᠷᠣᠨ ᠤ ᠲᠥᠪ ᠢ ᠬᠦᠴᠦᠷᠬᠡᠭᠵᠢᠭᠦᠯᠬᠦ︾ ᠢᠨᠵᠧᠨᠧᠷᠢᠩ ᠢ ᠲᠦᠯᠬᠢᠨ ᠠᠬᠢᠭᠤᠯᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠪᠠᠷ ᠬᠤᠳᠠ ᠶᠢᠨ ᠵᠠᠰᠠᠯᠲᠠ ᠶᠢᠨ ᠴᠢᠳᠠᠪᠤᠷᠢ ᠶᠢᠨ ᠲᠡᠰ ᠢ ᠳᠡᠭᠡᠭᠰᠢᠯᠡᠭᠦᠯᠪᠡ᠃ ᠨᠢᠭᠡ ᠳᠤ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠪᠡ᠃ ᠮᠠᠨ ᠤ ᠬᠤᠲᠠ ᠶᠢᠨ ᠬᠠᠤᠯᠢᠵᠢᠯ ᠤᠨ ᠵᠠᠰᠠᠭ ᠤᠨ ᠣᠷᠳᠣᠨ ᠤ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠬᠤᠲᠠ ᠶᠢᠨ ᠳᠠᠷᠤᠭ᠎ᠠ ᠪᠡᠶ᠎ᠡ ᠪᠠᠷ ᠢᠶᠠᠨ ᠤᠳᠤᠷᠢᠳᠬᠤ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ᠠᠵᠢᠯ ᠤᠨ ᠲᠥᠰᠥᠯ ᠲᠣᠭᠲᠠᠭᠠᠨ᠂ ᠳᠠᠶᠢᠴᠢᠯᠠᠨ ᠪᠠᠶᠢᠷᠢᠯᠠᠭᠤᠯᠬᠤ ᠬᠤᠷᠠᠯ ᠬᠤᠷᠠᠯᠳᠤᠭᠤᠯᠵᠤ᠂ ᠠᠵᠢᠯ ᠤᠨ ᠬᠠᠷᠢᠭᠤ ᠮᠡᠳᠡᠭᠦᠯᠦᠯᠲᠡ ᠶᠢ ᠲᠣᠭᠲᠠᠭᠰᠠᠨ ᠬᠤᠭᠤᠴᠠᠭ᠎ᠠ ᠲᠠᠢ ᠰᠣᠨᠣᠰᠴᠤ᠂ ᠠᠵᠢᠯ ᠤᠨ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠤᠨ᠂ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠭᠠᠭᠤᠯᠵᠤ᠂ ᠳᠡᠭᠡᠳᠦ ᠳᠣᠣᠷᠠᠳᠤ ᠱᠠᠲᠤ ᠬᠤᠯᠪᠤᠭᠠᠯᠠᠨ ᠬᠥᠳᠡᠯᠦᠯᠴᠡᠨ ᠨᠢᠭᠡ ᠴᠣᠭᠴᠠᠵᠢᠭᠤᠯᠤᠨ ᠬᠠᠤᠯᠢᠵᠢᠯ ᠤᠨ ᠵᠠᠰᠠᠭ ᠤᠨ ᠣᠷᠳᠣᠨ ᠤ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠠᠵᠢᠯ ᠤᠨ ᠪᠠᠶᠢᠷᠢᠰᠢᠯ ᠢ ᠪᠣᠢ ᠪᠣᠯᠭᠠᠪᠠ᠃ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠲᠠᠢ ︽ᠲᠢᠩᠬᠢᠮ ᠬᠤᠳᠠ ᠶᠢᠨ ᠬᠠᠮᠲᠤᠷᠠᠯᠴᠠᠭ᠎ᠠ ᠶᠢ ᠪᠦᠬᠦ ᠲᠠᠯ᠎ᠠ ᠪᠠᠷ ᠠᠬᠢᠭᠤᠯᠵᠤ ᠣᠷᠣᠨ ᠤ ᠲᠥᠪ ᠤᠨ ᠬᠠᠤᠯᠢᠵᠢᠯ ᠤᠨ ᠵᠢᠱᠢᠶ᠎ᠡ ᠦᠵᠡᠭᠦᠯᠬᠦ ᠬᠤᠳᠠ ᠶᠢ ᠬᠠᠮᠲᠤᠪᠠᠷ ᠪᠠᠶᠢᠭᠤᠯᠬᠤ ᠬᠠᠮᠲᠤᠷᠠᠯᠴᠠᠭ᠎ᠠ ᠶᠢᠨ ᠪᠦᠳᠦᠭᠦᠪᠴᠢ ᠵᠥᠪᠯᠡᠯᠴᠡᠭᠡᠷ︾ ᠲᠣᠭᠲᠠᠵᠤ᠂ ᠨᠡᠩ ᠥᠨᠳᠥᠷ ᠳᠠᠪᠬᠤᠷᠭ᠎ᠠ᠂ ᠨᠡᠩ ᠥᠷᠭᠡᠨ ᠬᠡᠪᠴᠢᠶ᠎ᠡ ᠪᠠᠷ ᠡᠭᠦᠳᠦᠨ ᠪᠠᠶᠢᠭᠤᠯᠬᠤ ᠠᠵᠢᠯ ᠢ ᠠᠬᠢᠭᠤᠯᠪᠠ᠃ ᠬᠤᠶᠠᠷ ᠲᠤ᠂ ᠰᠤᠷᠤᠯᠴᠠᠯᠭ᠎ᠠ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠬᠠᠤᠯᠢᠵᠢᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠪᠡ᠃ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠬᠤ ᠶᠢ ᠪᠠᠷᠢᠮᠲᠠᠯᠠᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠲᠠᠢ ᠤᠶᠠᠯᠳᠤᠭᠤᠯᠵᠤ᠂ ᠰᠤᠷᠤᠯᠴᠠᠵᠤ ᠣᠶᠢᠯᠠᠭᠠᠨ ᠨᠡᠪᠲᠡᠷᠡᠵᠦ ᠪᠣᠳᠠᠲᠠᠶᠢᠵᠢᠭᠤᠯᠬᠤ ᠳᠡᠭᠡᠷ᠎ᠡ ᠬᠦᠴᠦ ᠲᠠᠯᠪᠢᠵᠤ᠂ ᠪᠣᠳᠠᠲᠠᠢ ᠲᠠᠢ ᠤᠶᠠᠯᠳᠤᠭᠤᠯᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠡᠭᠡᠷ᠎ᠡ ᠬᠦᠴᠦ ᠲᠠᠯᠪᠢᠵᠤ᠂ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ ᠤᠳᠤᠷᠢᠳᠬᠤ ᠪᠠᠭ ᠤᠨ ᠪᠦᠷᠢᠯᠳᠦᠭᠦᠨ ᠢᠶᠠᠨ ᠳᠠᠭᠠᠭᠤᠯᠤᠨ ᠤᠷᠢᠳ ᠬᠤᠵᠢᠳ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠲᠤᠰᠬᠠᠢ ᠰᠡᠳᠦᠪᠲᠦ ᠬᠠᠤᠯᠢᠵᠢᠯ ᠤᠨ ᠰᠤᠷᠤᠯᠴᠠᠯᠭ᠎ᠠ ᠪᠠ ᠬᠤᠳᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠠᠴᠠ ᠡᠮᠦᠨ᠎ᠡ ᠬᠠᠤᠯᠢ ᠰᠤᠷᠤᠯᠴᠠᠬᠤ ᠠᠵᠢᠯᠯᠠᠭ᠎ᠠ ᠶᠢ 5 ᠤᠳᠠᠭ᠎ᠠ ᠥᠷᠨᠢᠭᠦᠯᠪᠡ᠃ ᠬᠠᠤᠯᠢ ᠴᠠᠭᠠᠵᠠ ᠵᠡᠷᠭᠡ ᠡᠯ᠎ᠡ ᠲᠠᠯ᠎ᠠ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠪᠡᠶ᠎ᠡ ᠪᠠᠨ ᠪᠠᠷᠢᠨ ᠠᠯᠪᠠᠨ᠎ᠠ ᠵᠢᠳᠬᠦᠵᠦ᠂ ᠠᠷᠠᠳ ᠤᠨ ᠲᠥᠯᠥᠭᠡ ᠠᠷᠢᠭᠤᠨ ᠴᠢᠬᠡᠴᠢ ᠪᠠᠷ ᠵᠢᠳᠬᠦᠵᠦ᠂ ᠠᠵᠢᠯ ᠬᠢᠬᠦ ᠦᠭᠡᠢ᠂ ᠳᠤᠷ᠎ᠠ ᠪᠠᠷ ᠢᠶᠠᠨ ᠠᠵᠢᠯᠯᠠᠬᠤ ᠶᠢ ᠡᠷᠡᠰ ᠵᠠᠯᠠᠷᠠᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠵᠦ᠂ ᠤᠬᠠᠮᠰᠠᠷ ᠠᠴᠠ ᠪᠠᠨ ᠬᠠᠤᠯᠢ ᠶᠢ ᠬᠦᠨᠳᠦᠳᠬᠡᠬᠦ ᠬᠠᠤᠯᠢ ᠶᠢ ᠰᠤᠷᠤᠯᠴᠠᠬᠤ ᠬᠠᠤᠯᠢ ᠶᠢ ᠰᠠᠬᠢᠬᠤ ᠬᠠᠤᠯᠢ ᠶᠢ ᠬᠡᠷᠡᠭᠯᠡᠬᠦ ᠵᠢᠱᠢᠶᠡᠴᠢ ᠪᠣᠯᠪᠠ᠃      ᠳᠥᠷᠪᠡ᠂ ᠲᠠᠷᠠᠭ᠎ᠠ ᠨᠢᠭᠡ ᠵᠢᠯ ᠤᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠭᠤᠣᠯ ᠲᠣᠬᠢᠷᠠᠭᠤᠯᠤᠯᠲᠠ      ᠮᠠᠨ ᠤ ᠬᠤᠲᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠤᠨ ᠲᠣᠭᠤᠷᠢᠨ ᠳᠤ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠬᠠᠤᠯᠢ ᠶᠣᠰᠣᠭᠠᠷ ᠵᠠᠰᠠᠭ ᠪᠠᠷᠢᠬᠤ ᠶᠢ ᠦᠷᠭᠦᠯᠵᠢᠯᠡᠨ ᠠᠬᠢᠭᠤᠯᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠨᠢᠭᠡ ᠳᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠰᠤᠷᠤᠯᠴᠠᠬᠤ ᠪᠠᠶᠢᠩᠭᠤ ᠶᠢᠨ ᠲᠣᠭᠲᠠᠴᠠ ᠶᠢ ᠪᠦᠷᠢᠨᠰᠢᠭᠦᠯᠵᠦ᠂ ᠤᠳᠤᠷᠢᠳᠬᠤ ᠺᠠᠳ᠋ᠷᠴᠤᠳ ᠤᠨ ᠬᠠᠤᠯᠢ ᠶᠢ ᠰᠤᠷᠴᠤ ᠬᠠᠤᠯᠢ ᠶᠢ ᠬᠡᠷᠡᠭᠯᠡᠬᠦ ᠲᠣᠭᠲᠠᠴᠠ ᠶᠢ ᠨᠠᠷᠢᠯᠢᠭᠵᠢᠭᠤᠯᠤᠨ ᠲᠡᠭᠦᠯᠳᠡᠷᠵᠢᠭᠦᠯᠵᠦ᠂ ᠤᠳᠤᠷᠢᠳᠬᠤ ᠺᠠᠳ᠋ᠷᠴᠤᠳ ᠤᠨ ᠬᠠᠤᠯᠢ ᠶᠣᠰᠣᠭᠠᠷ ᠵᠠᠰᠠᠭ ᠪᠠᠷᠢᠬᠤ ᠤᠬᠠᠮᠰᠠᠷ ᠪᠠ ᠬᠠᠤᠯᠢᠵᠢᠯ ᠤᠨ ᠰᠡᠳᠬᠢᠬᠦᠢ ᠶᠢᠨ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠳᠬᠠᠵᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠵᠠᠰᠠᠭ ᠤᠨ ᠣᠷᠳᠣᠨ ᠤ ᠬᠠᠤᠯᠢ ᠶᠣᠰᠣᠭᠠᠷ ᠵᠠᠰᠠᠭ ᠪᠠᠷᠢᠬᠤ ᠪᠦᠬᠦ ᠶᠠᠪᠤᠴᠠ᠂ ᠡᠯ᠎ᠡ ᠲᠠᠯ᠎ᠠ ᠳᠤ ᠦᠨᠡᠨ ᠬᠦ ᠲᠤᠭᠤᠰᠢᠯᠠᠭᠤᠯᠤᠨ᠎ᠠ᠃ ᠬᠤᠶᠠᠷ ᠲᠤ ︽ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ ︵2021 ︱ 2025 ᠣᠨ︶︾ ᠢ ᠨᠠᠶᠢᠳᠠᠪᠤᠷᠢᠵᠢᠭᠤᠯᠵᠤ᠂ ᠪᠥᠬᠦ ᠤᠯᠤᠰ ᠤᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠪᠥᠬᠦ ᠬᠦᠴᠦᠨ ᠢᠶᠠᠷ ᠢᠶᠠᠨ ᠴᠢᠷᠮᠠᠶᠢᠨ ᠡᠭᠦᠳᠦᠨ᠎ᠡ᠃ ᠭᠤᠷᠪᠠ ᠳᠤ ᠬᠠᠤᠯᠢ ᠶᠣᠰᠣᠭᠠᠷ ᠵᠠᠰᠠᠭ ᠪᠠᠷᠢᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠠᠰᠤᠷᠠᠯᠳᠠ ᠦᠭᠡᠢ ᠴᠢᠩᠭᠠᠳᠬᠠᠨ᠎ᠠ᠃ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠠᠬᠢ ᠵᠠᠰᠠᠭ ᠤᠨ ᠣᠷᠳᠣᠨ ᠤ ᠬᠠᠤᠯᠢ ᠲᠣᠭᠲᠠᠭᠠᠬᠤ ᠶᠢ ᠴᠢᠩᠭᠠᠳᠬᠠᠵᠤ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠵᠢᠷᠤᠮᠵᠢᠯ ᠲᠠᠢ ᠲᠥᠪ ᠭᠤᠥᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠴᠢᠩᠳᠠᠯᠠᠵᠤ᠂ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠬᠠᠤᠯᠢ ᠶᠣᠰᠣᠭᠠᠷ ᠠᠷᠢᠯᠭᠠᠵᠤ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠦᠢᠯᠡᠳᠬᠦᠨ ᠤ ᠢᠨᠵᠧᠨᠧᠷᠢᠩ ᠢ ᠬᠡᠷᠡᠭᠵᠢᠭᠦᠯᠦᠨ᠂ ᠨᠡᠶᠢᠭᠡᠮ ᠤᠨ ᠵᠠᠰᠠᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠨᠠᠶᠢᠳᠠᠪᠤᠷᠢᠵᠢᠭᠤᠯᠤᠨ᠂ ︽ᠣᠷᠣᠨ ᠤ ᠲᠥᠪ ᠢ ᠬᠦᠴᠦᠷᠬᠡᠭᠵᠢᠭᠦᠯᠬᠦ︾ ᠶᠢᠨ ᠢᠨᠵᠧᠨᠧᠷᠢᠩ ᠢ ᠠᠬᠢᠭᠤᠯᠵᠤ᠂ ᠣᠷᠣᠨ ᠤ ᠲᠥᠪ ᠬᠤᠲᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ2024 ᠣᠨ ᠤ 1 ᠳ᠋ᠦ᠋ᠭᠡᠷ ᠰᠠᠷ᠎ᠠ ᠶᠢᠨ 27 ᠤ ᠡᠳᠦᠷ 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ