ᠬᠥᠬᠡᠬᠤᠲᠠ ᠶᠢᠨ ᠵᠡᠮᠳᠡᠭᠴᠦᠳ ᠤᠨ ᠡᠷᠡᠭᠦᠯᠵᠢᠯ ᠳᠤ ᠲᠤᠰᠠᠯᠠᠬᠤ ᠪᠠᠭᠠᠵᠢ ᠬᠡᠷᠡᠭᠰᠡᠯ ᠤᠨ ᠲᠣᠬᠢᠷᠠᠭᠤᠯᠤᠯᠲᠠ ᠶᠢᠨ ᠲᠥᠪ ᠫᠠᠶᠢᠰᠠ ᠪᠠᠨ ᠰᠡᠬᠦᠪᠡ
ᠨᠡᠶᠢᠲᠡᠯᠡᠭᠰᠡᠨ ᠴᠠᠭ᠄
2024/3/4
      ᠬᠥᠬᠡᠬᠤᠲᠠ ᠶᠢᠨ ᠵᠡᠮᠳᠡᠭᠴᠦᠳ ᠤᠨ ᠰᠠᠭᠠᠳ ᠦᠭᠡᠢ ᠦᠢᠯᠡᠴᠢᠯᠡᠭᠡᠨ ᠤ ᠲᠥᠪ ᠲᠣᠰ ᠡᠳᠦᠷ ᠲᠤ ᠫᠠᠶᠢᠰᠠ ᠪᠠᠨ ᠰᠡᠬᠦᠪᠡ     
微信图片_20240304102227.jpg
      ︵ᠰᠤᠷᠪᠤᠯᠵᠢᠯᠠᠭᠴᠢ ᠮᠢᠶᠣᠣ ᠰᠢᠨ︶ 3 ᠳ᠋ᠤᠭᠠᠷ ᠰᠠᠷ᠎ᠠ ᠶᠢᠨ 3 ᠤ ᠡᠳᠦᠷ᠂ ᠬᠥᠬᠡᠬᠤᠲᠠ ᠶᠢᠨ ᠵᠡᠮᠳᠡᠭᠴᠦᠳ ᠤᠨ ᠡᠷᠡᠭᠦᠯᠵᠢᠯ ᠳᠤ ᠲᠤᠰᠠᠯᠠᠬᠤ ᠪᠠᠭᠠᠵᠢ ᠬᠡᠷᠡᠭᠰᠡᠯ ᠤᠨ ᠲᠣᠬᠢᠷᠠᠭᠤᠯᠤᠯᠲᠠ ᠶᠢᠨ ᠲᠥᠪ᠂ ᠬᠥᠬᠡᠬᠤᠲᠠ ᠶᠢᠨ ᠵᠡᠮᠳᠡᠭᠴᠦᠳ ᠤᠨ ᠰᠠᠭᠠᠳ ᠦᠭᠡᠢ ᠦᠢᠯᠡᠴᠢᠯᠡᠭᠡᠨ ᠤ ᠲᠥᠪ ᠪᠠᠶᠢᠭᠤᠯᠤᠭᠳᠠᠪᠠ᠂ ᠡᠨᠡ ᠪᠣᠯ ᠮᠠᠨ ᠤ ᠬᠤᠳᠠ ᠶᠢᠨ ᠡᠷᠬᠢᠯᠡᠭᠰᠡᠨ ᠪᠦᠬᠦ ᠤᠯᠤᠰ ᠤᠨ ︽ᠴᠢᠬᠢ ᠪᠠᠨ ᠬᠠᠶᠢᠷᠠᠯᠠᠬᠤ ᠡᠳᠦᠷ︾ ᠤᠨ ᠰᠢᠷᠢᠰ ᠠᠵᠢᠯᠯᠠᠭ᠎ᠠ ᠶᠢᠨ ᠨᠢᠭᠡ ᠪᠣᠯᠣᠨ᠎ᠠ᠃      ᠬᠤᠲᠠ ᠶᠢᠨ ᠵᠡᠮᠳᠡᠭᠴᠦᠳ ᠤᠨ ᠬᠤᠯᠪᠣᠭ᠎ᠠ ᠶᠢᠨ ᠬᠢᠨ ᠡᠷᠡᠭᠦᠯᠵᠢᠯ ᠳᠤ ᠲᠤᠰᠠᠯᠠᠬᠤ ᠪᠠᠭᠠᠵᠢ ᠬᠡᠷᠡᠭᠰᠡᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠬᠥᠬᠡᠬᠤᠲᠠ ᠶᠢᠨ ᠵᠡᠮᠳᠡᠭᠴᠦᠳ ᠤᠨ ᠡᠷᠡᠭᠦᠯᠵᠢᠯ ᠳᠤ ᠲᠤᠰᠠᠯᠠᠬᠤ ᠪᠠᠭᠠᠵᠢ ᠬᠡᠷᠡᠭᠰᠡᠯ ᠤᠨ ᠲᠣᠬᠢᠷᠠᠭᠤᠯᠤᠯᠲᠠ ᠶᠢᠨ ᠲᠥᠪ ᠪᠠ ᠬᠥᠬᠡᠬᠤᠲᠠ ᠶᠢᠨ ᠵᠡᠮᠳᠡᠭᠴᠦᠳ ᠤᠨ ᠰᠠᠭᠠᠳ ᠦᠭᠡᠢ ᠦᠢᠯᠡᠴᠢᠯᠡᠭᠡᠨ ᠤ ᠲᠥᠪ ᠢ ᠪᠠᠶᠢᠭᠤᠯᠵᠤ᠂ ᠵᠡᠮᠳᠡᠭᠴᠦᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠲᠤᠰᠠᠯᠠᠬᠤ ᠪᠠᠭᠠᠵᠢ ᠶᠢᠨ ᠲᠣᠬᠢᠷᠠᠭᠤᠯᠤᠯᠲᠠ ᠶᠢᠨ ᠣᠨᠣᠪᠴᠢᠲᠠᠢ᠂ ᠨᠠᠷᠢᠯᠢᠭᠵᠢᠭᠤᠯᠬᠤ ᠴᠢᠳᠠᠪᠤᠷᠢ ᠶᠢ ᠴᠢᠩᠭᠠᠷᠠᠭᠤᠯᠵᠤ᠂ ᠵᠡᠮᠳᠡᠭᠴᠦᠳ ᠤᠨ ᠭᠡᠷ ᠪᠦᠯᠢ ᠶᠢ ᠰᠠᠭᠠᠳ ᠦᠭᠡᠢ ᠪᠣᠯᠭᠠᠨ ᠥᠭᠡᠷᠡᠴᠢᠯᠡᠬᠦ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠨᠠᠷᠢᠯᠢᠭ ᠨᠠᠶᠢᠳᠠᠪᠤᠷᠢᠵᠢᠭᠤᠯᠬᠤ ᠶᠢᠨ ᠲᠥᠯᠥᠭᠡ ᠶᠤᠮ᠃      ᠫᠠᠶᠢᠰᠠ ᠰᠡᠬᠦᠬᠦ ᠶᠣᠰᠣᠯᠠᠯ ᠤᠨ ᠳᠠᠷᠠᠭ᠎ᠠ᠂ ᠡᠮᠨᠡᠯᠭᠡ ᠶᠢᠨ ᠠᠵᠢᠯᠲᠠᠳ ᠲᠤᠬᠠᠢ ᠶᠢᠨ ᠲᠠᠯᠠᠪᠠᠢ ᠳᠤ ᠰᠣᠨᠣᠷ ᠵᠡᠮᠳᠡᠭ ᠬᠥᠮᠥᠰ ᠲᠤ ᠰᠣᠨᠣᠷ ᠲᠤᠳᠤᠤᠡᠬᠠᠭᠤᠷ ᠲᠣᠬᠢᠷᠠᠭᠤᠯᠵᠤ ᠥᠭᠴᠡᠢ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ