ᠭᠦᠸᠧ ᠶᠢᠨ ᠯᠦᠩ 2023 ᠣᠨ ᠤ ︽ᠲᠣᠮᠣ ᠤᠯᠤᠰ ᠤᠨ ᠤᠷᠠᠨ ᠳᠠᠷᠬᠠᠨ ᠤ ᠣᠨ ᠤ ᠬᠥᠮᠥᠨ︾ ᠤ ᠵᠢᠱᠢᠭᠳᠡᠭᠰᠡᠳ ᠤᠨ ᠨᠡᠷᠡᠰ ᠲᠤ ᠲᠣᠳᠣᠷᠠᠪᠠ
ᠨᠡᠶᠢᠲᠡᠯᠡᠭᠰᠡᠨ ᠴᠠᠭ᠄
2024/3/4
      ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠠᠴᠠ ᠣᠶᠢᠯᠠᠭᠠᠭᠰᠠᠨ ᠢᠶᠠᠷ᠂ ᠲᠦᠷᠦᠭᠦᠬᠡᠨ᠂ ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ᠂ ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶ᠎ᠠ ᠠᠴᠠ ᠬᠠᠮᠲᠤᠷᠠᠨ ᠡᠷᠭᠢᠯᠡᠭᠰᠡᠨ 2023 ᠣᠨ ᠤ ︽ᠲᠣᠮᠣ ᠤᠯᠤᠰ ᠤᠨ ᠤᠷᠠᠨ ᠳᠠᠷᠬᠠᠨ ᠤ ᠣᠨ ᠤ ᠬᠥᠮᠥᠨ︾ ᠢ ᠨᠡᠶᠢᠲᠡᠯᠡᠬᠦ ᠠᠵᠢᠯᠯᠠᠭ᠎ᠠ ᠰᠧᠴᠤᠸᠠᠨ ᠮᠤᠵᠢ ᠶᠢᠨ ᠴᠧᠩᠳᠦ᠋ ᠳᠤ ᠶᠠᠪᠤᠭᠳᠠᠨ᠂ 50 ᠨᠡᠷᠡᠰ ᠵᠢᠱᠢᠭᠳᠡᠭᠴᠢ  ᠶᠢᠨ ᠨᠡᠷᠡᠰ ᠢ ᠨᠡᠶᠢᠲᠡᠯᠡᠵᠦ᠂ ᠡᠭᠦᠨ ᠳᠤ᠂ ᠥᠪᠥᠷ ᠮᠣᠩᠭᠤᠯ ᠤᠨ ᠭᠦᠭᠡᠬᠤᠲᠠ ᠶᠢᠨ ᠬᠤᠲᠠ ᠶᠢᠨ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠤᠮᠫᠠᠨᠢ ᠶᠢᠨ ᠬᠦᠴᠦᠳᠡᠯ ᠥᠭᠡᠷᠡᠴᠢᠯᠡᠬᠦ ᠰᠡᠯᠪᠢᠨ ᠵᠠᠰᠠᠬᠤ ᠳᠡᠭᠡᠳᠦ ᠵᠡᠷᠭᠡ ᠶᠢᠨ ᠢᠨᠵᠧᠨᠧᠷ ᠭᠦᠸᠧ ᠶᠢᠨ ᠯᠦᠩ ᠳᠤᠰ ᠨᠡᠷᠡᠰ ᠲᠤ ᠲᠣᠳᠣᠷᠠᠪᠠ᠃      1975 ᠣᠨ ᠳᠤ ᠠᠵᠢᠯ ᠳᠤ ᠣᠷᠣᠬᠤ ᠦᠶ᠎ᠡ ᠳᠤ᠂ ᠭᠦᠸᠧ ᠶᠢᠨ ᠯᠦᠩ ᠭᠦᠭᠡᠬᠤᠲᠠ ᠶᠢᠨ ᠲᠡᠮᠦᠷ ᠵᠠᠮ ᠤᠨ ᠴᠠᠭᠢᠯᠭᠠᠨ ᠤ ᠶᠠᠪᠤᠳᠠᠯ ᠤᠨ ᠢᠨᠵᠧᠨᠧᠷᠢᠩ ᠤᠨ ᠠᠩᠭᠢ ᠶᠢᠨ ᠴᠠᠭᠢᠯᠭᠠᠨ ᠬᠦᠴᠦᠨ ᠤ ᠠᠵᠢᠯᠴᠢᠨ ᠠᠴᠠ ᠡᠬᠢᠯᠡᠵᠦ᠂ ᠵᠣᠷᠢᠭᠲᠠᠢ ᠪᠠᠷ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠣᠯᠣᠨ ᠰᠤᠷᠤᠯᠴᠠᠬᠤ ᠳᠤᠷᠠᠲᠠᠢ ᠰᠤᠷᠤᠯᠴᠠᠬᠤ ᠳᠠᠭᠠᠨ ᠴᠢᠳᠠᠮᠠᠭᠠᠢ ᠪᠠᠶᠢᠬᠤ ᠵᠣᠷᠢᠭ ᠢᠶᠠᠷ ᠢᠶᠠᠨ ᠠᠭᠠᠵᠢᠮ ᠢᠶᠠᠷ ᠴᠠᠭᠢᠯᠭᠠᠨ ᠤ ᠠᠵᠢᠯᠴᠢᠨ ᠤ ᠳᠡᠭᠡᠳᠦ ᠵᠡᠷᠭᠡ ᠶᠢᠨ ᠮᠡᠷᠭᠡᠵᠢᠯᠲᠡᠨ ᠪᠣᠯᠵᠤ᠂ ᠪᠠᠶᠢᠭᠤᠯᠭ᠎ᠠ ᠠᠴᠠ ᠣᠷᠣᠭᠤᠯᠤᠭᠰᠠᠨ ᠰᠸᠢᠰ ᠤᠨ ᠪᠣᠯᠣᠳ ᠵᠢᠮ ᠤᠨ ᠭᠠᠩᠨᠠᠯᠲᠠ ᠶᠢᠨ ᠮᠠᠰᠢᠨ ᠢ ᠤᠭᠰᠠᠷᠠᠬᠤ᠂ ᠲᠤᠷᠰᠢᠨ ᠲᠣᠬᠢᠷᠠᠭᠤᠯᠬᠤ ᠵᠢᠴᠢ ᠰᠡᠯᠪᠢᠨ ᠵᠠᠰᠠᠬᠤ ᠠᠵᠢᠯ ᠢ ᠪᠡᠶᠡᠯᠡᠭᠦᠯᠵᠦ᠂ ᠤᠯᠠᠨ ᠤᠳᠠᠭ᠎ᠠ ᠤᠷᠢᠯᠭ᠎ᠠ ᠪᠠᠷ ᠪᠦᠭᠦ ᠤᠯᠤᠰ ᠤᠨ ᠡᠯ᠎ᠡ ᠭᠠᠵᠠᠷ ᠲᠤ ᠬᠦᠷᠴᠦ ᠭᠠᠳᠠᠭᠠᠳᠤ ᠠᠴᠠ ᠣᠷᠣᠭᠤᠯᠤᠭᠰᠠᠨ ᠪᠣᠯᠣᠳ ᠵᠢᠮ ᠤᠨ ᠭᠠᠩᠨᠠᠯᠲᠠ ᠶᠢᠨ ᠮᠠᠰᠢᠨ ᠵᠡᠷᠭᠡ ᠲᠥᠬᠦᠭᠡᠷᠦᠮᠵᠢ ᠶᠢᠨ ᠭᠡᠮᠲᠦᠯ ᠢ ᠵᠠᠰᠠᠵᠤ᠂ ᠰᠢᠨ᠎ᠡ ᠲᠥᠬᠦᠭᠡᠷᠦᠮᠵᠢ ᠶᠢ ᠲᠡᠰ ᠳᠡᠪᠰᠢᠭᠦᠯᠦᠨ ᠰᠣᠯᠢᠬᠤ ᠳᠤ ᠲᠡᠭᠦᠨ ᠤ ᠳᠤᠷᠠᠳᠤᠭᠰᠠᠨ ᠥᠭᠡᠷᠡᠴᠢᠯᠡᠨ ᠰᠠᠶᠢᠵᠢᠷᠠᠭᠤᠯᠬᠤ ᠲᠥᠰᠥᠯ ᠢ ᠤᠯᠠᠨ ᠤᠳᠠᠭ᠎ᠠ ᠬᠡᠷᠡᠭᠯᠡᠵᠡᠢ᠃ ᠴᠠᠭᠢᠯᠭᠠᠨ ᠬᠡᠯᠬᠢᠶᠡᠨ ᠤ ᠵᠢᠷᠤᠭ ᠢ ᠴᠤ ᠣᠶᠢᠯᠠᠭᠠᠬᠤ ᠦᠭᠡᠢ ᠪᠠᠶᠢᠭᠰᠠᠨ ᠠᠴᠠ ᠪᠠᠨ ᠨᠡᠷ᠎ᠡ ᠠᠯᠳᠠᠷᠰᠢᠭᠰᠠᠨ ︽ᠬᠥᠬᠡ ᠵᠠᠭᠠᠮᠠᠲᠤ ᠲᠤᠰᠬᠠᠢ ᠮᠡᠷᠭᠡᠵᠢᠯᠲᠡᠨ︾ ᠪᠣᠯᠵᠤ ᠬᠥᠮᠥᠵᠢᠭᠳᠡᠵᠦ᠂ ᠭᠦᠸᠧ ᠶᠢᠨ ᠯᠦᠩ ᠴᠠᠭᠢᠯᠭᠠᠨ ᠲᠥᠬᠦᠭᠡᠷᠦᠮᠵᠢ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠤᠯᠠᠨ ᠲᠦᠷᠦᠯ ᠵᠦᠢᠯ ᠢ ᠡᠷᠭᠢᠯᠡᠨ ᠪᠡᠶᠡᠯᠡᠭᠦᠯᠵᠦ᠂ ᠵᠠᠭᠠᠳᠠᠰᠤ ᠦᠭᠡᠢ ᠪᠣᠯᠣᠳ ᠵᠢᠮ ᠤᠨ ᠭᠠᠩᠨᠠᠯᠲᠠ ᠶᠢᠨ ᠮᠡᠷᠭᠡᠵᠢᠯ ᠤᠨ ᠤᠯᠠᠨ ᠬᠦᠴᠢᠷ ᠠᠰᠠᠭᠤᠳᠠᠯ ᠢ ᠰᠢᠢᠳᠪᠦᠷᠢᠯᠡᠪᠡ᠂ ᠡᠭᠦᠨ ᠳᠤ︽ᠪᠣᠯᠣᠳ ᠵᠢᠮ ᠤᠨ ᠭᠠᠩᠨᠠᠯᠲᠠ ᠶᠢᠨ ᠬᠤᠣᠰ ᠳᠠᠪᠲᠠᠮᠵᠢ ᠶᠢᠨ ᠠᠷᠭ᠎ᠠ ᠵᠢᠴᠢ ᠤᠷᠠᠯᠠᠯ︾ ᠨᠢ ᠤᠯᠤᠰ ᠤᠨ ᠰᠢᠨᠵᠢᠯᠡᠬᠦ ᠤᠬᠠᠭᠠᠨ ᠲᠧᠭᠨᠧᠭ ᠮᠡᠷᠭᠡᠵᠢᠯ ᠤᠨ ᠲᠠᠪᠰᠢᠯᠳᠠ ᠶᠢᠨ ᠱᠠᠩᠨᠠᠯ ᠤᠨ ᠬᠤᠶᠠᠳᠤᠭᠠᠷ ᠳᠡᠰ ᠤᠨ ᠱᠠᠩᠨᠠᠯ ᠢ ᠭᠦᠷᠳᠡᠪᠡ᠂ ᠲᠡᠷᠡ ᠳᠤᠮᠳᠠᠳᠤ ᠤᠯᠤᠰ ᠤᠨ ᠲᠡᠮᠦᠷ ᠵᠠᠮ ᠤᠨ ᠠᠵᠢᠯᠴᠢᠨ ᠤ ᠡᠨᠡ ᠬᠦ ᠢᠷᠠᠭᠤ ᠠᠯᠳᠠᠷ ᠢ ᠭᠥᠷᠳᠡᠭᠰᠡᠨ ᠨᠢᠭᠡᠳᠦᠭᠡᠷ ᠬᠥᠮᠥᠨ ᠪᠣᠯᠵᠠᠢ᠃ ᠲᠡᠷᠡ ᠤᠷᠢᠳ ᠬᠤᠵᠢᠳ ᠪᠦᠭᠦ ᠤᠯᠤᠰ ᠤᠨ︽5·1︾ ᠤ ᠭᠦᠳᠡᠯᠮᠦᠷᠢ ᠶᠢᠨ ᠱᠠᠩᠨᠠᠯ ᠤᠨ ᠮᠧᠳᠠᠯ᠂ ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ᠂ ᠪᠦᠭᠦ ᠤᠯᠤᠰ ᠤᠨ︽ᠮᠡᠷᠭᠡᠵᠢᠯ ᠤᠨ ᠴᠢᠳᠠᠪᠤᠷᠢᠲᠠᠨ︾᠂ ᠤᠮᠠᠷᠠᠲᠤ ᠬᠢᠯᠢ ᠶᠢᠨ ᠤᠷᠠᠨ ᠲᠠᠷᠬᠠᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠧᠭ ᠮᠡᠷᠭᠡᠵᠢᠯ ᠤᠨ ᠣᠨᠴᠠᠭᠠᠢ ᠬᠤᠪᠢ ᠨᠡᠮᠡᠷᠢ ᠶᠢᠨ ᠱᠠᠩᠨᠠᠯ︾᠂ ᠤᠮᠠᠷᠠᠲᠤ ᠬᠢᠯᠢ ᠶᠢᠨ ᠵᠢᠱᠢᠶᠡᠴᠢ ᠵᠡᠷᠭᠡ ᠢᠷᠠᠭᠤ ᠠᠯᠳᠠᠷ ᠢ ᠬᠦᠷᠲᠡᠵᠦ᠂ 7 ᠵᠦᠢᠯ ᠤᠨ ᠤᠯᠤᠰ ᠤᠨ ᠡᠭᠦᠳᠦᠯᠲᠡ ᠶᠢᠨ ᠲᠤᠰᠬᠠᠢ ᠠᠰᠢᠭ᠂ 11 ᠵᠦᠢᠯ ᠤᠨ ᠬᠡᠷᠡᠭᠯᠡᠭᠡᠨ ᠤ ᠰᠢᠨ᠎ᠡ ᠭᠡᠯᠪᠡᠷᠢ ᠶᠢᠨ ᠲᠤᠰᠬᠠᠢ ᠠᠰᠢᠭ ᠢ ᠬᠦᠷᠲᠡᠵᠦ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠣᠨᠴᠠ ᠨᠥᠬᠦᠪᠦᠷᠢ ᠶᠢ ᠭᠥᠷᠳᠡᠭᠰᠡᠨ ᠢᠨᠵᠧᠨᠧᠷᠢᠩ ᠤᠨ ᠮᠡᠷᠭᠡᠵᠢᠯ ᠤᠨ ᠲᠤᠰᠬᠠᠢ ᠮᠡᠷᠭᠡᠵᠢᠯᠲᠡᠨ ᠪᠣᠯᠵᠠᠢ᠃      2018 ᠣᠨ ᠳᠤ᠂ ᠳᠤᠮᠳᠠᠳᠤ ᠤᠯᠤᠰ ᠤᠨ ᠲᠡᠮᠦᠷ ᠵᠠᠮ ᠤᠨ ᠭᠦᠭᠡᠬᠤᠲᠠ ᠶᠢᠨ ᠲᠣᠪᠴᠢᠶ᠎ᠠ ᠶᠢᠨ ᠲᠡᠮᠦᠷ ᠵᠠᠮ ᠭᠠᠩᠨᠠᠬᠤ ᠬᠡᠰᠡᠭ ᠠᠴᠠ ᠠᠵᠢᠯ ᠠᠴᠠ  ᠪᠠᠨ ᠠᠮᠠᠷᠠᠭᠰᠠᠨ ᠤ ᠳᠠᠷᠠᠭ᠎ᠠ᠂ ᠭᠦᠸᠧ ᠶᠢᠨ ᠯᠦᠩ ᠭᠠᠳᠠᠷ ᠣᠷᠣᠨ ᠤ ᠥᠨᠳᠥᠷ ᠴᠠᠯᠢᠩ ᠢᠶᠠᠷ ᠤᠷᠢᠬᠤ  ᠤᠷᠢᠯᠭ᠎ᠠ ᠶᠢ ᠲᠡᠪᠴᠢᠵᠦ᠂ ᠭᠦᠭᠡᠬᠤᠲᠠ ᠶᠢᠨ ᠲᠡᠮᠦᠷ ᠵᠠᠮ ᠤᠨ ᠵᠠᠮ ᠬᠠᠷᠢᠯᠴᠠᠭᠠᠨ ᠤ ᠵᠠᠯᠠᠭᠤ ᠠᠵᠢᠯᠲᠠᠨ ᠠᠵᠢᠯᠴᠢᠨ ᠤ ᠤᠷ᠎ᠠ ᠴᠢᠳᠠᠪᠤᠷᠢ ᠪᠠ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠭᠦ ᠶᠢᠨ ᠲᠥᠯᠥᠭᠡ ᠭᠦᠭᠡᠬᠤᠲᠠ ᠶᠢᠨ ᠭᠠᠵᠠᠷ ᠳᠣᠣᠷᠠᠬᠢ ᠲᠡᠮᠦᠷ ᠵᠠᠮ ᠳᠤ ᠦᠯᠡᠳᠡᠨ ᠠᠵᠢᠯᠯᠠᠵᠠᠢ᠃ ᠡᠭᠦᠨ ᠤ ᠬᠠᠮᠲᠤ᠂ ᠲᠡᠷᠡ ᠮᠠᠨ ᠤ ᠣᠷᠣᠨ ᠤ ᠤᠯᠠᠨ ᠲᠦᠷᠦᠯ ᠤᠨ ᠠᠵᠢᠯᠲᠠᠨ ᠠᠵᠢᠯᠴᠢᠨ ᠤ ᠮᠡᠷᠭᠡᠵᠢᠯ ᠤᠨ ᠰᠢᠨ᠎ᠡ ᠶᠢ ᠡᠭᠦᠳᠦᠭᠰᠡᠨ ᠰᠢᠯᠢᠳᠡᠭ ᠦᠷ᠎ᠡ ᠪᠦᠲᠦᠭᠡᠯ ᠢ ᠲᠠᠨᠢᠯᠴᠠᠭᠤᠯᠬᠤ ᠠᠵᠢᠯ ᠢ ᠵᠢᠭᠠᠨ ᠵᠢᠯᠤᠭᠤᠳᠬᠤ ᠳᠤ ᠣᠷᠣᠯᠴᠠᠵᠦ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠵᠦ ᠶᠠᠪᠤᠨ᠎ᠠ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ